| | | ᠮᠡᠷᠭᠡᠵᠢᠯᠲᠠᠢ ᠠᠵᠢᠯᠴᠢᠨ ᠤ ᠡᠩᠨᠡᠭᠡ ᠪᠣᠯ ᠳᠤᠮᠳᠠᠳᠤ ᠤᠯᠤᠰ ᠤᠨ ᠦᠢᠯᠡᠳᠬᠦ ᠦᠢᠯᠡᠳᠬᠦᠨ ᠪᠠ ᠳᠤᠮᠳᠠᠳᠤ ᠤᠯᠤᠰ ᠤᠨ ᠡᠭᠦᠳᠦᠨ ᠪᠦᠲᠦᠭᠡᠯᠲᠡ ᠶᠢ | ᠲᠤᠯᠭᠠᠭᠤᠷᠢᠯᠠᠬᠤ ᠴᠢᠬᠤᠯᠠ ᠬᠦᠴᠦᠨ ᠮᠥᠨ᠃ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠮᠡᠷᠭᠡᠰᠢᠯᠳᠦ ᠴᠢᠳᠠᠪᠤᠷᠢᠲᠠᠨ ᠤ ᠴᠠᠯᠢᠩ | ᠬᠥᠯᠥᠰᠦ ᠶᠢᠨ ᠬᠤᠪᠢᠶᠠᠷᠢᠯᠠᠯᠲᠠ ᠶᠢᠨ ᠵᠢᠭᠠᠨ ᠳᠠᠭᠠᠭᠤᠯᠬᠤ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠡᠯᠭᠡᠷᠡᠭᠦᠯᠦᠨ ᠨᠠᠶᠢᠳᠠᠪᠤᠷᠢᠵᠢᠭᠤᠯᠬᠤ ᠶᠢᠨ ᠵᠣᠷᠢᠯᠭ᠎ᠠ ᠨᠢ | ᠠᠵᠤ ᠠᠬᠤᠶᠢᠯᠠᠯ ᠤᠨ ᠮᠡᠷᠭᠡᠰᠢᠯᠳᠦ ᠴᠢᠳᠠᠪᠤᠷᠢᠲᠠᠨ ᠤ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠶᠢ ᠲᠦᠯᠬᠢᠨ | ᠠᠬᠢᠭᠤᠯᠵᠤ᠂ ᠥᠷᠭᠡᠨ ᠣᠯᠠᠨ ᠵᠠᠯᠠᠭᠤᠴᠤᠳ ᠤᠨ ᠮᠡᠷᠭᠡᠰᠢᠯᠳᠦ ᠴᠢᠳᠠᠪᠤᠷᠢᠲᠠᠨ ᠪᠣᠯᠬᠤ᠂ ᠤᠷ᠎ᠠ ᠴᠢᠳᠠᠪᠤᠷᠢ ᠪᠠᠷ ᠤᠯᠤᠰ ᠲᠠᠭᠠᠨ ᠵᠢᠳᠬᠦᠬᠦ ᠵᠠᠮ ᠢᠶᠠᠷ ᠵᠠᠮᠨᠠᠬᠤ ᠶᠢ | ᠵᠣᠷᠢᠭᠵᠢᠭᠤᠯᠤᠨ᠂ ᠥᠨᠳᠥᠷ ᠬᠡᠪ ᠪᠣᠯᠪᠠᠰᠤᠷᠠᠯ ᠲᠠᠢ ᠮᠡᠷᠭᠡᠰᠢᠯᠳᠦ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ ᠪᠣᠶᠢᠵᠢᠭᠤᠯᠵᠤ᠂ ᠮᠠᠨ ᠤ ᠲᠤᠭᠤᠷᠢᠭ ᠤᠨ ᠴᠢᠨᠠᠷ | ᠰᠠᠶᠢᠲᠠᠢ ᠬᠥᠭᠵᠢᠯᠲᠡ ᠳᠤ ᠴᠢᠬᠤᠯᠠ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ ᠃ | ᠲᠤᠭᠤᠷᠢᠭ ᠤᠨ ᠬᠢᠨ ᠬᠥᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠬᠤ ᠭᠤᠷᠪᠠᠨ ᠲᠠᠯ᠎ᠠ ᠶᠢᠨ ᠵᠦᠪᠳᠡᠯᠴᠡᠭᠡ ᠪᠠᠷ ᠳᠡᠮᠵᠢᠨ᠂ ᠣᠷᠳᠣᠰ ᠬᠤᠲᠠ ᠶᠢᠨ | ᠬᠢᠶ᠎ᠠ ᠪᠠᠭᠰᠢ ᠲᠣᠭᠤᠷᠢᠭ ᠤᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠪᠡᠯᠡ ᠤᠷᠤᠭᠤᠯᠤᠯᠲᠠ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢ 2022 ᠣᠨ ᠤ ᠮᠡᠷᠭᠡᠰᠢᠯᠳᠦ ᠴᠢᠳᠠᠪᠤᠷᠢᠲᠠᠨ ᠤ ᠴᠠᠯᠢᠩ ᠬᠥᠯᠥᠰᠦ ᠶᠢᠨ ᠣᠯᠭᠤᠮᠵᠢ ᠶᠢᠨ ᠬᠤᠪᠢᠶᠠᠷᠢᠯᠠᠯᠲᠠ ᠶᠢᠨ ᠳᠠᠭᠠᠭᠤᠯᠬᠤ ᠵᠢᠱᠢᠶ᠎ᠡ | ᠦᠵᠡᠭᠦᠯᠬᠦ ᠠᠵᠤ ᠠᠬᠤᠶᠢᠯᠠᠯ ᠢᠶᠠᠷ ᠲᠣᠭᠲᠠᠭᠠᠪᠠ᠃11 ᠰᠠᠷ᠎ᠠ ᠶᠢᠨ 28 ᠤ ᠦᠳᠡ ᠶᠢᠨ ᠬᠤᠶᠢᠨ᠎ᠠ᠂ ᠬᠢᠶ᠎ᠠ ᠪᠠᠭᠰᠢ ᠲᠣᠭᠤᠷᠢᠭ ᠤᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠠᠵᠢᠯᠴᠢᠨ ᠤ ᠡᠪᠯᠡᠯ ᠪᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠪᠡᠯᠡ | ᠣᠷᠣᠭᠤᠯᠤᠯᠲᠠ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠵᠦ᠂ ᠶᠠᠷᠢᠯᠴᠠᠬᠤ ᠬᠤᠷᠠᠯ ᠬᠤᠷᠠᠯᠳᠤᠭᠤᠯᠬᠤ ᠬᠡᠯᠪᠡᠷᠢ ᠪᠠᠷ | ᠳᠠᠮᠵᠢᠭᠤᠯᠤᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠮᠡᠷᠭᠡᠰᠢᠯᠳᠦ | ᠴᠢᠳᠠᠪᠤᠷᠢᠲᠠᠨ ᠤ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠲᠤᠷᠰᠢᠯᠭ᠎ᠠ ᠬᠢᠬᠦ ᠠᠷᠭ᠎ᠠ ᠶᠢᠨ ᠲᠠᠯ᠎ᠠ ᠪᠠᠷ ᠰᠠᠨᠠᠯ ᠢᠶᠠᠨ ᠰᠣᠯᠢᠯᠴᠠᠨ ᠬᠤᠪᠢᠶᠠᠯᠴᠠᠭᠰᠠᠨ ᠪᠥᠭᠡᠳ | ᠮᠡᠷᠭᠡᠰᠢᠯᠳᠦ ᠴᠢᠳᠠᠪᠤᠷᠢᠲᠠᠨ ᠤ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠳᠠᠭᠠᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ᠂ ᠠᠵᠢᠯ ᠢᠶᠠᠨ | ᠥᠷᠨᠢᠭᠦᠯᠦᠭᠰᠡᠨ ᠪᠠᠶᠢᠳᠠᠯ᠂ ᠮᠡᠷᠭᠡᠰᠢᠯᠳᠦ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠠᠶᠢᠳᠠᠯ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ | ᠭᠦᠨᠵᠡᠭᠡᠢ ᠰᠣᠯᠢᠯᠴᠠᠭᠰᠠᠨ ᠪᠠᠶᠢᠨ᠎ᠠ᠃ | ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠳᠠᠮᠵᠢᠭᠤᠯᠤᠨ ᠠᠵᠤ ᠠᠬᠤᠶᠢᠯᠠᠯ ᠤᠳ ᠪᠠᠰᠠ ᠮᠡᠷᠭᠡᠰᠢᠯᠳᠦ ᠴᠢᠳᠠᠪᠤᠷᠢᠲᠠᠨ ᠤ ᠣᠨᠴᠠᠯᠢᠭ ᠲᠤ ᠨᠡᠶᠢᠴᠡᠭᠰᠡᠨ | ᠴᠠᠯᠢᠩ ᠤᠨ ᠬᠤᠪᠢᠶᠠᠷᠢᠯᠠᠯᠲᠠ ᠶᠢᠨ ᠳᠦᠷᠢᠮ ᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠮᠡᠷᠭᠡᠰᠢᠯᠳᠦ ᠴᠢᠳᠠᠪᠤᠷᠢᠲᠠᠨ ᠤ ᠠᠵᠢᠯ | ᠮᠡᠷᠭᠡᠵᠢᠯ ᠤᠨ ᠬᠥᠭᠵᠢᠯᠲᠡ ᠶᠢᠨ ᠵᠠᠮ ᠪᠠ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠳᠦᠷᠢᠮ ᠢ ᠲᠥᠯᠥᠪᠯᠡᠬᠦ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ | ᠬᠠᠶᠢᠨ ᠰᠦᠪᠡᠭᠴᠢᠯᠡᠵᠦ᠂ ᠨᠠᠩ ᠪᠦᠷᠢᠨ ᠲᠡᠭᠦᠯᠳᠡᠷ ᠳᠦᠷᠢᠮ ᠢ ᠪᠠᠶᠢᠭᠤᠯᠤᠨ᠂ ᠠᠵᠤ ᠠᠬᠤᠶᠢᠯᠠᠯ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠳᠤ ᠬᠦᠴᠦᠨ | ᠨᠡᠮᠡᠷᠢᠯᠡᠨ᠎ᠡ ᠭᠡᠵᠦ ᠢᠯᠡᠳᠬᠡᠪᠡ ᠃ | | | |