ᠰᠤᠷᠭᠠᠨ ᠬᠥᠮᠦᠵᠢᠯ ᠤᠨ ᠶᠠᠮᠤᠨ ᠠᠴᠠ ᠠᠩᠭ᠍ᠯᠢ ᠬᠡᠯᠡᠨ ᠤ ᠵᠢᠭᠠᠨ ᠰᠤᠷᠭᠠᠯᠲᠠ ᠶᠢᠨ ᠳᠣᠬᠠᠢ 9 ᠳ᠋ᠣᠭᠡᠷ ᠰᠠᠷ᠎ᠠ ᠶᠢᠨ25 ᠤ ᠡᠳᠦᠷ ︽ᠰᠣᠶᠣᠯ ᠤᠨ | ᠢᠲᠡᠭᠡᠯ ᠢ ᠪᠠᠳᠤᠳᠬᠠᠨ᠂ ᠳᠤᠮᠳᠠᠳᠤ ᠤᠯᠤᠰ ᠤᠨ ᠰᠣᠶᠣᠯ ᠤᠨ ᠠᠭᠤᠯᠭ᠎ᠠ ᠶᠢ ᠨᠡᠮᠡᠭᠳᠡᠬᠦᠯᠦᠨ᠂ᠠᠩᠭ᠍ᠯᠢ ᠬᠡᠯᠡ ᠶᠢ ᠴᠦᠬᠡᠴᠢᠯᠡᠬᠦ ᠰᠠᠨᠠᠭᠤᠯᠭ᠎ᠠ︾ ᠳᠤ ᠬᠠᠷᠢᠭᠤᠯᠲᠠ | ᠥᠭᠪᠡ᠃ ᠰᠤᠷᠭᠠᠨ ᠬᠥᠮᠦᠵᠢᠯ ᠤᠨ ᠶᠠᠮᠤᠨ ᠤ ᠬᠢᠨ ᠬᠡᠯᠡᠬᠦ ᠳᠡᠭᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠭᠠᠳᠤ ᠬᠡᠯᠡᠨ ᠤ ᠬᠢᠴᠢᠶᠡᠯ ᠤᠨ ᠴᠠᠭ ᠤᠨ | ᠡᠵᠡᠯᠡᠬᠦ ᠬᠠᠷᠢᠴᠠᠯ ᠨᠢ ᠬᠡᠯᠡ ᠪᠢᠴᠢᠭ ᠵᠡᠷᠭᠡ ᠬᠢᠴᠢᠶᠡᠯ ᠲᠥᠷᠥᠯ ᠠᠴᠠ ᠴᠦᠬᠡᠨ ᠪᠠᠶᠢᠳᠠᠭ᠃ ᠠᠩᠭ᠍ᠯᠢ ᠬᠡᠯᠡ ᠶᠢ ᠰᠣᠷᠬᠤ ᠬᠡᠷᠡᠭᠳᠡᠢ᠂ ᠭᠡᠪᠡᠴᠦ ᠲᠡᠶᠢᠮᠦ ᠤᠷᠲᠤ | ᠬᠤᠭᠤᠴᠠᠭᠠᠨ ᠤ ᠴᠠᠭ ᠢ ᠬᠡᠷᠡᠭᠯᠡᠬᠦ ᠴᠢᠬᠤᠯᠠ ᠦᠭᠡᠢ᠃ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠶᠢᠨ ᠳᠦᠯᠦᠬᠡ ᠯᠠ ᠪᠢᠰᠢ᠂ ᠬᠠᠷᠢᠨ ᠶᠠᠷᠢᠶᠠᠨ ᠤ ᠳᠣᠮᠳᠠ᠂ | ᠠᠮᠢᠳᠤᠷᠠᠯ ᠤᠨ ᠬᠡᠷᠡᠭᠯᠡᠭᠡ ᠪᠠᠷ ᠭᠤᠣᠯ ᠪᠤᠯᠭᠠᠬᠤ ᠬᠡᠷᠡᠭᠳᠡᠢ᠃ | ︽ᠠᠩᠭ᠍ᠯᠢ ᠬᠡᠯᠡᠨ ᠤ ᠬᠢᠴᠢᠶᠡᠯ ᠤᠨ ᠴᠠᠭ ᠢᠶᠠᠷ ᠢᠶᠠᠨ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠵᠢᠭᠠᠨ ᠰᠤᠷᠭᠠᠯᠲᠠ ᠶᠢ ᠨᠡᠮᠡᠭᠳᠡᠭᠦᠯᠵᠦ᠂ | ᠬᠡᠦᠬᠡᠳ ᠢ ᠵᠠᠩᠬᠢᠯᠠᠭ᠎ᠠ ᠶᠢᠨ ᠨᠠᠰᠣᠨ ᠳᠤᠨᠢ ᠳᠤᠮᠳᠠᠳᠤ ᠤᠯᠤᠰ ᠤᠨ ᠰᠣᠶᠣᠯ ᠲᠠᠢ ᠨᠢ ᠢᠯᠡᠬᠦᠤ ᠣᠶᠢᠷᠠᠲᠤᠭᠤᠯᠵᠤ᠂ ᠬᠠᠷᠠᠬᠠᠨ ᠪᠠᠭ᠎ᠠ ᠠᠴᠠ ᠪᠠᠨ ᠰᠣᠶᠣᠯ ᠤᠨ | ᠣᠮᠣᠭᠰᠢᠯ ᠪᠠ ᠰᠣᠶᠣᠯ ᠤᠨ ᠢᠲᠡᠭᠡᠯ ᠲᠠᠢ ᠪᠤᠯᠭᠠᠬᠤ ᠬᠡᠷᠡᠭᠳᠡᠢ ᠬᠡᠵᠠᠢ᠃ |