2021 ᠤᠨ ᠤ  ᠳᠤᠯᠤᠳᠤᠭᠠᠷ  ᠰᠠᠷ᠎ᠠ ᠶᠢᠨ ᠬᠢᠶ᠎ᠠ ᠪᠠᠭᠰᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠲᠡᠭᠯᠡᠯ
ᠨᠡᠶᠢᠲᠡᠯᠡᠭᠰᠡᠨ ᠴᠠᠭ᠄
2022/3/11
        7 ᠰᠠᠷ᠎ᠠ ᠶᠢᠨ 2  ᠤᠨ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂  ᠲᠤᠭᠤᠷᠢᠭ  ᠤᠨ ᠳᠠᠷᠤᠭ᠎ᠠ ᠸᠠᠩ ᠰᠢᠤᠸᠠᠢ ᠹᠧᠩ ᠶᠡᠷᠦᠩᠬᠡᠢ ᠱᠦᠵᠢ ᠰᠢ ᠶᠢᠨ ᠫᠢᠩ  ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠤᠬᠠᠢ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ ᠨᠠᠮ ᠤᠨ ᠭᠡᠰᠢᠭᠦᠨ ᠺᠠᠳ᠋ᠷ ᠲᠠᠢ ᠣᠶᠢᠯᠠᠭᠠᠯᠲᠠ ᠪᠠᠨ ᠬᠤᠪᠢᠶᠠᠯᠴᠠᠵᠤ᠂ ᠦᠵᠡᠯ ᠰᠠᠨᠠᠭ᠎ᠠ ᠪᠠᠨ ᠰᠣᠯᠢᠯᠴᠠᠵᠤ᠂ ᠤᠯᠠᠨ ᠳᠤ  ᠨᠢᠭᠡ ᠤᠳᠠᠭᠠᠨ ᠤ ᠠᠮᠢᠳᠤᠯᠢᠭ ᠰᠠᠶᠢᠬᠠᠨ ᠲᠤᠰᠬᠠᠢ ᠰᠡᠳᠦᠪᠲᠦ ᠨᠠᠮ ᠤᠨ ᠬᠢᠴᠢᠶᠡᠯ  ᠤᠷᠤᠵᠠᠢ᠃ ᠸᠠᠩ ᠰᠢᠤᠸᠠᠢ ᠹᠧᠩ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ︽ᠳᠥᠷᠪᠡᠨ ᠲᠡᠦᠬᠡ︾ ᠶᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠳᠤᠮᠳᠠ ᠠᠴᠠ ᠬᠦᠴᠦᠨ ᠴᠢᠳᠠᠯ ᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠨ᠂ ᠠᠷᠠᠳ ᠤᠨ ᠠᠮᠢᠳᠤᠷᠠᠯ ᠢ ᠪᠠᠲᠤᠯᠠᠬᠤ ᠳᠤ ᠨᠠᠩ ᠰᠠᠶᠢᠲᠤᠷ ᠦᠢᠯᠡᠴᠢᠯᠡᠵᠦ᠂ ᠡᠷᠡᠰ ᠭᠤᠶᠢᠪᠢᠰᠢ ᠦᠭᠡᠢ ᠪᠠᠷ ᠰᠢᠨ᠎ᠡ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠰᠢᠨ᠎ᠡ ᠰᠡᠳᠬᠢᠴᠡ ᠪᠠᠷ ᠰᠢᠨ᠎ᠡ ᠥᠷᠢᠰᠦᠯᠳᠦᠭᠡᠨ ᠢ ᠠᠷᠭᠠᠴᠠᠵᠤ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠦᠢᠯᠡᠰ ᠢ ᠨᠡᠭᠡᠭᠡᠬᠦ ᠬᠡᠷᠡᠭᠲᠡᠢ ᠭᠡᠵᠦ ᠱᠠᠭᠠᠷᠳᠠᠪᠠ᠃ ᠰᠢ ᠶᠢᠨ ᠫᠢᠩ ᠶᠡᠷᠦᠩᠬᠡᠢ ᠱᠦᠵᠢ ᠶᠢᠨ︽ᠢᠷᠡᠭᠡᠳᠦᠢ  ᠪᠤᠯ ᠵᠠᠯᠠᠭᠤᠴᠤᠳ ᠤᠨ ᠬᠢ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠨ᠎ᠠ︾ᠭᠡᠬᠦ ᠴᠢᠩ ᠰᠡᠳᠬᠢᠯ ᠤᠨ ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠠᠵᠢᠯ ᠤᠨ ᠰᠡᠳᠬᠢᠴᠡ ᠪᠠᠨ ᠥᠷᠭᠡᠳᠬᠡᠵᠦ᠂   ᠠᠵᠢᠯᠯᠠᠬᠤ ᠠᠷᠭ᠎ᠠ ᠪᠠᠨ ᠰᠢᠨᠡᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠢᠶ᠎ᠠ  ᠪᠠᠭᠰᠢ  ᠶᠢᠨ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠠᠪᠠᠯᠳᠠᠳᠤ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠵᠢᠷᠤᠭ ᠲᠥᠰᠥᠪ ᠢ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠤ ᠦᠵᠡᠰᠬᠦᠯᠡᠩᠲᠦ ᠰᠠᠶᠢᠬᠠᠨ ᠵᠢᠷᠤᠭ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       7 ᠳ᠋ᠤᠭᠠᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠠᠷᠢᠯᠴᠠᠬᠤ ᠬᠤᠷᠠᠯ ᠬᠥᠬᠡᠬᠤᠲᠠ ᠳᠤ  ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠨ ᠶᠠᠷᠢᠶ᠎ᠠ  ᠲᠠᠯᠪᠢᠪᠠ᠃ ᠰᠢ ᠶᠢᠨ ᠫᠢᠩ ᠶᠡᠷᠦᠩᠬᠡᠢ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠠᠭᠤᠤ ᠶᠡᠭᠡ ᠭᠠᠪᠢᠶ᠎ᠠ ᠵᠢᠳᠬᠦᠯ ᠢ ᠪᠠᠲᠤ ᠴᠡᠭᠡᠵᠢᠯᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠢᠨ᠎ᠡ ᠠᠶᠠᠨ ᠵᠠᠮ ᠳᠠᠭᠠᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠢ ᠪᠠᠨ ᠴᠣᠭᠴᠠᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠢ  ᠸᠢᠳᠢᠤ᠋  ᠶᠢᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ᠲᠣᠭᠤᠷᠢᠭ ᠤᠨ ᠤᠳᠤᠷᠢᠳᠤᠯᠭ᠎ᠠ ᠸᠠᠩ ᠰᠢᠤᠸᠠᠢ ᠹᠧᠩ᠂ ᠲᠢᠶᠠᠨ ᠱᠧᠩ ᠬᠤᠸᠠ᠂  ᠤᠯᠠᠭᠠᠨᠲᠤᠶᠠᠭ᠎ᠠ ᠂ ᠺᠠᠩ ᠫᠢᠩ᠂ ᠵᠠᠩ ᠫᠢᠩ᠂ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠲᠣᠭᠤᠷᠢᠭ ᠤᠨ ᠰᠢᠭᠦᠬᠦ ᠬᠤᠷᠢᠶ᠎ᠠ ᠶᠢᠨ ᠳᠠᠷᠤᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠶ᠎ᠠ ᠪᠠᠭᠰᠢ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠢ᠃       7 ᠰᠠᠷ᠎ᠠ ᠶᠢᠨ 10 ᠤ ᠡᠳᠦᠷ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠬᠡᠯᠡᠯᠴᠡᠭᠡᠷ  ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠳᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠰᠢᠩ ᠵᠧᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠪᠠᠢ ᠢᠦᠢ ᠯᠢᠶᠠᠩ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠯᠢ ᠠᠢ ᠱᠧ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ᠬᠤᠷᠠᠯ ᠳᠡᠭᠡᠷ᠎ᠡ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠣᠷᠳᠣᠰ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ  ᠪᠤᠷᠤ ᠲᠦᠯᠦᠪ ᠤᠨ ᠬᠡᠯᠡᠯᠴᠡᠭᠡᠷ ᠪᠣᠯᠣᠨ ᠬᠠᠮᠲᠤᠷᠠᠨ ᠰᠤᠷᠭᠠᠭᠤᠯᠢ ᠡᠷᠬᠢᠯᠡᠬᠦ  ᠬᠡᠯᠡᠯᠴᠡᠭᠡᠷ   ᠲᠤᠭᠲᠠᠭᠠᠵᠠᠢ᠃ ᠲᠣᠭᠤᠷᠢᠭ ᠤᠨ ᠤᠳᠤᠷᠢᠳᠤᠯᠭ᠎ᠠ ᠸᠠᠩ ᠵᠢᠶᠣᠣ᠂ ᠶᠠᠩ ᠴᠠᠩ ᠴᠢᠩ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠡᠯ᠎ᠡ ᠰᠤᠷᠭᠠᠭᠤᠯᠢ ︵ᠬᠦᠷᠢᠶᠡᠯᠡᠩ︶ ᠶᠢᠨ ᠳᠠᠷᠤᠭ᠎ᠠ ᠣᠷᠣᠯᠴᠠᠵᠠᠢ᠃       7 ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠠᠩᠭᠢ ᠳᠠᠭᠠᠭᠤᠯᠤᠨ ᠪᠡᠭᠡᠵᠢᠩ᠂ ᠱᠠᠩᠬᠠᠢ ᠵᠢᠴᠢ ᠬᠠᠩᠵᠧᠦ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠵᠤ᠂ ᠲᠣᠭᠤᠷᠢᠭ ᠤᠨ ᠤᠳᠤᠷᠢᠳᠤᠯᠭ᠎ᠠ ᠸᠠᠩ ᠵᠢᠶᠣᠣ᠂ ᠳ᠋ᠦ᠋ ᠵᠢᠶᠠ ᠪᠢᠨ ᠵᠢᠴᠢ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ  ᠰᠢᠨᠵᠢᠯᠡᠨ ᠪᠠᠶᠢᠴᠠᠭᠠᠪᠠ᠃ᠰᠢᠨᠵᠢᠯᠡᠨ ᠪᠠᠶᠢᠴᠠᠭᠠᠬᠤ ᠳᠤᠭᠤᠶᠢᠯᠠᠩ ᠂ ᠣᠳᠣᠬᠠᠨ ᠳᠤ᠂ ᠬᠢᠶ᠎ᠠ ᠪᠠᠭᠰᠢ ᠲᠣᠭᠤᠷᠢᠭ ᠤᠨ ᠬᠢᠨ ᠭᠤᠶᠤ ᠰᠠᠶᠢᠬᠠᠨ ᠬᠤᠳᠠ ᠶᠢᠨ︽ᠥᠩᠭᠡ ᠵᠢᠰᠦ︾ᠪᠠ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ︽ᠰᠦᠯᠵᠢᠶᠡᠨ ᠤ  ᠳᠡᠭᠡᠷᠡᠬᠢ  ᠨᠡᠷᠡᠲᠤ ᠬᠤᠳᠠ︾ ᠶᠢᠨ ᠴᠣᠭᠴᠠᠯᠠᠯᠲᠠ ᠪᠠ ︽ᠴᠢᠨᠠᠷᠯᠢᠭ  ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠨᠢᠭᠡ ᠪᠦᠯᠦᠭ ᠶᠠᠰᠤ ᠴᠢᠨᠠᠷ ᠨᠢ ᠨᠡᠩ ᠰᠢᠯᠢᠳᠡᠭ᠂ ᠴᠢᠳᠠᠮᠵᠢ ᠨᠢ ᠨᠡᠩ ᠲᠡᠭᠦᠯᠳᠡᠷᠵᠢᠭᠰᠡᠨ ᠰᠢᠨ᠎ᠡ ᠲᠦᠷᠦᠯ ᠵᠦᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠴᠢᠷᠮᠠᠶᠢᠨ  ᠪᠠᠶᠢᠷᠢᠰᠢᠭᠤᠯᠤᠨ᠎ᠠ᠃ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠠᠵᠠ ᠲᠣᠬᠢᠶᠠᠯ ᠢ ᠠᠮᠵᠢᠵᠤ᠂  ᠤᠨᠤᠯᠵᠢᠬᠤᠨ ᠢ  ᠰᠢᠨᠡᠴᠢᠯᠡᠨ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠨᠠᠶᠢᠵᠠ ᠶᠢᠨ ᠲᠤᠭᠤᠷᠢᠭ︾  ᠢ ᠬᠠᠮᠲᠤᠪᠠᠷ ᠪᠤᠵᠠᠭᠠᠶᠢᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠂ ᠬᠢᠶ᠎ᠠ ᠪᠠᠭᠰᠢ ᠲᠤᠭᠤᠷᠢᠭ ᠤᠨ ᠬᠥᠭᠵᠢᠯᠲᠡ ᠶᠢᠨ ᠰᠠᠭᠤᠷᠢ ᠰᠠᠶᠢᠨ᠂ ᠵᠠᠬ᠎ᠠ ᠳᠡᠯᠭᠡᠭᠦᠷ ᠤᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠣᠯᠠᠨ ᠵᠦᠢᠯ ᠤᠨ ᠵᠠᠭᠪᠤᠷ ᠢᠶᠠᠷ ᠳᠠᠮᠵᠢᠭᠤᠯᠤᠨ ᠣᠷᠣᠨ ᠨᠤᠲᠤᠭ ᠤᠨ ᠠᠵᠤ ᠦᠢᠯᠡᠰ ᠤᠨ ᠲᠠᠰ ᠳᠡᠪᠰᠢᠬᠦ ᠳᠤ ᠣᠷᠣᠯᠴᠠᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠲᠦᠷᠭᠡᠬᠡᠨ ᠠᠬᠢᠭᠤᠯᠵᠤ᠂ ᠬᠠᠮᠲᠤ ᠪᠠᠷ ᠠᠰᠢᠭ ᠬᠦᠷᠲᠡᠵᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ  ᠬᠡᠵᠦ ᠢᠯᠡᠳᠬᠡᠪᠡ         7 ᠰᠠᠷ᠎ᠠ ᠶᠢᠨ 27 ᠤ ᠡᠳᠦᠷ᠂ ᠬᠢᠶ᠎ᠠ ᠪᠠᠭᠰᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠢ ᠦᠨᠳᠦᠰᠦᠨ ᠱᠠᠲᠤ ᠳᠠᠰᠢ ᠦᠷᠭᠡᠳᠬᠡᠬᠦ ᠶᠢ ᠠᠬᠢᠭᠤᠯᠬᠤ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ᠂  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠭᠢᠯ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠤᠭᠤᠷᠢᠭ  ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠺᠠᠩ ᠫᠢᠩ ᠬᠤᠷᠠᠯ ᠡᠷᠭᠢᠯᠡᠪᠡ᠃ᠲᠣᠭᠤᠷᠢᠭ ᠤᠨ ᠤᠳᠤᠷᠢᠳᠤᠯᠭ᠎ᠠ  ᠤᠯᠠᠭᠠᠨᠲᠤᠶᠠᠭ᠎ᠠ ᠂ ᠶᠠᠩ ᠱᠦ ᠸᠧᠢ᠂ ᠼᠦᠢ ᠬᠤᠸ᠂ ᠴᠢᠦ ᠰᠢᠶᠣᠣ ᠯᠢ᠂ ᠬᠤᠸ ᠹᠧᠩ ᠯᠢᠨ᠂ ᠱᠢ ᠰᠢᠤᠸᠠᠢ ᠰᠥᠩ᠂ ᠯᠢ ᠴᠢᠶᠠᠩ ᠬᠤᠷᠠᠯ ᠳᠤ ᠣᠷᠣᠯᠴᠠᠵᠠᠢ᠃ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠵᠢᠴᠢ ᠡᠯ᠎ᠡ ᠵᠥᠪᠯᠡᠯ ᠤᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠳᠤᠯᠤᠳᠤᠭᠠᠷ  ᠰᠠᠷ᠎ᠠ7 ᠰᠠᠷ᠎ᠠ ᠶᠢᠨ 31 ᠤ ᠡᠳᠦᠷ᠂ ᠬᠢᠶ᠎ᠠ ᠪᠠᠭᠰᠢ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ  ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋  ᠲᠤᠭᠤᠷᠢᠭ ᠤᠨ ᠳᠠᠷᠤᠭ᠎ᠠ ᠰᠦᠨ ᠷᠦᠩ ᠬᠤᠷᠠᠯ  ᠢ ᠡᠷᠭᠢᠯᠡᠭᠰᠡᠨ ᠪᠥᠭᠡᠳ ᠣᠳᠣᠬᠠᠨ ᠤ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠴᠢᠭᠯᠡᠭᠦᠯᠦᠨ ᠪᠣᠳᠠᠲᠠᠢ ᠪᠠᠶᠢᠷᠢᠯᠠᠭᠤᠯᠤᠯᠲᠠ ᠬᠢᠵᠡᠢ᠃ ᠬᠤᠷᠠᠯ ᠳᠡᠭᠡᠷ᠎ᠡ᠂  ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ᠸᠠᠩ ᠰᠢᠤᠸᠠᠢ ᠹᠧᠩ᠂ ᠣᠳᠣᠬᠠᠨ ᠳᠤ ᠬᠢᠶ᠎ᠠ ᠪᠠᠭᠰᠢ ᠲᠣᠭᠤᠷᠢᠭ ᠶᠠᠭ ᠵᠢᠭᠤᠯᠴᠢᠯᠠᠯ ᠤᠨ ᠬᠥᠭᠵᠢᠯᠲᠡᠢ ᠤᠯᠠᠷᠢᠯ ᠳᠤ ᠪᠠᠶᠢᠵᠤ᠂ ᠬᠥᠮᠥᠨ ᠤ ᠲᠤᠭ᠎ᠠ ᠣᠯᠠᠨ  ᠪᠠᠶᠢᠨ᠎ᠠ᠃ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠯ᠎ᠡ ᠵᠦᠢᠯ ᠤᠨ ᠠᠵᠢᠯᠯᠠᠭ᠎ᠠ ᠶᠢᠨ ᠲᠥᠰᠥᠯ ᠢ ᠨᠢᠭᠡᠳᠦᠯᠲᠡᠢ ᠲᠥᠯᠥᠪᠯᠡᠨ᠂ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠦᠨᠡᠨᠬᠦ ᠴᠢᠩᠭᠠᠳᠬᠠᠵᠤ᠂ ᠨᠢᠭᠡ  ᠳᠤ ᠨᠢᠭᠡ ᠬᠠᠷᠭᠤᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ 
ᠢᠷᠡᠯᠲᠡ᠄ ᠲᠤᠰ ᠰᠦᠯᠵᠢᠶ᠎ᠡ