ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/2/16
 W020211223591767038221.png  
             ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠥᠨᠥᠳᠥᠷ ᠪᠢᠳᠡ ᠬᠢᠶ᠎ᠠ ᠪᠠᠭᠰᠢ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠳᠡᠳ᠋  ᠲᠤᠪᠴᠢᠶᠠᠨ ᠳᠠᠷᠤᠭ᠎ᠠ ᠵᠠᠩ ᠬᠠᠢ ᠶᠠᠨ ᠢ ᠤᠷᠢᠵᠤ᠂ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠣᠯᠠᠨ ᠳᠤ ᠲᠠᠶᠢᠯᠤᠮᠵᠢ  ᠬᠢᠶ᠎ᠠ ᠃ ᠵᠠᠩ ᠲᠣᠪᠴᠢᠶᠠᠨ ᠳᠠᠷᠤᠭ᠎ᠠ  ᠡ᠂ ᠲᠠ  ᠰᠠᠶᠢᠨ  ᠤᠤ︕        ᠵᠠᠩ ᠬᠠᠢ ᠶᠠᠨ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ᠂ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠣᠷᠪᠤᠯᠵᠢᠯᠠᠭ᠎ᠠ ᠶᠢᠨ ᠪᠤᠯᠤᠩ ᠳᠤ ᠢᠷᠡᠭᠰᠡᠨ ᠳᠡᠭᠡᠨ ᠮᠠᠰᠢ ᠪᠠᠶᠠᠷᠲᠠᠢ ᠪᠠᠶᠢᠨ᠎ᠠ᠃          ᠬᠥᠲᠥᠯᠥᠭᠴᠢ᠄ ᠵᠠᠩ ᠲᠣᠪᠴᠢᠶᠠᠨ ᠳᠠᠷᠤᠭ᠎ᠠ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠦ ᠲᠣᠭᠲᠠᠴᠠ ᠶᠢ ᠪᠣᠳᠠᠲᠠᠢ ᠪᠠᠷ ᠲᠠᠶᠢᠯᠪᠤᠷᠢᠯᠠᠭᠠᠳ ᠥᠭᠭᠦᠨ᠎ᠡ  ᠤᠤ︖         ᠵᠠᠩ ᠬᠠᠢ ᠶᠠᠨ᠄ 2020 ᠣᠨ ᠤ 5 ᠰᠠᠷ᠎ᠠ ᠶᠢᠨ 22 ᠤᠨ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ᠣᠨᠴᠠᠭᠠᠶ ᠰᠢᠯᠵᠢᠭᠦᠯᠦᠨ ᠥᠭᠬᠦ ᠲᠣᠭᠲᠠᠴᠠ ᠶᠢ ᠪᠠᠶᠢᠭᠤᠯᠵᠤ᠂ ᠪᠡᠯᠡ ᠮᠥᠩᠭᠦ ᠶᠢ ᠬᠤᠲᠠ ᠰᠢᠶᠠᠨ ᠤ ᠦᠨᠳᠦᠰᠦᠨ ᠱᠠᠲᠤᠨ ᠳᠤ ᠰᠢᠭᠤᠳ ᠬᠦᠷᠭᠡᠵᠦ᠂  ᠰᠢᠭᠤᠳ ᠠᠵᠤ ᠠᠬᠤᠶᠢᠯᠠᠯ ᠪᠠ ᠠᠷᠠᠳ  ᠲᠤ  ᠠᠰᠢᠭ ᠬᠦᠷᠲᠡᠭᠡᠨ᠎ᠡ︾ ᠭᠡᠵᠦ ᠵᠢᠭᠠᠵᠤ ᠭᠠᠷᠭᠠᠪᠠ᠃ᠡᠨᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠲᠥᠪ ᠤᠨ ᠡᠳ᠋ ᠤᠨ ᠵᠠᠰᠠᠭ ᠤᠨ ᠣᠨᠴᠠᠭᠠᠶ ᠰᠢᠯᠵᠢᠭᠦᠯᠦᠨ ᠥᠭᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠪᠡᠯᠡ ᠮᠥᠩᠭᠦ ᠶᠢ ᠬᠤᠲᠠ ᠰᠢᠶᠠᠨ ᠤ ᠦᠨᠳᠦᠰᠦᠨ ᠱᠠᠲᠤᠨ ᠳᠤ ᠰᠢᠭᠤᠳ ᠬᠦᠷᠭᠡᠬᠦ᠂  ᠰᠢᠭᠤᠳ‌ᠠᠵᠤ ᠠᠬᠤᠶᠢᠯᠠᠯ ᠪᠠ ᠠᠷᠠᠳ  ᠲᠤ  ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ ᠪᠠᠶᠢᠭᠤᠯᠤᠭᠰᠠᠨ ᠲᠥᠪ ᠤᠨ ᠡᠳ᠋ ᠤᠨ ᠵᠠᠰᠠᠭ ᠤᠨ ᠣᠨᠴᠠᠭᠠᠶ ᠰᠢᠯᠵᠢᠭᠦᠯᠦᠨ ᠥᠭᠬᠦ ᠲᠣᠭᠲᠠᠴᠠ ᠶᠢᠨ ᠪᠡᠯᠡ ᠮᠥᠩᠭᠦ ︵ᠰᠢᠭᠤᠳ  ᠬᠦᠷᠬᠦ ᠪᠡᠯᠡ ᠮᠥᠩᠭᠦ ᠭᠡᠵᠦ ᠲᠣᠪᠴᠢᠯᠠᠨ᠎ᠠ︶ ᠮᠥᠨ᠃ ᠣᠨᠴᠠᠭᠠᠶ ᠰᠢᠯᠵᠢᠭᠦᠯᠦᠨ ᠥᠭᠬᠦ ᠲᠣᠭᠲᠠᠴᠠ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠭᠤᠯᠭ᠎ᠠ ᠲᠠᠢ᠄ ᠨᠢᠭᠡ ᠳᠤ ᠪᠡᠯᠡ ᠮᠥᠩᠭᠦ ᠶᠢᠨ ᠬᠡᠪᠴᠢᠶ᠎ᠡ ᠶᠢ ᠲᠣᠳᠣᠷᠬᠠᠶᠢᠯᠠᠨ᠎ᠠ᠃ᠭᠤᠣᠯᠳᠠᠭᠤ ᠡᠳ᠋ ᠤᠨ ᠵᠠᠰᠠᠭ ᠤᠨ ᠤᠯᠠᠭᠠᠨ ᠲᠤᠭ᠎ᠠ ᠪᠠ ᠬᠢᠵᠢᠭ ᠢ ᠡᠰᠡᠷᠭᠦᠴᠡᠬᠦ ᠤᠯᠤᠰ ᠤᠨ ᠣᠨᠴᠠᠭᠠᠶ ᠵᠢᠭᠡᠯᠡᠯᠭᠡ ᠶᠢᠨ ᠬᠤᠯᠪᠣᠭᠳᠠᠯ ᠪᠦᠬᠦᠢ ᠪᠡᠯᠡ ᠮᠥᠩᠭᠦ ᠶᠢ ᠰᠢᠨ᠎ᠡ ᠪᠠᠷ ᠨᠡᠮᠡᠭᠳᠡᠭᠦᠯᠦᠨ᠎ᠡ᠃ᠬᠤᠶᠠᠷ ᠲᠤ ᠬᠤᠪᠢᠶᠠᠷᠢᠯᠠᠯᠲᠠ ᠶᠢᠨ ᠶᠠᠪᠤᠴᠠ ᠶᠢ ᠨᠠᠷᠢᠯᠢᠭᠵᠢᠭᠤᠯᠤᠨ᠎ᠠ᠃ᠬᠡᠪ ᠤᠨ ᠰᠢᠯᠵᠢᠭᠦᠯᠦᠨ ᠥᠭᠬᠦ᠂ ᠣᠨᠴᠠᠭᠠᠶ ᠰᠢᠯᠵᠢᠭᠦᠯᠦᠨ ᠥᠭᠬᠦ᠂ ᠬᠢᠵᠢᠭ ᠢ ᠡᠰᠡᠷᠭᠦᠴᠡᠬᠦ ᠣᠨᠴᠠᠭᠠᠶ ᠤᠯᠤᠰ ᠤᠨ ᠵᠢᠭᠡᠯᠡᠯᠭᠡ ᠵᠡᠷᠭᠡ ᠡᠯ᠎ᠡ ᠲᠦᠷᠦᠯ ᠤᠨ ᠪᠡᠯᠡ ᠮᠥᠩᠭᠦ ᠶᠢᠨ ᠣᠨᠴᠠᠯᠢᠭ ᠢ ᠦᠨᠳᠦᠰᠦᠯᠡᠨ᠂ ᠪᠡᠯᠡ ᠮᠥᠩᠭᠦ ᠶᠢᠨ ᠰᠢᠭᠤᠳ ᠬᠦᠷᠬᠦ ᠶᠠᠪᠤᠴᠠ ᠶᠢ ᠲᠦᠷᠦᠯ ᠵᠦᠢᠯ ᠬᠤᠪᠢᠶᠠᠨ ᠨᠠᠷᠢᠯᠢᠭᠵᠢᠭᠤᠯᠤᠨ ᠲᠣᠭᠲᠠᠭᠠᠨ᠎ᠠ᠃ᠭᠤᠷᠪᠠ ᠳᠤ ᠪᠡᠯᠡ ᠮᠥᠩᠭᠦ ᠶᠢ ᠬᠢᠨᠠᠨ ᠡᠵᠡᠮᠳᠡᠬᠦ ᠶᠢ ᠴᠢᠩᠭᠠᠳᠬᠠᠨ᠎ᠠ᠃ᠰᠢᠭᠤᠳ ᠬᠦᠷᠬᠦ ᠪᠡᠯᠡ ᠮᠥᠩᠭᠦ ᠶᠢ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠪᠦᠬᠦᠨ ᠢ ᠬᠠᠮᠤᠷᠬᠤ᠂ ᠪᠥᠬᠦ ᠬᠡᠯᠬᠢᠶ᠎ᠡ ᠪᠠᠷ ᠬᠢᠨᠠᠨ ᠡᠵᠡᠮᠳᠡᠬᠦ ᠶᠢ ᠪᠡᠶᠡᠯᠡᠭᠦᠯᠦᠨ᠂ ᠪᠡᠯᠡ ᠮᠥᠩᠭᠦ ᠪᠠᠭᠤᠯᠭᠠᠬᠤ ᠪᠠ ᠪᠡᠯᠡ ᠮᠥᠩᠭᠦ ᠶᠢ ᠬᠢᠨᠠᠨ ᠬᠠᠮᠢᠶᠠᠷᠬᠤ ᠶᠢ ᠦᠨᠡᠨᠬᠦ ᠪᠠᠲᠤᠯᠠᠨ᠎ᠠ ᠃ᠳᠥᠷᠪᠡ ᠳᠤ ᠣᠷᠣᠨ ᠨᠤᠲᠤᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠡᠯᠡ ᠮᠥᠩᠭᠦ ᠪᠠᠨ ᠴᠠᠭ ᠲᠤᠬᠠᠢ ᠳᠤᠨᠢ ᠪᠦᠬᠦᠨ ᠢ ᠬᠤᠲᠠ ᠰᠢᠶᠠᠨ ᠳᠤ ᠪᠠᠭᠤᠯᠭᠠᠬᠤ ᠬᠡᠷᠡᠭᠲᠡᠢ ᠪᠥᠭᠡᠳ ᠪᠠᠰᠠ ᠨᠡᠩ ᠤᠯᠠᠨ ᠥᠪᠡᠷ ᠤᠨ ᠡᠳ᠋ ᠤᠨ ᠬᠦᠴᠦᠨ ᠢᠶᠠᠨ ᠦᠨᠳᠦᠰᠦᠨ ᠱᠠᠲᠤᠨ ᠳᠤ ᠪᠠᠭᠤᠯᠭᠠᠬᠤ ᠬᠡᠷᠡᠭᠲᠡᠢ᠃ ᠬᠤᠲᠠ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠵᠠᠷᠤᠯᠭ᠎ᠠ ᠪᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠰᠢᠨᠵᠢ ᠴᠢᠨᠠᠷ ᠢ ᠴᠢᠩᠭᠠᠷᠠᠭᠤᠯᠤᠨ᠂ ᠠᠷᠠᠳ ᠤᠨ ᠠᠮᠢᠳᠤᠷᠠᠯ ᠢᠶᠠᠷ ᠭᠤᠣᠯᠳᠠᠯᠭ᠎ᠠ ᠪᠣᠯᠭᠠᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ ᠪᠠᠷ ᠴᠢᠷᠮᠠᠶᠢᠬᠤ ᠬᠡᠷᠡᠭᠲᠡᠢ᠃ᠲᠠᠪᠤ ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ᠡᠳ᠋ ᠤᠨ ᠵᠠᠰᠠᠭ᠂ ᠬᠢᠨᠠᠨ ᠪᠣᠳᠣᠯᠲᠠ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠰᠢᠭᠤᠳ  ᠬᠦᠷᠬᠦ ᠪᠡᠯᠡ ᠮᠥᠩᠭᠦ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠶᠢ ᠬᠤᠲᠠ ᠰᠢᠶᠠᠨ ᠤ ᠦᠨᠳᠦᠰᠦᠨ ᠱᠠᠲᠤᠨ ᠳᠤ ᠰᠢᠭᠤᠳ  ᠬᠦᠷᠬᠦ᠂ ᠠᠵᠤ ᠠᠬᠤᠶᠢᠯᠠᠯ ᠪᠠ ᠠᠷᠠᠳ ᠲᠤ   ᠠᠰᠢᠭ ᠬᠦᠷᠲᠡᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃        ᠬᠥᠲᠥᠯᠥᠭᠴᠢ᠄ ᠣᠨᠴᠠᠭᠠᠶ ᠰᠢᠯᠵᠢᠭᠦᠯᠦᠨ ᠥᠭᠬᠦ ᠲᠣᠭᠲᠠᠴᠠ ᠪᠠᠷ ᠳᠠᠮᠵᠢᠭᠤᠯᠤᠨ ᠬᠤᠲᠠ ᠰᠢᠶᠠᠨ ᠤ ᠦᠨᠳᠦᠰᠦᠨ ᠱᠠᠲᠤᠨ ᠳᠤ ᠰᠢᠭᠤᠳ  ᠭᠦᠷᠭᠦ ᠪᠡᠯᠡ ᠮᠦᠩᠭᠦᠨ  ᠳᠤ  ᠪᠣᠳᠠᠲᠠᠢ ᠪᠠᠷ ᠶᠠᠭᠤ ᠶᠠᠭᠤ ᠪᠠᠭᠲᠠᠬᠤ ᠪᠣᠶ︖         ᠵᠠᠩ ᠬᠠᠢ ᠶᠠᠨ᠄ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠤ ᠬᠢᠨᠠᠨ  ᠪᠠᠲᠤᠯᠠᠭᠰᠠᠨ ᠣᠨᠴᠠᠭᠠᠶ ᠰᠢᠯᠵᠢᠭᠦᠯᠦᠨ ᠥᠭᠬᠦ ᠲᠣᠭᠲᠠᠴᠠ ᠶᠢᠨ ᠬᠡᠷᠡᠭᠵᠢᠭᠦᠯᠬᠦ ᠲᠥᠰᠥᠯ ᠤᠨ ᠶᠣᠰᠣᠭᠠᠷ᠂ ᠪᠣᠳᠠᠲᠠᠢ ᠪᠠᠷ ᠳᠥᠷᠪᠡᠨ ᠬᠡᠰᠡᠭ ᠢ ᠪᠠᠭᠲᠠᠭᠠᠨ᠎ᠠ᠄ 1. ᠬᠡᠪ ᠤᠨ ᠰᠢᠯᠵᠢᠭᠦᠯᠦᠨ ᠥᠭᠬᠦ ᠳᠤ  ᠵᠢᠭᠰᠠᠭᠠᠨ ᠤᠷᠤᠭᠤᠯᠤᠭᠰᠠᠨ ᠨᠡᠮᠡᠭᠳᠡᠯ ᠪᠡᠯᠡ ᠮᠥᠩᠭᠦ ᠂ ᠭᠤᠣᠯᠳᠠᠭᠤ ᠣᠷᠣᠨ ᠨᠤᠲᠤᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠡᠳ᠋ ᠤᠨ ᠬᠦᠴᠦᠨ ᠤ ᠳᠤᠲᠠᠭᠤᠳᠠᠯ ᠢ ᠨᠥᠬᠦᠪᠦᠷᠢᠯᠡᠬᠦ ᠳᠤ ᠬᠡᠷᠡᠭᠯᠡᠵᠦ᠂ ︽ᠵᠢᠷᠭᠤᠭᠠᠨ ᠪᠠᠲᠤᠯᠠᠭ᠎ᠠ︾ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠳᠡᠮᠵᠢᠨ᠎ᠡ᠃ 2.  ᠤᠨᠴᠠᠭᠠᠢ ᠰᠢᠯᠵᠢᠭᠦᠯᠦᠨ ᠥᠭᠬᠦ  ᠳᠤ ᠵᠢᠭᠰᠠᠭᠠᠨ ᠤᠷᠤᠭᠤᠯᠤᠭᠰᠠᠨ ᠬᠡᠰᠡᠭ ᠪᠡᠯᠡ ᠮᠥᠩᠭᠦ᠂ ᠨᠢᠭᠡ ᠤᠳᠠᠭ᠎ᠠ ᠶᠢᠨ ᠴᠢᠨᠠᠷᠲᠠᠢ ᠡᠳ᠋ ᠤᠨ ᠬᠦᠴᠦᠨ ᠤ ᠲᠣᠬᠢᠷᠠᠭᠤᠯᠤᠯᠲᠠ ᠪᠣᠯᠭᠠᠵᠤ᠂ ᠭᠤᠣᠯᠳᠠᠭᠤ ᠦᠨᠳᠦᠰᠦᠨ ᠱᠠᠲᠤᠨ ᠳᠤ ᠲᠤᠯᠭᠠᠷᠠᠵᠤ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠵᠡᠷᠭᠡ ᠲᠦᠷ ᠴᠠᠭ ᠤᠨ ᠴᠢᠨᠠᠷᠲᠠᠢ ᠣᠨᠴᠣᠭᠤᠢ ᠬᠦᠴᠢᠷᠳᠡᠯ ᠢ ᠰᠢᠢᠳᠪᠦᠷᠢᠯᠡᠬᠦ ᠳᠤ ᠬᠡᠷᠡᠭᠯᠡᠨ᠎ᠡ᠃ 3 . ᠵᠠᠰᠠᠭ   ᠤᠨ ᠣᠷᠳᠣᠨ  ᠤ  ᠴᠢᠨᠠᠷᠲᠠᠢ ᠰᠠᠭᠤᠷᠢ ᠮᠥᠩᠭᠦ ᠶᠢᠨ ᠲᠥᠰᠥᠪ ᠲᠤ ᠲᠣᠬᠢᠷᠠᠭᠤᠯᠤᠭᠰᠠᠨ ᠬᠢᠵᠢᠭ ᠢ ᠡᠰᠡᠷᠭᠦᠴᠡᠬᠦ ᠤᠨᠴᠠᠭᠠᠢ ᠤᠯᠤᠰ  ᠤᠨ ᠵᠢᠭᠡᠯᠡᠯᠭᠡ ᠶᠢᠨ ᠪᠡᠯᠡ ᠮᠥᠩᠭᠦ ᠂ ᠭᠤᠣᠯᠳᠠᠭᠤ ᠵᠣᠬᠢᠬᠤ ᠠᠰᠢᠭ ᠣᠯᠵᠠᠪᠤᠷᠢ ᠲᠠᠢ ᠰᠠᠭᠤᠷᠢ  ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠬᠢᠵᠢᠭ ᠢ ᠡᠰᠡᠷᠭᠦᠴᠡᠬᠦ ᠬᠠᠮᠢᠶ᠎ᠠ ᠪᠦᠬᠦᠢ ᠵᠠᠷᠤᠯᠭ᠎ᠠ ᠳᠤ ᠬᠡᠷᠡᠭᠯᠡᠬᠦ ᠶᠢᠨ ᠬᠠᠮᠲᠤ ᠣᠷᠣᠨ ᠨᠤᠲᠤᠭ ᠟ ᠤᠨ  ᠤᠷᠢᠳᠴᠢᠯᠠᠨ ᠦᠯᠡᠳᠡᠭᠡᠭᠰᠡᠨ ᠬᠡᠰᠡᠭ ᠪᠡᠯᠡ ᠮᠥᠩᠭᠦ ᠶᠢ ᠦᠨᠳᠦᠰᠦᠨ ᠱᠠᠲᠤᠨ ᠤ  ᠤᠨᠴᠠᠭᠠᠢ ᠬᠦᠴᠢᠷᠳᠡᠯ ᠢ ᠰᠢᠢᠳᠪᠦᠷᠢᠯᠡᠬᠦ  ᠳᠤ ᠬᠡᠷᠡᠭᠯᠡᠬᠦ ᠶᠢ ᠵᠥᠪᠰᠢᠶᠡᠷᠡᠨ᠎ᠡ᠃ 4. ᠣᠷᠣᠨ ᠨᠤᠲᠤᠭ ᠤᠨ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠬᠡᠰᠡᠭ ᠂ ᠬᠤᠲᠠ ᠰᠢᠶᠠᠨ ᠤ ᠦᠨᠳᠦᠰᠦᠨ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠡᠩ ᠤᠨ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠲᠣᠬᠢᠷᠠᠭᠤᠯᠤᠨ ᠬᠡᠷᠡᠭᠯᠡᠨ᠎ᠡ᠃        ᠬᠥᠲᠥᠯᠥᠭᠴᠢ᠄ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠰᠢᠭᠤᠳ ᠬᠦᠷᠬᠦ ᠪᠡᠯᠡ ᠮᠥᠩᠭᠦ ᠳᠤ ᠬᠡᠷᠬᠢᠨ ᠬᠢᠨᠠᠯᠲᠠ ᠬᠠᠮᠢᠶᠠᠷᠤᠯᠲᠠ ᠶᠠᠪᠤᠭᠤᠯᠬᠤ ᠪᠣᠶ︖         ᠵᠠᠩ ᠬᠠᠢ ᠶᠠᠨ᠄ ᠡᠳ᠋ ᠤᠨ ᠵᠠᠰᠠᠭ ᠤᠨ ᠶᠠᠮᠤᠨ ᠨᠢᠭᠡᠨᠲᠡ ᠨᠡᠯᠢᠶᠡᠳ ᠨᠢᠭᠲᠠ ᠴᠢᠩᠭ᠎ᠠ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠪᠡᠯᠡ ᠮᠥᠩᠭᠦ ᠶᠢ ᠬᠤᠪᠢᠶᠠᠷᠢᠯᠠᠬᠤ᠂  ᠰᠠᠯᠭᠠᠨ‌ᠥᠭᠬᠦ᠂ ᠬᠡᠷᠡᠭᠯᠡᠬᠦ ᠵᠡᠷᠭᠡ ᠳᠤ ᠪᠥᠬᠦ ᠬᠡᠯᠬᠢᠶ᠎ᠡ ᠶᠢᠨ ᠮᠥᠷᠳᠡᠯᠲᠡ ᠶᠢ ᠪᠡᠶᠡᠯᠡᠭᠦᠯᠵᠡᠢ᠃ᠨᠢᠭᠡ ᠳᠤ᠂ ᠪᠥᠬᠦ  ᠬᠡᠯᠬᠢᠶ᠎ᠡ ᠪᠠᠷ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ᠣᠨᠴᠠᠭᠠᠶ ᠲᠣᠭᠲᠠᠴᠠ ᠳᠤ ᠴᠢᠭᠯᠡᠭᠦᠯᠦᠨ ᠪᠠᠶᠢᠭᠤᠯᠤᠭᠰᠠᠨ ᠬᠢᠨᠠᠨ ᠡᠵᠡᠮᠳᠡᠬᠦ ᠰᠢᠰᠲ᠋ᠧᠮ ᠢᠶᠠᠷ ᠳᠠᠮᠵᠢᠭᠤᠯᠤᠨ ᠪᠡᠯᠡ ᠮᠥᠩᠭᠦ ᠶᠢᠨ ᠬᠡᠷᠡᠭᠯᠡᠯᠲᠡ ᠶᠢᠨ ᠪᠦᠬᠦ ᠶᠠᠪᠤᠴᠠ ᠳᠤ ᠣᠷᠣ ᠮᠥᠷ ᠦᠯᠡᠳᠡᠭᠡᠬᠦ ᠶᠢ ᠪᠡᠶᠡᠯᠡᠭᠦᠯᠪᠡ᠃ ᠬᠤᠶᠠᠷ ᠲᠤ ᠬᠤᠲᠠ ᠰᠢᠶᠠᠨ ᠤ ᠦᠨᠡᠨ ᠨᠡᠷ᠎ᠡ ᠶᠢᠨ ᠡᠬᠡ ᠳᠠᠩᠰᠠ ᠶᠢᠨ ᠳᠦᠷᠢᠮ ᠢ ᠲᠦᠯᠬᠢᠨ ᠠᠬᠢᠭᠤᠯᠤᠨ᠎ᠠ᠃ ᠲᠣᠭᠲᠠᠭᠠᠯ ᠶᠣᠰᠣᠭᠠᠷ ᠠᠵᠤ ᠠᠬᠤᠶᠢᠯᠠᠯ ᠪᠠ ᠠᠵᠢᠯᠲᠠᠨ ᠤ ᠨᠡᠷᠡᠰ ᠢ ᠲᠣᠭᠲᠠᠭᠠᠵᠤ᠂ ᠲᠣᠭᠲᠠᠭᠠᠭᠰᠠᠨ ᠨᠡᠷᠡᠰ ᠤᠨ ᠶᠣᠰᠣᠭᠠᠷ ᠪᠡᠯᠡ ᠮᠥᠩᠭᠦ  ᠰᠠᠯᠭᠠᠨ  ᠥᠭᠭᠦᠨ᠎ᠡ᠃ ᠭᠤᠷᠪᠠ ᠳᠤ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ᠎ᠡ᠃ᠠᠷᠠᠳ ᠤᠨ ᠪᠠᠩᠬᠢ ᠶᠢᠨ ᠤᠯᠤᠰ ᠤᠨ ᠬᠥᠮᠥᠷᠭᠡ ᠶᠢᠨ ᠰᠢᠰᠲ᠋ᠧᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠬᠢᠨᠠᠨ ᠪᠤᠳᠤᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠᠷ ᠳᠠᠮᠵᠢᠭᠤᠯᠤᠨ᠂ ᠪᠡᠯᠡ ᠮᠥᠩᠭᠦ ᠶᠢᠨ ᠬᠡᠷᠡᠭᠯᠡᠯᠲᠡ ᠳᠤ ᠪᠦᠲᠦᠮᠵᠢᠲᠡᠶ ᠬᠢᠨᠠᠨ ᠡᠵᠡᠮᠳᠡᠬᠦ ᠶᠢ ᠪᠡᠶᠡᠯᠡᠭᠦᠯᠦᠨ᠎ᠡ︔ᠳᠥᠷᠪᠡ ᠳᠤ᠂ ᠬᠢᠨᠠᠨ ᠪᠣᠳᠣᠯᠲᠠ ᠶᠢᠨ ᠬᠢᠨᠠᠯᠲᠠ ᠶᠢ ᠵᠡᠷᠭᠡᠪᠡᠷ ᠴᠢᠩᠭᠠᠳᠬᠠᠨ᠎ᠠ᠃ᠬᠢᠨᠠᠨ ᠪᠤᠳᠤᠬᠤ ᠰᠠᠯᠠᠭ᠎ᠠ ᠮᠥᠴᠢᠷ ᠤᠳ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠪᠤᠳᠤᠬᠤ ᠠᠵᠢᠯ ᠤᠨ ᠭᠤᠣᠯᠳᠠᠯᠭ᠎ᠠ ᠪᠣᠯᠭᠠᠵᠤ᠂ ᠲᠤᠰᠬᠠᠢ ᠵᠦᠢᠯ ᠤᠨ ᠬᠢᠨᠠᠨ ᠪᠣᠳᠣᠯᠲᠠ ᠶᠢ ᠥᠷᠨᠢᠭᠦᠯᠦᠨ᠎ᠡ︔ᠲᠠᠪᠤ ᠳᠤ ᠢᠯᠡ ᠪᠠᠷ ᠨᠡᠶᠢᠲᠡᠯᠡᠬᠦ ᠳᠦᠷᠢᠮ ᠢ ᠴᠢᠩᠭᠠᠳᠬᠠᠨ᠎ᠠ᠃ᠪᠡᠯᠡ ᠮᠥᠩᠭᠦ ᠶᠢ ᠬᠠᠮᠢᠶᠠᠷᠬᠤ ᠪᠠ ᠬᠡᠷᠡᠭᠯᠡᠬᠦ ᠰᠠᠯᠠᠭ᠎ᠠ ᠮᠥᠴᠢᠷ  ᠤᠳ  ᠬᠡᠷᠡᠭᠵᠢᠭᠦᠯᠵᠦ ᠪᠠᠶᠢᠭ᠎ᠠ ᠪᠠᠶᠢᠳᠠᠯ   ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠯᠡ ᠪᠠᠷ ᠨᠡᠶᠢᠲᠡᠯᠡᠵᠦ ᠂ ᠨᠡᠶᠢᠭᠡᠮ  ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃         ᠬᠥᠲᠥᠯᠥᠭᠴᠢ᠄ ᠵᠠᠩ ᠲᠣᠪᠴᠢᠶᠠᠨ ᠳᠠᠷᠤᠭ᠎ᠠ ᠶᠢᠨ ᠥᠨᠥᠳᠥᠷ ᠰᠤᠷᠪᠤᠯᠵᠢᠯᠠᠭ᠎ᠠ ᠳᠤ  ᠰᠠᠭᠠᠲᠠᠭᠰᠠᠨ  ᠳᠤ ᠮᠠᠰᠢ ᠲᠠᠯᠠᠷᠬᠠᠵᠤ ᠪᠠᠶᠢᠨ᠎ᠠ᠂ ᠪᠢᠳᠡᠨ ᠳᠤ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠰᠢᠭᠤᠳ  ᠬᠦᠷᠬᠦ  ᠪᠡᠯᠡ ᠮᠥᠩᠭᠦ ᠶᠢᠨ ᠲᠤᠬᠠᠢ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠭᠠᠵᠠᠢ᠃         ᠵᠠᠩ ᠬᠠᠢ ᠶᠠᠨ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠲᠤ ᠲᠠᠯᠠᠷᠬᠠᠵᠤ ᠪᠠᠶᠢᠨ᠎ᠠ᠂ ᠪᠠᠶᠠᠷᠲᠠᠢ︕ 
ᠢᠷᠡᠯᠲᠡ᠄ ᠲᠤᠰ ᠰᠦᠯᠵᠢᠶ᠎ᠡ