ᠬᠥᠬᠡᠬᠤᠲᠠ ᠳᠤ ᠬᠠᠰᠢᠭᠳᠠᠭᠰᠠᠨ ᠬᠥᠮᠥᠰ ᠢ ᠭᠠᠷᠭᠠᠵᠤ ᠡᠬᠢᠯᠡᠯ᠎ᠡ
ᠨᠡᠶᠢᠲᠡᠯᠡᠭᠰᠡᠨ ᠴᠠᠭ᠄
2022/11/4
       10 ᠰᠠᠷ᠎ᠠ ᠶᠢᠨ 30 ᠤ ᠡᠳᠦᠷ᠂ ᠬᠥᠬᠡᠬᠤᠲᠠ ᠶᠢᠨ ᠬᠢᠨ ᠰᠢᠨ᠎ᠡ ᠺᠣᠷᠣᠨᠠ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠳᠠᠷᠤᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠥᠬᠡᠬᠤᠲᠠ ᠶᠢᠨ ᠬᠢᠨ ᠦᠯᠡᠳᠡᠵᠦ ᠬᠤᠴᠣᠷᠤᠭᠰᠠᠨ ᠬᠥᠮᠥᠰ ᠤᠨ ᠪᠤᠴᠠᠬᠤ᠂ ᠭᠠᠳᠠᠭᠰᠢ ᠰᠤᠷᠭᠠᠭᠤᠯᠢ ᠳᠤ ᠶᠠᠪᠤᠬᠤ᠂ ᠰᠢᠯᠭᠠᠯᠲᠠ ᠳᠤ ᠣᠷᠤᠯᠴᠠᠬᠤ ᠪᠠᠷ ᠶᠠᠪᠤᠬᠤ ᠬᠥᠮᠥᠰ ᠤᠨ ᠬᠥᠬᠡᠬᠤᠲᠠ ᠠᠴᠠ ᠭᠠᠷᠬᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠬᠦ ᠪᠠᠷ ᠲᠣᠭᠲᠠᠭᠰᠠᠨ ᠪᠠᠶᠢᠨ᠎ᠠ ᠭᠡᠵᠡᠢ᠃ ᠳᠣᠣᠷᠠᠬᠢ ᠨᠥᠬᠦᠴᠡᠯ ᠳᠤ ᠨᠡᠶᠢᠴᠡᠬᠦ ᠬᠥᠮᠥᠰ ᠰᠠᠭᠠᠳ ᠦᠭᠡᠢ ᠨᠡᠪᠲᠡᠷᠡᠬᠦ ᠵᠠᠮ ᠢᠶᠠᠷ ᠭᠠᠷᠴᠤ ᠪᠣᠯᠣᠨ᠎ᠠ᠄             ᠦᠯᠡᠳᠡᠵᠦ ᠬᠤᠴᠣᠷᠤᠭᠰᠠᠨ ᠬᠥᠮᠥᠰ ︵ᠠᠯᠪᠠᠨ ᠶᠠᠪᠤᠳᠠᠯ᠂ ᠲᠥᠷᠥᠯ ᠰᠠᠳᠤᠨ ᠢᠶᠠᠨ ᠡᠷᠭᠢᠵᠦ ᠦᠵᠡᠬᠦ᠂ ᠵᠢᠭᠤᠯᠴᠢᠯᠠᠬᠤ ᠪᠠᠷ ᠢᠷᠡᠭᠰᠡᠨ ᠬᠥᠮᠥᠰ ᠪᠠᠭᠲᠠᠨ᠎ᠠ ︶ ᠡᠷᠬᠡᠪᠰᠢ ᠲᠦᠭᠰᠢᠭᠦᠷᠢ ᠪᠠᠭᠠᠲᠠᠢ ᠭᠠᠵᠠᠷ ᠣᠷᠣᠨ ᠳᠤ ᠪᠠᠶᠢᠵᠤ᠂ ︽ᠲᠠᠪᠤᠨ ᠬᠤᠨᠤᠭ ᠲᠤ ᠭᠤᠷᠪᠠ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ︾ ︵ᠶᠠᠪᠤᠬᠤ ᠠᠴᠠ ᠡᠮᠦᠨᠡᠬᠢ ᠲᠠᠪᠤᠨ ᠡᠳᠦᠷ︶ ᠬᠢᠭᠰᠡᠨ ᠪᠥᠭᠡᠳ ᠡᠷᠡᠭᠦᠯ ᠪᠠᠶᠢᠬᠤ ᠭᠡᠷᠡᠴᠢ ᠪᠠ ᠬᠥᠬᠡᠬᠤᠲᠠ ᠶᠢᠨ ᠡᠷᠡᠭᠦᠯ ᠮᠡᠨᠳᠣ ᠶᠢᠨ ᠨᠣᠭᠤᠭᠠᠨ ᠺᠣᠳ᠋ ᠲᠠᠢ ᠪᠠᠶᠢᠬᠤ ᠬᠡᠷᠡᠭᠲᠡᠢ︔ ᠡᠷᠬᠡᠪᠰᠢ ᠲᠤᠰ ᠬᠥᠮᠥᠨ ᠤ ᠪᠡᠶ᠎ᠡ ᠶᠢᠨ ᠦᠨᠡᠮᠯᠡᠯ ᠢ ᠣᠴᠢᠬᠤ ᠭᠠᠵᠠᠷ ᠤᠨ ᠠᠵᠢᠯᠯᠠᠬᠤ ᠨᠢᠭᠡᠴᠡ᠂ ᠰᠤᠷᠭᠠᠭᠤᠯᠢ ᠪᠤᠶᠤ ᠨᠡᠶᠢᠭᠡᠮ ᠤᠨ ᠲᠣᠭᠤᠷᠢᠭ ︵ᠭᠠᠴᠠᠭ᠎ᠠ ᠲᠣᠰᠬᠤᠨ︶ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃            ᠭᠠᠳᠠᠭᠰᠢ ᠰᠤᠷᠤᠯᠴᠠᠬᠤ ᠪᠠᠷ ᠶᠠᠪᠤᠬᠤ ᠬᠥᠮᠥᠰ ︵ᠭᠠᠳᠠᠭᠠᠳᠤ ᠳᠤ ᠰᠤᠷᠤᠯᠴᠠᠵᠤ ᠪᠠᠶᠢᠭ᠎ᠠ ᠰᠣᠷᠣᠭᠴᠢ ᠪᠠᠭᠲᠠᠨ᠎ᠠ︶ ᠡᠷᠬᠡᠪᠰᠢ ᠲᠦᠭᠰᠢᠭᠦᠷᠢ ᠪᠠᠭᠠᠲᠠᠢ ᠭᠠᠵᠠᠷ ᠣᠷᠣᠨ ᠳᠤ ᠪᠠᠶᠢᠬᠤ ᠬᠡᠷᠡᠭᠲᠡᠢ᠂ ︽ᠲᠠᠪᠤᠨ ᠬᠤᠨᠤᠭ ᠲᠤ ᠭᠤᠷᠪᠠ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ︾ ︵ᠶᠠᠪᠤᠬᠤ ᠠᠴᠠ ᠡᠮᠦᠨᠡᠬᠢ ᠲᠠᠪᠤᠨ ᠡᠳᠦᠷ︶ ᠬᠢᠭᠰᠡᠨ ᠪᠥᠭᠡᠳ ᠡᠷᠡᠭᠦᠯ ᠪᠠᠶᠢᠬᠤ ᠭᠡᠷᠡᠴᠢ ᠪᠠ ᠬᠥᠬᠡᠬᠤᠲᠠ ᠶᠢᠨ ᠡᠷᠡᠭᠦᠯ ᠮᠡᠨᠳᠣ ᠶᠢᠨ ᠨᠣᠭᠤᠭᠠᠨ ᠺᠣᠳ᠋ ᠲᠠᠢ ᠪᠠᠶᠢᠬᠤ ᠬᠡᠷᠡᠭᠲᠡᠢ︔ ᠡᠷᠬᠡᠪᠰᠢ ᠲᠣᠰ ᠬᠥᠮᠥᠨ ᠤ ᠪᠡᠶ᠎ᠡ ᠶᠢᠨ ᠦᠨᠡᠮᠯᠡᠯ᠂ ᠰᠣᠷᠣᠭᠴᠢ ᠶᠢᠨ ᠦᠨᠡᠮᠯᠡᠯ ᠪᠤᠶᠤ ᠰᠤᠷᠭᠠᠭᠤᠯᠢ ᠳᠤ ᠣᠷᠣᠬᠤ ᠮᠡᠳᠡᠭᠳᠡᠯ ᠤᠨ ᠪᠢᠴᠢᠭ ᠵᠡᠷᠭᠡ ᠰᠤᠷᠭᠠᠭᠤᠯᠢ ᠶᠢᠨ ᠭᠠᠷᠭᠠᠭᠰᠠᠨ ᠬᠠᠮᠢᠶ᠎ᠠ ᠪᠦᠬᠦᠢ ᠭᠡᠷᠡᠴᠢ ᠶᠢ ᠬᠠᠩᠭᠠᠬᠤ ᠬᠡᠷᠡᠭᠲᠡᠢ︔ ᠰᠤᠷᠭᠠᠭᠤᠯᠢ ᠳᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃             ᠰᠢᠯᠭᠠᠯᠲᠠ ᠳᠤ ᠣᠷᠤᠯᠴᠠᠬᠤ ᠬᠥᠮᠥᠰ ᠡᠷᠬᠡᠪᠰᠢ ᠠᠶᠤᠯ ᠲᠦᠭᠰᠢᠭᠦᠷᠢ ᠪᠠᠭᠠᠲᠠᠢ ᠭᠠᠵᠠᠷ ᠣᠷᠣᠨ ᠳᠤ ᠪᠠᠶᠢᠬᠤ ᠬᠡᠷᠡᠭᠲᠡᠢ᠂ ︽ᠲᠠᠪᠤᠨ ᠬᠤᠨᠤᠭ ᠲᠤ ᠭᠤᠷᠪᠠ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ︾ ︵ᠶᠠᠪᠤᠬᠤ ᠠᠴᠠ ᠡᠮᠦᠨᠡᠬᠢ ᠲᠠᠪᠤᠨ ᠡᠳᠦᠷ︶ ᠬᠢᠭᠰᠡᠨ ᠪᠥᠭᠡᠳ ᠡᠷᠡᠭᠦᠯ ᠪᠠᠶᠢᠬᠤ ᠭᠡᠷᠡᠴᠢ ᠪᠠ ᠬᠥᠬᠡᠬᠤᠲᠠ ᠶᠢᠨ ᠡᠷᠡᠭᠦᠯ ᠮᠡᠨᠳᠣ ᠶᠢᠨ ᠨᠣᠭᠤᠭᠠᠨ ᠺᠣᠳ᠋ ᠲᠠᠢ ᠪᠠᠶᠢᠬᠤ ᠬᠡᠷᠡᠭᠲᠡᠢ᠃ ᠡᠷᠬᠡᠪᠰᠢ ᠲᠤᠰ ᠬᠥᠮᠥᠨ ᠤ ᠪᠡᠶ᠎ᠡ ᠶᠢᠨ ᠦᠨᠡᠮᠯᠡᠯ ᠢ ᠬᠠᠩᠭᠠᠬᠤ ᠬᠡᠷᠡᠭᠲᠡᠢ᠃ ᠰᠢᠯᠭᠠᠯᠲᠠ ᠶᠢ ᠵᠣᠬᠢᠶᠠᠨ ᠪᠠᠶᠢᠭᠤᠯᠬᠤ ᠨᠢᠭᠡᠴᠡ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ︔ ᠡᠷᠬᠡᠪᠰᠢ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ᠂ ᠰᠢᠯᠭᠠᠯᠲᠠ ᠶᠢᠨ ᠮᠡᠳᠡᠭᠳᠡᠯ ᠵᠡᠷᠭᠡ ᠬᠠᠮᠢᠶ᠎ᠠ ᠪᠦᠬᠦᠢ ᠭᠡᠷᠡᠴᠢ ᠶᠢ ᠬᠠᠩᠭᠠᠬᠤ ᠬᠡᠷᠡᠭᠲᠡᠢ᠃ hsmzjdb@163.com ᠢᠮᠧᠯ ᠳᠤ ᠮᠠᠲ᠋ᠧᠷᠢᠶᠠᠯ ᠢᠶᠠᠨ ᠢᠯᠡᠭᠡᠵᠦ ᠪᠣᠯᠣᠨ᠎ᠠ᠃       ᠭᠤᠶᠤᠴᠢᠯᠠᠯ ᠢᠶᠠᠨ ᠲᠤᠰᠢᠶᠠᠭᠰᠠᠨ ᠤ ᠳᠠᠷᠠᠭ᠎ᠠ᠂ ᠬᠠᠷᠢᠶ᠎ᠠ ᠭᠠᠵᠠᠷ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠰᠠᠭᠤᠭᠰᠠᠨ ᠪᠠᠭᠤᠳᠠᠯ᠂ ᠣᠲᠣ ᠶᠢᠨ ᠰᠠᠭᠤᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠠᠴᠠ ᠬᠥᠬᠡᠬᠤᠲᠠ ᠠᠴᠠ ᠭᠠᠷᠤᠭᠰᠠᠨ ᠬᠥᠮᠥᠰ ᠲᠤ ᠮᠡᠳᠡᠭᠳᠡᠬᠦ᠂ ᠶᠠᠪᠤᠵᠤ ᠰᠠᠭᠤᠬᠤ ᠮᠡᠳᠡᠭᠡ ᠵᠠᠩᠭᠢ ᠶᠢ ᠳᠠᠩᠰᠠᠯᠠᠬᠤ᠂ ᠭᠡᠷᠡᠴᠢ ᠮᠠᠲ᠋ᠧᠷᠢᠶᠠᠯ ᠭᠠᠷᠭᠠᠵᠤ ᠥᠭᠬᠦ ᠵᠡᠷᠭᠡ ᠠᠵᠢᠯ ᠢ ᠨᠢᠭᠡᠳᠦᠯᠲᠡᠢ ᠵᠣᠬᠢᠴᠠᠭᠤᠯᠵᠤ ᠰᠠᠶᠢᠲᠤᠷ ᠬᠢᠬᠦ ᠬᠡᠷᠡᠭᠲᠡᠢ ᠭᠡᠵᠡᠢ᠃       ᠵᠥᠪᠰᠢᠶᠡᠷᠡᠯ ᠣᠯᠵᠤ ᠬᠥᠬᠡᠬᠤᠲᠠ ᠠᠴᠠ ᠭᠠᠷᠬᠤ ᠬᠥᠮᠥᠰ ᠵᠠᠰᠠᠮᠠᠯ ᠵᠠᠮ ᠢᠶᠠᠷ ᠶᠠᠪᠤᠬᠤ ᠭᠡᠪᠡᠯ ᠴᠥᠮ G6 ᠬᠤᠷᠳᠤᠨ ᠤ ᠵᠠᠮ ᠤᠨ ᠬᠥᠬᠡᠬᠤᠲᠠ ᠪᠤᠶᠤ ᠬᠥᠬᠡᠬᠤᠲᠠ ᠶᠢᠨ ᠵᠡᠭᠦᠨ ᠭᠠᠷᠣᠴᠠ ᠪᠠᠷ ᠬᠥᠬᠡᠬᠤᠲᠠ ᠠᠴᠠ ᠭᠠᠷᠬᠤ ᠬᠡᠷᠡᠭᠲᠡᠢ᠃ 
ᠢᠷᠡᠯᠲᠡ᠄ ᠲᠤᠮᠳᠠᠳᠣ ᠤᠯᠤᠰ ᠤᠨ ᠮᠣᠩᠭᠤᠯ ᠷᠠᠳᠢᠣ᠋ ᠰᠦᠯᠵᠢᠶ᠎ᠡ