ᠬᠢᠶ᠎ᠠ ᠪᠠᠭᠰᠢ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠬᠢᠭᠡᠳ ᠠᠵᠢᠯ ᠤᠨ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2022/3/18
1.jpg
        ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠥᠨᠥᠳᠥᠷ ᠪᠢᠳᠡ ᠬᠢᠶ᠎ᠠ ᠪᠠᠭᠰᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ  ᠳᠤᠪᠴᠢᠶᠠᠨ ᠤ ᠳᠡᠳ᠋ ᠳᠠᠷᠤᠭ᠎ᠠ ᠦ᠋ ᠮᠢᠨ ᠵᠢᠶᠠᠨ ᠢ ᠤᠷᠢᠵᠤ ᠬᠢᠶ᠎ᠠ ᠪᠠᠭᠰᠢ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠪᠠ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠢ ᠣᠯᠠᠨ ᠲᠠᠢ ᠬᠤᠪᠢᠶᠠᠯᠴᠠᠶ᠎ᠠ᠃  ᠦ᠋ ᠲᠣᠪᠴᠢᠶᠠᠨ ᠳᠠᠷᠤᠭ᠎ᠠ ᠲᠠ ᠰᠠᠶᠢᠨ ᠤᠤ︖        ᠦ᠋ ᠮᠢᠨ ᠵᠢᠶᠠᠨ᠄ ᠰᠦᠯᠵᠢᠶᠡᠨ ᠤ ᠠᠨᠳᠠ ᠨᠠᠷ᠂ ᠲᠠ ᠪᠦᠬᠦᠨ ᠰᠠᠶᠢᠨ ᠪᠠᠶᠢᠵᠠᠭᠠᠨ᠎ᠠ  ᠤᠤ︕ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠪᠤᠯᠤᠩ ᠳᠤ ᠢᠷᠡᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃        ᠬᠥᠲᠥᠯᠥᠭᠴᠢ᠄ ᠣᠯᠠᠨ ᠲᠦᠮᠡᠨ ᠤ ᠠᠩᠬᠠᠷᠴᠤ ᠪᠠᠶᠢᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠬᠡᠮᠵᠢᠬᠦ ᠡᠲᠡᠭᠡᠳ ᠨᠢ ᠶᠠᠭᠤ ᠪᠣᠶ︖        ᠦ᠋ ᠮᠢᠨ ᠵᠢᠶᠠᠨ᠄ ᠬᠢᠨᠠᠨ ᠬᠡᠮᠵᠢᠬᠦ ᠡᠲᠡᠭᠡᠳ ᠪᠣᠯ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ ᠶᠢ ᠭᠡᠷ ᠪᠦᠯᠢ ᠪᠠᠷ ᠨᠢᠭᠡᠴᠢ ᠪᠣᠯᠭᠠᠵᠤ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠲᠤ ᠠᠮᠠᠷᠬᠠᠨ ᠶᠠᠳᠠᠭᠤᠷᠠᠬᠤ ᠡᠷᠦᠬᠡ᠂ ᠵᠢᠴᠢ ᠡᠪᠡᠳᠴᠢᠨ᠂ ᠭᠠᠮᠰᠢᠭ᠂ ᠠᠳᠡᠯ ᠵᠡᠷᠭᠡ ᠠᠴᠠ ᠪᠤᠯᠵᠤ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠪᠠᠷ ᠪᠠᠭᠠᠰᠤᠭᠰᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠲᠠᠢ ᠡᠷᠦᠬᠡ ᠶᠢ ᠬᠢᠨᠠᠨ ᠬᠡᠮᠵᠢᠵᠤ᠂ ᠲᠡᠳᠡᠨ ᠤ ᠣᠷᠣᠯᠭ᠎ᠠ ᠵᠠᠷᠤᠯᠭ᠎ᠠ ᠶᠢᠨ ᠪᠠᠶᠢᠳᠠᠯ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠬᠢᠨᠠᠨ ᠬᠡᠮᠵᠢᠨ᠎ᠡ᠃ ᠬᠦᠨᠳᠦ ᠡᠪᠡᠳᠴᠢᠨ ᠲᠠᠢ ᠪᠠ ᠳᠠᠷᠤᠭᠠᠰᠤ ᠨᠢ ᠨᠡᠯᠢᠶᠡᠳ ᠬᠦᠨᠳᠦ ᠤᠳᠠᠭᠠᠨ ᠴᠢᠨᠠᠷᠲᠠᠢ ᠡᠪᠡᠳᠴᠢᠲᠡᠨ᠂ ᠬᠦᠨᠳᠦ ᠵᠡᠮᠳᠡᠭ ᠬᠥᠮᠥᠨ᠂ ᠴᠢᠳᠠᠪᠤᠷᠢ ᠪᠠᠨ ᠠᠯᠳᠠᠭᠰᠠᠨ ᠨᠠᠰᠤᠲᠠᠳ ᠵᠡᠷᠭᠡ ᠤᠨᠴᠠᠭᠠᠢ ᠬᠥᠮᠥᠰ ᠲᠠᠢ ᠭᠡᠷ ᠪᠦᠯᠢ ᠶᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ᠃        ᠬᠥᠲᠥᠯᠥᠭᠴᠢ᠄ ᠲᠡᠭᠡᠪᠡᠯ ᠬᠢᠨᠠᠨ ᠬᠡᠮᠵᠢᠬᠦ ᠬᠡᠪᠴᠢᠶ᠎ᠡ ᠨᠢ ᠶᠠᠭᠤ ᠪᠣᠶ︖        ᠦ᠋ ᠮᠢᠨ ᠵᠢᠶᠠᠨ᠄ ᠳᠠᠬᠢᠨ ᠶᠠᠳᠠᠭᠤᠷᠠᠬᠤ ᠶᠢ ᠰᠡᠷᠭᠡᠶᠢᠯᠡᠬᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠬᠤ ᠪᠠᠷ ᠤᠷᠢᠲᠠᠯ ᠪᠣᠯᠭᠠᠵᠤ᠂ ᠶᠡᠷᠦᠩᠬᠡᠶᠢᠯᠡᠭᠰᠡᠨ ᠣᠷᠣᠯᠭ᠎ᠠ᠂ ᠵᠠᠷᠤᠯᠭ᠎ᠠ᠂ ︽ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠵᠡᠷᠭᠡ 3 ᠲᠠᠯ᠎ᠠ ᠪᠠᠷ᠂ 2020 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠠᠬᠢ ᠤᠯᠤᠰ ᠤᠨ ᠶᠠᠳᠠᠭᠤ  ᠠᠴᠠ ᠠᠩᠭᠢᠵᠢᠷᠠᠭᠤᠯᠬᠤ ᠪᠠᠷᠢᠮᠵᠢᠶ᠎ᠠ ᠶᠢᠨ 1.5 ᠳᠠᠬᠢᠨ᠂ ᠲᠤᠬᠠᠶᠢᠯᠠᠪᠠᠯ ᠬᠥᠮᠥᠨ ᠳᠤᠮᠳᠠᠴᠢ ᠪᠠᠷ ᠵᠢᠯ ᠪᠦᠷᠢ 6000 ᠲᠥᠭᠦᠷᠢᠭ ᠢᠶᠠᠷ 2021 ᠣᠨ ᠤ ᠮᠠᠨ ᠤ ᠲᠤᠭᠤᠷᠢᠭ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠬᠢᠵᠠᠭᠠᠷ ᠱᠤᠭᠤᠮ  ᠪᠤᠯᠭᠠᠪᠠ᠃ ᠭᠡᠷ ᠪᠦᠯᠢ ᠶᠢᠨ ᠵᠢᠯ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠨᠢ ᠬᠢᠨᠠᠨ ᠬᠡᠮᠵᠢᠯᠲᠡ ᠶᠢᠨ ᠬᠢᠵᠠᠭᠠᠷ ᠱᠤᠭᠤᠮ ᠠᠴᠠ ᠳᠣᠣᠷ᠎ᠠ ᠮᠥᠷᠲᠡᠭᠡᠨ ᠳᠠᠬᠢᠨ ᠶᠠᠳᠠᠭᠤᠷᠠᠵᠤ᠂ ᠶᠠᠳᠠᠭᠤᠷᠠᠬᠤ ᠲᠦᠭᠰᠢᠭᠦᠷᠢ ᠲᠠᠢ ᠵᠢᠴᠢ ᠭᠡᠷ ᠪᠦᠯᠢ ᠶᠢᠨ ᠵᠢᠯ ᠤᠨ ᠬᠥᠮᠥᠨ ᠳᠤᠮᠳᠠᠴᠢ ᠶᠢᠨ ᠣᠷᠣᠯᠭ᠎ᠠ ᠨᠢ ᠬᠡᠳᠦᠶᠢᠪᠡᠷ ᠥᠨᠳᠥᠷ ᠪᠣᠯᠪᠠᠴᠤ ᠭᠡᠨᠡᠳᠲᠡ ᠶᠢᠨ ᠠᠳᠡᠯ ᠠᠴᠠ ᠪᠣᠯᠵᠤ ᠳᠠᠬᠢᠨ ᠶᠠᠳᠠᠭᠤᠷᠠᠵᠤ᠂ ᠶᠠᠳᠠᠭᠤᠷᠠᠬᠤ ᠲᠦᠭᠰᠢᠭᠦᠷᠢ ᠲᠠᠢ ᠪᠣᠯᠤᠭᠰᠠᠨ ᠪᠠᠶᠢᠪᠠᠯ ᠪᠢᠳᠡ ᠮᠥᠨ ᠪᠦᠬᠦᠨ ᠢ ᠬᠦᠯᠢᠶᠠᠨ ᠠᠪᠤᠨ᠎ᠠ᠃        ᠬᠥᠲᠥᠯᠥᠭᠴᠢ᠄ ᠡᠨᠡ ᠵᠢᠯ᠂ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠠᠯ᠎ᠠ ᠪᠠᠷ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠬᠢᠭᠰᠡᠨ ᠪᠣᠶ︖        ᠦ᠋ ᠮᠢᠨ ᠵᠢᠶᠠᠨ᠄ ᠨᠢᠭᠡ ᠳᠤ ᠦᠷᠭᠦᠯᠵᠢᠯᠡᠨ ᠨᠠᠷᠢᠯᠢᠭ ᠣᠨᠣᠪᠴᠢᠳᠡᠢ ᠪᠠᠷ ᠢᠯᠭᠠᠨ ᠲᠠᠨᠢᠵᠤ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠨ᠎ᠠ᠃ ᠮᠠᠨ ᠤ ᠲᠤᠭᠤᠷᠢᠭ 2020 ᠣᠨ ᠤ 5 ᠰᠠᠷ᠎ᠠ ᠶᠢᠨ 1 ᠤ ᠡᠳᠦᠷ ᠠᠴᠠ 2021 ᠣᠨ ᠤ 4 ᠰᠠᠷ᠎ᠠ ᠶᠢᠨ 30 ᠤ ᠡᠳᠦᠷ ᠪᠤᠯᠳᠠᠯ᠎ᠠ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠣᠯᠭᠠᠵᠤ᠂ 2021 ᠣᠨ ᠤ 5 ᠰᠠᠷ᠎ᠠ ᠶᠢᠨ ᠡᠬᠢᠨ ᠠᠴᠠ ᠡᠬᠢᠯᠡᠨ ᠬᠥᠳᠡᠭᠡ ᠲᠣᠰᠬᠤᠨ ᠤ ᠬᠠᠷᠢᠶ᠎ᠠ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ ᠶᠢ ᠭᠡᠷ ᠪᠦᠯᠢ ᠪᠠᠷ ᠨᠢᠭᠡᠴᠢ ᠪᠣᠯᠭᠠᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠬᠢᠵᠦ᠂ ᠭᠤᠣᠯᠳᠠᠭᠤ ᠡᠷᠦᠬᠡ ᠶᠢᠨ ᠳᠣᠲᠣᠷᠠᠬᠢ ᠪᠠᠶᠢᠩᠭᠤ ᠰᠠᠭᠤᠭ᠎ᠠ ᠬᠥᠮᠥᠨ ᠠᠮᠠ ᠶᠢᠨ ᠦᠨᠳᠦᠰᠦᠨ ᠪᠠᠶᠢᠳᠠᠯ ᠢ ᠵᠢᠭᠰᠠᠭᠠᠨ ᠪᠠᠶᠢᠴᠠᠭᠠᠨ᠎ᠠ᠂ ᠡᠭᠦᠨ ᠳᠤ ᠬᠥᠳᠡᠯᠮᠦᠷᠢ ᠬᠦᠴᠦᠨ ᠤ ᠪᠠᠶᠢᠳᠠᠯ᠂ ᠠᠵᠢᠯ ᠬᠥᠳᠡᠯᠮᠦᠷᠢ  ᠳᠤ ᠣᠷᠣᠯᠴᠠᠭᠰᠠᠨ ᠪᠠ ᠠᠵᠢᠯ ᠣᠯᠣᠭᠰᠠᠨ ᠬᠥᠮᠥᠨ ᠤ ᠲᠤᠭ᠎ᠠ ᠵᠢᠴᠢ ᠣᠷᠣᠯᠭ᠎ᠠ᠂ ᠵᠠᠷᠤᠯᠭ᠎ᠠ ᠶᠢᠨ ᠪᠠᠶᠢᠳᠠᠯ ᠵᠡᠷᠭᠡ ᠲᠠᠯ᠎ᠠ ᠶᠢᠨ ᠠᠭᠤᠯᠭ᠎ᠠ ᠪᠠᠭᠲᠠᠨ᠎ᠠ᠂ ᠪᠥᠬᠦ ᠲᠠᠯ᠎ᠠ ᠪᠠᠷ ᠡᠷᠦᠬᠡ ᠳᠤ ᠣᠷᠣᠵᠤ ᠪᠠᠶᠢᠴᠠᠭᠠᠨ ᠵᠢᠭᠰᠠᠭᠠᠬᠤ ᠪᠠᠷ ᠳᠡᠮᠵᠢᠨ᠂ ᠬᠢᠶ᠎ᠠ ᠪᠠᠭᠰᠢ ᠲᠣᠭᠤᠷᠢᠭ ᠤᠨ ᠬᠥᠳᠡᠭᠡ ᠲᠣᠰᠬᠤᠨ ᠤ ᠬᠠᠷᠢᠶ᠎ᠠ ᠲᠣᠭᠤᠷᠢᠭ ᠲᠤ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠡᠷᠦᠬᠡ ᠨᠡᠶᠢᠲᠡ 20 ᠡᠷᠦᠬᠡ 50 ᠬᠥᠮᠥᠨ ᠪᠠᠶᠢᠨ᠎ᠠ᠃ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠪᠠ ᠠᠵᠢᠯ ᠲᠥᠷᠥᠯ ᠤᠨ ᠰᠠᠯᠠᠭ᠎ᠠ ᠮᠥᠴᠢᠷ ᠬᠤᠷᠠᠯ ᠬᠤᠷᠠᠯᠳᠤᠭᠤᠯᠵᠤ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠭᠰᠠᠨ ᠲᠤᠭ᠎ᠠ ᠪᠠᠷᠢᠮᠲᠠ ᠶᠢᠨ ᠵᠠᠳᠠᠯᠤᠯᠲᠠ ᠪᠠ ᠰᠤᠳᠤᠯᠤᠨ ᠮᠠᠭᠠᠳᠯᠠᠯᠲᠠ ᠪᠠᠷ ᠳᠡᠮᠵᠢᠨ᠂ ᠬᠥᠳᠡᠭᠡ ᠲᠣᠰᠬᠤᠨ ᠤ ᠬᠠᠷᠢᠶᠠᠨ ᠳᠠᠬᠢ 20 ᠡᠷᠦᠬᠡ ᠶᠢᠨ ᠪᠠᠶᠢᠩᠭᠤ ᠰᠠᠭᠤᠭ᠎ᠠ ᠡᠷᠦᠬᠡ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠴᠥᠮ ᠤᠯᠤᠰ ᠤᠨ ᠶᠠᠳᠠᠭᠤ ᠶᠢ ᠲᠡᠳᠬᠦᠬᠦ ᠪᠠᠷᠢᠮᠵᠢᠶ᠎ᠠ ᠶᠢᠨ 1.5 ᠳᠠᠬᠢᠨ ᠠᠴᠠ ᠳᠡᠭᠡᠭᠰᠢ ᠪᠠᠶᠢᠵᠤ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢᠨ ᠪᠠᠶᠢᠳᠠᠯ ᠣᠷᠣᠰᠢᠬᠤ ᠦᠭᠡᠢ ᠶᠤᠮ᠃ ᠬᠤᠶᠠᠷ ᠲᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ  ᠪᠠᠷ ᠥᠷᠨᠢᠭᠦᠯᠵᠦ᠂ ᠭᠤᠣᠯᠳᠠᠭᠤ ᠬᠥᠳᠡᠭᠡ ᠲᠣᠰᠬᠤᠨ ᠤ ᠬᠠᠷᠢᠶ᠎ᠠ ᠲᠤᠭᠤᠷᠢᠭ ᠤᠨ ᠠᠮᠢ ᠠᠬᠤᠢ  ᠶᠢ ᠬᠠᠮᠠᠭᠠᠯᠠᠬᠤ ᠪᠠᠷ ᠨᠡᠭᠦᠯᠬᠡᠭᠰᠡᠨ ᠠᠷᠠᠳ ᠤᠨ ᠭᠡᠷ ᠪᠠᠶᠢᠰᠢᠩ  ᠢ ᠨᠤᠷᠠᠭᠠᠭᠰᠠᠨ᢭ ᠤ ᠲᠠᠷᠠᠭ᠎ᠠ ᠦᠯᠡᠳᠡᠭᠡᠭᠰᠡᠨ ᠪᠠᠷᠢᠯᠭ᠎ᠠ ᠶᠢᠨ ᠬᠤᠭ ᠨᠣᠪᠰᠢ᠂ ᠦᠯᠡᠳᠡᠭᠡᠭᠰᠡᠨ ᠬᠤᠪᠠᠭ᠋ᠠᠢ ᠮᠣᠳᠣ᠂ ᠡᠰᠢ ᠰᠦᠷᠡᠯ ᠤᠨ ᠬᠤᠭ ᠨᠣᠪᠰᠢ ᠵᠡᠷᠭᠡ ᠶᠢ ᠶᠡᠷᠦᠩᠬᠡᠶᠢᠯᠡᠨ ᠵᠠᠰᠠᠵᠤ᠂ ᠬᠥᠳᠡᠭᠡ ᠲᠣᠰᠬᠤᠨ ᠤ ᠰᠢᠯᠵᠢᠭᠦᠯᠦᠭᠡᠳᠦᠢ ᠪᠠᠶᠢᠩᠭᠤ ᠰᠠᠭᠤᠭ᠎ᠠ ᠡᠷᠥᠭᠡ ᠶᠢᠨ ᠭᠡᠷ ᠪᠠᠶᠢᠰᠢᠩ᢭ ᠤᠨ ᠠᠷᠤ ᠥᠪᠥᠷ ᠲᠤ ᠳᠤᠷ᠎ᠠ ᠪᠠᠷ ᠢᠶᠠᠨ ᠣᠪᠣᠭᠠᠯᠠᠵᠤ᠂ ᠳᠤᠷ᠎ᠠ ᠪᠠᠷ ᠢᠶᠠᠨ ᠬᠠᠶᠠᠭᠰᠠᠨ᠂ ᠳᠤᠷ᠎ᠠ ᠪᠠᠷ ᠢᠶᠠᠨ ᠭᠠᠳᠠᠭᠰᠢᠯᠠᠭᠤᠯᠵᠤ ᠳᠤᠷ᠎ᠠ ᠪᠠᠷ ᠢᠶᠠᠨ ᠲᠠᠯᠪᠢᠭᠰᠠᠨ ᠵᠡᠷᠭᠡ ᠪᠠᠶᠢᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠠᠶᠢᠩᠭᠤ ᠰᠠᠭᠤᠭ᠎ᠠ ᠡᠷᠥᠭᠡ ᠶᠢ ᠰᠢᠮᠳᠠᠭᠤᠯᠵᠤ ᠪᠠᠶᠢᠭᠠᠳ ᠬᠦᠷᠢᠶ᠎ᠡ ᠬᠠᠰᠢᠶ᠎ᠠ᠂ ᠬᠠᠰᠢᠶ᠎ᠠ ᠰᠠᠷᠠᠪᠴᠢ ᠪᠠᠨ ᠤᠬᠠᠮᠰᠠᠷ ᠠᠴᠠ ᠪᠠᠨ ᠴᠡᠪᠡᠷᠯᠡᠭᠦᠯᠦᠨ ᠂ ᠴᠡᠪᠡᠷ ᠴᠡᠮᠴᠡᠭᠡᠷ ᠪᠠᠶᠢᠬᠤ ᠶᠢ ᠦᠨᠡᠨᠬᠦ ᠪᠠᠳᠣᠯᠠᠪᠠ᠃ ᠭᠤᠷᠪᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠩᠰᠠ ᠡᠪᠬᠡᠮᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠭᠤᠣᠯᠳᠠᠭᠤ ᠰᠢ ᠶᠢᠨ ᠫᠢᠩ ᠶᠡᠷᠦᠩᠬᠡᠢ ᠱᠦᠵᠢ ᠶᠢᠨ ᠶᠠᠷᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠪᠣᠯᠣᠨ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠡᠷᠦᠬᠡ ᠶᠢᠨ ᠪᠠᠶᠢᠳᠠᠯ ᠢ ᠬᠢᠨᠠᠨ ᠬᠡᠮᠵᠢᠬᠦ ︽ᠨᠢᠭᠡ ᠡᠷᠦᠭᠡ ᠳᠤ ᠨᠢᠭᠡ ᠲᠠᠩᠰᠠ ᠡᠪᠬᠡᠮᠡᠯ ︾ ᠵᠡᠷᠭᠡ ᠲᠠᠯ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠩᠰᠠ ᠡᠪᠬᠡᠮᠡᠯ ᠢ ᠪᠠᠶᠢᠭᠤᠯᠵᠠᠢ᠃        ᠬᠥᠲᠥᠯᠥᠭᠴᠢ᠄ ᠲᠠ ᠬᠡᠷᠬᠢᠨ ᠬᠢᠶ᠎ᠠ ᠪᠠᠭᠰᠢ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠬᠦ ᠪᠣᠶ︖        ᠦ᠋ ᠮᠢᠨ ᠵᠢᠶᠠᠨ᠄ ᠳᠠᠷᠠᠭᠠᠴᠢ ᠶᠢᠨ ᠠᠯᠬᠤᠮ ᠳᠤ ᠪᠢᠳᠡ ᠶᠡᠷᠦᠩᠬᠡᠢ ᠱᠦᠵᠢ ᠰᠢ ᠶᠢᠨ ᠫᠢᠩ  ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠬᠠᠮᠤᠭ ᠤᠨ ᠰᠢᠨ᠎ᠡ ᠵᠢᠭᠠᠪᠤᠷᠢ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠨᠠᠮ ᠤᠨ ᠲᠥᠪ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠬᠠᠮᠤᠭ ᠤᠨ ᠰᠢᠨ᠎ᠡ ᠵᠣᠷᠢᠭ ᠰᠠᠨᠠᠭ᠎ᠠ ᠶᠢ ᠰᠢᠰᠲ᠋ᠧᠮ ᠲᠠᠢ ᠣᠶᠢᠯᠠᠭᠠᠨ᠎ᠠ︔ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ ︵ᠢᠯᠠᠩᠭᠤᠶ᠎ᠠ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠡᠷᠦᠬᠡ︶ ᠶᠢᠨ ᠳᠣᠲᠣᠷᠠᠬᠢ ᠰᠤᠷᠭᠠᠭᠤᠯᠢ  ᠰᠠᠭᠤᠬᠤ᠂ ᠡᠪᠡᠳᠴᠢᠨ ᠪᠤᠶᠤ ᠪᠤᠰᠤᠳ ᠡᠰᠡᠷᠭᠦᠴᠡᠰᠢ ᠦᠭᠡᠢ ᠬᠦᠴᠦᠨ ᠵᠦᠢᠯ ᠠᠴᠠ ᠪᠣᠯᠵᠤ ᠶᠠᠳᠠᠭᠤᠷᠠᠬᠤ ᠪᠤᠯᠤᠯᠴᠠᠭ᠎ᠠ ᠣᠷᠣᠰᠢᠵᠤ ᠮᠡᠳᠡᠬᠦ ᠳᠤ ᠭᠦᠷᠪᠡᠯ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠳᠣᠯᠠᠨ᠎ᠠ︔ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠭᠠᠵᠠᠷ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠪᠠᠶᠢᠩᠭᠤᠵᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠭᠠᠵᠠᠷ ᠣᠷᠣᠨ ᠤ ᠬᠥᠮᠥᠨ ᠠᠮᠠ ᠶᠢᠨ ᠡᠷᠡᠭᠦᠯ ᠴᠢᠭᠢᠷᠠᠭ ᠡᠷᠡᠭᠦᠯ ᠬᠠᠮᠠᠭᠠᠯᠠᠯ ᠠᠮᠢᠳᠤᠷᠠᠯ ᠤᠨ ᠵᠠᠩ ᠳᠠᠳᠬᠠᠯ ᠢ ᠤᠯᠠᠮ ᠨᠢᠭᠡ ᠠᠯᠬᠤᠮ ᠴᠢᠩᠭᠠᠳᠬᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠤᠬᠠᠮᠰᠠᠷ ᠠᠴᠠ ᠪᠠᠨ ᠰᠠᠶᠢᠲᠤᠷ ᠬᠠᠮᠠᠭᠠᠯᠠᠨ᠎ᠠ᠃        ᠬᠥᠲᠥᠯᠥᠭᠴᠢ᠄ ᠦ᠋ ᠲᠣᠪᠴᠢᠶᠠᠨ ᠳᠠᠷᠤᠭ᠎ᠠ ᠥᠨᠥᠳᠥᠷ ᠮᠠᠨ ᠤ ᠰᠣᠷᠪᠤᠯᠵᠢᠯᠠᠭ᠎ᠠ ᠶᠢ ᠬᠦᠯᠢᠶᠡᠭᠰᠡᠨ ᠳᠤ ᠲᠠᠯᠠᠷᠬᠠᠵᠤ ᠪᠠᠶᠢᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠳᠤᠪᠴᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠬᠢ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠢ ᠪᠢᠳᠡᠨ ᠳᠤ ᠨᠠᠩ ᠣᠯᠠᠨ ᠣᠶᠢᠯᠠᠭᠠᠯᠲᠠ ᠲᠠᠢ ᠪᠣᠯᠪᠠ         ᠦ᠋ ᠮᠢᠨ ᠵᠢᠶᠠᠨ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠤᠯᠠᠨ ᠢᠶᠠᠷ ᠢᠶᠠᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ ᠰᠦᠯᠵᠢᠶᠡᠨ ᠤ ᠠᠨᠳᠠ ᠨᠠᠷ ᠂ ᠪᠠᠶᠠᠷᠲᠠᠢ︕ 
ᠢᠷᠡᠯᠲᠡ᠄ ᠳᠣᠰ ᠰᠦᠯᠵᠢᠶ᠎ᠡ