ᠳ᠋ᠦ᠋ ᠬᠤᠢ ᠯᠢᠶᠠᠩ  ᠳ᠋ᠦᠩᠱᠧᠩ ᠲᠤᠭᠤᠷᠢᠭ ᠲᠤ ᠮᠥᠡᠭᠬᠦᠨ ᠬᠥᠢᠯᠬᠡᠬᠡᠨ ᠤ ᠤᠶᠢᠯᠡᠰ ᠤᠨ ᠴᠢᠨᠠᠷ ᠰᠠᠶᠢᠳᠠᠢ ᠬᠥᠭᠵᠢᠯᠳᠡ ᠶᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2022/11/9
      ᠤᠶᠢᠷ᠎ᠡ ᠶᠢᠨ ᠡᠳᠤᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠲᠤ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠠᠶᠢᠴᠠᠭᠠᠨ ᠰᠤᠳᠤᠯᠪᠠ᠃ ᠲᠡᠷᠡ ᠤᠷᠢᠳ ᠬᠤᠵᠢᠳ ᠣᠷᠳᠣᠰ ᠤᠨ ᠬᠦᠳᠡᠭᠡ ᠳᠤᠰᠬᠤᠨ ᠤ ᠬᠤᠳᠠᠯᠳᠤᠭᠠᠨ ᠤ ᠪᠠᠩᠬᠢ᠂ ᠠᠷᠠᠯᠵᠢᠶᠠᠴᠢᠨ ᠤᠷᠢᠬᠤ ᠪᠠᠩᠬᠢ ᠶᠢᠨ ᠤᠷᠳᠤᠰ ᠤᠨ ᠬᠤᠪᠢᠶᠠᠷᠢ ᠪᠠᠩᠬᠢ᠂ ᠠᠷᠠᠳ ᠤᠨ ᠪᠠᠩᠬᠢ ᠶᠢᠨ ᠤᠷᠳᠤᠰ ᠬᠤᠲᠠ ᠶᠢᠨ ᠰᠠᠯᠪᠤᠷᠢ ᠪᠠᠩᠬᠢ ᠳᠤ ᠬᠥᠷᠴᠥ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠶᠠᠪᠤᠭᠳᠠᠭᠰᠠᠨ ᠪᠠᠶᠢᠳᠠᠯ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠠᠵᠢᠯ ᠤᠨ ᠪᠠᠶᠢᠳᠠᠯ ᠢ ᠤᠶᠢᠯᠠᠭᠠᠭᠰᠠᠨ ᠤ ᠬᠠᠮᠳᠤ ᠶᠠᠷᠢᠯᠴᠠᠬᠤ ᠬᠤᠷᠠᠯ ᠬᠤᠷᠠᠯᠳᠤᠭᠤᠯᠤᠨ᠂ ᠮᠥᠩᠭᠦᠨ ᠬᠦᠢᠯᠬᠡᠬᠡᠨ ᠤ ᠠᠵᠢᠯ ᠳᠤ ᠤᠷᠤᠰᠢᠵᠥ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠥ᠂ ᠵᠠᠷᠢᠮ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠪᠠᠶᠢᠭᠤᠯᠭ᠎ᠠ ᠨᠢᠬᠡᠴᠢ ᠶᠢᠨ ᠰᠠᠨᠠᠯ ᠰᠠᠨᠠᠭᠤᠯᠭ᠎ᠠ ᠶᠢ ᠰᠤᠨᠤᠰᠴᠠᠢ᠃           ᠳ᠋ᠦ᠋ ᠬᠤᠢ ᠯᠢᠶᠠᠩ᠂ ᠮᠥᠩᠭᠦᠨ ᠬᠦᠢᠯᠬᠡᠬᠡ ᠪᠣᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠬᠦᠴᠦᠨ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ᠂ ᠮᠥᠩᠭᠦᠨ ᠭᠦᠢᠯᠭᠡᠭᠡᠨ ᠤ ᠤᠶᠢᠯᠡᠴᠢᠯᠡᠭᠡ ᠶᠢᠨ ᠬᠦᠴᠦᠯᠡᠬᠦ ᠴᠡᠭ ᠢᠶᠠᠨ ᠪᠣᠳᠠᠲᠤ ᠴᠣᠭᠴᠠ ᠶᠢᠨ ᠠᠵᠤ ᠠᠬᠤᠶ ᠳᠡᠭᠡᠷ᠎ᠡ ᠲᠠᠯᠪᠢᠨ᠂ ᠠᠵᠥ ᠤᠶᠢᠯᠡᠰ ᠤᠨ ᠬᠡᠯᠪᠡᠷᠢ ᠶᠢ ᠬᠤᠪᠢᠷᠠᠭᠤᠯᠤᠨ ᠬᠥᠭᠵᠢᠬᠦᠯᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠭᠵᠢᠭᠡᠬᠦ᠂ ᠤᠯᠤᠰ ᠤᠨ ᠥᠮᠴᠢᠯᠡᠯᠯᠳᠤ ᠠᠵᠤ ᠠᠬᠤᠶᠢᠯᠠᠯ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠪᠤᠵᠠᠭᠠᠶᠢᠷᠠᠭᠤᠯᠬᠤ ᠵᠡᠷᠭᠡ ᠲᠠᠯ᠎ᠠ ᠳᠠᠬᠢ ᠮᠥᠩᠭᠦᠨ ᠬᠦᠢᠯᠬᠡᠬᠡᠨ ᠤ ᠳᠡᠮᠵᠢᠯᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠥᠭᠵᠢᠯᠳᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠬᠤ ᠬᠡᠷᠡᠭᠳᠡᠢ ᠬᠡᠵᠠᠢ᠃           ᠳ᠋ᠦ᠋ ᠬᠤᠢ ᠯᠢᠶᠠᠩ᠂ ᠭᠠᠵᠠᠷ ᠤᠷᠤᠨ ᠤ ᠬᠠᠷᠢᠶᠠᠳᠤ ᠭᠠᠵᠠᠷ ᠤᠨ ᠬᠠᠷᠢᠴᠠᠭᠤᠯᠭ᠎ᠠ ᠪᠠ ᠮᠥᠡᠭᠬᠦᠨ ᠬᠥᠢᠯᠬᠡᠬᠡᠨ ᠤ ᠪᠠᠶᠢᠭᠤᠯᠤᠮᠵᠢ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠠᠬᠢᠭᠤᠯᠤᠨ᠂ ᠵᠣᠬᠢᠴᠠᠭᠤᠯᠤᠨ ᠬᠤᠯᠪᠣᠭᠠᠯᠠᠨ ᠬᠥᠳᠡᠯᠦ᠋ᠯᠴᠡᠵᠦ ︽ᠪᠦᠬᠦᠯᠢ ᠴᠣᠭᠴᠠ ᠶᠢᠨ ᠳᠠᠶᠢᠯᠠᠯᠳᠤᠭᠠᠨ︾ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠮᠠᠯᠠᠭᠠᠢ ᠪᠠᠨ ᠲᠠᠶᠠᠭᠳᠠᠬᠤ︾ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ᠃ ᠳᠠᠯᠳᠠ ᠠᠶᠤᠯ ᠲᠦᠭᠰᠢᠭᠦᠷᠢ ᠶᠢ ᠤᠷᠢᠳᠴᠢᠯᠠᠨ ᠰᠤᠳᠤᠯᠤᠨ ᠰᠢᠢᠳᠪᠤᠷᠢᠯᠡᠵᠥ᠂ ᠣᠲᠣ ᠦᠶ᠎ᠡ ᠶᠢᠨ ᠮᠥᠩᠭᠦᠨ  ᠬᠦᠢᠯᠬᠡᠬᠡᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠤᠨ᠂ ᠠᠶᠤᠯ ᠲᠦᠭᠰᠢᠭᠦᠷᠢ ᠲᠠᠢ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠠᠮᠢᠳᠤᠯᠢᠭ ᠬᠡᠷᠡᠭᠯᠡᠵᠦ᠂ ᠭᠦᠢᠴᠡᠳ ᠬᠡᠷᠡᠭᠯᠡᠨ᠂ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠢ ᠵᠤᠯᠭᠠᠯᠴᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠥ ᠶᠠᠪᠤᠭᠳᠠᠭᠤᠯᠤᠨ᠂ ᠲᠦᠷᠦᠯ ᠵᠦᠢᠯ ᠢ ᠵᠤᠯᠭᠠᠯᠴᠠᠭᠤᠯᠬᠤ ᠶᠢ ᠴᠢᠩᠭᠠᠳᠬᠠᠵᠤ᠂ ᠣᠷᠴᠢᠨ ᠠᠬᠤᠢ ᠢ ᠰᠢᠯᠢᠳᠡᠭᠵᠢᠭᠦᠯᠬᠦ ᠶᠢ ᠰᠠᠶᠢᠲᠤᠷ ᠠᠳᠬᠤᠨ᠂ ᠮᠥᠩᠭᠦᠨ ᠭᠦᠢᠯᠭᠡᠭᠡᠨ ᠤ ᠴᠢᠳᠠᠪᠤᠷᠢ ᠣᠯᠭᠤᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠠᠢ᠃           ᠬᠤᠲᠠ ᠶᠢᠨ ᠳᠡᠳ᠋ ᠳᠠᠷᠤᠭ᠎ᠠ ᠮᠢᠶᠣᠣ ᠴᠧᠩ ᠢᠦᠶ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ