ᠳᠠᠶᠠᠭᠠᠷ ᠬᠠᠮᠲᠤ ᠪᠠᠷ ᠬᠢᠵᠢᠭ ᠢ ᠡᠰᠡᠷᠭᠦᠴᠡᠨ᠎ᠡ
ᠨᠡᠶᠢᠲᠡᠯᠡᠭᠰᠡᠨ ᠴᠠᠭ᠄
2022/11/4
        11  ᠳ᠋ᠤᠭᠡᠷ ᠰᠠᠷ᠎ᠠ ᠶᠢᠨ 1 ᠤ ᠡᠳᠦᠷ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ  ᠣᠷᠳᠣᠰ ᠬᠤᠲᠠ ᠶᠢᠨ  ᠵᠧᠩ ᠳ᠋ᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ  ᠣᠣ ᠳ᠋ᠠ  ᠢᠨᠵᠧᠨᠧᠷᠢᠩ ᠤᠨ  ᠰᠢᠨᠵᠢᠯᠡᠭᠡ  ᠮᠡᠷᠭᠡᠵᠢᠯ ᠤᠨ ᠬᠢᠵᠠᠭᠠᠷᠲᠤ ᠺᠣᠮᠫᠠᠨᠢ ᠬᠢᠶ᠎ᠠ ᠪᠠᠭᠰᠢ ᠲᠣᠭᠤᠷᠢᠭ ᠲᠤ ᠬᠠᠶᠢᠷ᠎ᠠ ᠬᠠᠯᠠᠮᠵᠢ ᠶᠢᠨ ᠡᠳ᠋ ᠪᠣᠳᠠᠰ ᠬᠦᠷᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠡᠮᠦᠨ᠎ᠡ  ᠹᠷᠣᠨᠲ ᠤᠨ ᠠᠵᠢᠯᠲᠠᠳ ᠢ ᠲᠣᠬᠤᠨᠢᠭᠤᠯᠪᠠ᠃
微信图片_20221104105754.jpg
微信图片_20221104105815.jpg
微信图片_20221104105827.jpg
       ᠬᠤᠶᠠᠷ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ  ᠹᠷᠣᠨᠲ ᠤᠨ ᠠᠵᠢᠯᠲᠠᠳ ᠲᠤ ᠭᠤᠷᠪᠠᠨ ᠲᠦᠮᠡ ᠭᠠᠷᠤᠢ ᠲᠥᠭᠦᠷᠢᠭ ᠤᠨ ᠥᠷᠲᠡᠭ ᠪᠦᠬᠦᠢ  ᠨᠡᠶᠢᠲᠡ 100 ᠬᠠᠶᠢᠷᠴᠠᠭ ᠲᠥᠬᠦᠮ ᠭᠤᠯᠢᠷ ᠂ 285 ᠬᠠᠶᠢᠷᠴᠠᠭ ᠰᠤᠯᠠ ᠢᠳᠡᠭᠡᠨ ᠪᠠ ᠬᠤᠯᠢᠰᠢᠨ ᠢᠳᠡᠭᠡᠨ ᠬᠦᠷᠭᠡᠵᠦ ᠢᠷᠡᠭᠰᠡᠨ ᠪᠠᠶᠢᠨ᠎ᠠ᠃       ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠳᠡᠭᠡᠷᠡᠬᠢ ᠡᠳ᠋ ᠪᠣᠳᠠᠰ ᠢ ᠪᠦᠯᠦᠭ ᠬᠤᠪᠢᠶᠠᠨ ᠬᠢᠶ᠎ᠠ ᠪᠠᠭᠰᠢ ᠲᠣᠭᠤᠷᠢᠭ ᠤᠨ ᠡᠯ᠎ᠡ ᠲᠤᠰᠠᠭᠠᠷᠯᠠᠬᠤ ᠪᠠᠭᠤᠳᠠᠯ ᠳᠤ ᠬᠦᠷᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠡᠮᠦᠨ᠎ᠡ   ᠹᠷᠣᠨᠲ ᠤᠨ ᠠᠵᠢᠯᠲᠠᠳ ᠲᠤ ᠡᠳ᠋ ᠪᠣᠳᠠᠰ ᠤᠨ ᠪᠠᠲᠤᠯᠠᠭ᠎ᠠ ᠬᠠᠩᠭᠠᠨ᠎ᠠ᠃
ᠢᠷᠡᠯᠲᠡ᠄ ᠲᠤᠰ ᠰᠦᠯᠵᠢᠶ᠎ᠡ