ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠳ᠋ᠦ᠋ ᠬᠤᠶ ᠯᠢᠶᠠᠩ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 29 ᠳ᠋ᠦ᠋ᠭᠡᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠳ᠋ᠦ᠋ ᠬᠤᠢ ᠯᠢᠶᠠᠩ᠂ ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠪᠥᠬᠦ ᠬᠤᠲᠠ ᠪᠠᠷ ᠢᠶᠠᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢ ᠪᠣᠳᠣᠯᠬᠢᠯᠠᠨ᠂ ᠬᠠᠷᠢᠭᠤᠴᠠᠯᠭ᠎ᠠ ᠶᠢ ᠡᠭᠦᠷᠭᠡᠯᠡᠵᠦ᠂ ᠰᠡᠷᠭᠡᠶᠢᠯᠡᠨ | ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠣᠭᠰᠠᠨ ᠪᠣᠯᠪᠠᠴᠤ ᠪᠠᠶᠢᠳᠠᠯ ᠮᠥᠨ ᠯᠠ ᠬᠦᠨᠳᠦ ᠬᠡᠴᠡᠭᠦᠸ᠋ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃ ︽ | ᠭᠠᠳᠠᠨ᠎ᠠ ᠠᠴᠠ ᠬᠠᠯᠳᠠᠪᠤᠷᠢᠯᠠᠭᠳᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠡᠭᠢᠨ ᠡᠭᠦᠰᠭᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠡᠪᠡᠳᠴᠢᠨ ᠤ | ᠵᠢᠱᠢᠶ᠎ᠡ ᠶᠢ ᠦᠭᠡᠢ ᠪᠤᠯᠭᠠᠬᠤ︾ ᠶᠡᠷᠦᠩᠬᠡᠢ ᠴᠢᠭᠯᠡᠯᠲᠡ ᠶᠢ ᠢᠮᠠᠭᠲᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠶᠣᠰᠣᠲᠠᠢ ᠲᠦᠷᠪᠡᠨ ᠭᠦᠢᠴᠡᠳᠬᠡᠬᠦ︾ | ᠂ ︽ ᠡᠳᠦᠷ ᠤᠨ ᠠᠵᠢᠯ ᠢ ᠡᠳᠦᠷ ᠲᠤᠨᠢ ᠳᠠᠭᠤᠰᠬᠠᠨ ᠳ᠋ᠦᠡᠭᠨᠡᠭᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠨᠡ ᠤᠳᠠᠭᠠᠨ ᠤ ᠬᠤᠷᠢᠭᠯᠠᠯᠲᠠ ᠶᠢᠨ | ᠳᠠᠶᠢᠯᠠᠯᠳᠤᠭᠠᠨ᠂ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠪᠦᠭᠦ ᠬᠦᠴᠦᠨ ᠢᠶᠠᠷ ᠢᠶᠠᠨ ᠣᠯᠬᠤ ᠬᠡᠷᠡᠭᠲᠡᠢ᠃ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ | ᠡᠵᠡᠮᠳᠡᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠰᠠᠶᠢᠲᠤᠷ ᠬᠢᠵᠦ᠂ ᠬᠠᠮᠢᠶᠠᠷᠬᠤ ᠶᠣᠰᠣᠲᠠᠢ ᠶᠢ ᠨᠢ ᠡᠷᠡᠰ ᠬᠠᠮᠢᠶᠠᠷᠴᠤ᠂ ᠲᠠᠯᠪᠢᠬᠤ ᠶᠣᠰᠣᠲᠠᠢ ᠶᠢ ᠨᠢ ᠡᠮᠬᠢ | ᠵᠢᠷᠤᠮ ᠲᠠᠢ ᠪᠠᠷ ᠲᠠᠯᠪᠢᠬᠤ ᠬᠡᠷᠡᠭᠲᠡᠢ᠃ ᠲᠤᠰᠠᠭᠠᠷᠯᠠᠬᠤ ᠴᠡᠭ᠂ ᠴᠢᠩᠭᠡᠯᠢᠭ ᠡᠮᠨᠡᠯᠭᠡ ᠶᠢᠨ ᠬᠤᠷᠢᠶ᠎ᠠ ᠪᠣᠯᠣᠨ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ | ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠨ᠂ ᠬᠤᠭ ᠨᠣᠪᠰᠢ ᠶᠢ ᠴᠠᠭ ᠲᠤᠬᠠᠢ ᠳᠤᠨᠢ ᠵᠢᠷᠤᠮᠵᠢᠭᠤᠯᠤᠨ ᠰᠢᠢᠳᠪᠦᠷᠢᠯᠡᠵᠦ᠂ | ᠰᠣᠯᠪᠢᠴᠠᠨ ᠬᠠᠯᠳᠠᠪᠤᠷᠢᠯᠠᠬᠤ ᠪᠠ ᠬᠢᠵᠢᠭ ᠤᠨ ᠪᠠᠶᠢᠳᠠᠯ ᠳᠡᠯᠭᠡᠷᠡᠬᠦ ᠠᠴᠠ ᠡᠷᠡᠰ ᠵᠠᠶᠢᠯᠠᠰᠬᠢᠬᠦ ᠬᠡᠷᠡᠭᠲᠡᠢ᠃ ᠬᠤᠴᠣᠷᠭᠠᠵᠤ ᠠᠪᠤᠭᠰᠠᠨ ᠬᠥᠮᠥᠰ ᠤᠨ ᠪᠤᠴᠠᠬᠤ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠮᠪᠠᠢ ᠰᠠᠶᠢᠲᠤᠷ ᠬᠢᠵᠦ᠂ ᠤᠯᠠᠨ ᠳᠤ ︽ᠣᠷᠳᠣᠰ ᠤᠨ ᠬᠠᠶᠢᠷ᠎ᠠ ᠬᠠᠯᠠᠮᠵᠢ︾ ᠶᠢ ᠨᠠᠩ ᠢᠯᠡᠭᠦᠦ ᠮᠡᠳᠡᠷᠡᠭᠦᠯᠬᠦ | ᠬᠡᠷᠡᠭᠲᠡᠢ ᠭᠡᠪᠡ᠃ | ᠳ᠋ᠦ᠋ ᠬᠤᠢ ᠯᠢᠶᠠᠩ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠶᠢ ᠰᠢᠯᠵᠢᠭᠦᠯᠦ᠋ᠨ ᠵᠥᠭᠡᠭᠡᠪᠦᠷᠢᠯᠡᠵᠦ ᠨᠤᠲᠤᠭ ᠲᠤᠨᠢ | ᠪᠤᠴᠠᠭᠠᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠬᠢᠵᠦ᠂ ᠠᠵᠢᠯ ᠤᠨ ᠶᠠᠪᠤᠴᠠ ᠪᠠ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦ᠋ᠨ᠂ | ᠪᠡᠯᠡᠳᠬᠡᠯ ᠭᠦᠶ᠋ᠴᠡᠳ᠂ ᠵᠤᠯᠭᠠᠯᠴᠠᠭᠤᠯᠤᠨ ᠠᠪᠬᠤ ᠳᠤ ᠠᠯᠳᠠᠭ᠎ᠠ ᠪᠤᠷᠤᠭᠤ ᠭᠠᠷᠭᠠᠬᠤ ᠦᠭᠡᠢ ᠪᠠᠶᠢᠬᠤ᠂ ᠬᠠᠮᠢᠶᠠᠷᠤᠯᠲᠠ ᠶᠢ ᠪᠥᠬᠦ ᠲᠠᠯ᠎ᠠ ᠪᠠᠷ ᠪᠢᠲᠡᠭᠦᠮᠵᠢᠯᠡᠨ᠂ | ᠦᠶ᠋ᠯᠡᠴᠢᠯᠡᠭᠡ ᠪᠠᠷ ᠰᠡᠳᠬᠢᠯ ᠢ ᠳᠤᠯᠠᠭᠠᠴᠠᠭᠤᠯᠵᠤ᠂ ᠪᠤᠴᠠᠭᠠᠨ ᠬᠦᠷᠭᠡᠬᠦ ᠳᠤ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥ᠋ᠪᠵᠢᠭᠦᠯᠦ᠋ᠨ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ | ᠂ ᠠᠭᠤᠷᠬᠠᠢ ᠶᠢᠨ ᠣᠷᠣᠨ ᠤ ᠲᠦᠭᠰᠢᠭᠦᠷᠢᠳᠤ ᠣᠷᠣᠨ ᠢ ᠣᠨᠣᠴᠠᠲᠠᠢ ᠬᠤᠪᠢᠶᠠᠷᠢᠯᠠᠨ᠂ ᠲᠦᠭᠰᠢᠭᠦᠷᠢ ᠶᠢᠨ ᠲᠡᠰ ᠢ ᠣᠨᠣᠴᠠᠲᠠᠢ ᠲᠣᠭᠲᠠᠭᠠᠵᠤ᠂ ᠠᠵᠤ ᠠᠬᠤᠶᠢᠯᠠᠯ ᠢ | ᠱᠠᠯᠠᠪᠳᠠᠭᠤᠯᠤᠨ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠤᠨ ᠠᠵᠤ ᠠᠬᠤᠶᠢᠯᠠᠯ ᠤᠨ | ᠦᠢᠯᠡᠳᠪᠦᠷᠢᠯᠡᠯ ᠳᠤ ᠦᠵᠡᠭᠦᠯᠬᠦ ᠨᠥᠯᠥ᠋ᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠭᠤᠣᠯᠳᠠᠯᠭ᠎ᠠ ᠲᠠᠢ ᠠᠮᠢᠳᠤᠷᠠᠯ ᠤᠨ ᠡᠳ᠋ ᠪᠣᠳᠠᠰ ᠤᠨ ᠦᠢᠯᠡᠳᠪᠦᠷᠢᠯᠡᠯ | ᠬᠠᠩᠭᠠᠯᠭ᠎ᠠ ᠪᠠ ᠦᠨ᠎ᠡ ᠬᠠᠩᠰᠢ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠣᠨᠴᠠᠭᠠᠶ ᠬᠦᠴᠢᠷᠳᠡᠯ ᠲᠠᠢ ᠬᠥᠮᠥᠰ ᠤᠨ ᠠᠮᠢᠳᠤᠷᠠᠯ ᠤᠨ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ ᠭᠡᠪᠡ᠃ | ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ᠂ ᠭᠤᠸ᠋ ᠸᠤᠨ ᠾᠧ᠂ ᠯᠢᠦ ᠹᠤᠩ ᠶᠦᠨ ᠬᠤᠷᠠᠯ ᠳᠤ ᠣᠷᠣᠯᠴᠠᠪᠠ᠃ | ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠬᠤᠰᠢᠭᠤ ᠲᠣᠭᠤᠷᠢᠭ ᠭᠦᠷᠳᠡᠯ᠎ᠠ ᠬᠤᠷᠠᠯᠳᠤᠭᠤᠯᠪᠠ᠃ |