ᠬᠢᠶ᠎ᠠ ᠪᠠᠭᠰᠢ ᠲᠣᠭᠤᠷᠢᠭ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠣᠨᠴᠠ ᠬᠦᠴᠢᠷᠳᠡᠯᠲᠡᠢ ᠬᠥᠮᠥᠰ ᠢ ᠠᠰᠠᠷᠠᠬᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ︵  ᠨᠢᠭᠡ︶
ᠨᠡᠶᠢᠲᠡᠯᠡᠭᠰᠡᠨ ᠴᠠᠭ᠄
2022/3/18
                ᠤᠷᠳᠤᠰ ᠬᠢᠶ᠎ᠠ ᠵᠠᠰᠠᠭ ᠲᠠᠷᠬᠠᠭᠠᠭᠰᠠᠨ 〔2022 〕2 ᠳ᠋ᠤᠭᠠᠷ ᠲᠣᠭᠠᠲᠤ                                ᠬᠢᠶ᠎ᠠ ᠪᠠᠭᠰᠢ ᠲᠣᠭᠤᠷᠢᠭ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ                                ᠣᠨᠴᠠ ᠬᠦᠴᠢᠷᠳᠡᠯᠲᠡᠢ ᠬᠥᠮᠥᠰ ᠢ ᠠᠰᠠᠷᠠᠬᠤ ᠲᠦᠷ ᠴᠠᠭ ᠤᠨ ᠠᠪᠤᠷᠠᠨ ᠲᠤᠰᠠᠯᠠᠬᠤ                                ᠠᠵᠢᠯ ᠤᠨ ᠬᠡᠷᠡᠭᠵᠢᠭᠦᠯᠬᠦ ᠨᠠᠷᠢᠨ ᠳᠦᠷᠢᠮ        ᠨᠢᠭᠡᠳᠦᠭᠡᠷ ᠪᠦᠯᠦᠭ     ᠶᠡᠷᠦᠩᠬᠡᠢ ᠳᠦᠷᠢᠮ        ᠨᠢᠭᠡᠳᠦᠭᠡᠷ ᠵᠦᠢᠯ    ᠬᠢᠶ᠎ᠠ ᠪᠠᠭᠰᠢ ᠲᠣᠭᠤᠷᠢᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠬᠤ᠂ ᠲᠦᠷ ᠴᠠᠭ ᠠᠪᠤᠷᠠᠨ ᠲᠤᠰᠠᠯᠠᠬᠤ ︵ᠳᠣᠷᠣᠭᠰᠢ ᠲᠣᠪᠴᠢᠯᠠᠨ᠎ᠠ︶ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠠᠷᠠᠳ ᠤᠨ ᠶᠠᠪᠤᠳᠠᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ︵ᠠᠷᠠᠳ ᠲᠠᠷᠬᠠᠭᠠᠭᠰᠠᠨ ﹇2021﹈ 57 ᠳ᠋ᠤᠭᠠᠷ ᠲᠣᠭᠠᠲᠤ︶᠂ ︽ᠣᠨᠴᠠ ᠬᠦᠴᠢᠷᠳᠡᠯᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ︾ ︵ᠠᠷᠠᠳ ᠲᠠᠷᠬᠠᠭᠠᠭᠰᠠᠨ ﹇2021﹈ 43 ᠳ᠋ᠤᠭᠠᠷ ᠲᠣᠭᠠᠲᠤ︶ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠲᠠᠷᠬᠠᠭᠠᠭᠰᠠᠨ ︽ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2021﹈ 38 ᠳ᠋ᠤᠭᠠᠷ ᠲᠣᠭᠠᠲᠤ︶᠂ ︽ᠠᠷᠠᠳ ᠤᠨ ᠶᠠᠪᠤᠳᠠᠯ ᠤᠨ ᠶᠠᠮᠤᠨ ᠤ ᠲᠠᠷᠬᠠᠭᠠᠭᠰᠠᠨ ︿ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ﹀ ᠶᠢ ᠤᠯᠠᠮ ᠨᠢᠭᠡ ᠠᠯᠬᠤᠮ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2021﹈ 121 ᠳ᠋ᠦ᠋ᠭᠡᠷ ᠲᠣᠭᠠᠲᠤ︶᠂ ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠲᠠᠷᠬᠠᠭᠠᠭᠰᠠᠨ ︽ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ︵ᠣᠷᠳᠣᠰ ᠠᠷᠠᠳ ᠲᠠᠷᠬᠠᠭᠠᠭᠰᠠᠨ ﹇2018﹈ 249 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠢᠶ᠎ᠠ ᠪᠠᠭᠰᠢ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃        ᠬᠤᠶᠠᠳᠤᠭᠠᠷ ᠵᠦᠢᠯ    ᠠᠷᠠᠳ ᠤᠨ ᠶᠠᠪᠤᠳᠠᠯ ᠤᠨ ᠲᠣᠪᠴᠢᠶ᠎ᠠ ᠨᠢ ᠨᠡᠶᠢᠭᠡᠮ ᠤᠨ  ᠠᠪᠤᠷᠠᠨ ᠲᠤᠰᠠᠯᠠᠬᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠪᠤᠯᠪᠠᠰᠤᠷᠠᠯ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠡᠭᠦᠷᠭᠡ ᠶᠢᠨ ᠨᠠᠷᠢᠨ  ᠳᠠᠩᠰᠠ ᠶᠢ ᠪᠠᠶᠢᠭᠤᠯᠤᠨ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠦᠢᠯᠡᠰ᠂ ᠠᠷᠭ᠎ᠠ ᠬᠡᠮᠵᠢᠶ᠎ᠡ᠂  ᠶᠠᠪᠤᠴᠠ ᠶᠢ ᠨᠠᠷᠢᠯᠢᠭᠵᠢᠭᠤᠯᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ᠎ᠡ ᠪᠠᠷ ᠬᠢᠨᠠᠨ ᠬᠠᠷᠭᠤᠭᠤᠯᠵᠤ ᠨᠤᠲᠠᠯᠠᠭᠰᠠᠨ ᠵᠦᠢᠯᠡᠰ ᠢ 30%  ᠠᠴᠠ ᠳᠣᠣᠷ᠎ᠠ ᠦᠭᠡᠢ ᠬᠠᠷᠢᠴᠠᠯ ᠢᠶᠠᠷ  ᠰᠣᠭᠤᠯᠣᠨ ᠪᠠᠶᠢᠴᠠᠭᠠᠨ᠎ᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠡᠶᠢᠭᠡᠮ ᠤᠨ  ᠠᠪᠤᠷᠠᠨ ᠲᠤᠰᠠᠯᠠᠬᠤ ᠶᠢᠨ ᠭᠤᠶᠤᠴᠢᠯᠠᠯ ᠢ ᠭᠥᠯᠢᠶᠡᠨ  ᠠᠪᠬᠤ᠂ ᠬᠢᠨᠠᠨ ᠬᠠᠷᠭᠤᠭᠤᠯᠵᠤ ᠨᠤᠲᠠᠯᠠᠬᠤ᠂ ᠪᠡᠯᠡ ᠮᠥᠩᠭᠦ ᠲᠠᠷᠬᠠᠭᠠᠬᠤ᠂ ᠬᠥᠳᠡᠯᠦᠩᠭᠦᠢ ᠬᠠᠮᠢᠶᠠᠷᠤᠯᠲᠠ᠂ ᠲᠠᠩᠰᠠ ᠡᠪᠬᠡᠮᠡᠯ ᠤᠨ ᠬᠠᠮᠢᠶᠠᠷᠤᠯᠲᠠ᠂ ᠮᠡᠳᠡᠭᠡ ᠵᠠᠩᠭᠢ ᠣᠷᠣᠭᠤᠯᠬᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠠᠰᠠᠭᠤᠨ ᠯᠠᠪᠯᠠᠵᠤ ᠵᠠᠭᠠᠯᠳᠤᠬᠤ ᠵᠡᠷᠭᠡ ᠠᠵᠢᠯ ᠢ ᠬᠠᠷᠢᠭᠤᠴᠠᠵᠤ᠂ ᠰᠠᠭᠤᠭᠠᠯᠢ ᠠᠷᠠᠳ ᠤᠨ ᠵᠥᠪᠯᠡᠯ ᠨᠢ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃        ᠬᠤᠶᠠᠳᠤᠭᠠᠷ ᠪᠦᠯᠦᠭ    ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠠᠨ ᠠᠪᠬᠤ       ᠭᠤᠷᠪᠠᠳᠤᠭᠠᠷ ᠵᠦᠢᠯ    ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠭᠤᠶᠤᠴᠢᠯᠠᠬᠤ ᠨᠥᠬᠦᠴᠡᠯ        ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠡᠷᠦᠬᠡ ᠠᠮᠠ ᠲᠠᠢ ᠰᠠᠭᠤᠭᠠᠯᠢ ᠠᠷᠠᠳ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠬᠢᠶ᠎ᠠ ᠪᠠᠭᠰᠢ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠮᠥᠷᠲᠡᠭᠡᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠲᠣᠭᠲᠠᠭᠠᠭᠰᠠᠨ ᠨᠥᠬᠦᠴᠡᠯ ᠳᠤ ᠨᠡᠶᠢᠴᠡᠪᠡᠯ ᠴᠥᠮ ᠭᠤᠶᠤᠴᠢᠯᠠᠵᠤ ᠪᠣᠯᠣᠨ᠎ᠠ᠃        ︵ᠨᠢᠭᠡ︶ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠳᠤ ᠪᠠᠭᠲᠠᠬᠤ ᠨᠢ᠄        1᠂ ᠬᠤᠯᠪᠣᠰᠤ︔        2᠂ ᠨᠠᠰᠤᠨ ᠳᠤ ᠬᠦᠷᠦᠭᠡᠳᠦᠢ ᠦᠷ᠎ᠡ ᠬᠡᠦᠬᠡᠳ︔        3᠂ ᠨᠠᠰᠤᠨ ᠳᠤ ᠬᠦᠷᠦᠭᠰᠡᠠ ᠪᠣᠯᠪᠠᠴᠤ ᠪᠡᠶ᠎ᠡ ᠪᠠᠨ ᠳᠠᠭᠠᠭᠠᠵᠤ ᠠᠮᠢᠳᠤᠷᠠᠵᠤ ᠴᠢᠳᠠᠬᠤ  ᠦᠭᠡᠢ ᠦᠷ᠎ᠡ ᠬᠡᠦᠬᠡᠳ᠂ ᠡᠭᠦᠨ ᠳᠤ ᠰᠤᠷᠭᠠᠭᠤᠯᠢ ᠳᠤ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠣᠷᠣᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠦᠷᠲᠡᠵᠦ ᠪᠠᠶᠢᠭ᠎ᠠ ᠦᠷ᠎ᠡ ᠬᠡᠦᠬᠡᠳ ᠪᠠᠭᠲᠠᠨ᠎ᠠ︔        4. ᠪᠤᠰᠤᠳ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠲᠡᠳᠬᠦᠬᠦ᠂ ᠠᠰᠠᠷᠠᠬᠤ︶ ᠡᠭᠦᠷᠭᠡ ᠶᠢᠨ ᠬᠠᠷᠢᠴᠠᠭ᠎ᠠ ᠲᠠᠢ ᠪᠥᠭᠡᠳ ᠣᠷᠳᠣ ᠬᠤᠭᠤᠴᠠᠭ᠎ᠠ ᠪᠠᠷ ᠬᠠᠮᠲᠤ ᠰᠠᠭᠤᠵᠤ ᠪᠠᠶᠢᠭ᠎ᠠ ᠬᠥᠮᠥᠰ᠃        ︵ᠬᠤᠶᠠᠷ︶ ᠳᠣᠣᠷ᠎ᠠ ᠵᠢᠭᠰᠠᠭᠠᠭᠰᠠᠨ ᠬᠥᠮᠥᠰ ᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠳᠤ ᠪᠤᠳᠤᠵᠤ ᠣᠷᠣᠭᠤᠯᠬᠤ ᠦᠭᠡᠢ᠄        1᠂ ᠵᠠᠯᠭᠠᠭ᠎ᠠ ᠪᠠᠷ ᠭᠤᠷᠪᠠᠨ ᠵᠢᠯ ᠠᠴᠠ ᠳᠡᠭᠡᠭᠰᠢ ︵ᠭᠤᠷᠪᠠᠨ ᠵᠢᠯ ᠪᠠᠭᠲᠠᠨ᠎ᠠ︶ ᠭᠡᠷ ᠪᠦᠯᠢ ᠠᠴᠠ ᠪᠠᠨ ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠭᠰᠠᠨ ᠱᠠᠰᠢᠨ ᠰᠤᠷᠲᠠᠬᠤᠨ ᠤ ᠠᠵᠢᠯᠲᠠᠨ;        2᠂ ᠭᠢᠨᠳᠠᠨ ᠳᠤ ᠡᠷᠡᠭᠦᠦ ᠰᠢᠳᠬᠡᠯ ᠬᠦᠢᠴᠡᠳᠬᠡᠵᠦ ᠪᠠᠶᠢᠭ᠎ᠠ ︵ᠭᠢᠨᠳᠠᠨ ᠤ ᠭᠠᠳᠠᠨ᠎ᠠ ᠡᠮᠨᠡᠭᠦᠯᠬᠦ᠂ ᠭᠢᠨᠳᠠᠨ ᠤ ᠭᠠᠳᠠᠨ᠎ᠠ ᠭᠦᠢᠴᠡᠳᠬᠡᠬᠦ ᠶᠢ ᠪᠠᠭᠲᠠᠭᠠᠨ᠎ᠠ︶᠂ ᠬᠤᠣᠷ ᠳᠠᠳᠠᠬᠤ ᠶᠢ ᠵᠣᠭᠰᠤᠭᠠᠬᠤ ᠭᠠᠵᠠᠷ ᠲᠤ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠳᠠᠳᠠᠬᠤ ᠶᠢ ᠵᠤᠭᠰᠤᠭᠠᠵᠤ ᠪᠠᠶᠢᠭ᠎ᠠ ᠪᠤᠶᠤ ᠠᠯᠠᠭ᠎ᠠ ᠪᠣᠯᠤᠭᠰᠠᠨ ᠢᠶᠠᠷ ᠵᠠᠷᠯᠠᠭᠰᠠᠨ ᠬᠥᠮᠥᠰ︔        3᠂  ᠵᠢᠩᠬᠢᠨᠢ ᠠᠯᠪᠠᠨ ᠤ ᠴᠡᠷᠢᠭ ᠤᠨ ᠳᠣᠲᠣᠷᠠᠬᠢ ᠠᠯᠪᠠᠨ ᠵᠢᠷᠤᠮ ᠤᠨ ᠴᠡᠷᠢᠭ︔        4᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠵᠠᠷᠴᠢᠮ ᠪᠠ ᠵᠢᠷᠤᠮ ᠢᠶᠠᠷ ᠮᠠᠭᠠᠳᠯᠠᠨ ᠲᠣᠭᠲᠠᠭᠠᠭᠰᠠᠨ ᠪᠤᠰᠤᠳ ᠬᠥᠮᠥᠰ᠃        ︵ᠭᠤᠷᠪᠠ︶ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳᠤ ᠨᠡᠶᠢᠴᠡᠭᠰᠡᠨ ᠬᠥᠮᠥᠰ ᠲᠤᠰᠠᠭᠠᠷ ᠭᠤᠶᠤᠴᠢᠯᠠᠯ ᠭᠠᠷᠭᠠᠵᠤ ᠪᠣᠯᠣᠨ᠎ᠠ᠄         1᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ ᠶᠢᠨ  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠲᠠᠢ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠦᠨᠳᠦ ᠵᠡᠮᠳᠡᠭ ᠬᠥᠮᠥᠨ ᠪᠠ ᠭᠤᠷᠪᠠᠳᠤᠭᠠᠷ ᠳᠡᠰ ᠤᠨ ᠣᠶᠤᠨ ᠴᠢᠳᠠᠯ ᠵᠡᠮᠳᠡᠭ ᠬᠥᠮᠥᠨ᠂ ᠭᠤᠷᠪᠠᠳᠤᠭᠠᠷ ᠳᠡᠰ ᠤᠨ ᠣᠶᠤᠨ ᠮᠡᠳᠡᠷᠡᠯ ᠵᠡᠮᠳᠡᠭ ᠬᠥᠮᠥᠨ︔          2᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ ᠶᠢᠨ ᠡᠮᠴᠢᠯᠡᠭᠡᠨ ᠤ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠬᠦᠨᠳᠦ ᠣᠨᠴᠠ ᠶᠡᠭᠡ ᠡᠪᠡᠳᠴᠢᠨ ᠲᠠᠢ ᠬᠥᠮᠥᠰ︔        3᠂ ᠭᠡᠷ ᠪᠦᠯᠢ ᠠᠴᠠ ᠪᠠᠨ ᠰᠠᠯᠤᠭᠰᠠᠨ᠂ ᠱᠠᠰᠢᠨ ᠰᠤᠷᠲᠠᠬᠤᠨ ᠤ ᠠᠵᠢᠯ ᠤᠨ ᠲᠠᠯᠠᠪᠤᠷ ᠲᠤ ᠭᠤᠷᠪᠠᠨ ᠵᠢᠯ ᠠᠴᠠ ᠳᠡᠭᠡᠭᠰᠢ ︵ᠭᠤᠷᠪᠠᠨ ᠵᠢᠯ ᠪᠠᠭᠲᠠᠨ᠎ᠠ︶ ᠰᠠᠭᠤᠭᠰᠠᠨ ᠠᠮᠢᠳᠤᠷᠠᠯ ᠨᠢ ᠬᠦᠴᠢᠷᠳᠡᠯ ᠲᠠᠢ ᠱᠠᠰᠢᠨ ᠰᠤᠷᠲᠠᠬᠤᠨ ᠤ ᠠᠵᠢᠯᠲᠠᠨ︔         4᠂ ᠬᠤᠰᠢᠭᠤ ᠰᠢᠶᠠᠨ ︵ᠬᠤᠳᠠ᠂ ᠲᠣᠭᠤᠷᠢᠭ︶  ᠤ ᠱᠠᠲᠤᠨ ᠠᠴᠠ ᠳᠡᠭᠡᠭᠰᠢᠬᠢ ᠠᠷᠠᠳ  ᠤᠨ ᠶᠠᠪᠤᠳᠠᠯ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠣᠨᠴᠣᠭᠤᠢ ᠬᠦᠴᠢᠷᠳᠡᠯᠲᠡᠢ ᠬᠥᠮᠥᠰ᠃        ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ ᠭᠡᠳᠡᠭ ᠨᠢ ᠡᠩ ᠤᠨ ᠪᠠᠶᠢᠳᠠᠯ ᠳᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠢ᠂ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ 1.5 ᠳᠠᠬᠢᠨ ᠳᠣᠣᠷ᠎ᠠ ᠮᠥᠷᠲᠡᠭᠡᠨ ᠭᠡᠷ ᠪᠦᠯᠢ ᠶᠢᠨ ᠡᠳ᠋ ᠬᠥᠷᠥᠩᠭᠡ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠭᠡᠷ ᠪᠦᠯᠢ ᠶᠢ ᠵᠢᠭᠠᠵᠤ ᠪᠠᠶᠢᠨ᠎ᠠ᠃        ᠳᠥᠷᠪᠡᠳᠦᠭᠡᠷ ᠵᠦᠢᠯ    ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠳᠤ ᠭᠡᠷ ᠪᠦᠯᠢ ᠪᠠᠷ ᠨᠢᠭᠡᠴᠢ ᠪᠣᠯᠭᠠᠨ᠂ ᠭᠤᠶᠤᠴᠢᠯᠠᠭᠰᠠᠨ ᠭᠡᠷ ᠪᠦᠯᠢ ᠠᠴᠠ ᠬᠠᠮᠲᠤ ᠠᠮᠢᠳᠤᠷᠠᠵᠤ ᠪᠠᠶᠢᠭ᠎ᠠ ᠨᠢᠭᠡ ᠭᠡᠷ ᠪᠦᠯᠢ ᠶᠢᠨ ᠪᠦᠷᠢᠯᠳᠦᠭᠦᠨ ᠢ ᠭᠤᠶᠤᠴᠢᠯᠠᠭᠴᠢ ᠪᠠᠷ ᠲᠣᠭᠲᠠᠭᠠᠵᠤ᠂ ᠪᠠᠶᠢᠩᠭᠤ ᠰᠠᠭᠤᠭ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠤᠨ ᠬᠡᠯᠪᠡᠷᠢ ᠶᠢᠨ ᠭᠤᠶᠤᠴᠢᠯᠠᠯ ᠳᠤᠷᠠᠳᠴᠤ᠂ ᠡᠷᠥᠭᠡ ᠠᠮᠠ ᠪᠠᠶᠢᠭ᠎ᠠ ᠭᠠᠵᠠᠷ ᠤᠨ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠶ᠎ᠠ ᠪᠠᠭᠰᠢ ᠲᠣᠭᠤᠷᠢᠭ  ᠠᠴᠠ ᠭᠠᠳᠠᠨ᠎ᠠ ᠰᠠᠭᠤᠵᠤ ᠪᠠᠶᠢᠭ᠎ᠠ ᠭᠤᠶᠤᠴᠢᠯᠠᠯ ᠭᠠᠷᠭᠠᠭᠰᠠᠨ ᠭᠡᠷ ᠪᠦᠯᠢ  ᠶᠢᠨ ᠬᠢᠨ ᠡᠷᠦᠬᠡ ᠠᠮᠠ  ᠶᠢᠨ ᠲᠠᠩᠰᠠ ᠪᠠᠶᠢᠭ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠤᠨ ᠬᠡᠯᠪᠡᠷᠢ ᠶᠢᠨ ᠭᠤᠶᠤᠴᠢᠯᠠᠯ ᠭᠠᠷᠭᠠᠬᠤ ᠬᠡᠷᠡᠭᠳᠡᠢ᠃        ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠭᠤᠭᠠᠯᠢ ᠠᠷᠠᠳ ᠤᠨ ᠵᠥᠪᠯᠡᠯ ᠠᠵᠢᠯ ᠤᠨ ᠳᠤᠮᠳᠠ ᠪᠠᠨ ᠬᠦᠴᠢᠷᠳᠡᠯᠳᠡᠢ ᠭᠡᠷ ᠪᠦᠯᠢ ᠶᠢᠨ ᠨᠥᠬᠦᠴᠡᠯ ᠳᠤ ᠨᠡᠶᠢᠴᠡᠬᠦ ᠪᠣᠯᠣᠯᠴᠠᠭ᠎ᠠ ᠲᠠᠢ ᠪᠠᠶᠢᠬᠤ ᠶᠢ ᠣᠯᠵᠤ ᠮᠡᠳᠡᠭᠰᠡᠨ ᠪᠣᠯᠪᠠᠴᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠤᠶᠤᠴᠢᠯᠠᠭᠰᠠᠨ ᠦᠭᠡᠢ ᠪᠠᠶᠢᠪᠠᠯ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠳᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠢ᠃ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠦᠭᠡᠢ ᠪᠤᠶᠤ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠶᠢ ᠬᠢᠵᠠᠭᠠᠷᠯᠠᠭᠰᠠᠨ ᠵᠡᠷᠭᠡ ᠰᠢᠯᠲᠠᠭᠠᠨ ᠠᠴᠠ ᠪᠣᠯᠵᠤ ᠭᠤᠶᠤᠴᠢᠯᠠᠯ ᠭᠠᠷᠭᠠᠬᠤ ᠶᠢᠨ ᠠᠷᠭ᠎ᠠ ᠦᠭᠡᠢ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠬᠠᠪᠰᠤᠷᠤᠨ ᠭᠤᠶᠤᠴᠢᠯᠠᠯ ᠭᠠᠷᠭᠠᠵᠤ ᠪᠣᠯᠣᠨ᠎ᠠ᠃ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠨᠢ ᠭᠤᠶᠤᠴᠢᠯᠠᠬᠤ ᠳᠤ ᠬᠦᠴᠢᠷᠲᠡᠢ ᠪᠠᠶᠢᠪᠠᠯ᠂ ᠰᠠᠭᠤᠭᠠᠯᠢ ᠠᠷᠠᠳ ᠤᠨ ᠵᠥᠪᠯᠡᠯ ᠪᠤᠶᠤ ᠪᠤᠰᠤᠳ ᠣᠷᠣᠯᠠᠭᠴᠢ ᠳᠤ ᠨᠠᠶᠢᠳᠠᠵᠤ ᠭᠤᠶᠤᠴᠢᠯᠠᠯ ᠢ ᠨᠢ ᠣᠷᠣᠯᠠᠨ ᠲᠤᠰᠢᠶᠠᠯᠭᠠᠵᠤ ᠪᠣᠯᠣᠨ᠎ᠠ᠃ ᠨᠠᠶᠢᠳᠠᠯᠭ᠎ᠠ ᠪᠠᠷ ᠭᠤᠶᠤᠴᠢᠯᠠᠬᠤ ᠳᠤ ᠬᠦᠷᠪᠡᠯ᠂ ᠵᠣᠬᠢᠴᠠᠩᠭᠤᠢ ᠨᠠᠶᠢᠳᠠᠯᠭ᠎ᠠ ᠶᠢᠨ ᠭᠠᠷ ᠭᠦᠢᠴᠡᠳᠬᠡᠯ ᠬᠢᠬᠦ ᠬᠡᠷᠡᠭᠲᠡᠢ᠃         ᠲᠠᠪᠤᠳᠤᠭᠠᠷ ᠵᠦᠢᠯ    ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠳᠤ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠨᠢ ᠳᠣᠣᠷᠠᠬᠢ ᠡᠭᠦᠷᠭᠡ ᠨᠦᠭᠦᠳ ᠢ ᠭᠦᠢᠴᠡᠳᠬᠡᠬᠦ ᠬᠡᠷᠡᠭᠲᠡᠢ᠄       ︵ᠨᠢᠭᠡ︶ ᠬᠤᠯᠪᠣᠭᠳᠠᠯ ᠪᠦᠬᠦᠢ ᠭᠤᠶᠤᠴᠢᠯᠠᠯ ᠤᠨ ᠮᠠᠲ᠋ᠧᠷᠢᠶᠠᠯ ᠢ ᠲᠣᠭᠲᠠᠭᠠᠯ ᠶᠣᠰᠣᠭᠠᠷ ᠲᠤᠰᠢᠶᠠᠨ᠎ᠠ︔        ︵ᠬᠤᠶᠠᠷ︶ ᠠᠮᠠᠯᠠᠯᠲᠠ ᠶᠢᠨ ᠬᠠᠩᠭᠠᠭᠰᠠᠨ ᠮᠡᠳᠡᠭᠡ ᠵᠠᠩᠭᠢ ᠨᠢ ᠦᠨᠡᠨ ᠪᠣᠳᠠᠲᠠᠢ᠂ ᠪᠦᠷᠢᠨ ᠭᠦᠢᠴᠡᠳ ᠪᠠᠶᠢᠬᠤ︔        ︵ᠭᠤᠷᠪᠠ︶ ᠡᠷᠬᠡ ᠣᠯᠭᠤᠵᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠨᠢ ᠬᠠᠷᠭᠤᠭᠤᠯᠬᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠭᠦᠢᠴᠡᠳᠬᠡᠬᠦ︔         ︵ᠳᠥᠷᠪᠡ︶ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠪᠠᠶᠢᠴᠠᠭᠠᠯᠲᠠ ᠶᠢ ᠢᠳᠡᠪᠬᠢᠲᠡᠢ ᠬᠠᠮᠵᠢᠯᠴᠠᠨ ᠥᠷᠨᠢᠭᠦᠯᠦᠨ᠎ᠡ᠃        ᠵᠢᠷᠭᠤᠳᠤᠭᠠᠷ ᠵᠦᠢᠯ    ᠨᠡᠶᠢᠭᠡᠮ ᠤᠨ ᠠᠪᠤᠷᠠᠨ ᠲᠤᠰᠠᠯᠠᠯᠲᠠ  ᠶᠢ ᠭᠤᠶᠤᠴᠢᠯᠠᠬᠤ ᠳᠤ ᠬᠠᠩᠭᠠᠬᠤ ᠶᠣᠰᠣᠲᠠᠢ ᠮᠠᠲ᠋ᠧᠷᠢᠶᠠᠯ ᠳᠤ ᠳᠣᠣᠷᠠᠬᠢ ᠵᠦᠢᠯ ᠪᠠᠭᠲᠠᠨ᠎ᠠ᠄         ︵ᠨᠢᠭᠡ︶ ᠭᠡᠷ ᠪᠦᠯᠢ ᠶᠢᠨ ᠪᠦᠷᠢᠯᠳᠦᠭᠦᠨ ᠤ ᠡᠷᠦᠬᠡ ᠠᠮᠠ ᠶᠢᠨ ᠳᠡᠪᠲᠡᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠭᠤᠶᠤᠴᠢᠯᠠᠭᠴᠢ ᠶᠢᠨ ᠣᠶᠢᠷ᠎ᠠ ᠶᠢᠨ ᠬᠤᠭᠤᠴᠠᠭᠠᠨ ᠳᠤ ᠨᠢᠭᠡ ᠢᠮᠠᠬᠤ ᠶᠢᠨ ᠮᠠᠯᠠᠭᠠᠢ ᠦᠭᠡᠢ ᠬᠡᠷᠡᠯ ᠵᠢᠷᠤᠭ ᠬᠤᠶᠠᠷ ᠬᠤᠪᠢ᠂ ᠭᠡᠷ ᠪᠦᠯᠢ ᠶᠢᠨ ᠪᠦᠷᠢᠯᠳᠦᠭᠦᠨ ᠳᠤ ᠲᠣᠰ ᠪᠦᠷᠢ ᠨᠢᠭᠡ ᠬᠤᠪᠢ ᠪᠠᠶᠢᠬᠤ ᠬᠡᠷᠡᠭᠲᠡᠢ︔          ︵ᠬᠤᠶᠠᠷ︶ ᠬᠥᠳᠡᠯᠮᠦᠷᠢᠯᠡᠬᠦ ᠴᠢᠳᠠᠪᠤᠷᠢ᠂ ᠠᠮᠢᠳᠤᠷᠠᠯ ᠤᠨ ᠣᠷᠣᠯᠭ᠎ᠠ ᠶᠢᠨ ᠢᠷᠡᠯᠲᠡ᠂ ᠡᠳ᠋ ᠬᠥᠷᠥᠩᠭᠡ ᠶᠢᠨ ᠪᠠᠶᠢᠳᠠᠯ ᠵᠢᠴᠢ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ ᠪᠠᠶᠢᠳᠠᠯ ᠤᠨ ᠪᠢᠴᠢᠭ ᠤᠨ ᠮᠠᠲ᠋ᠧᠷᠢᠶᠠᠯ᠂ ᠲᠤᠯᠭᠠᠷᠠᠭᠰᠠᠨ ᠬᠦᠴᠢᠷᠳᠡᠯ ᠤᠨ ᠭᠡᠷᠡᠴᠢ ᠵᠡᠷᠭᠡ ᠮᠠᠲ᠋ᠧᠷᠢᠶᠠᠯ᠃ ᠠᠰᠠᠷᠠᠨ ᠲᠡᠵᠢᠭᠡᠭᠴᠢ ᠨᠢ ᠠᠰᠠᠷᠠᠨ ᠲᠡᠵᠢᠭᠡᠬᠦ ︵ᠠᠰᠠᠷᠠᠨ ᠲᠡᠵᠢᠭᠡᠬᠦ᠂ ᠲᠡᠳᠬᠦᠨ ᠳᠡᠮᠵᠢᠬᠦ︶ ᠵᠠᠷᠤᠳᠠᠯ ᠢ ᠳᠥᠯᠥᠬᠦ ᠴᠢᠳᠠᠪᠤᠷᠢ ᠦᠭᠡᠢ ᠪᠤᠶᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠰᠠᠷᠠᠨ ᠲᠡᠵᠢᠭᠡᠬᠦ ︵ᠠᠰᠠᠷᠠᠨ ᠲᠡᠵᠢᠭᠡᠬᠦ᠂ ᠲᠡᠳᠬᠦᠨ ᠳᠡᠮᠵᠢᠬᠦ︶ ᠵᠠᠷᠤᠳᠠᠯ ᠢ ᠳᠥᠯᠥᠬᠦ ᠦᠭᠡᠢ ᠪᠠᠶᠢᠪᠠᠯ᠂ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠤᠨ ᠤᠭ ᠮᠠᠲ᠋ᠧᠷᠢᠶᠠᠯ ᠢ ᠬᠠᠩᠭᠠᠬᠤ ᠬᠡᠷᠡᠭᠲᠡᠢ︔ ᠡᠷ᠎ᠡ ᠡᠮ᠎ᠡ ᠬᠤᠶᠠᠭᠤᠯᠠ ᠤᠷᠤᠭ ᠰᠠᠯᠤᠭᠰᠠᠨ ᠪᠠᠶᠢᠪᠠᠯ᠂ ᠤᠷᠤᠭ ᠰᠠᠯᠤᠭᠰᠠᠨ ᠦᠨᠡᠮᠯᠡᠯ᠂ ᠤᠷᠤᠭ ᠰᠠᠯᠬᠤ ᠬᠡᠯᠡᠯᠴᠡᠭᠡᠷ᠂ ᠤᠷᠤᠭ ᠰᠠᠯᠬᠤ ᠲᠠᠰᠤᠯᠤᠯᠲᠠ ᠶᠢᠨ ᠪᠢᠴᠢᠭ ᠪᠤᠶᠤ ᠡᠶᠡᠳᠡᠭᠦᠯᠭᠡ ᠶᠢᠨ ᠪᠢᠴᠢᠭ ᠵᠡᠷᠭᠡ ᠤᠭ ᠮᠠᠲ᠋ᠧᠷᠢᠶᠠᠯ ᠢ ᠬᠠᠩᠭᠠᠬᠤ ᠬᠡᠷᠡᠭᠲᠡᠢ︔᡽ᠬᠦᠨᠳᠦ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠲᠠᠢ ᠬᠥᠮᠥᠰ ᠡᠮᠨᠡᠯᠭᠡ ᠳᠤ ᠰᠠᠭᠤᠵᠤ ᠡᠮᠨᠡᠭᠦᠯᠵᠦ᠂ ᠡᠭᠦᠳᠡᠨ ᠡᠮᠨᠡᠯᠭᠡ ᠳᠤ ᠡᠮᠨᠡᠭᠦᠯᠵᠦ ᠪᠠᠶᠢᠪᠠᠯ᠂ ᠭᠤᠶᠤᠴᠢᠯᠠᠬᠤ  ᠠᠴᠠ ᠡᠮᠦᠨ᠎ᠡ 12 ᠰᠠᠷ᠎ᠠ ᠶᠢᠨ ᠳᠣᠲᠣᠷ᠎ᠠ ᠬᠤᠰᠢᠭᠤ ︵ᠰᠢᠶᠠᠨ᠂ ᠲᠣᠭᠤᠷᠢᠭ︶ ᠶᠢᠨ ᠲᠠᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠭᠠᠷᠭᠠᠭᠰᠠᠨ ᠣᠨᠣᠰᠢ ᠪᠢᠴᠢᠭ᠂ ᠡᠮᠴᠢᠯᠡᠭᠡᠨ ᠤ ᠵᠠᠷᠤᠳᠠᠯ ᠤᠨ ᠪᠠᠷᠢᠮᠲᠠ᠂  ᠵᠠᠷᠣᠯᠭ᠎ᠠ ᠪᠠᠨ ᠮᠡᠳᠡᠭᠦᠯᠬᠦ ᠬᠠᠭᠤᠳᠠᠰᠤ ᠵᠡᠷᠭᠡ ᠤᠭ ᠮᠠᠲ᠋ᠧᠷᠢᠶᠠᠯ ᠪᠤᠶᠤ ᠬᠠᠭᠤᠯᠪᠤᠷᠢ ᠶᠢ ᠬᠠᠩᠭᠠᠬᠤ ᠬᠡᠷᠡᠭᠲᠡᠢ︔ ᠵᠡᠮᠳᠡᠭᠴᠦᠳ ᠬᠦᠴᠦᠨ ᠪᠦᠬᠦᠢ ︽ᠵᠡᠮᠳᠡᠭᠴᠦᠳ ᠤᠨ ᠦᠨᠡᠮᠯᠡᠯ︾ ᠤᠨ ᠬᠠᠭᠤᠯᠪᠤᠷᠢ ᠶᠢ ᠬᠠᠩᠭᠠᠬᠤ ᠬᠡᠷᠡᠭᠲᠡᠢ︔ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠵᠠᠷᠭᠡ ᠶᠢ ᠳᠣᠰᠢᠶᠠᠭᠰᠠᠨ ᠵᠠᠷᠤᠳᠠᠯ ᠳᠣᠰᠢᠶᠠᠭᠰᠠᠨ ᠪᠠᠷᠢᠮᠳᠠ᠃        ︵ᠭᠤᠷᠪᠠ︶ ᠬᠥᠮᠥᠨ ᠪᠠ ᠡᠷᠦᠬᠡ ᠰᠠᠯᠤᠭᠰᠠᠨ ᠭᠡᠷ ᠪᠦᠯᠢ᠂ ᠣᠲᠣ ᠶᠢᠨ ᠰᠠᠭᠤᠭ᠎ᠠ ᠭᠠᠵᠠᠷ ᠤᠨ ᠰᠠᠭᠤᠬᠤ ᠭᠡᠷᠡᠴᠢ ᠮᠠᠲ᠋ᠧᠷᠢᠶᠠᠯ ᠤᠨ ᠤᠭ ᠮᠠᠲ᠋ᠧᠷᠢᠶᠠᠯ ︵ᠭᠡᠷ ᠪᠦᠯᠢ ᠶᠢᠨ ᠨᠠᠷᠢᠨ ᠲᠣᠳᠣᠷᠬᠠᠢ ᠰᠠᠭᠤᠭ᠎ᠠ ᠭᠠᠵᠠᠷ ᠵᠢᠴᠢ ᠬᠠᠷᠢᠯᠴᠠᠬᠤ ᠤᠲᠠᠰᠤ ᠶᠢ ᠲᠣᠳᠣᠷᠬᠠᠶᠢᠯᠠᠨ᠎ᠠ︶ ᠢ ᠬᠠᠩᠭᠠᠨ᠎ᠠ︔        ︵ᠳᠥᠷᠪᠡ︶ ᠬᠠᠷᠢᠭᠤᠴᠠᠯᠭ᠎ᠠ ᠲᠠᠢ ᠬᠥᠮᠥᠨ ᠤ ᠡᠯ᠎ᠡ ᠵᠦᠢᠯ ᠤᠨ ᠡ᠊ᠨᠳᠡᠯ ᠂ ᠲᠠᠰᠤᠯᠤᠯᠲᠠ ᠶᠢᠨ ᠪᠢᠴᠢᠭ᠂ ᠡᠶᠡᠳᠡᠭᠦᠯᠭᠡ ᠶᠢᠨ ᠪᠢᠴᠢᠭ ᠵᠡᠷᠭᠡ ᠤᠭ ᠮᠠᠲ᠋ᠧᠷᠢᠶᠠᠯ ᠢ ᠬᠠᠩᠭᠠᠨ᠎ᠠ︔          ︵ᠲᠠᠪᠤ︶ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠠᠴᠠ ᠳᠡᠭᠡᠭᠰᠢᠬᠢ ᠰᠣᠷᠣᠭᠴᠢ ᠂ ᠰᠤᠷᠭᠠᠭᠤᠯᠢ ᠳᠤ ᠪᠠᠶᠢᠬᠤ ᠶᠢ ᠭᠡᠷᠡᠴᠢᠯᠡᠬᠦ ᠮᠠᠲ᠋ᠧᠷᠢᠶᠠᠯ ᠤᠨ ᠤᠭ ᠮᠠᠲ᠋ᠧᠷᠢᠶᠠᠯ ᠢ ᠬᠠᠩᠭᠠᠨ᠎ᠠ︔       ︵ᠵᠢᠷᠭᠤᠭ᠎ᠠ︶ ᠦᠨᠡᠨᠴᠢ ᠢᠲᠡᠭᠡᠮᠵᠢ ᠶᠢᠨ ᠮᠡᠳᠡᠭᠳᠡᠯ᠂ ᠦᠨᠡᠨᠴᠢ ᠢᠲᠡᠭᠡᠮᠵᠢ ᠶᠢᠨ ᠠᠮᠠᠯᠠᠯᠲᠠ ᠵᠢᠴᠢ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ︔       ︵ᠲᠤᠯᠤᠭ᠎ᠠ︶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠩᠭᠠᠯᠭᠠᠬᠤ ᠪᠠᠷ ᠱᠠᠭᠠᠷᠳᠠᠭᠰᠠᠨ ᠪᠤᠰᠤᠳ ᠲᠠᠯ᠎ᠠ ᠶᠢᠨ ᠮᠠᠲ᠋ᠧᠷᠢᠶᠠᠯ᠃       ᠳᠣᠯᠣᠳᠤᠭᠠᠷ ᠵᠦᠢᠯ    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰᠢᠶᠠᠭᠰᠠᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠭᠤᠶᠤᠴᠢᠯᠠᠭᠴᠢ ᠳᠤ ᠭᠥᠯᠢᠶᠡᠨ ᠠᠪᠴᠤ ᠰᠢᠢᠳᠪᠦᠷᠢᠯᠡᠬᠦ ᠪᠢᠴᠢᠭ ᠤᠨ ᠬᠡᠯᠪᠡᠷᠢ ᠶᠢᠨ ᠮᠡᠳᠡᠭᠳᠡᠯ ᠤᠨ ᠪᠢᠴᠢᠭ ᠭᠠᠷᠭᠠᠵᠤ ᠥᠭᠬᠦ ᠬᠡᠷᠡᠭᠲᠡᠢ︔ ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠠᠶᠢᠪᠠᠯ᠂ ᠲᠣᠭᠲᠠᠭᠠᠭᠰᠠᠨ ᠪᠤᠢ ᠪᠦᠬᠦᠢ ᠮᠠᠲ᠋ᠧᠷᠢᠶᠠᠯ ᠢ ᠨᠥᠬᠦᠵᠦ ᠭᠦᠢᠴᠡᠭᠡᠬᠦ ᠶᠢ ᠲᠡᠭᠦᠨ ᠳᠤ ᠨᠢᠭᠡ ᠤᠳᠠᠭ᠎ᠠ ᠳᠡᠭᠡᠷ᠎ᠡ ᠪᠦᠬᠦᠨ ᠢ ᠮᠡᠳᠡᠭᠳᠡᠬᠦ ᠬᠡᠷᠡᠭᠲᠡᠢ︔ ᠨᠥᠬᠦᠴᠡᠯ ᠳᠤ ᠨᠡᠶᠢᠴᠡᠬᠦ ᠦᠭᠡᠢ ᠭᠤᠶᠤᠴᠢᠯᠠᠯ ᠪᠠᠶᠢᠪᠠᠯ ᠭᠤᠶᠤᠴᠢᠯᠠᠯ ᠤᠨ ᠮᠠᠲ᠋ᠧᠷᠢᠶᠠᠯ ᠢ ᠨᠢ ᠪᠤᠴᠠᠭᠠᠬᠤ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ ᠤᠯᠤᠰ ᠪᠤᠶᠤ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ  ᠯᠠᠪᠯᠠᠨ ᠤᠯᠤᠵᠤ ᠪᠤᠯᠬᠤ ᠬᠠᠮᠢᠶ᠎ᠠ ᠪᠦᠬᠦᠢ ᠮᠠᠲ᠋ᠧᠷᠢᠶᠠᠯ ᠢ ᠳᠠᠭᠢᠵᠤ ᠳᠠᠪᠬᠤᠷᠳᠠᠭᠤᠯᠤᠨ ᠲᠤᠰᠢᠶᠠᠬᠤ ᠶᠢ ᠱᠠᠭᠠᠷᠳᠠᠬᠤ ᠦᠭᠡᠢ᠃ ᠭᠤᠶᠤᠴᠢᠯᠠᠭᠴᠢ ᠶᠢᠨ ᠨᠢᠭᠡᠨᠲᠡ ᠱᠠᠭᠠᠷᠳᠠᠯᠭ᠎ᠠ ᠶᠣᠰᠣᠭᠠᠷ ᠪᠢᠴᠢᠭ ᠢᠶᠠᠷ ᠠᠮᠠᠯᠠᠭᠰᠠᠨ ᠵᠦᠢᠯᠡᠰ ᠲᠤ ᠬᠤᠯᠪᠣᠭᠳᠠᠯ ᠪᠦᠬᠦᠢ ᠭᠡᠷᠡᠴᠢ ᠶᠢ ᠳᠠᠬᠢᠵᠤ ᠠᠪᠬᠤ ᠦᠭᠡᠢ᠃        ᠨᠠᠢᠮᠠᠳᠤᠭᠠᠷ ᠵᠦᠢᠯ    ᠨᠢᠭᠡᠨᠲᠡ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠭᠤᠶᠤᠴᠢᠯᠠᠯ ᠳᠤ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠠᠷᠳᠠᠨ ᠬᠢᠭᠴᠢ ᠪᠤᠶᠤ ᠰᠠᠭᠤᠭᠠᠯᠢ ᠠᠷᠠᠳ ᠤᠨ ᠵᠥᠪᠯᠡᠯ ᠤᠨ ᠪᠦᠷᠢᠯᠳᠦᠭᠦᠨ ᠲᠠᠢ ᠣᠶᠢᠷ᠎ᠠ ᠲᠦᠷᠦᠯ ᠰᠠᠳᠤᠨ ᠤ ᠬᠠᠷᠢᠴᠠᠭ᠎ᠠ ᠲᠠᠢ ᠪᠠᠶᠢᠪᠠᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰᠠᠭᠠᠷ ᠪᠦᠷᠢᠳᠬᠡᠨ ᠳᠠᠩᠰᠠᠯᠠᠭᠤᠯᠬᠤ ᠬᠡᠷᠡᠭᠲᠡᠢ᠃        ︽ᠨᠡᠶᠢᠭᠡᠮ ᠤᠨ ᠠᠪᠤᠷᠠᠨ ᠲᠤᠰᠠᠯᠠᠯᠲᠠ ᠶᠢ ᠭᠠᠷᠲᠠᠨ ᠬᠢᠭᠴᠢ︾ ᠭᠡᠳᠡᠭ ᠨᠢ ᠨᠡᠶᠢᠭᠡᠮ ᠤᠨ ᠠᠪᠤᠷᠠᠨ ᠲᠤᠰᠠᠯᠠᠯᠲᠠ ᠶᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ ︵ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠬᠤ︶᠂ ᠬᠢᠨᠠᠨ ᠵᠥᠪᠰᠢᠶᠡᠷᠡᠬᠦ ᠵᠡᠷᠭᠡ ᠵᠦᠢᠯᠡᠰ ᠢ ᠪᠣᠳᠠᠲᠠᠢ ᠭᠦᠢᠴᠡᠳᠬᠡᠬᠦ ᠪᠠ ᠬᠤᠪᠢᠳᠠᠨ ᠬᠠᠮᠢᠶᠠᠷᠬᠤ ᠳᠤ ᠬᠤᠯᠪᠣᠭᠳᠠᠬᠤ ᠠᠷᠠᠳ ᠤᠨ ᠶᠠᠪᠤᠳᠠᠯ ᠤᠨ ᠲᠣᠪᠴᠢᠶ᠎ᠠ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠨ ᠢ ᠵᠢᠭᠠᠵᠤ ᠪᠣᠶ᠃        ︽ᠣᠶᠢᠷ᠎ᠠ ᠲᠦᠷᠦᠯ ᠰᠡᠳᠦᠠ︾ ᠳᠤ ᠬᠤᠯᠪᠣᠰᠤ᠂ ᠡᠴᠢᠭᠡ ᠡᠬᠡ᠂ ᠦᠷ᠎ᠡ ᠬᠡᠦᠬᠡᠳ᠂ ᠠᠬ᠎ᠠ ᠳᠡᠭᠦᠦ ᠡᠭᠡᠴᠢ ᠥᠬᠢᠨ ᠳᠡᠭᠦᠦ᠂ ᠡᠪᠦᠭᠡ ᠡᠮᠡᠭᠡ᠂ ᠨᠠᠭᠠᠴᠤ ᠡᠪᠦᠭᠡ ᠡᠮᠡᠭᠡ᠂ ᠣᠮᠪᠣᠯᠣ ᠬᠦᠦ ᠥᠬᠢᠨ᠂ ᠵᠢᠭᠡ ᠣᠮᠪᠣᠯᠣ ᠬᠦᠦ ᠥᠬᠢᠨ ᠪᠠᠭᠲᠠᠨ᠎ᠠ᠃          ᠭᠤᠷᠪᠠᠳᠤᠭᠠᠷ ᠪᠦᠯᠦᠭ     ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠬᠤ       ᠶᠢᠰᠦᠳᠦᠭᠡᠷ ᠵᠦᠢᠯ   ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠭᠡᠳᠡᠭ ᠨᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠥᠮᠴᠢᠯᠡᠵᠦ ᠪᠠᠶᠢᠭ᠎ᠠ ᠭᠡᠷ ᠪᠦᠯᠢ ᠶᠢᠨ ᠪᠦᠬᠦ ᠣᠷᠣᠯᠭ᠎ᠠ ᠪᠠ ᠭᠡᠷ ᠪᠦᠯᠢ ᠶᠢᠨ ᠡᠳ᠋ ᠬᠥᠷᠥᠩᠭᠡ ᠶᠢ ᠵᠢᠭᠠᠵᠤ ᠪᠠᠶᠢᠨ᠎ᠠ᠃        ᠠᠷᠪᠠᠳᠤᠭᠠᠷ ᠵᠦᠢᠯ     ᠭᠡᠷ ᠪᠦᠯᠢ ᠶᠢᠨ ᠣᠷᠣᠯᠭ᠎ᠠ ᠭᠡᠳᠡᠭ ᠨᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠭᠤᠶᠤᠴᠢᠯᠠᠯ ᠢ ᠮᠠᠭᠠᠳᠯᠠᠨ ᠲᠣᠭᠲᠠᠭᠠᠯᠭᠠᠬᠤ ᠠᠴᠠ ᠡᠮᠦᠨᠡᠬᠢ 12 ᠰᠠᠷ᠎ᠠ ᠶᠢᠨ ᠳᠣᠲᠣᠷ᠎ᠠ ᠣᠯᠣᠭᠰᠠᠨ ᠪᠦᠬᠦ ᠪᠡᠯᠡᠨ ᠵᠣᠭᠤᠰ ᠵᠢᠴᠢ ᠪᠣᠳᠠᠲᠤ ᠪᠣᠳᠠᠰ ᠤᠨ ᠣᠷᠣᠯᠭ᠎ᠠ ᠶᠢ ᠵᠢᠭᠠᠵᠤ ᠪᠠᠶᠢᠨ᠎ᠠ᠂ ᠡᠭᠦᠨ ᠳᠤ᠄ ᠲᠤᠰᠢᠶᠠᠯ ᠡᠭᠦᠷᠭᠡᠯᠡᠭᠰᠡᠨ ᠪᠤᠶᠤ ᠬᠥᠯᠥᠰᠦᠯᠡᠭᠳᠡᠭᠰᠡᠨ ᠠᠴᠠ ᠪᠣᠯᠵᠤ ᠣᠯᠣᠭᠰᠠᠨ ᠴᠠᠯᠢᠩ᠂ ᠴᠠᠯᠢᠩ ᠮᠥᠩᠬᠦ᠂ ᠱᠠᠩᠨᠠᠯ ᠤᠨ ᠮᠥᠩᠭᠦ᠂ ᠬᠥᠳᠡᠯᠮᠦᠷᠢ ᠶᠢᠨ ᠠᠰᠢᠭ ᠬᠤᠪᠢᠶᠠᠷᠢᠯᠠᠯᠲᠠ᠂ ᠨᠡᠮᠡᠭᠦᠷᠢ᠂ ᠨᠥᠬᠦᠪᠦᠷᠢ ᠵᠢᠴᠢ ᠲᠤᠰᠢᠶᠠᠯ ᠡᠭᠦᠷᠭᠡᠯᠡᠭᠰᠡᠨ ᠪᠤᠶᠤ ᠬᠥᠯᠥᠰᠦᠯᠡᠭᠳᠡᠭᠰᠡᠨ ᠲᠠᠢ ᠬᠤᠯᠪᠣᠭᠳᠠᠬᠤ ᠪᠤᠰᠤᠳ ᠣᠷᠣᠯᠭ᠎ᠠ ᠶᠢᠨ ᠴᠠᠯᠢᠩ ᠤᠨ ᠴᠢᠨᠠᠷᠲᠠᠢ ᠣᠷᠣᠯᠭ᠎ᠠ ᠪᠠᠭᠲᠠᠨ᠎ᠠ︔  ᠳᠠᠷᠢᠬᠤ᠂ ᠲᠡᠵᠢᠭᠡᠨ ᠦᠷᠡᠵᠢᠭᠦᠯᠬᠦ᠂ ᠴᠤᠭᠯᠠᠭᠤᠯᠬᠤ ᠵᠢᠴᠢ ᠪᠣᠯᠪᠠᠰᠤᠷᠠᠭᠤᠯᠬᠤ ᠵᠡᠷᠭᠡ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠣᠷᠣᠯᠭ᠎ᠠ︔ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠭᠠᠷ ᠦᠢᠯᠡᠳᠪᠦᠷᠢ᠂ ᠵᠠᠮ ᠲᠡᠭᠡᠭᠡᠪᠦᠷᠢ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠷᠠᠯᠵᠢᠶᠠᠨ ᠤ ᠦᠢᠯᠡᠰ᠂ ᠢᠳᠡᠭᠡᠨ ᠤᠮᠳᠠᠭᠠᠨ ᠤ ᠦᠢᠯᠡᠰ᠂ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠦᠢᠯᠡᠰ ᠪᠠ ᠨᠡᠶᠢᠭᠡᠮ ᠤᠨ ᠦᠢᠯᠡᠴᠢᠯᠡᠭᠡᠨ ᠤ ᠦᠢᠯᠡᠰ ᠵᠡᠷᠭᠡ ᠶᠢᠨ ᠡᠵᠡᠩᠨᠡᠯᠲᠡ ᠵᠢᠴᠢ ᠲᠥᠯᠥᠪᠦᠷᠢᠲᠦ ᠦᠢᠯᠡᠴᠢᠯᠡᠭᠡᠨ ᠤ ᠠᠵᠢᠯᠯᠠᠭ᠎ᠠ ᠶᠢᠨ ᠡᠵᠡᠩᠨᠡᠯᠲᠡ ᠶᠢᠨ ᠴᠡᠪᠡᠷ ᠣᠷᠣᠯᠭ᠎ᠠ︔ ᠬᠠᠳᠠᠭᠠᠯᠠᠮᠵᠢ ᠶᠢᠨ ᠵᠣᠭᠤᠰᠤᠨ ᠤ ᠬᠦᠦ ᠮᠥᠩᠭᠦ᠂ ᠦᠨᠡᠲᠦ ᠲᠡᠮᠳᠡᠭᠲᠦ ᠶᠢᠨ ᠴᠡᠪᠡᠷ ᠠᠰᠢᠭ᠂ ᠬᠠᠳᠠᠭᠠᠯᠠᠮᠵᠢ ᠶᠢᠨ ᠴᠢᠨᠠᠷᠲᠠᠢ ᠳᠠᠭᠠᠳᠬᠠᠯ ᠤᠨ ᠪᠡᠯᠡ ᠣᠷᠣᠭᠤᠯᠤᠯᠲᠠ ᠵᠢᠴᠢ ᠪᠤᠰᠤᠳ ᠬᠤᠪᠢ ᠣᠷᠣᠭᠤᠯᠤᠯᠲᠠ ᠶᠢᠨ ᠬᠦᠦ ᠮᠥᠩᠭᠦ ᠪᠠ ᠴᠡᠪᠡᠷ ᠠᠰᠢᠭ ᠵᠡᠷᠭᠡ ᠶᠢᠨ ᠣᠷᠣᠯᠭ᠎ᠠ︔ ᠬᠠᠮᠲᠤ ᠶᠢᠨ ᠡᠳ᠋ ᠬᠥᠷᠥᠩᠭᠡ ᠶᠢᠨ ᠣᠷᠣᠯᠭ᠎ᠠ ᠶᠢᠨ ᠠᠰᠢᠭ ᠬᠤᠪᠢᠶᠠᠷᠢᠯᠠᠯᠲᠠ ᠪᠠ ᠪᠤᠰᠤᠳ ᠬᠥᠳᠡᠯᠬᠦ ᠬᠥᠷᠥᠩᠭᠡ ᠶᠢᠨ ᠣᠷᠣᠯᠭ᠎ᠠ ᠵᠢᠴᠢ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠲᠦᠷᠢᠶᠡᠰᠦᠯᠡᠭᠦᠯᠦᠭᠰᠡᠨ᠂ ᠭᠡᠷ ᠬᠥᠷᠥᠩᠭᠡ ᠶᠢ ᠲᠦᠷᠢᠶᠡᠰᠦᠯᠡᠭᠦᠯᠦᠭᠰᠡᠨ ᠪᠤᠶᠤ ᠬᠤᠳᠠᠯᠳᠤᠭᠰᠠᠨ ᠵᠢᠴᠢ ᠪᠤᠰᠤᠳ ᠥᠯᠥ ᠬᠥᠳᠡᠯᠬᠦ ᠬᠥᠷᠥᠩᠭᠡ ᠶᠢᠨ ᠣᠷᠣᠯᠭ᠎ᠠ ᠶᠢᠨ ᠡᠳ᠋ ᠬᠥᠷᠥᠩᠭᠡ ᠶᠢᠨ ᠴᠡᠪᠡᠷ ᠣᠷᠣᠯᠭ᠎ᠠ︔ ᠰᠢᠯᠵᠢᠮᠡᠯ ᠴᠢᠨᠠᠷᠲᠠᠢ ᠣᠷᠣᠯᠭ᠎ᠠ ᠠᠴᠠ ᠰᠢᠯᠵᠢᠮᠡᠯ ᠴᠢᠨᠠᠷᠲᠠᠢ ᠵᠠᠷᠤᠯᠭ᠎ᠠ ᠶᠢ ᠬᠠᠰᠤᠭᠰᠠᠨ ᠤ ᠳᠠᠷᠠᠭᠠᠬᠢ ᠰᠢᠯᠵᠢᠭᠦᠯᠬᠦ ᠴᠡᠪᠡᠷ ᠣᠷᠣᠯᠭ᠎ᠠ︔ ᠪᠤᠰᠤᠳ ᠭᠡᠷ ᠪᠦᠯᠢ ᠶᠢᠨ ᠣᠷᠣᠯᠭ᠎ᠠ ᠳᠤ ᠪᠤᠳᠤᠵᠤ ᠣᠷᠣᠭᠤᠯᠬᠤ ᠶᠣᠰᠣᠲᠠᠢ ᠲᠥᠷᠥᠯ ᠵᠦᠢᠯ᠃ ᠡᠭᠦᠨ ᠳᠤ᠂ ᠰᠢᠯᠵᠢᠮᠡᠯ ᠴᠢᠨᠠᠷᠲᠠᠢ ᠣᠷᠣᠯᠭ᠎ᠠ ᠭᠡᠳᠡᠭ ᠨᠢ ᠤᠯᠤᠰ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠰᠠᠭᠤᠭᠠᠯᠢ ᠠᠷᠠᠳ ᠲᠤ ᠥᠭᠬᠦ ᠡᠯ᠎ᠡ ᠵᠦᠢᠯ ᠤᠨ ᠪᠠᠶᠢᠩᠭᠤ ᠶᠢᠨ ᠴᠢᠨᠠᠷᠲᠠᠢ ᠰᠢᠯᠵᠢᠭᠦᠯᠦᠨ ᠥᠭᠬᠦ ᠪᠠ ᠰᠠᠭᠤᠭᠠᠯᠢ ᠠᠷᠠᠳ ᠤᠨ ᠬᠤᠭᠤᠷᠣᠨᠳᠣᠬᠢ ᠪᠠᠶᠢᠩᠭᠤ ᠶᠢᠨ ᠴᠢᠨᠠᠷᠲᠠᠢ ᠣᠷᠣᠯᠭ᠎ᠠ ᠶᠢᠨ ᠰᠢᠯᠵᠢᠯᠲᠡ ᠶᠢ ᠵᠢᠭᠠᠵᠤ ᠪᠠᠶᠢᠨ᠎ᠠ᠂ ᠡᠭᠦᠨ ᠳᠤ ᠠᠴᠢᠯᠠᠨ ᠲᠡᠵᠢᠭᠡᠬᠦ ︵ᠠᠰᠠᠷᠠᠨ ᠲᠡᠵᠢᠭᠡᠬᠦ᠂ ᠲᠡᠳᠬᠦᠨ ᠲᠡᠵᠢᠭᠡᠬᠦ︶ ᠵᠠᠷᠤᠳᠠᠯ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠤ ᠳᠡᠳᠬᠦᠪᠦᠷᠢ ᠮᠥᠩᠭᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ ᠨᠥᠭᠴᠢᠭᠰᠡᠳ ᠤᠨ ᠭᠡᠷ ᠪᠦᠯᠢ ᠶᠢᠨ ᠨᠥᠬᠦᠪᠦᠷᠢ ᠮᠥᠩᠭᠦ᠂ ᠲᠥᠯᠥᠪᠦᠷᠢ ᠶᠢᠨ ᠣᠷᠣᠯᠭ᠎ᠠ᠂ ᠪᠡᠯᠡᠭᠯᠡᠨ ᠬᠦᠷᠭᠡᠭᠰᠡᠨ ︵ᠬᠦᠷᠭᠡᠭᠰᠡᠨ︶ ᠣᠷᠣᠯᠭ᠎ᠠ ᠵᠡᠷᠭᠡ ᠶᠢ ᠪᠠᠭᠲᠠᠭᠠᠨ᠎ᠠ︔ ᠰᠢᠯᠵᠢᠮᠡᠯ ᠴᠢᠨᠠᠷᠲᠠᠢ ᠵᠠᠷᠤᠯᠭ᠎ᠠ ᠭᠡᠳᠡᠭ ᠨᠢ ᠰᠠᠭᠤᠭᠠᠯᠢ ᠠᠷᠠᠳ ᠠᠴᠠ ᠤᠯᠤᠰ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ  ᠲᠤ ᠪᠠᠶᠢᠩᠭᠤ ᠶᠢᠨ ᠴᠢᠨᠠᠷᠳᠡᠢ ᠰᠢᠯᠵᠢᠭᠦᠯᠭᠦ ᠵᠠᠷᠤᠯᠭ᠎ᠠ ᠶᠢ ᠵᠢᠭᠠᠵᠤ ᠪᠠᠶᠢᠨ᠎ᠠ᠂  ᠳᠣᠰᠢᠶᠠᠭᠰᠠᠨ ᠭᠠᠶᠢᠯᠢ ᠶᠢᠨ ᠵᠣᠭᠤᠰ᠂ ᠡᠯ᠎ᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠵᠠᠷᠤᠯᠭ᠎ᠠ᠂ ᠠᠴᠢᠯᠠᠨ ᠲᠡᠵᠢᠭᠡᠬᠦ ᠵᠠᠷᠤᠯᠭ᠎ᠠ ᠵᠢᠴᠢ ᠪᠤᠰᠤᠳ ᠪᠠᠶᠢᠩᠭᠤ ᠶᠢᠨ ᠴᠢᠨᠠᠷᠲᠠᠢ ᠰᠢᠯᠵᠢᠭᠦᠯᠬᠦ ᠵᠠᠷᠤᠯᠭ᠎ᠠ ᠵᠡᠷᠭᠡ ᠶᠢ  ᠪᠠᠭᠳᠠᠭᠠᠨ᠎ᠠ ᠃        ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠳᠣᠣᠷ᠎ᠠ ᠵᠢᠭᠰᠠᠭᠠᠭᠰᠠᠨ ᠣᠷᠣᠯᠭ᠎ᠠ ᠶᠢ ᠭᠡᠷ ᠪᠦᠯᠢ ᠶᠢᠨ ᠣᠷᠣᠯᠭ᠎ᠠ ᠳᠤ ᠪᠤᠳᠤᠵᠤ ᠣᠷᠣᠭᠤᠯᠬᠤ ᠦᠭᠡᠢ᠄         ︵ᠨᠢᠭᠡ︶ ᠤᠯᠤᠰ ᠠᠴᠠ ᠲᠣᠭᠲᠠᠭᠠᠭᠰᠠᠨ ᠬᠠᠷᠠᠭᠠᠯᠵᠠᠯ ᠤᠨ ᠠᠰᠠᠷᠠᠮᠵᠢ ᠶᠢᠨ ᠮᠥᠩᠭᠦ᠂ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠱᠠᠩᠨᠠᠯ ᠪᠠ ᠲᠡᠳᠬᠦᠨ ᠳᠡᠮᠵᠢᠬᠦ ᠮᠥᠩᠭᠦ᠂ ᠰᠤᠷᠤᠯᠭ᠎ᠠ ᠶᠢᠨ ᠭᠥᠬᠢᠭᠦᠯᠬᠦ ᠮᠥᠩᠭᠦ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠵᠡᠷᠭᠡ ᠱᠠᠩᠨᠠᠯ ᠤᠨ ᠴᠢᠨᠠᠷᠲᠠᠢ ᠨᠥᠬᠦᠪᠦᠷᠢ︔        ︵ᠬᠤᠶᠠᠷ︶ ᠵᠠᠰᠠᠭ ᠤᠨ ᠣᠷᠳᠣᠨ ᠠᠴᠠ ᠲᠠᠷᠬᠠᠭᠠᠭᠰᠠᠨ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠵᠣᠭᠤᠰ ᠮᠥᠩᠭᠦ ᠡᠳ᠋ ᠪᠣᠳᠠᠰ︔       ︵ᠭᠤᠷᠪᠠ︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠲᠥᠪ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠥᠩᠭᠦ︔        ︵ᠳᠥᠷᠪᠡ︶ ᠬᠥᠮᠥᠨ ᠤ ᠪᠡᠶ᠎ᠡ ᠶᠢᠨ ᠭᠡᠮᠲᠦᠯ ᠤᠨ ᠲᠥᠯᠥᠪᠦᠷᠢ ᠤᠨ ᠠᠮᠢᠳᠤᠷᠠᠯ ᠤᠨ ᠵᠠᠷᠤᠳᠠᠯ ᠠᠴᠠ ᠪᠤᠰᠣᠳ ᠬᠡᠰᠡᠭ︔        ︵ᠲᠠᠪᠤ︶ ᠥᠨᠳᠥᠷ ᠨᠠᠰᠤᠨ ᠤ ᠨᠡᠮᠡᠭᠦᠷᠢ᠂ ᠵᠡᠮᠳᠡᠭᠴᠦᠳ ᠤᠨ ᠠᠮᠢᠳᠤᠷᠠᠯ ᠤᠨ ᠬᠦᠴᠢᠷᠳᠡᠯ ᠤᠨ ᠲᠤᠰᠠᠯᠠᠮᠵᠢ ᠶᠢᠨ ᠵᠠᠷᠤᠳᠠᠯ︔       ︵ᠵᠢᠷᠭᠤᠭ᠎ᠠ︶ ᠣᠷᠣᠰᠢᠭᠤᠯᠬᠤ ᠵᠠᠷᠤᠳᠠᠯ᠂ ᠨᠢᠭᠡ ᠤᠳᠠᠭ᠎ᠠ ᠶᠢᠨ ᠴᠢᠨᠠᠷᠲᠠᠢ ᠠᠰᠠᠷᠠᠮᠵᠢ ᠶᠢᠨ ᠮᠥᠩᠭᠦ᠂ ᠠᠵᠢᠯ ᠠᠴᠠ ᠪᠣᠯᠵᠤ ᠰᠢᠷᠬᠠᠲᠤᠭᠰᠠᠨ ᠬᠥᠮᠥᠰ ᠤᠨ ᠠᠵᠢᠯ ᠠᠴᠠ ᠪᠣᠯᠤᠭᠰᠠᠨ ᠭᠡᠮᠲᠦᠯ ᠤᠨ ᠵᠠᠷᠤᠳᠠᠯ᠂ ᠰᠤᠪᠢᠯᠠᠬᠤ ᠵᠠᠷᠤᠳᠠᠯ᠂ ᠨᠢᠭᠡ ᠤᠳᠠᠭ᠎ᠠ ᠶᠢᠨ ᠴᠢᠨᠠᠷᠲᠠᠢ ᠭᠡᠮᠳᠦᠯ ᠤᠨ ᠨᠥᠬᠦᠪᠦᠷᠢ ᠮᠥᠩᠭᠦ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠵᠠᠷᠤᠳᠠᠯ︔᡽         ︵ᠳᠣᠯᠤᠭ᠎ᠠ︶ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠪᠠᠶᠢᠭ᠎ᠠ ᠨᠢᠭᠡᠴᠢ ᠠᠴᠠ ᠲᠣᠭᠲᠠᠭᠠᠯ ᠶᠣᠰᠣᠭᠠᠷ ᠣᠷᠣᠯᠠᠨ ᠲᠤᠰᠢᠶᠠᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠢᠴᠢ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠵᠠᠷᠤᠳᠠᠯ︔           ︵ᠨᠠᠢᠮᠠ︶ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠡᠷ ᠪᠦᠯᠢ ᠶᠢᠨ ᠣᠷᠣᠯᠭ᠎ᠠ ᠳᠤ ᠪᠤᠳᠤᠵᠤ ᠣᠷᠣᠭᠤᠯᠵᠤ ᠪᠣᠯᠬᠤ ᠦᠭᠡᠢ ᠪᠤᠰᠤᠳ ᠣᠷᠣᠯᠭ᠎ᠠ         ᠠᠷᠪᠠᠨ ᠨᠢᠭᠡᠳᠦᠭᠡᠷ ᠵᠦᠢᠯ    ᠭᠡᠷ ᠪᠦᠯᠢ ᠶᠢᠨ ᠡᠳ᠋ ᠬᠥᠷᠥᠩᠭᠡ ᠭᠡᠳᠡᠭ ᠨᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠥᠮᠴᠢᠯᠡᠵᠦ ᠪᠠᠶᠢᠭ᠎ᠠ ᠪᠦᠬᠦ ᠬᠥᠳᠡᠯᠬᠦ ᠬᠥᠷᠥᠩᠭᠡ ᠪᠠ ᠦᠯᠦ ᠬᠥᠳᠡᠯᠬᠦ ᠬᠥᠷᠥᠩᠭᠡ ᠶᠢ ᠵᠢᠭᠠᠵᠤ ᠪᠠᠶᠢᠨ᠎ᠠ᠂ ᠡᠭᠦᠨ ᠳᠤ ᠭᠤᠣᠯᠳᠠᠭᠤ᠄ ᠪᠠᠩᠬᠢ ᠶᠢᠨ ᠬᠠᠳᠠᠭᠠᠯᠠᠮᠵᠢ᠂ ᠦᠨᠡᠲᠦ ᠲᠡᠮᠳᠡᠭᠲᠦ᠂ ᠰᠠᠭᠤᠷᠢ ᠮᠥᠩᠭᠦ᠂ ᠬᠤᠳᠠᠯᠳᠤᠭᠠᠨ ᠤ ᠳᠠᠭᠠᠳᠬᠠᠯ᠂ ᠠᠪᠴᠠᠭᠠᠨ ᠤ ᠡᠷᠬᠡ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠵᠢᠴᠢ ᠮᠠᠰᠢᠨᠲᠤ ᠲᠡᠷᠭᠡ᠂ ᠭᠡᠷ ᠬᠥᠷᠥᠩᠭᠡ᠂ ᠤᠢ ᠮᠣᠳᠣ ᠵᠡᠷᠭᠡ ᠲᠣᠭᠲᠠᠮᠠᠯ ᠪᠣᠳᠠᠰ ᠵᠢᠴᠢ ᠪᠤᠰᠤᠳ ᠬᠤᠯᠪᠣᠭᠳᠠᠯ ᠪᠦᠬᠦᠢ ᠡᠳ᠋ ᠬᠥᠷᠥᠩᠭᠡ ᠪᠠᠭᠲᠠᠨ᠎ᠠ᠃ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠢ ᠠᠷᠭᠠᠴᠠᠬᠤ ᠳᠤ ᠵᠠᠪᠠᠯ ᠱᠠᠭᠠᠷᠳᠠᠭᠳᠠᠬᠤ ᠡᠳ᠋ ᠬᠥᠷᠥᠩᠭᠡ ᠶᠢ ᠮᠠᠭᠠᠳᠯᠠᠨ ᠲᠣᠭᠲᠠᠭᠠᠬᠤ ᠦᠶ᠎ᠡ ᠳᠤ ᠬᠡᠯᠲᠦᠷᠢᠭᠦᠯᠵᠦ ᠪᠣᠯᠣᠨ᠎ᠠ᠃        ᠠᠷᠪᠠᠨ ᠬᠤᠶᠠᠳᠤᠭᠠᠷ ᠵᠦᠢᠯ    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ  ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠬᠤ ᠠᠵᠢᠯ ᠢ ᠡᠬᠢᠯᠡᠭᠦᠯᠬᠦ ᠬᠡᠷᠡᠭᠲᠡᠢ᠃ ᠪᠠᠶᠢᠴᠠᠭᠠᠬᠤ ᠠᠵᠢᠯᠲᠠᠨ ︵ᠳᠤᠭᠤᠶᠢᠯᠠᠩ ᠪᠦᠷᠢ 2 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ︶ ᠨᠢ ᠡᠷᠦᠬᠡ ᠳᠤ ᠣᠷᠣᠵᠤ ᠪᠠᠶᠢᠴᠠᠭᠠᠯᠲᠠ ᠬᠢᠬᠦ᠂ ᠬᠥᠷᠰᠢ ᠵᠡᠷᠭᠡᠯᠡᠳᠡᠭᠡ ᠪᠠᠷ ᠰᠤᠷᠪᠤᠯᠵᠢᠯᠠᠬᠤ᠂ ᠵᠠᠬᠢᠳᠠᠯ ᠢᠶᠠᠷ ᠭᠡᠷᠡᠴᠢ ᠠᠪᠬᠤ ᠪᠤᠶᠤ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠳᠡᠪᠰᠢᠭᠦᠯᠵᠦ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠪᠠ ᠪᠣᠳᠠᠲᠠᠢ ᠠᠮᠢᠳᠤᠷᠠᠯ ᠤᠨ ᠪᠠᠶᠢᠳᠠᠯ ᠢ ᠪᠠᠶᠢᠴᠠᠭᠠᠨ ᠬᠠᠷᠭᠤᠭᠤᠯᠵᠤ ᠪᠣᠯᠣᠨ᠎ᠠ᠃ ᠪᠠᠶᠢᠴᠠᠭᠠᠯᠲᠠ ᠶᠢ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃         ︵ᠨᠢᠭᠡ︶ ᠡᠷᠦᠬᠡ ᠳᠤ ᠣᠷᠣᠵᠤ ᠪᠠᠶᠢᠴᠠᠭᠠᠯᠲᠠ ᠬᠢᠬᠦ᠃ ᠪᠠᠶᠢᠴᠠᠭᠠᠬᠤ ᠠᠵᠢᠯᠲᠠᠨ ᠭᠤᠶᠤᠴᠢᠯᠠᠭᠰᠠᠨ ᠭᠡᠷ ᠪᠦᠯᠢ ᠳᠤ ᠬᠦᠷᠴᠦ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠪᠠ ᠢᠳᠡᠬᠦ᠂ ᠡᠮᠦᠰᠬᠦ᠂ ᠰᠠᠭᠤᠬᠤ᠂ ᠬᠡᠷᠡᠭᠯᠡᠬᠦ ᠵᠡᠷᠭᠡ ᠪᠣᠳᠠᠲᠠᠢ ᠠᠮᠢᠳᠤᠷᠠᠯ ᠤᠨ ᠪᠠᠶᠢᠳᠠᠯ ᠢ  ᠣᠶᠢᠯᠠᠭᠠᠨ᠎ᠠ᠃ ᠡᠷᠦᠭᠡ ᠳᠤ ᠣᠷᠣᠵᠤ ᠪᠠᠶᠢᠴᠠᠭᠠᠯᠲᠠ ᠬᠢᠵᠦ ᠳᠠᠭᠤᠰᠤᠭᠰᠠᠨ ᠤ ᠲᠡᠷᠠᠭ᠎ᠠ᠂ ᠪᠠᠶᠢᠴᠠᠭᠠᠬᠤ ᠠᠵᠢᠯᠲᠠᠨ ᠡᠷᠦᠭᠡ ᠳᠤ ᠣᠷᠣᠬᠤ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠨ ᠪᠢᠴᠢᠬᠦ ᠶᠢᠨ ᠬᠠᠮᠲᠤ ᠪᠠᠶᠢᠴᠠᠭᠠᠬᠤ ᠠᠵᠢᠯᠲᠠᠨ ᠪᠣᠯᠣᠨ ᠲᠤᠬᠠᠢ ᠶᠢᠨ ᠲᠠᠯᠠᠪᠤᠷ ᠲᠤ ᠪᠠᠶᠢᠭᠰᠠᠨ ᠬᠠᠮᠲᠤ ᠠᠮᠢᠳᠤᠷᠠᠵᠤ ᠪᠠᠶᠢᠭᠰᠠᠨ ᠭᠡᠷ ᠪᠦᠯᠢ ᠶᠢᠨ ᠪᠦᠷᠢᠯᠳᠦᠭᠦᠨ ᠲᠤᠰ ᠲᠤᠰ ᠭᠠᠷ ᠤᠨ ᠦᠰᠦᠭ ᠵᠢᠷᠤᠬᠤ ᠬᠡᠷᠡᠭᠲᠡᠢ᠃        ︵ᠬᠤᠶᠠᠷ︶ ᠬᠥᠷᠰᠢ ᠵᠡᠷᠭᠡᠯᠡᠳᠡᠭᠡ ᠪᠠᠷ ᠰᠤᠷᠪᠤᠯᠵᠢᠯᠠᠬᠤ᠃ ᠪᠠᠶᠢᠴᠠᠭᠠᠬᠤ ᠠᠵᠢᠯᠲᠠᠨ ᠭᠤᠶᠤᠴᠢᠯᠠᠭᠰᠠᠨ ᠭᠡᠷ ᠪᠦᠯᠢ ᠶᠢᠨ ᠪᠠᠶᠢᠭ᠎ᠠ ᠲᠣᠰᠬᠤᠨ ᠤ ︵ᠰᠠᠭᠤᠭᠠᠯᠢ︶ ᠠᠷᠠᠳ ᠤᠨ ᠵᠥᠪᠯᠡᠯ ᠪᠠ ᠨᠡᠶᠢᠭᠡᠮ ᠲᠣᠭᠤᠷᠢᠭ ᠲᠤ ᠬᠦᠷᠴᠦ᠂ ᠲᠡᠳᠡᠨ ᠤ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠪᠠ ᠪᠣᠳᠠᠲᠠᠢ ᠠᠮᠢᠳᠤᠷᠠᠯ ᠤᠨ ᠪᠠᠶᠢᠳᠠᠯ ᠢ ᠣᠶᠢᠯᠠᠭᠠᠬᠤ ᠪᠠᠷ ᠰᠤᠷᠪᠤᠯᠵᠢᠯᠠᠨ᠎ᠠ᠃        ︵ᠭᠤᠷᠪᠠ︶ ᠵᠠᠬᠢᠳᠠᠯ ᠢᠶᠠᠷ ᠭᠡᠷᠡᠴᠢ ᠠᠪᠬᠤ᠃ ᠪᠠᠶᠢᠴᠠᠭᠠᠬᠤ ᠠᠵᠢᠯᠲᠠᠨ ᠵᠠᠬᠢᠳᠠᠯ ᠵᠡᠷᠭᠡ ᠠᠷᠭ᠎ᠠ ᠮᠠᠶ᠋ᠢᠭ ᠢᠶᠠᠷ ᠬᠤᠯᠪᠣᠭᠳᠠᠯ ᠪᠦᠬᠦᠢ ᠨᠢᠭᠡᠴᠢ ᠪᠠ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠠᠪᠬᠤ ᠬᠡᠷᠡᠭᠲᠡᠢ᠃        ︵ᠳᠥᠷᠪᠡ︶ ᠪᠤᠰᠤᠳ ᠪᠠᠶᠢᠴᠠᠭᠠᠯᠲᠠ ᠶᠢᠨ ᠠᠷᠭ᠎ᠠ ᠬᠡᠯᠪᠡᠷᠢ᠃ ᠬᠦᠨᠳᠦ ᠶᠡᠭᠡ ᠭᠡᠨᠡᠳᠲᠡ ᠶᠢᠨ ᠬᠡᠷᠡᠭ ᠡᠭᠦᠰᠬᠦ ᠦᠶ᠎ᠡ ᠳᠤ᠂ ᠡᠮᠦᠨᠡᠬᠢ ᠪᠠᠳᠠᠭ ᠲᠤ ᠲᠣᠭᠲᠠᠭᠠᠭᠰᠠᠨ ᠡᠷᠦᠭᠡ ᠳᠤ ᠬᠦᠷᠴᠦ ᠪᠠᠶᠢᠴᠠᠭᠠᠬᠤ᠂ ᠬᠥᠷᠰᠢ ᠵᠡᠷᠭᠡᠯᠡᠳᠡᠭᠡ ᠪᠠᠷ ᠰᠤᠷᠪᠤᠯᠵᠢᠯᠠᠬᠤ ᠶᠠᠪᠤᠴᠠ ᠶᠢ ᠳ᠋ᠢᠶᠠᠩᠬᠤᠸᠠ᠂  ᠸᠢᠳᠢᠤ᠋ ᠵᠡᠷᠭᠡ ᠦᠯᠦ ᠬᠦᠷᠦᠯᠴᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠣᠨ᠎ᠠ᠃       ᠡᠷᠦᠬᠡ ᠠᠮᠠ ᠨᠢ ᠭᠤᠶᠤᠴᠢᠯᠠᠭᠰᠠᠨ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠠᠶᠢᠬᠤ ᠦᠭᠡᠢ᠂ ᠭᠤᠶᠤᠴᠢᠯᠠᠭᠰᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠡᠷᠦᠬᠡ ᠠᠮᠠ ᠪᠠᠶᠢᠭ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠨᠠᠶᠢᠳᠠᠵᠤ ᠭᠠᠵᠠᠷ ᠲᠠᠲᠠᠪᠤᠷᠢᠯᠠᠭᠰᠠᠨ᠂ ᠨᠤᠷᠠᠭᠠᠵᠤ ᠨᠡᠭᠦᠯᠭᠡᠭᠰᠡᠨ᠂ ᠠᠷᠠᠳ ᠢ ᠨᠡᠭᠦᠯᠭᠡᠭᠰᠡᠨ ᠨᠥᠬᠦᠪᠦᠷᠢ ᠵᠡᠷᠭᠡ ᠬᠠᠷᠢᠶ᠎ᠠ ᠭᠠᠵᠠᠷ ᠤᠨ ᠣᠯᠭᠤᠭᠰᠠᠨ ᠪᠠᠶᠢᠳᠠᠯ ᠢ ᠬᠠᠷᠭᠤᠭᠤᠯᠤᠨ ᠪᠠᠶᠢᠴᠠᠭᠠᠯᠭᠠᠵᠤ ᠪᠣᠯᠣᠨ᠎ᠠ᠃ ᠬᠢᠶ᠎ᠠ ᠪᠠᠭᠰᠢ ᠲᠣᠭᠤᠷᠢᠭ ᠤᠨ ᠭᠠᠳᠠᠨ᠎ᠠ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠳᠤ᠂ ᠭᠤᠶᠤᠴᠢᠯᠠᠭᠰᠠᠨ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠪᠠᠶᠢᠩᠭᠤ ᠰᠠᠭᠤᠭ᠎ᠠ ᠭᠠᠵᠠᠷ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠨᠠᠶᠢᠳᠠᠵᠤ ᠬᠠᠷᠭᠤᠭᠤᠯᠤᠨ ᠪᠠᠶᠢᠴᠠᠭᠠᠯᠭᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠪᠠᠶᠢᠩᠭᠤ ᠰᠠᠭᠤᠭ᠎ᠠ ᠭᠠᠵᠠᠷ ᠤᠨ ᠠᠷᠠᠳ ᠤᠨ ᠶᠠᠪᠤᠳᠠᠯ ᠤᠨ ᠳᠣᠪᠴᠢᠶᠠᠨ ᠤ ᠬᠠᠷᠢᠭᠤ ᠲᠤᠰᠬᠠᠭᠰᠠᠨ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠲᠠᠢ ᠤᠶᠠᠯᠳᠤᠭᠤᠯᠤᠨ ᠶᠡᠷᠦᠩᠬᠡᠶᠢᠯᠡᠨ ᠮᠠᠭᠠᠳᠯᠠᠨ ᠲᠣᠭᠲᠠᠭᠠᠨ᠎ᠠ᠃       ᠠᠷᠪᠠᠨ ᠭᠤᠷᠪᠠᠳᠤᠭᠠᠷ ᠵᠦᠢᠯ    ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠢᠨᠠᠨ ᠬᠠᠷᠭᠤᠭᠤᠯᠬᠤ ᠳᠤᠷᠠᠳᠤᠯᠭ᠎ᠠ ᠶᠢ ᠣᠯᠣᠭᠰᠠᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ᠂ ᠮᠡᠳᠡᠭᠡ ᠵᠠᠩᠭᠢ ᠶᠢ ᠬᠠᠷᠭᠤᠭᠤᠯᠬᠤ ᠶᠠᠪᠤᠴᠠ ᠶᠢ ᠡᠬᠢᠯᠡᠭᠦᠯᠵᠦ᠂ ᠬᠡᠷᠡᠭᠴᠡᠭᠡ ᠪᠠᠨ ᠦᠨᠳᠦᠰᠦᠯᠡᠨ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠡᠷᠦᠬᠡ ᠠᠮᠠ᠂ ᠭᠠᠶᠢᠯᠢ ᠲᠤᠰᠢᠶᠠᠭᠰᠠᠨ ᠲᠡᠮᠳᠡᠭᠯᠡᠯ᠂ ᠨᠡᠶᠢᠭᠡᠮ ᠤᠨ ᠳᠠᠭᠠᠳᠬᠠᠯ ᠤᠨ ᠲᠤᠰᠢᠶᠠᠯᠲᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯᠲᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠯᠲᠠ᠂ ᠲᠡᠷᠭᠡ ᠣᠩᠭᠤᠴᠠ ᠶᠢᠨ ᠳᠠᠩᠰᠠᠯᠠᠯᠲᠠ ᠵᠢᠴᠢ ᠪᠠᠩᠬᠢ ᠶᠢᠨ ᠬᠠᠳᠠᠭᠠᠯᠠᠮᠵᠢ᠂ ᠬᠤᠳᠠᠯᠳᠤᠭᠠᠨ ᠤ ᠳᠠᠭᠠᠳᠬᠠᠯ᠂ ᠦᠨᠡᠲᠦ ᠲᠡᠮᠳᠡᠭᠲᠦ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠵᠡᠷᠭᠡ ᠶᠢᠨ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠯᠠᠪᠯᠠᠨ᠎ᠠ᠃        ᠠᠷᠪᠠᠨ ᠳᠥᠷᠪᠡᠳᠦᠭᠡᠷ ᠵᠦᠢᠯ    ᠭᠤᠶᠤᠴᠢᠯᠠᠭᠴᠢ ᠪᠤᠶᠤ ᠭᠡᠷ ᠪᠦᠯᠢ ᠶᠢᠨ ᠪᠦᠷᠢᠯᠳᠦᠭᠦᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠠᠮᠢᠳᠤᠷᠠᠯ  ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ  ᠮᠠᠭᠠᠳᠯᠠᠨ ᠳᠣᠭᠳᠠᠭᠠᠬᠤ ᠦᠭᠡᠢ᠄      ︵ᠨᠢᠭᠡ︶ ᠵᠠᠰᠠᠭ ᠤᠨ ᠣᠷᠳᠣᠨ ᠤ ᠲᠣᠳᠣᠷᠬᠠᠢ ᠵᠠᠷᠯᠢᠭ ᠢᠶᠠᠷ ᠴᠠᠭᠠᠵᠠᠯᠠᠭᠰᠠᠨ ᠬᠠᠤᠯᠢ ᠪᠤᠰᠤ ᠵᠣᠬᠢᠶᠠᠨ ᠪᠠᠶᠢᠭᠤᠯᠤᠯᠲᠠ ᠪᠤᠶᠤ ᠬᠠᠤᠯᠢ ᠪᠤᠰᠤ ᠠᠵᠢᠯᠯᠠᠭ᠎ᠠ ᠳᠤ ᠣᠷᠤᠯᠴᠠᠬᠤ︔ ᠬᠡᠷᠡᠭᠦᠯ ᠵᠣᠳᠣᠭᠠᠨ ᠬᠢᠬᠦ᠂ ᠵᠠᠮ ᠬᠠᠷᠢᠯᠴᠠᠭᠠᠨ ᠤ ᠬᠡᠷᠡᠭ ᠭᠠᠷᠭᠠᠬᠤ᠂ ᠠᠷᠢᠬᠢ ᠤᠤᠭᠤᠵᠤ ᠲᠡᠷᠭᠡ ᠵᠢᠯᠤᠭᠤᠳᠬᠤ᠂ ᠰᠣᠭᠳᠣᠳᠠᠯ᠎ᠠ ᠠᠷᠢᠬᠢ ᠤᠤᠭᠤᠬᠤ᠂ ᠵᠣᠭᠤᠰ ᠨᠠᠭᠠᠳᠬᠤ᠂ ᠶᠠᠩᠬᠠᠨ ᠳᠤ ᠣᠷᠣᠬᠤ᠂ ᠬᠤᠣᠷ ᠲᠠᠲᠠᠬᠤ᠂ ᠪᠡᠶ᠎ᠡ ᠪᠠᠨ ᠬᠤᠣᠷᠯᠠᠬᠤ ᠪᠤᠶᠤ ᠥᠪᠡᠷ ᠢ ᠪᠠᠨ ᠵᠡᠮᠳᠡᠭᠯᠡᠬᠦ ᠵᠡᠷᠭᠡ ᠰᠢᠯᠲᠠᠭᠠᠨ ᠠᠴᠠ ᠪᠣᠯᠵᠤ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠪᠤᠯᠤᠭᠰᠠᠨ︔       ︵ᠬᠤᠶᠠᠷ︶ ᠠᠵᠢᠯᠲᠠᠨ  ᠳᠤ ᠬᠠᠮᠵᠢᠯᠴᠠᠬᠤ ᠦᠭᠡᠢ ᠪᠤᠶᠤ ᠡᠷᠬᠡ ᠣᠯᠭᠤᠵᠤ ᠬᠠᠤᠯᠢ ᠶᠣᠰᠣᠭᠠᠷ ᠪᠠᠶᠢᠴᠠᠭᠠᠯᠭᠠᠬᠤ ᠦᠭᠡᠢ᠂ ᠭᠡᠷ ᠪᠦᠯᠢ ᠶᠢᠨ ᠦᠨᠡᠨ ᠪᠣᠳᠠᠲᠠᠢ ᠣᠷᠣᠯᠭ᠎ᠠ ᠶᠢ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠬᠠᠩᠭᠠᠬᠤ ᠦᠭᠡᠢ᠂ ᠬᠤᠳᠠᠯ ᠬᠠᠭᠤᠷᠮᠠᠭ ᠭᠡᠷᠡᠴᠢ ᠭᠠᠷᠭᠠᠵᠤ ᠥᠭᠭᠦᠭᠰᠡᠨ ᠪᠤᠶᠤ ᠠᠮᠢᠳᠤᠷᠠᠯ ᠤᠨ ᠡᠷᠬᠡ ᠠᠰᠢᠭ ᠪᠣᠯᠣᠨ ᠡᠳ᠋ ᠬᠥᠷᠥᠩᠭᠡ ᠪᠠᠨ ᠵᠣᠷᠢᠭᠤᠳᠠ ᠬᠠᠶᠠᠭᠰᠠᠨ᠂ ᠰᠢᠯᠵᠢᠭᠦᠯᠦᠭᠰᠡᠨ︔᡾        ︵ᠭᠤᠷᠪᠠ︶ ᠪᠠᠶᠢᠴᠠᠭᠠᠯᠲᠠ ᠶᠢᠨ ᠬᠤᠭᠤᠴᠠᠭᠠᠨ ᠳᠤ ᠭᠡᠷ ᠪᠦᠯᠢ ᠶᠢᠨ ᠪᠠᠩᠬᠢ ᠶᠢᠨ ᠬᠠᠳᠠᠭᠠᠯᠠᠮᠵᠢ᠂ ᠦᠨᠡᠲᠦ ᠲᠡᠮᠳᠡᠭᠲᠦ᠂ ᠰᠲ᠋ᠣᠺ ᠵᠡᠷᠭᠡ ᠮᠥᠩᠭᠦᠨ ᠭᠦᠢᠯᠭᠡᠭᠡᠨ ᠤ ᠡᠳ᠋ ᠬᠥᠷᠥᠩᠭᠡ ᠪᠤᠶᠤ ᠠᠪᠴᠠᠭᠠᠨ ᠤ ᠡᠷᠬᠡ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 24 ᠳᠠᠬᠢᠨ  ᠠᠴᠠ ᠬᠡᠲᠦᠷᠡᠭᠰᠡᠨ︔        ︵ᠳᠥᠷᠪᠡ︶ ᠭᠡᠷ ᠪᠦᠯᠢ ᠶᠢᠨ ᠪᠦᠷᠢᠯᠳᠦᠭᠦᠨ ᠨᠢ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ᠂ ᠬᠤᠶᠠᠷ ᠠᠴᠠ ᠳᠡᠭᠡᠭᠰᠢ ᠣᠷᠣᠨ ᠰᠠᠭᠤᠴᠠ ᠲᠠᠢ ᠪᠠᠶᠢᠬᠤ         ︵ᠲᠠᠪᠤ︶ ᠭᠡᠷ ᠪᠦᠯᠢ ᠶᠢᠨ ᠪᠦᠷᠢᠯᠳᠦᠭᠦᠨ ᠳᠤ ᠮᠠᠰᠢᠨᠲᠤ ᠲᠡᠷᠭᠡ ︵ᠵᠡᠮᠳᠡᠭᠴᠦᠳ ᠤᠨ ᠴᠢᠳᠠᠮᠵᠢ ᠶᠢᠨ ᠴᠢᠨᠠᠷᠲᠠᠢ ᠨᠥᠬᠦᠪᠦᠷᠢ ᠶᠢᠨ ᠠᠯᠬᠤᠬᠤ ᠶᠢ ᠣᠷᠣᠯᠠᠬᠤ ᠮᠠᠰᠢᠨᠲᠤ ᠲᠡᠷᠭᠡ᠂ ᠡᠩ ᠤᠨ ᠮᠣᠲ᠋ᠣᠷ ᠲᠡᠷᠭᠡ᠂ ᠡᠵᠡᠩᠨᠡᠯᠲᠡ ᠶᠢᠨ ᠪᠤᠰᠤ ᠲᠠᠷᠢᠶᠠᠯᠠᠩ ᠳᠤ ᠬᠡᠷᠡᠭᠯᠡᠬᠦ ᠭᠤᠷᠪᠠ᠂ ᠲᠦᠷᠪᠡᠨ ᠬᠦᠷᠳᠦᠲᠦ ᠲᠡᠷᠭᠡ ᠪᠠᠭᠲᠠᠬᠤ ᠦᠭᠡᠢ︶ ᠲᠠᠢ ᠪᠠᠶᠢᠬᠤ︔        ︵ᠵᠢᠷᠭᠤᠭ᠎ᠠ︶ ᠬᠤᠯᠪᠣᠭᠠᠨ ᠤ ᠰᠠᠷ᠎ᠠ ᠪᠦᠷᠢ ᠶᠢᠨ ᠵᠠᠷᠣᠳᠠᠯ ᠨᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 15% ᠠᠴᠠ ᠬᠡᠲᠦᠷᠡᠭᠰᠡᠨ᡾︔        ︵ᠲᠤᠯᠤᠭ᠎ᠠ︶ ᠠᠮᠢᠳᠤᠷᠠᠯ ᠤᠨ ᠴᠢᠬᠤᠯᠠ ᠬᠡᠷᠡᠭᠴᠡᠭᠡᠨ ᠤ ᠪᠤᠰᠤ ᠪᠤᠰᠤᠳ ᠦᠨᠳᠦᠷ ᠦᠨᠡᠳᠡᠢ ᠬᠡᠷᠡᠭᠯᠡᠭᠡᠨ ᠤ ᠵᠦᠢᠯ ᠲᠠᠢ ᠪᠤᠶᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠪᠤᠰᠤ ᠳᠡᠭᠡᠳᠦ ᠲᠡᠰ ᠤᠨ ᠬᠡᠷᠡᠭᠯᠡᠭᠡᠨ ᠤ ᠲᠡᠮᠳᠡᠭᠯᠡᠯ ᠲᠠᠢ ᠪᠠᠶᠢᠬᠤ︔ ᠣᠯᠠᠨ ᠪᠠᠩᠬᠢ ᠶᠢᠨ ᠢᠲᠡᠭᠡᠮᠵᠢ ᠶᠢᠨ ᠺᠠᠷᠲ ᠢ ᠬᠡᠷᠡᠭᠯᠡᠭᠡ ᠳᠤ ᠬᠡᠷᠡᠭᠯᠡᠵᠦ ᠪᠠᠶᠢᠭ᠎ᠠ︔ ᠪᠠᠩᠬᠢ ᠶᠢᠨ ᠳᠠᠩᠰᠠᠨ ᠡᠷᠦᠬᠡ ᠳᠤ ᠤᠴᠢᠷ ᠰᠢᠯᠲᠠᠭᠠᠨ ᠢ ᠲᠣᠳᠣᠷᠬᠠᠶᠢᠯᠠᠵᠤ ᠴᠢᠳᠠᠬᠤ ᠦᠭᠡᠢ ᠵᠢᠴᠢ ᠪᠠᠷᠢᠮᠲᠠ ᠬᠠᠩᠭᠠᠵᠤ ᠴᠢᠳᠠᠬᠤ ᠦᠭᠡᠢ ᠶᠡᠭᠡ ᠲᠣᠭᠠᠨ ᠤ ᠵᠠᠷᠤᠯᠭ᠎ᠠ ᠪᠤᠶᠤ ᠣᠷᠣᠯᠭ᠎ᠠ ᠲᠠᠢ︔        ︵ᠨᠠᠢᠮᠠ︶ ᠦᠢᠯᠡᠳᠪᠦᠷᠢ ᠬᠤᠳᠠᠯᠳᠤᠭ᠎ᠠ᠂ ᠬᠤᠷᠰᠢᠶ᠎ᠠ ᠳᠤ ᠳᠠᠩᠰᠠᠯᠠᠭᠤᠯᠤᠭᠰᠠᠨ ᠪᠤᠶᠤ ᠦᠢᠯᠡᠳᠪᠦᠷᠢ ᠬᠤᠳᠠᠯᠳᠤᠭ᠎ᠠ ᠪᠤᠶᠤ ᠬᠤᠷᠰᠢᠶ᠎ᠠ ᠳᠤ ᠳᠠᠩᠰᠠᠯᠠᠭᠤᠯᠤᠭᠰᠠᠨ ᠲᠡᠮᠳᠡᠭᠯᠡᠯ ᠦᠭᠡᠢ ᠪᠣᠯᠪᠠᠴᠤ ᠦᠷᠭᠦᠯᠵᠢ ᠬᠥᠯᠥᠰᠦᠨ ᠠᠵᠢᠯᠴᠢᠨ ᠢ ᠬᠡᠷᠡᠭᠯᠡᠨ ᠡᠵᠡᠩᠨᠡᠯᠲᠡ ᠶᠢᠨ ᠠᠵᠢᠯᠯᠠᠭ᠎ᠠ ᠬᠢᠯᠭᠡᠭᠰᠡᠨ︔       ︵ᠶᠢᠰᠦ︶ ᠭᠡᠷ ᠪᠦᠯᠢ ᠶᠢᠨ ᠪᠦᠷᠢᠯᠳᠦᠭᠦᠨ ᠳᠤ ᠥᠨᠳᠥᠷ ᠰᠦᠢᠳᠬᠡᠯ ᠬᠤᠷᠢᠶᠠᠬᠤ ᠰᠤᠷᠭᠠᠭᠤᠯᠢ ᠳᠤ ᠰᠤᠷᠤᠯᠴᠠᠬᠤ ︵ᠴᠡᠴᠡᠷᠯᠢᠭ ᠲᠤ ᠣᠷᠣᠬᠤ᠂ ᠭᠠᠳᠠᠭᠠᠳᠤ ᠳᠤ ᠭᠠᠷᠴᠤ ᠰᠤᠷᠤᠯᠴᠠᠬᠤ ᠪᠠᠭᠲᠠᠨ᠎ᠠ︶᠂ ᠭᠠᠳᠠᠭᠠᠳᠤ ᠳᠤ ᠭᠠᠷᠴᠤ ᠵᠢᠭᠤᠯᠴᠢᠯᠠᠬᠤ ᠵᠡᠷᠭᠡ ᠪᠠᠶᠢᠳᠠᠯ ᠣᠷᠣᠰᠢᠵᠤ ᠪᠠᠶᠢᠬᠤ︔        ︵ᠠᠷᠪᠠ︶ ᠡᠳ᠋ ᠤᠨ ᠵᠠᠰᠠᠭ  ᠠᠴᠠ ᠠᠰᠠᠷᠠᠨ ᠲᠡᠵᠢᠭᠡᠵᠦ ᠪᠠᠶᠢᠭ᠎ᠠ ᠬᠥᠮᠥᠰ᠂ ᠤᠯᠤᠰ ᠤᠨ  ᠥᠮᠴᠢᠯᠡᠯᠳᠦ ᠠᠵᠤ ᠠᠬᠤᠶᠢᠯᠠᠯ ᠤᠨ ᠠᠵᠢᠯ ᠳᠤ ᠪᠠᠶᠢᠭ᠎ᠠ ᠬᠥᠮᠥᠰ᠂ ᠠᠵᠤ ᠠᠬᠤᠶᠢᠯᠠᠯ ᠤᠨ ᠠᠵᠢᠯ  ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ᠂ ᠨᠥᠭᠴᠢᠭᠰᠡᠳ ᠤᠨ ᠭᠡᠷ ᠪᠦᠯᠢ ᠶᠢᠨ ᠬᠥᠮᠥᠰ ᠲᠤ ᠬᠠᠷᠢᠶᠠᠯᠠᠭᠳᠠᠬᠤ ᠮᠥᠷᠲᠡᠭᠡᠨ ᠣᠷᠣᠯᠭ᠎ᠠ ᠨᠢ ᠪᠠᠲᠤᠯᠠᠭ᠎ᠠ ᠶᠢᠨ ᠪᠠᠷᠢᠮᠵᠢᠶ᠎ᠡ ᠠᠴᠠ ᠬᠡᠳᠦᠷᠡᠭᠰᠡᠨ︔        ︵ᠠᠷᠪᠠᠨ ᠨᠢᠭᠡ︶ ᠬᠤᠰᠢᠭᠤ ᠰᠢᠶᠠᠨ ︵ᠬᠤᠲᠠ᠂ ᠲᠣᠭᠤᠷᠢᠭ︶ ᠤ ᠱᠠᠲᠤᠨ ᠠᠴᠠ ᠳᠡᠭᠡᠭᠰᠢᠬᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ᠃         ᠳᠥᠷᠪᠡᠳᠦᠭᠡᠷ ᠪᠦᠯᠦᠭ    ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ  ᠶᠢᠨ ᠣᠷᠣᠯᠭ᠎ᠠ ᠶᠢ ᠪᠤᠳᠤᠬᠤ ᠠᠷᠭ᠎ᠠ        ᠠᠷᠪᠠᠨ ᠲᠠᠪᠤᠳᠤᠭᠠᠷ ᠵᠦᠢᠯ    ᠣᠷᠣᠯᠭ᠎ᠠ ᠶᠢ ᠪᠤᠳᠤᠬᠤ ᠳᠤᠮᠳᠠ ᠬᠡᠷᠡᠭᠯᠡᠭᠰᠡᠨ ᠬᠥᠳᠡᠯᠮᠦᠷᠢ ᠬᠦᠴᠦᠨ ᠤ ᠢᠯᠡᠳᠬᠡᠮᠵᠢ ᠶᠢ ᠨᠠᠰᠤ ᠵᠢᠯ ᠤᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠶᠡᠷᠦᠩᠬᠡᠶᠢᠯᠡᠨ ᠮᠠᠭᠠᠳᠯᠠᠨ ᠲᠣᠭᠲᠠᠭᠠᠨ᠎ᠠ ︵ᠵᠢᠩᠬᠢᠨᠢ ᠠᠩᠭᠢ ᠵᠢᠴᠢ ᠲᠡᠭᠦᠨ ᠠᠴᠠ ᠳᠣᠷᠣᠭᠰᠢᠬᠢ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠣᠷᠣᠯᠭ᠎ᠠ ᠶᠢ ᠪᠤᠳᠤᠬᠤ ᠦᠭᠡᠢ︶ ︵ᠳᠠᠭᠠᠯᠳᠤᠭᠤᠯᠤᠯ ᠬᠦᠰᠦᠨᠦᠭᠲᠦ ᠶᠢ ᠦᠵᠡ︶︔ ᠬᠦᠨᠳᠦ ᠶᠡᠭᠡ ᠡᠪᠡᠳᠴᠢᠨ ᠡᠮᠭᠡᠭ᠂ ᠤᠳᠠᠭᠠᠨ ᠴᠢᠨᠠᠷᠲᠠᠢ ᠡᠪᠡᠳᠴᠢᠨ ᠤ ᠡᠪᠡᠳᠴᠢᠨ ᠤ ᠲᠥᠷᠥᠯ ᠢ ᠤᠯᠤᠰ᠂ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ  ᠮᠠᠭᠠᠳᠯᠠᠨ ᠳᠣᠭᠳᠠᠭᠠᠬᠤ ᠶᠢᠨ ᠬᠠᠮᠲᠤ ᠬᠤᠰᠢᠭᠤ ᠰᠢᠶᠠᠨ ᠤ ᠱᠠᠲᠤ ︵ᠪᠠᠭᠲᠠᠨ᠎ᠠ︶  ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠣᠨᠣᠰᠢᠯᠠᠯᠲᠠ ᠶᠢᠨ ᠭᠡᠷᠡᠴᠢ ᠶᠢ ᠬᠠᠩᠭᠠᠨ᠎ᠠ᠃        ᠠᠷᠪᠠᠨ ᠵᠢᠷᠭᠤᠳᠤᠭᠠᠷ ᠵᠦᠢᠯ    ᠴᠠᠯᠢᠩ ᠤᠨ ᠴᠢᠨᠠᠷᠲᠠᠢ ᠣᠷᠣᠯᠭ᠎ᠠ ᠶᠢ ᠪᠤᠳᠤᠬᠤ ᠠᠷᠭ᠎ᠠ        ︵ᠨᠢᠭᠡ︶ ᠠᠵᠢᠯ ᠳᠤ ᠪᠠᠶᠢᠭ᠎ᠠ ᠬᠥᠮᠥᠰ ᠤᠨ ᠵᠢᠯ ᠤᠨ ᠣᠷᠣᠯᠭ᠎ᠠ ᠶᠢ ᠪᠤᠳᠤᠬᠤ ᠠᠷᠭ᠎ᠠ᠄ ᠪᠣᠳᠠᠲᠠᠢ ᠣᠯᠣᠭᠰᠠᠨ ᠴᠠᠯᠢᠩ ᠤᠨ ᠶᠡᠷᠦᠩᠬᠡᠢ ᠲᠤᠭ᠎ᠠ ᠪᠠᠷ ᠪᠤᠳᠤᠨ᠎ᠠ︔ ᠪᠤᠰᠤᠳ ᠣᠷᠣᠯᠭ᠎ᠠ ᠲᠠᠢ ᠪᠠᠶᠢᠪᠠᠯ᠂ ᠬᠤᠪᠢ ᠬᠥᠮᠥᠨ ᠤ ᠣᠷᠣᠯᠭ᠎ᠠ ᠳᠤᠨᠢ ᠬᠠᠮᠲᠤ ᠳᠤᠨᠢ ᠪᠤᠳᠤᠵᠤ ᠣᠷᠣᠭᠤᠯᠤᠨ᠎ᠠ᠃        ︵ᠬᠤᠶᠠᠷ︶ ᠬᠥᠯᠥᠰᠦᠨ ᠠᠵᠢᠯ ᠬᠢᠭᠰᠡᠳ ᠤᠨ ᠵᠢᠯ ᠤᠨ ᠣᠷᠣᠯᠭ᠎ᠠ ᠶᠢ ᠪᠤᠳᠤᠬᠤ ᠠᠷᠭ᠎ᠠ᠄        ᠬᠥᠯᠥᠰᠦᠨ ᠠᠵᠢᠯ ᠬᠢᠭᠰᠡᠳ ᠴᠠᠯᠢᠩ ᠤᠨ ᠣᠷᠣᠯᠭ᠎ᠠ ᠶᠢᠨ ᠭᠡᠷᠡᠴᠢ ᠬᠠᠩᠭᠠᠵᠤ ᠳᠡᠶᠢᠯᠬᠦ ᠳᠤ ᠬᠦᠷᠪᠡᠯ᠂ ᠴᠠᠯᠢᠩ ᠤᠨ ᠣᠷᠣᠯᠭ᠎ᠠ ᠶᠢᠨ ᠭᠡᠷᠡᠴᠢ ᠪᠠᠷ ᠪᠠᠷᠢᠮᠵᠢᠶ᠎ᠠ ᠪᠣᠯᠭᠠᠨ ᠪᠣᠳᠣᠨ᠎ᠠ᠂ ᠴᠠᠯᠢᠩ ᠤᠨ ᠣᠷᠣᠯᠭ᠎ᠠ ᠶᠢᠨ ᠭᠡᠷᠡᠴᠢ ᠨᠢ ᠬᠢᠶ᠎ᠠ ᠪᠠᠭᠰᠢ ᠲᠣᠭᠤᠷᠢᠭ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠢᠯᠡᠳᠲᠡ ᠳᠣᠣᠷ᠎ᠠ ᠪᠠᠶᠢᠪᠠᠯ᠂ ᠪᠣᠳᠠᠲᠠᠢ ᠬᠥᠳᠡᠯᠮᠦᠷᠢ ᠬᠦᠴᠦᠨ ᠤ ᠢᠯᠡᠳᠬᠡᠮᠵᠢ ᠪᠠᠷ ᠪᠣᠳᠣᠨ᠎ᠠ᠃          ᠬᠥᠯᠥᠰᠦᠨ ᠠᠵᠢᠯ ᠬᠢᠭᠰᠡᠳ ᠴᠠᠯᠢᠩ ᠤᠨ ᠣᠷᠣᠯᠭ᠎ᠠ ᠶᠢᠨ ᠭᠡᠷᠡᠴᠢ ᠶᠢ ᠬᠠᠩᠭᠠᠵᠤ ᠳᠡᠶᠢᠯᠬᠦ ᠦᠭᠡᠢ ᠪᠠᠶᠢᠪᠠᠯ᠂ ᠲᠡᠭᠦᠨ ᠤ ᠬᠤᠪᠢ ᠬᠥᠮᠥᠨ ᠤ ᠵᠢᠯ ᠤᠨ ᠣᠷᠣᠯᠭ᠎ᠠ ᠨᠢ᠄ ᠬᠤᠪᠢ ᠬᠥᠮᠥᠨ ᠤ ᠬᠥᠳᠡᠯᠮᠦᠷᠢ ᠶᠢᠨ ᠬᠦᠴᠦᠨ ᠤ ᠢᠯᠡᠳᠬᠡᠮᠵᠢ ×  ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ× ᠬᠥᠯᠥᠰᠦᠨ ᠠᠵᠢᠯ ᠬᠢᠭᠰᠡᠨ ᠰᠠᠷ᠎ᠠ ᠶᠢᠨ ᠲᠤᠭ᠎ᠠ ᠪᠣᠯᠣᠨ᠎ᠠ᠃        ︵ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠠᠴᠠ ᠨᠡᠶᠢᠳᠡᠯᠡᠭᠰᠡᠨ ᠲᠤᠭ᠎ᠠ ᠪᠠᠷᠢᠮᠳᠠ ᠪᠠᠷ ᠳᠣᠭᠳᠠᠭᠠᠨ᠎ᠠ᠄ ᠬᠤᠪᠢ ᠬᠥᠮᠥᠨ ᠤ ᠬᠥᠳᠡᠯᠮᠦᠷᠢ ᠶᠢᠨ ᠬᠦᠴᠦᠨ ᠤ ᠢᠯᠡᠳᠬᠡᠮᠵᠢ ᠨᠢ ︽1︾ ᠪᠠᠶᠢᠪᠠᠯ᠂ ᠬᠥᠯᠥᠰᠦᠨ ᠠᠵᠢᠯ ᠬᠢᠭᠰᠡᠨ ᠰᠠᠷ᠎ᠠ ᠶᠢᠨ ᠲᠤᠭ᠎ᠠ ᠶᠢ 12 ᠰᠠᠷ᠎ᠠ ᠪᠠᠷ ᠪᠤᠳᠤᠨ᠎ᠠ︔ ᠬᠤᠪᠢ ᠬᠥᠮᠥᠨ ᠤ ᠬᠥᠳᠡᠯᠮᠦᠷᠢ ᠬᠦᠴᠦᠨ ᠤ ᠢᠯᠡᠳᠬᠡᠮᠵᠢ ᠨᠢ ︽1︾ ᠠᠴᠠ ᠪᠠᠭ᠎ᠠ ᠪᠠᠶᠢᠪᠠᠯ᠂ ᠬᠥᠯᠥᠰᠦᠨ ᠠᠵᠢᠯ ᠬᠢᠭᠰᠡᠨ ᠰᠠᠷ᠎ᠠ ᠶᠢᠨ ᠲᠤᠭ᠎ᠠ ᠶᠢ 9 ᠰᠠᠷ᠎ᠠ ᠪᠠᠷ ᠪᠤᠳᠤᠨ᠎ᠠ᠃︶        ︵ᠭᠤᠷᠪᠠ︶ ᠬᠤᠲᠠ ᠪᠠᠯᠭᠠᠰᠤᠨ ᠳᠤ ᠰᠠᠭᠤᠵᠤ ᠠᠵᠢᠯ ᠣᠯᠣᠭᠰᠠᠨ ᠵᠡᠮᠳᠡᠭᠴᠦᠳ ᠤᠨ ᠵᠢᠯ ᠤᠨ ᠣᠷᠣᠯᠭ᠎ᠠ ᠶᠢ ᠪᠤᠳᠤᠬᠤ ᠠᠷᠭ᠎ᠠ᠄        1᠂ ᠬᠠᠷᠠᠭ᠎ᠠ ᠵᠡᠮᠳᠡᠭ ᠬᠥᠮᠥᠰ ᠢᠯᠢᠵᠦ ᠨᠤᠬᠤᠯᠠᠬᠤ ᠠᠵᠢᠯ  ᠬᠢᠭᠰᠡᠨ᠄        ᠬᠤᠪᠢ ᠬᠥᠮᠥᠨ ᠤ ᠵᠢᠯ ᠤᠨ ᠣᠷᠣᠯᠭ᠎ᠠ = ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 6 ᠰᠠᠷ᠎ᠠ︔        2᠂ ᠬᠠᠷᠠᠭ᠎ᠠ ᠵᠡᠮᠳᠡᠭ ᠬᠥᠮᠥᠰ ᠢᠯᠢᠵᠦ ᠨᠤᠬᠤᠯᠠᠬᠤ ᠭᠠᠵᠠᠷ ᠡᠵᠡᠩᠨᠡᠭᠰᠡᠨ᠄        ᠬᠤᠪᠢ ᠬᠥᠮᠥᠨ ᠤ ᠡᠵᠡᠩᠨᠡᠯᠲᠡ ᠶᠢᠨ ᠵᠢᠯ ᠤᠨ ᠣᠷᠣᠯᠭ᠎ᠠ = ᠣᠷᠣ ᠶᠢᠨ ᠲᠤᠭ᠎ᠠ × ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 6 ᠰᠠᠷ᠎ᠠ᠃        3᠂ ᠵᠡᠮᠳᠡᠭ ᠬᠥᠮᠥᠨ ᠪᠤᠰᠤᠳ ᠠᠵᠢᠯ ᠬᠢᠵᠦ ᠪᠠᠶᠢᠬᠤ ᠮᠥᠷᠲᠡᠭᠡᠨ ᠪᠣᠳᠠᠲᠠᠢ ᠣᠷᠣᠯᠭ᠎ᠠ ᠲᠠᠢ ᠪᠠᠶᠢᠪᠠᠯ᠂ ᠪᠣᠳᠠᠲᠠᠢ ᠣᠷᠣᠯᠭ᠎ᠠ ᠪᠠᠷ ᠪᠤᠳᠤᠨ᠎ᠠ︔ ᠬᠤᠪᠢ ᠬᠥᠮᠥᠨ ᠤ ᠣᠷᠣᠯᠭ᠎ᠠ ᠪᠠᠨ ᠦᠨᠡᠨ ᠮᠥᠨ ᠢᠶᠠᠷ ᠨᠢ ᠮᠡᠳᠡᠭᠦᠯᠦᠭᠰᠡᠨ ᠦᠭᠡᠢ ᠪᠠᠶᠢᠪᠠᠯ᠂ ᠲᠤᠰ ᠵᠦᠢᠯ ᠤᠨ ᠬᠤᠶᠠᠳᠤᠭᠠᠷ ᠪᠠᠳᠠᠭ ᠤᠨ ᠪᠤᠳᠤᠬᠤ ᠠᠷᠭ᠎ᠠ ᠪᠠᠷ ᠯᠠᠪᠯᠠᠯᠲᠠ ᠪᠣᠯᠭᠠᠵᠤ ᠣᠷᠣᠯᠭ᠎ᠠ ᠶᠢ ᠬᠢᠨᠠᠨ ᠲᠣᠭᠲᠠᠭᠠᠨ᠎ᠠ᠃        ᠠᠷᠪᠠᠨ ᠳᠣᠯᠣᠳᠤᠭᠠᠷ ᠵᠦᠢᠯ    ᠭᠡᠷ ᠪᠦᠯᠢ ᠶᠢᠨ ᠡᠵᠡᠩᠨᠡᠯᠲᠡ ᠶᠢᠨ ᠵᠢᠯ ᠤᠨ ᠴᠡᠪᠡᠷ ᠣᠷᠣᠯᠭ᠎ᠠ ᠶᠢ ᠪᠣᠳᠣᠬᠤ ᠠᠷᠭ᠎ᠠ         ︵ᠨᠢᠭᠡ︶ ᠲᠠᠷᠢᠮᠠᠯ ᠤᠨ ᠦᠢᠯᠡᠰ ᠤᠨ ᠡᠵᠡᠩᠨᠡᠯᠲᠡ ᠶᠢᠨ ᠵᠢᠯ ᠤᠨ ᠴᠡᠪᠡᠷ ᠣᠷᠣᠯᠭ᠎ᠠ ᠶᠢ ᠪᠤᠳᠤᠬᠤ ᠠᠷᠭ᠎ᠠ᠄        ᠲᠠᠷᠢᠮᠠᠯ ᠤᠨ ᠦᠢᠯᠡᠰ ᠤᠨ ᠡᠵᠡᠩᠨᠡᠯᠲᠡ ᠶᠢᠨ ᠵᠢᠯ ᠤᠨ ᠴᠡᠪᠡᠷ ᠣᠷᠣᠯᠭ᠎ᠠ = ᠬᠤᠪᠢ ᠬᠥᠮᠥᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠤᠰ ᠭᠠᠵᠠᠷ ᠣᠷᠣᠨ ᠤ ᠲᠠᠷᠢᠶᠠᠴᠢᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ × 60% ᠪᠣᠯᠣᠨ᠎ᠠ᠃        ︵ᠬᠢᠶ᠎ᠠ ᠪᠠᠭᠰᠢ ᠲᠣᠭᠤᠷᠢᠭ ᠤᠨ ᠬᠥᠳᠡᠭᠡ ᠲᠣᠰᠬᠤᠨ ᠤ ᠬᠥᠮᠥᠨ ᠠᠮᠠ ᠨᠡᠯᠢᠶᠡᠳ ᠴᠥᠭᠡᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠪᠦᠷᠢᠳᠬᠡᠭᠰᠡᠨ ᠦᠭᠡᠢ ᠠᠴᠠ ᠪᠣᠯᠵᠤ᠂ ᠳᠡᠭᠡᠷᠡᠬᠢ ᠲᠤᠭ᠎ᠠ ᠪᠠᠷᠢᠮᠲᠠ ᠶᠢ ᠣᠷᠳᠣᠰ ᠬᠤᠲᠠ ᠶᠢᠨ ᠳᠡᠭᠡᠷ᠎ᠡ ᠵᠢᠯ ᠤᠨ ᠮᠠᠯᠴᠢᠨ ᠲᠠᠷᠢᠶᠠᠴᠢᠨ ᠤ ᠡᠵᠡᠮᠳᠡᠵᠦ ᠪᠣᠯᠬᠤ ᠣᠷᠣᠯᠭ᠎ᠠ ᠪᠠᠷ ᠪᠤᠳᠤᠨ᠎ᠠ᠂ ᠳᠣᠷᠣᠭᠰᠢ ᠠᠳᠠᠯᠢ᠃︶        ︵ᠬᠤᠶᠠᠷ︶  ᠲᠡᠵᠢᠭᠡᠪᠦᠷᠢ ᠶᠢᠨ ᠦᠢᠯᠡᠰ ᠤᠨ ᠡᠵᠡᠩᠨᠡᠯᠲᠡ ᠶᠢᠨ ᠵᠢᠯ ᠤᠨ ᠴᠡᠪᠡᠷ ᠣᠷᠣᠯᠭ᠎ᠠ ᠶᠢ ᠪᠤᠳᠤᠬᠤ᠄        ᠮᠠᠯ ᠤᠨ ᠰᠢᠢᠳᠪᠦᠷᠢᠯᠡᠯᠳᠡ ᠶᠢᠨ ᠨᠣᠷᠮ᠎ᠠ ᠶᠢ ᠦᠨᠳᠦᠰᠦᠯᠡᠨ᠂ ᠲᠡᠵᠢᠭᠡᠨ ᠦᠷᠡᠵᠢᠭᠦᠯᠬᠦ ᠳᠤᠮᠳᠠᠬᠢ ᠡᠯ᠎ᠡ ᠵᠦᠢᠯ ᠤᠨ ᠣᠷᠣᠭᠤᠯᠤᠯᠲᠠ ᠶᠢ ᠬᠠᠰᠤᠭᠰᠠᠨ ᠤ ᠳᠠᠷᠠᠭ᠎ᠠ᠂ ᠲᠡᠳᠡᠨ ᠤ ᠭᠡᠷ ᠪᠦᠯᠢ ᠶᠢᠨ ᠵᠢᠯ ᠤᠨ ᠣᠷᠣᠯᠭ᠎ᠠ ᠨᠢ᠄ ᠪᠣᠳᠠᠲᠠᠢ ᠲᠡᠵᠢᠭᠡᠨ ᠦᠷᠡᠵᠢᠭᠦᠯᠦᠭᠰᠡᠨ ᠲᠣᠯᠣᠭᠠᠢ ︵  ᠬᠡᠳᠦ︶ × ᠳᠡᠭᠡᠷ᠎ᠡ ᠵᠢᠯ ᠤᠨ ᠲᠣᠯᠣᠭᠠᠢ ᠨᠢᠭᠡᠪᠦᠷᠢ ᠶᠢᠨ ᠴᠡᠪᠡᠷ ᠣᠷᠣᠯᠭ᠎ᠠ ᠪᠣᠯᠣᠨ᠎ᠠ᠃        ᠭᠡᠷ ᠪᠦᠯᠢ ᠶᠢᠨ ᠦᠨᠳᠦᠰᠦᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠦᠬᠡᠷ᠂ ᠮᠣᠷᠢ᠂ ᠯᠠᠭᠤᠰᠠ᠂ ᠡᠯᠵᠢᠭᠡ ᠶᠢ ᠣᠷᠣᠯᠭ᠎ᠠ ᠳᠤᠨᠢ ᠪᠤᠳᠤᠵᠤ ᠣᠷᠣᠭᠤᠯᠬᠤ ᠦᠭᠡᠢ︔ ᠭᠡᠷ ᠪᠦᠯᠢ ᠶᠢᠨ ᠦᠨᠳᠦᠰᠦᠨ ᠠᠮᠢᠳᠤᠷᠠᠯ ᠳᠤ ᠴᠢᠬᠤᠯᠠ ᠬᠡᠷᠡᠭᠴᠡᠭᠡ ᠲᠠᠢ ᠦᠬᠡᠷ᠂ ᠬᠤᠨᠢ᠂ ᠭᠠᠭ᠋ᠠᠢ᠂ ᠲᠠᠬᠢᠶ᠎ᠠ ︵ᠭᠠᠯᠠᠭᠤ︶ ᠶᠢ ᠣᠷᠣᠯᠭ᠎ᠠ  ᠳᠤᠨᠢ ᠪᠤᠳᠤᠵᠤ ᠣᠷᠣᠭᠤᠯᠬᠤ ᠦᠭᠡᠢ᠂ ᠭᠡᠷ ᠪᠦᠯᠢ ᠶᠢᠨ ᠦᠨᠳᠦᠰᠦᠨ ᠦᠢᠯᠡᠳᠪᠦᠷᠢᠯᠡᠯ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠠᠴᠠ ᠭᠠᠳᠠᠨᠠᠬᠢ ᠮᠠᠯ ᠢ ᠭᠡᠷ ᠪᠦᠯᠢ ᠶᠢᠨ ᠣᠷᠣᠯᠭ᠎ᠠ ᠳᠤᠨᠢ ᠪᠤᠳᠤᠵᠤ ᠣᠷᠣᠭᠤᠯᠤᠨ᠎ᠠ᠂ ᠪᠤᠳᠤᠬᠤ ᠪᠠᠷᠢᠮᠵᠢᠶ᠎ᠠ ᠨᠢ᠄ ᠵᠠᠬ᠎ᠠ ᠳᠡᠯᠭᠡᠭᠦᠷ ᠤᠨ ᠡᠵᠡᠩᠨᠡᠯᠲᠡ ᠳᠤ ᠬᠡᠷᠡᠭᠯᠡᠬᠦ ᠦᠬᠡᠷ᠂ ᠮᠣᠷᠢ᠂ ᠯᠠᠭᠤᠰᠠ᠂ ᠡᠯᠵᠢᠭᠡ 1 ᠲᠣᠯᠣᠭᠠᠢ  ᠠᠴᠠ ᠡᠬᠢᠯᠡᠵᠦ ᠪᠤᠳᠤᠨ᠎ᠠ︔ ᠬᠤᠨᠢ 11 ᠲᠣᠯᠣᠭᠠᠢ ᠠᠴᠠ ᠡᠬᠢᠯᠡᠵᠦ᠂ ᠭᠠᠭ᠋ᠠᠢ 2 ᠲᠣᠯᠣᠭᠠᠢ ᠠᠴᠠ ᠡᠬᠢᠯᠡᠵᠦ᠂ ᠲᠠᠬᠢᠶ᠎ᠠ ︵ᠭᠠᠯᠠᠭᠤ︶ 21 ᠠᠴᠠ ᠡᠬᠢᠯᠡᠵᠦ ᠪᠤᠳᠤᠨ᠎ᠠ᠃        ᠵᠢᠭᠠᠰᠤ᠂ ᠰᠠᠮ᠂ ᠨᠠᠢᠮᠠᠯᠵᠢ ᠵᠡᠷᠭᠡ ᠭᠡᠷ ᠪᠦᠯᠢ ᠶᠢᠨ ᠵᠢᠯ ᠤᠨ ᠣᠷᠣᠯᠭ᠎ᠠ ᠨᠢ᠄ ᠪᠣᠳᠠᠲᠠᠢ ᠲᠡᠵᠢᠭᠡᠨ ᠦᠷᠡᠵᠢᠭᠦᠯᠦᠭᠰᠡᠨ ᠮᠦ ᠶᠢᠨ ᠲᠤᠭ᠎ᠠ × ᠳᠡᠭᠡᠷ᠎ᠡ ᠵᠢᠯ ᠤᠨ ᠮᠦ ᠪᠦᠷᠢ ᠶᠢᠨ ᠴᠡᠪᠡᠷ ᠣᠷᠣᠯᠭ᠎ᠠ ᠪᠣᠯᠣᠨ᠎ᠠ᠃        ( ᠭᠤᠷᠪᠠ ) ᠪᠤᠰᠤᠳ ᠡᠵᠡᠩᠨᠡᠯᠲᠡ ᠶᠢᠨ ᠵᠢᠯ ᠤᠨ ᠴᠡᠪᠡᠷ ᠣᠷᠣᠯᠭ᠎ᠠ ᠶᠢ ᠪᠤᠳᠦᠬᠤ  ᠳᠤ ᠬᠦᠴᠦᠨ ᠪᠦᠬᠦᠢ ᠣᠷᠣᠯᠭ᠎ᠠ ᠶᠢᠨ ᠭᠡᠷᠡᠴᠢ ᠪᠠᠨ ᠭᠠᠷᠭᠠᠵᠤ ᠦᠵᠡᠭᠦᠯᠵᠦ ᠴᠢᠳᠠᠪᠠᠯ᠂ ᠭᠡᠷᠡᠴᠢᠯᠡᠭᠰᠡᠨ ᠣᠷᠣᠯᠭ᠎ᠠ ᠪᠠᠷ ᠢᠶᠠᠨ ᠪᠤᠳᠦᠨ᠎ᠡ︔ ᠣᠷᠣᠯᠭ᠎ᠠ ᠶᠢᠨ ᠭᠡᠷᠡᠴᠢ ᠪᠠᠶᠢᠬᠤ ᠦᠭᠡᠢ ᠪᠣᠯᠪᠠᠴᠤ ᠭᠡᠷ᠎ᠡ ᠳᠤ ᠲᠣᠭᠲᠠᠭᠠᠭᠰᠠᠨ ᠪᠤᠶᠤ ᠲᠣᠭᠲᠠᠮᠠᠯ ᠦᠨ᠎ᠡ ᠲᠠᠢ ᠪᠠᠶᠢᠪᠠᠯ᠂ ᠭᠡᠷ᠎ᠡ ᠳᠤ ᠲᠣᠭᠲᠠᠭᠠᠭᠰᠠᠨ ᠪᠤᠶᠤ ᠲᠣᠭᠲᠠᠮᠠᠯ ᠦᠨ᠎ᠡ ᠪᠠᠷ ᠪᠤᠳᠦᠨ᠎ᠡ︔ ᠪᠤᠰᠤᠳ ᠪᠠᠶᠢᠳᠠᠯ ᠢ ᠲᠤᠬᠠᠢ ᠶᠢᠨ ᠭᠠᠵᠠᠷ ᠤᠨ ᠦᠨᠡᠯᠡᠨ ᠵᠢᠱᠢᠬᠦ ᠪᠠᠷᠢᠮᠵᠢᠶ᠎ᠠ ᠪᠠ ᠳᠡᠭᠡᠷ᠎ᠡ ᠳᠤᠷᠠᠳᠤᠭᠰᠠᠨ ᠠᠳᠠᠯᠢᠪᠲᠤᠷ ᠪᠠᠶᠢᠳᠠᠯ ᠢᠶᠠᠷ ᠯᠠᠪᠯᠠᠯᠲᠠ ᠪᠣᠯᠭᠠᠨ ᠪᠤᠳᠤᠵᠤ ᠪᠣᠯᠣᠨ᠎ᠠ᠃        ᠠᠷᠪᠠᠨ ᠨᠠᠢᠮᠠᠳᠤᠭᠠᠷ ᠵᠦᠢᠯ    ᠭᠡᠷ ᠪᠦᠯᠢ ᠶᠢᠨ ᠡᠳ᠋ ᠬᠥᠷᠥᠩᠭᠡ ᠶᠢᠨ ᠴᠡᠪᠡᠷ ᠣᠷᠣᠯᠭ᠎ᠠ ᠶᠢ ᠪᠣᠳᠣᠬᠤ ᠠᠷᠭ᠎ᠠ        ︵ᠨᠢᠭᠡ︶ ᠭᠠᠵᠠᠷ ᠰᠢᠷᠣᠢ᠂ ᠭᠡᠷ ᠪᠠᠶᠢᠰᠢᠩ ᠢ ᠲᠦᠷᠢᠶᠡᠰᠦᠯᠡᠭᠦᠯᠦᠭᠰᠡᠨ᠂ ᠬᠤᠳᠠᠯᠳᠤᠭᠰᠠᠨ᠂ ᠡᠷᠭᠢᠯᠲᠡ ᠳᠤ ᠣᠷᠣᠭᠤᠯᠤᠭᠰᠠᠨ᠂ ᠨᠥᠬᠦᠪᠦᠷᠢ ᠥᠭᠭᠦᠭᠰᠡᠨ ᠂ ᠨᠤᠷᠠᠭᠠᠵᠤ ᠨᠡᠭᠦᠯᠭᠡᠭᠰᠡᠨ᠂ ᠲᠠᠲᠠᠪᠤᠷᠢᠯᠠᠨ ᠬᠡᠷᠡᠭᠯᠡᠭᠰᠡᠨ ᠵᠡᠷᠭᠡ ᠣᠷᠣᠯᠭ᠎ᠠ ᠶᠢ ᠪᠣᠳᠠᠲᠠᠢ ᠲᠤᠭ᠎ᠠ ᠬᠡᠮᠵᠢᠶ᠎ᠡ ᠪᠠᠷ ᠪᠤᠳᠤᠨ᠎ᠠ︔        ︵ᠬᠤᠶᠠᠷ︶ ᠪᠡᠯᠡᠨ ᠵᠣᠭᠤᠰ᠂ ᠪᠠᠩᠬᠢ ᠶᠢᠨ ᠬᠠᠳᠠᠭᠠᠯᠠᠮᠵᠢ ᠶᠢ ᠭᠤᠶᠤᠴᠢᠯᠠᠭᠴᠢ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠭᠦᠨ ᠤ ᠨᠡᠷ᠎ᠡ ᠳᠣᠣᠷᠠᠬᠢ ᠪᠣᠳᠠᠲᠠᠢ ᠵᠣᠭᠤᠰ ᠤᠨ ᠲᠤᠭ᠎ᠠ ᠪᠠᠷ ᠪᠤᠳᠤᠨ᠎ᠠ︔        ︵ᠭᠤᠷᠪᠠ︶ ᠰᠲ᠋ᠣᠺ ᠤᠨ ᠲᠦᠷᠦᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢ ᠰᠲ᠋ᠣᠺ ᠤᠨ ᠵᠠᠬ᠎ᠠ ᠳᠡᠯᠭᠡᠭᠦᠷ ᠤᠨ ᠦᠷᠳᠡᠭ ᠪᠠ ᠡᠳ᠋ ᠬᠥᠷᠥᠩᠭᠡ ᠶᠢᠨ ᠲᠠᠩᠰᠠᠨ ᠡᠷᠦᠭᠡ ᠶᠢᠨ ᠦᠯᠡᠳᠡᠪᠦᠷᠢ ᠲᠤᠭ᠎ᠠ ᠪᠤᠶᠤ ᠴᠡᠪᠡᠷ ᠦᠷᠳᠡᠭ ᠢᠶᠠᠷ ᠪᠤᠳᠤᠨ᠎ᠠ︔        ( ᠳᠥᠷᠪᠡ )  ᠠᠪᠴᠠᠭᠠᠨ ᠤ ᠡᠷᠬᠡ ᠶᠢ ᠪᠣᠳᠠᠲᠠᠢ ᠠᠪᠴᠠᠭᠠᠨ ᠤ ᠡᠷᠬᠡ ᠶᠢᠨ ᠮᠥᠩᠭᠦᠨ ᠤ ᠲᠤᠭ᠎ᠠ ᠪᠠᠷ ᠪᠤᠳᠦᠨ᠎ᠡ︔        ︵ᠲᠠᠪᠤ︶ ᠠᠮᠢᠳᠤᠷᠠᠯ ᠤᠨ ᠴᠢᠬᠤᠯᠠ ᠬᠡᠷᠡᠭᠴᠡᠭᠡᠨ ᠤ ᠪᠤᠰᠤ ᠪᠤᠰᠤᠳ ᠵᠦᠢᠯ ᠤᠨ  ᠦᠨᠳᠦᠷ ᠦᠨᠡᠳᠡᠢ ᠡᠳ᠋ ᠬᠥᠷᠥᠩᠭᠡ ᠶᠢ ᠤᠳᠤ ᠶᠢᠨ ᠦᠷᠳᠡᠭ ᠢᠶᠠᠷ ᠪᠤᠳᠤᠨ᠎ᠠ᠃        ᠠᠷᠪᠠ ᠶᠢᠰᠦᠳᠦᠭᠡᠷ ᠵᠦᠢᠯ   ᠭᠡᠷ ᠪᠦᠯᠢ ᠶᠢᠨ ᠰᠢᠯᠵᠢᠭᠰᠡᠨ ᠴᠡᠪᠡᠷ ᠣᠷᠣᠯᠭ᠎ᠠ ᠶᠢ ᠪᠤᠳᠤᠬᠤ ᠠᠷᠭ᠎ᠠ        ︵ᠨᠢᠭᠡ︶ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠵᠠᠷᠤᠳᠠᠯ ᠢ ᠪᠤᠳᠤᠬᠤ ᠠᠷᠭ᠎ᠠ᠄       1᠂ ᠠᠰᠠᠷᠠᠨ ᠲᠡᠵᠢᠭᠡᠭᠴᠢ ᠨᠢ ᠥᠪᠡᠷ ᠤᠨ ᠣᠷᠣᠯᠭ᠎ᠠ ᠪᠠᠨ ᠦᠨᠡᠨ ᠮᠥᠨ ᠢᠶᠠᠷ ᠨᠢ ᠮᠡᠳᠡᠭᠦᠯᠵᠦ ᠳᠡᠶᠢᠯᠪᠡᠯ᠂ ᠮᠡᠳᠡᠭᠦᠯᠦᠭᠰᠡᠨ ᠣᠷᠣᠯᠭ᠎ᠠ ᠪᠠᠷ ᠨᠢ ᠲᠣᠭᠠᠴᠠᠭ᠎ᠠ ᠬᠢᠨ᠎ᠡ᠂ ᠬᠡᠷᠪᠡ ᠮᠡᠳᠡᠭᠦᠯᠦᠭᠰᠡᠨ ᠣᠷᠣᠯᠭ᠎ᠠ ᠨᠢ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ  ᠠᠴᠠ ᠳᠣᠣᠷ᠎ᠠ ᠪᠥᠭᠡᠳ ᠲᠣᠰ ᠬᠥᠮᠥᠨ ᠨᠢ ᠪᠠᠰᠠ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ ᠬᠠᠩᠭᠠᠵᠤ ᠥᠪᠡᠷ ᠤᠨ ᠮᠡᠳᠡᠭᠦᠯᠦᠭᠰᠡᠨ ᠣᠷᠣᠯᠭ᠎ᠠ ᠶᠢᠨ ᠦᠨᠡᠨ ᠪᠣᠳᠠᠲᠤ ᠴᠢᠨᠠᠷ ᠢᠶᠠᠨ ᠭᠡᠷᠡᠴᠢᠯᠡᠵᠦ ᠳᠡᠶᠢᠯᠬᠦ ᠦᠭᠡᠢ ᠪᠣᠯ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠠᠷ ᠲᠣᠭᠠᠴᠠᠭ᠎ᠠ ᠬᠢᠨ᠎ᠡ︔ ᠬᠠᠤᠯᠢ ᠴᠠᠭᠠᠵᠠ ᠶᠢᠨ ᠬᠦᠴᠦᠨ ᠪᠦᠬᠦᠢ ᠬᠡᠯᠡᠯᠴᠡᠭᠡᠷ᠂ ᠲᠣᠭᠲᠠᠭᠠᠯᠲᠠ ᠪᠤᠶᠤ ᠲᠡᠰᠦᠯᠦᠯᠳᠠ ᠲᠠᠢ ᠪᠠᠶᠢᠪᠠᠯ᠂ ᠬᠡᠯᠡᠯᠴᠡᠭᠡᠷ᠂ ᠲᠣᠭᠲᠠᠭᠠᠯᠲᠠ ᠪᠤᠶᠤ ᠲᠡᠰᠦᠯᠦᠯᠳᠠ ᠶᠢᠨ ᠲᠤᠭ᠎ᠠ ᠬᠡᠮᠵᠢᠶ᠎ᠡ ᠪᠠᠷ ᠪᠤᠳᠦᠨ᠎ᠡ᠃        2᠂ ᠠᠰᠠᠷᠠᠨ ᠲᠡᠵᠢᠭᠡᠭᠴᠢ ᠬᠤᠲᠠ ᠪᠠᠯᠭᠠᠰᠤᠨ ᠳᠤ ᠬᠥᠯᠥᠰᠦᠨ ᠠᠵᠢᠯ ᠬᠢᠭᠰᠡᠨ᠄        ᠲᠣᠭᠲᠠᠪᠤᠷᠢᠲᠠᠢ ᠣᠷᠣᠯᠭ᠎ᠠ ᠦᠭᠡᠢ ᠵᠢᠯ ᠳᠤ ᠥᠭᠬᠦ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠵᠠᠷᠤᠳᠠᠯ᠄ ᠬᠤᠪᠢ ᠬᠥᠮᠥᠨ ᠤ ᠬᠥᠳᠡᠯᠮᠦᠷᠢ ᠬᠦᠴᠦᠨ ᠤ ᠢᠯᠡᠳᠬᠡᠮᠵᠢ ×  ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 9 ᠰᠠᠷ᠎ᠠ × 5% × ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠶᠣᠰᠣᠲᠠᠢ ᠬᠥᠮᠥᠨ ᠤ ᠲᠤᠭ᠎ᠠ︔        ᠲᠣᠭᠲᠠᠪᠤᠷᠢᠲᠠᠢ ᠣᠷᠣᠯᠭ᠎ᠠ ᠲᠠᠢ ᠵᠢᠯ ᠳᠤ ᠥᠭᠬᠦ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠵᠠᠷᠤᠳᠠᠯ᠄ ᠬᠤᠪᠢ ᠬᠥᠮᠥᠨ ᠤ ᠬᠥᠳᠡᠯᠮᠦᠷᠢ ᠬᠦᠴᠦᠨ ᠤ ᠢᠯᠡᠳᠬᠡᠮᠵᠢ × ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 12 ᠰᠠᠷ᠎ᠠ × 6% × ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠶᠣᠰᠣᠲᠠᠢ ᠬᠥᠮᠥᠨ ᠤ ᠲᠤᠭ᠎ᠠ︔        3᠂ ᠠᠰᠠᠷᠠᠨ ᠲᠡᠵᠢᠭᠡᠭᠴᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠳᠤ ᠣᠷᠣᠯᠴᠠᠭᠰᠠᠨ᠄        ᠵᠢᠯ ᠳᠤ ᠥᠭᠬᠦ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠵᠠᠷᠤᠳᠠᠯ ᠄ ᠬᠤᠪᠢ ᠬᠥᠮᠥᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠣᠰ ᠭᠠᠵᠠᠷ ᠣᠷᠣᠨ ᠤ ᠲᠠᠷᠢᠶᠠᠴᠢᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ × 60%× 5% × ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠶᠣᠰᠣᠲᠠᠢ ᠬᠥᠮᠥᠨ ᠤ ᠲᠤᠭ᠎ᠠ︔        4᠂ ᠠᠰᠠᠷᠠᠨ ᠲᠡᠵᠢᠭᠡᠭᠴᠢ ᠲᠡᠵᠢᠭᠡᠨ ᠦᠷᠡᠵᠢᠭᠦᠯᠬᠦ ᠦᠢᠯᠡᠰ ᠤᠨ ᠡᠵᠡᠩᠨᠡᠯᠲᠡ ᠬᠢᠭᠰᠡᠨ᠄        ᠵᠢᠯ ᠳᠤ ᠥᠭᠬᠦ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠵᠠᠷᠤᠳᠠᠯ᠄ ᠭᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠤᠨ ᠲᠦᠷᠦᠭᠦᠸ ᠵᠢᠯ ᠤᠨ ᠴᠡᠪᠡᠷ ᠣᠷᠣᠯᠭ᠎ᠠ ᠶᠢᠨ 5% × ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠶᠣᠰᠣᠲᠠᠢ ᠬᠥᠮᠥᠨ ᠤ ᠲᠤᠭ᠎ᠠ ᠪᠠᠷ ᠠᠰᠠᠷᠠᠨ ᠲᠡᠵᠢᠭᠡᠬᠦ ᠵᠠᠷᠤᠳᠠᠯ ᠥᠭᠭᠦᠨ᠎ᠡ︔        5᠂ ᠠᠰᠠᠷᠠᠨ ᠲᠡᠵᠢᠭᠡᠭᠴᠢ ᠨᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠢᠩᠬᠢᠨᠢ ᠠᠵᠢᠯᠲᠠᠨ ᠠᠵᠢᠯᠴᠢᠨ ᠪᠤᠶᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ  ᠠᠴᠠ ᠪᠠᠨ ᠰᠠᠯᠵᠤ ᠠᠮᠠᠷᠠᠭᠰᠠᠨ ᠪᠠ ᠠᠵᠢᠯ  ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠪᠣᠯᠬᠤ᠄        ᠵᠢᠯ ᠳᠤ ᠥᠭᠬᠦ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠵᠠᠷᠤᠳᠠᠯ᠄ ᠵᠢᠯ ᠤᠨ ᠪᠣᠳᠠᠲᠠᠢ ᠥᠭᠬᠦ ᠴᠠᠯᠢᠩ ᠤᠨ ᠪᠥᠬᠦ ᠲᠤᠭ᠎ᠠ × 8% × ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠶᠣᠰᠣᠲᠠᠢ ᠬᠥᠮᠥᠨ ᠤ ᠲᠤᠭ᠎ᠠ︔        6᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠪᠤᠶᠤ ᠬᠤᠷᠰᠢᠶᠠᠨ ᠤ ᠡᠵᠡᠩᠨᠡᠯᠲᠡ ᠶᠢ ᠡᠷᠬᠢᠯᠡᠭᠰᠡᠨ᠄        ᠬᠥᠳᠡᠭᠡ ᠲᠣᠰᠬᠤᠨ ᠤ ᠵᠢᠯ ᠳᠤ ᠥᠭᠬᠦ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠵᠠᠷᠤᠳᠠᠯ᠄ ᠬᠤᠪᠢ ᠬᠥᠮᠥᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠣᠰ ᠭᠠᠵᠠᠷ ᠣᠷᠣᠨ ᠤ ᠲᠠᠷᠢᠶᠠᠴᠢᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ × 7% × ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠶᠣᠰᠣᠲᠠᠢ ᠬᠥᠮᠥᠨ ᠤ ᠲᠤᠭ᠎ᠠ︔        ᠬᠤᠲᠠ ᠪᠠᠯᠭᠠᠰᠤᠨ ᠤ ᠵᠢᠯ ᠳᠤ ᠥᠭᠬᠦ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠵᠠᠷᠤᠳᠠᠯ᠄ ᠬᠤᠪᠢ ᠬᠥᠮᠥᠨ ᠤ ᠬᠥᠳᠡᠯᠮᠦᠷᠢ ᠬᠦᠴᠦᠨ ᠤ ᠢᠯᠡᠳᠬᠡᠮᠵᠢ ×  ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 12 ᠰᠠᠷ᠎ᠠ × 8% × ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠶᠣᠰᠣᠲᠠᠢ ᠬᠥᠮᠥᠨ ᠤ ᠲᠤᠭ᠎ᠠ︔        7᠂ ᠠᠰᠠᠷᠠᠨ ᠲᠡᠵᠢᠭᠡᠭᠴᠢ ᠣᠯᠠᠨ ᠵᠦᠢᠯ ᠤᠨ ᠠᠵᠢᠯ ᠲᠥᠷᠥᠯ ᠢ ᠡᠷᠭᠢᠯᠡᠬᠦ ᠳᠤ᠂ ᠳᠡᠭᠡᠷ᠎ᠡ ᠳᠤᠷᠠᠳᠤᠭᠰᠠᠨ ᠠᠳᠠᠯᠢᠪᠲᠤᠷ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠣᠷᠣᠯᠭ᠎ᠠ ᠶᠢ ᠨᠡᠶᠢᠯᠡᠭᠦᠯᠦᠨ ᠪᠤᠳᠤᠬᠤ ᠶᠢᠨ ᠬᠠᠮᠲᠤ ᠲᠡᠭᠦᠨ ᠤ ᠥᠭᠬᠦ ᠶᠣᠰᠣᠲᠠᠢ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠵᠠᠷᠤᠳᠠᠯ ᠢ ᠬᠢᠨᠠᠨ ᠲᠣᠭᠲᠠᠭᠠᠨ᠎ᠠ᠃        ︵ᠭᠤᠷᠪᠠ︶ ᠡᠴᠢᠭᠡ ᠡᠬᠡ ᠪᠤᠶᠤ ᠦᠷ᠎ᠡ ᠬᠡᠦᠬᠡᠳ ᠲᠤᠨᠢ ᠳᠣᠣᠷ᠎ᠠ ᠵᠢᠭᠰᠠᠭᠠᠭᠰᠠᠨ ᠪᠠᠶᠢᠳᠠᠯ ᠲᠠᠢ ᠪᠠᠶᠢᠪᠠᠯ ᠲᠡᠭᠦᠨ ᠤ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠵᠠᠷᠤᠳᠠᠯ ᠢ ᠬᠢᠨᠠᠨ ᠲᠣᠭᠲᠠᠭᠠᠬᠤ ᠦᠭᠡᠢ ᠪᠠᠶᠢᠵᠤ ᠪᠣᠯᠣᠨ᠎ᠠ᠄         1᠂ ᠠᠰᠠᠷᠠᠨ ᠲᠡᠵᠢᠭᠡᠬᠦ ︵ᠠᠰᠠᠷᠠᠨ ᠲᠡᠳᠬᠦᠬᠦ︶ ᠬᠥᠮᠥᠨ ᠨᠢ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠳᠡᠭᠡᠳ ᠪᠣᠯᠬᠤ︔         2᠂ ᠡᠴᠢᠭᠡ ᠡᠬᠡ ᠪᠤᠶᠤ ᠦᠷ᠎ᠡ ᠬᠡᠦᠬᠡᠳ ᠲᠠᠢ ᠪᠠᠨ ᠤᠷᠳᠦ ᠬᠤᠭᠤᠴᠠᠭ᠎ᠠ ᠪᠠᠷ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠳᠣᠲᠣᠷ᠎ᠠ ᠣᠳᠣᠬᠠᠨ ᠳᠠᠭᠠᠨ ᠬᠦᠨᠳᠦ ᠶᠡᠭᠡ ᠡᠪᠡᠳᠴᠢᠨ ᠡᠮᠭᠡᠭ ᠲᠠᠢ᠂ ᠬᠦᠨᠳᠦ ᠵᠡᠮᠳᠡᠭ ᠪᠠ ᠭᠤᠷᠪᠠᠳᠤᠭᠠᠷ ᠳᠡᠰ ᠤᠨ ᠣᠶᠣᠨ ᠤ ᠵᠡᠮᠳᠡᠭ᠂ ᠭᠤᠷᠪᠠᠳᠤᠭᠠᠷ ᠳᠡᠰ ᠤᠨ ᠣᠶᠣᠨ ᠣᠬᠠᠭᠠᠨ ᠤ ᠵᠡᠮᠳᠡᠭ ᠪᠠᠶᠢᠬᠤ︔        3᠂ ᠠᠯᠪᠠ ᠬᠠᠭᠠᠵᠤ ᠪᠠᠶᠢᠭ᠎ᠠ ᠠᠯᠪᠠᠨ ᠴᠡᠷᠢᠭ ︵ᠬᠤᠶᠠᠷ ᠵᠢᠯ ᠤᠨ ᠠᠯᠪᠠᠨ ᠵᠢᠷᠤᠮ ᠤᠨ ᠴᠡᠷᠢᠭ ᠢ ᠬᠡᠯᠡᠵᠦ ᠪᠠᠶᠢᠨ᠎ᠠ︶︔       4᠂ ᠡᠴᠢᠭᠡ ᠡᠬᠡ ᠪᠤᠶᠤ ᠦᠷ᠎ᠡ ᠬᠡᠦᠬᠡᠳ ᠨᠢ ᠵᠠᠯᠭᠠᠭ᠎ᠠ ᠪᠠᠷ ᠭᠤᠷᠪᠠᠨ ᠵᠢᠯ ᠠᠴᠠ ᠳᠡᠭᠡᠭᠰᠢ ︵ᠭᠤᠷᠪᠠᠨ ᠵᠢᠯ ᠪᠠᠭᠲᠠᠨ᠎ᠠ︶ ᠭᠡᠷ ᠪᠦᠯᠢ ᠠᠴᠠ ᠪᠠᠨ ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠭᠰᠠᠨ ᠱᠠᠰᠢᠨ ᠰᠤᠷᠲᠠᠬᠤᠨ ᠤ ᠠᠵᠢᠯᠲᠠᠨ ᠪᠠᠶᠢᠬᠤ︔        5᠂ ᠡᠴᠢᠭᠡ ᠡᠬᠡ ᠪᠤᠶᠤ ᠦᠷ᠎ᠡ ᠬᠡᠦᠬᠡᠳ ᠨᠢ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠥᠮᠥᠰ ︵ᠭᠢᠨᠳᠠᠨ ᠤ ᠭᠠᠳᠠᠨ᠎ᠠ ᠡᠮᠨᠡᠭᠦᠯᠬᠦ᠂ ᠭᠢᠨᠳᠠᠨ ᠤ ᠭᠠᠳᠠᠨ᠎ᠠ ᠭᠦᠢᠴᠡᠳᠬᠡᠬᠦ ᠶᠢ ᠪᠠᠭᠲᠠᠭᠠᠨ᠎ᠠ︶᠂ ᠬᠤᠣᠷ ᠳᠠᠳᠠᠬᠤ ᠶᠢ ᠨᠢ ᠠᠯᠪᠠᠳᠠᠯᠭ᠎ᠠ ᠪᠠᠷ ᠵᠣᠭᠰᠣᠭᠠᠯᠭᠠᠭᠰᠠᠨ ᠬᠥᠮᠥᠰ ᠪᠠᠶᠢᠬᠤ︔        6᠂ ᠭᠡᠷ ᠪᠦᠯᠢ ᠳᠤᠨᠢ ᠬᠤᠶᠠᠷ ᠠᠴᠠ ᠳᠡᠭᠡᠭᠰᠢ ᠰᠤᠷᠭᠠᠭᠤᠯᠢ ᠳᠤ ᠰᠤᠷᠤᠯᠴᠠᠵᠤ ᠪᠠᠶᠢᠭ᠎ᠠ ᠣᠶᠤᠲᠠᠨ ᠲᠠᠢ ᠪᠠᠶᠢᠬᠤ︔        7᠂ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠵᠠᠷᠴᠢᠮ ᠪᠠ ᠶᠠᠪᠤᠴᠠ ᠪᠠᠷ ᠮᠠᠭᠠᠳᠯᠠᠨ ᠲᠣᠭᠲᠠᠭᠠᠭᠰᠠᠨ ᠪᠤᠰᠤᠳ ᠬᠥᠮᠥᠰ᠃        ︵ᠭᠤᠷᠪᠠ︶  ᠪᠤᠰᠤᠳ ᠰᠢᠯᠵᠢᠭᠦᠯᠦᠭᠰᠡᠨ ᠴᠡᠪᠡᠷ ᠣᠷᠣᠯᠭ᠎ᠠ ᠶᠢ ᠪᠤᠳᠤᠬᠤ ᠠᠷᠭ᠎ᠠ᠄        1᠂ ︽  ᠪᠦᠷᠢᠨ ᠴᠢᠳᠠᠮᠵᠢᠳᠦ ᠺᠠᠷᠲ︾ ᠢᠶᠠᠷ ᠳᠠᠮᠵᠢᠭᠤᠯᠤᠨ ᠲᠠᠷᠬᠠᠭᠠᠭᠰᠠᠨ ᠲᠠᠷᠢᠶᠠᠯᠠᠩ  ᠳᠤ ᠬᠤᠯᠪᠣᠭᠳᠠᠬᠤ ᠡᠯ᠎ᠡ ᠲᠥᠷᠥᠯ ᠤᠨ ᠲᠤᠰᠠᠯᠠᠮᠵᠢ ᠶᠢᠨ ᠪᠡᠯᠡ ᠮᠥᠩᠭᠦ ᠶᠢ ᠪᠠᠩᠬᠢ ᠶᠢᠨ ᠴᠤᠪᠤᠷᠠᠯ  ᠤᠨ ᠢᠯᠡᠷᠡᠭᠰᠡᠨ ᠲᠤᠭ᠎ᠠ ᠬᠡᠮᠵᠢᠶ᠎ᠡ ᠪᠠᠷ ᠪᠤᠳᠤᠨ᠎ᠠ᠃        2᠂ ᠪᠤᠰᠤᠳ ᠪᠣᠳᠠᠲᠠᠢ ᠲᠤᠭ᠎ᠠ ᠬᠡᠮᠵᠢᠶ᠎ᠡ ᠲᠠᠢ ᠪᠣᠯᠤᠭᠰᠠᠨ ᠭᠡᠷᠡᠴᠢ ᠪᠠᠷᠢᠮᠲᠠ ᠶᠢ ᠰᠢᠯᠵᠢᠭᠦᠯᠦᠭᠰᠡᠨ ᠴᠡᠪᠡᠷ ᠣᠷᠣᠯᠭ᠎ᠠ ᠶᠢ ᠭᠡᠷᠡᠴᠢ ᠪᠠᠷᠢᠮᠲᠠ ᠶᠢᠨ ᠲᠤᠭ᠎ᠠ ᠬᠡᠮᠵᠢᠶ᠎ᠡ ᠪᠠᠷ ᠪᠤᠳᠤᠨ᠎ᠠ᠃ ᠡᠭᠦᠨ ᠳᠤ ᠠᠵᠢᠯ  ᠠᠴᠠ ᠪᠠᠨ ᠰᠠᠯᠵᠤ ᠠᠮᠠᠷᠠᠭᠰᠠᠨ ᠮᠥᠩᠭᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠰᠠᠭᠤᠷᠢ ᠨᠠᠰᠤᠵᠢᠯ ᠤᠨ ᠮᠥᠩᠭᠦ ᠠᠴᠠ ᠭᠠᠳᠠᠨᠠᠬᠢ ᠬᠡᠰᠡᠭ᠂ ᠬᠤᠳᠠᠯᠳᠤᠭᠠᠨ ᠤ ᠳᠠᠭᠠᠳᠬᠠᠯ ᠤᠨ ᠮᠥᠩᠭᠦ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ᠂ ᠳᠠᠭᠠᠳᠬᠠᠯ ᠤᠨ ᠲᠥᠯᠥᠪᠦᠷᠢ ᠨᠡᠬᠡᠬᠦ᠂ ᠨᠥᠭᠴᠢᠭᠰᠡᠳ ᠤᠨ ᠭᠡᠷ ᠪᠦᠯᠢ ᠶᠢᠨ ᠲᠤᠰᠠᠯᠠᠮᠵᠢ ᠶᠢᠨ ᠮᠥᠩᠭᠦ᠂ ᠪᠡᠯᠡᠭᠯᠡᠨ ᠬᠦᠷᠭᠡᠭᠰᠡᠨ ︵ᠪᠡᠯᠡᠭᠯᠡᠭᠰᠡᠨ︶ ᠢ ᠭᠥᠯᠢᠶᠡᠨ ᠠᠪᠤᠭᠰᠠᠨ ᠣᠷᠣᠯᠭ᠎ᠠ᠂ ᠥᠪ ᠬᠥᠷᠥᠩᠭᠡ ᠶᠢ ᠭᠥᠯᠢᠶᠡᠨ ᠠᠪᠤᠭᠰᠠᠨ ᠣᠷᠣᠯᠭ᠎ᠠ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠥᠪᠡᠷ ᠢᠶᠠᠨ ᠠᠵᠢᠯ ᠡᠷᠢᠭᠰᠡᠨ ᠨᠢᠭᠡ ᠤᠳᠠᠭ᠎ᠠ ᠶᠢᠨ ᠴᠢᠨᠠᠷᠲᠠᠢ ᠠᠵᠤ ᠠᠬᠤᠢ ᠶᠢᠨ ᠲᠤᠰᠠᠯᠠᠮᠵᠢ ᠶᠢᠨ ᠮᠥᠩᠭᠦ᠂ ᠭᠡᠷ ᠪᠠᠶᠢᠰᠢᠩ ᠢ ᠨᠤᠷᠠᠭᠠᠵᠤ ᠨᠡᠭᠦᠯᠭᠡᠭᠰᠡᠨ ᠨᠥᠬᠦᠪᠦᠷᠢ ᠮᠥᠩᠭᠦ ᠵᠡᠷᠭᠡ ᠶᠢ ᠣᠷᠣᠯᠭ᠎ᠠ ᠳᠤ ᠪᠤᠳᠤᠵᠤ ᠣᠷᠣᠭᠤᠯᠬᠤ ᠪᠠᠷ  ᠮᠠᠭᠠᠳᠯᠠᠨ ᠳᠣᠭᠳᠠᠭᠠᠭᠰᠠᠨ ᠬᠡᠰᠡᠭ ᠢ ᠪᠠᠭᠲᠠᠭᠠᠨ᠎ᠠ᠃        ᠬᠤᠷᠢᠳᠤᠭᠠᠷ ᠵᠦᠢᠯ    ᠠᠵᠢᠯ ᠣᠯᠭᠤᠯᠲᠠ ᠶᠢᠨ ᠥᠪᠡᠷ ᠤᠨ ᠥᠷᠲᠡᠭ ᠢ ᠬᠢᠨᠠᠨ ᠬᠠᠰᠤᠬᠤ ᠭᠡᠷ ᠪᠦᠯᠢ ᠶᠢᠨ ᠣᠷᠣᠯᠭ᠎ᠠ ᠶᠢ ᠪᠤᠳᠤᠬᠤ ᠠᠷᠭ᠎ᠠ        ︵ᠨᠢᠭᠡ︶ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠨᠢ ᠪᠠᠶᠢᠩᠭᠤ ᠰᠠᠭᠤᠭ᠎ᠠ ᠪᠤᠰᠤ ᠭᠠᠵᠠᠷ ᠲᠤ ᠠᠵᠢᠯ ᠣᠯᠬᠤ ᠶᠢ ᠪᠡᠶᠡᠯᠡᠭᠦᠯᠦᠭᠰᠡᠨ ᠮᠥᠷᠲᠡᠭᠡᠨ ᠰᠠᠷ᠎ᠠ ᠶᠢᠨ ᠣᠷᠣᠯᠭ᠎ᠠ ᠨᠢ ᠠᠵᠢᠯ ᠣᠯᠣᠭᠰᠠᠨ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ  ᠠᠴᠠ 1.5 ᠳᠠᠬᠢᠨ  ᠠᠴᠠ ᠳᠣᠣᠷ᠎ᠠ ᠪᠠᠶᠢᠪᠠᠯ᠂ ᠭᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠳᠡᠭᠡᠨ᠂ ᠪᠣᠳᠠᠲᠠᠢ ᠣᠷᠣᠯᠭ᠎ᠠ ᠶᠢᠨ ᠳᠣᠲᠣᠷ᠎ᠠ  ᠠᠴᠠ ᠴᠢᠬᠤᠯᠠ ᠪᠦᠬᠦᠢ ᠠᠵᠢᠯ ᠣᠯᠭᠤᠯᠲᠠ ᠶᠢᠨ ᠥᠪᠡᠷ ᠤᠨ ᠥᠷᠲᠡᠭ ᠢ ᠬᠢᠨᠠᠨ ᠬᠠᠰᠤᠨ᠎ᠠ᠄         ᠵᠢᠯ ᠤᠨ ᠬᠢᠨᠠᠨ ᠬᠠᠰᠤᠬᠤ ᠵᠣᠭᠤᠰ ᠤᠨ ᠲᠤᠭ᠎ᠠ = ᠠᠵᠢᠯ ᠣᠯᠣᠭᠰᠠᠨ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 30% × ᠠᠵᠢᠯ ᠣᠯᠣᠭᠰᠠᠨ ᠰᠠᠷ᠎ᠠ ᠶᠢᠨ ᠲᠤᠭ᠎ᠠ × ᠠᠵᠢᠯ ᠣᠯᠣᠭᠰᠠᠨ ᠬᠥᠮᠥᠨ ᠤ ᠲᠤᠭ᠎ᠠ᠃        ︵ᠬᠤᠶᠠᠷ︶ ᠠᠵᠢᠯ ᠣᠯᠭᠤᠯᠲᠠ ᠶᠢᠨ ᠥᠪᠡᠷ ᠤᠨ ᠥᠷᠲᠡᠭ ᠢ ᠬᠢᠨᠠᠨ ᠬᠠᠰᠤᠬᠤ ᠪᠠᠷ ᠭᠤᠶᠤᠴᠢᠯᠠᠬᠤ ᠳᠤ᠂ ᠳᠣᠣᠷᠠᠬᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠢ᠄        1᠂ ᠠᠵᠤ ᠠᠬᠤᠶᠢᠯᠠᠯ ᠵᠡᠷᠭᠡ ᠨᠢᠭᠡᠴᠢ ᠳᠤ ᠠᠵᠢᠯᠯᠠᠵᠤ ᠪᠠᠶᠢᠪᠠᠯ᠂ ᠠᠵᠢᠯᠯᠠᠵᠤ ᠪᠠᠶᠢᠭ᠎ᠠ ᠨᠢᠭᠡᠴᠢ ᠶᠢᠨ ᠠᠯᠪᠠᠨ ᠲᠠᠮᠠᠭ᠎ᠠ ᠪᠤᠶᠤ ᠡᠳ᠋ ᠤᠨ ᠶᠠᠪᠤᠳᠠᠯ ᠤᠨ ᠲᠠᠮᠠᠭ᠎ᠠ ᠳᠠᠷᠤᠭᠰᠠᠨ ᠴᠠᠯᠢᠩ ︵ᠣᠷᠣᠯᠭ᠎ᠠ︶ ᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠢ︔        2᠂ ᠭᠡᠷ ᠠᠬᠤᠢ᠂ ᠰᠠᠷ᠎ᠠ ᠳᠤ ᠰᠠᠭᠤᠭᠴᠢ ᠳᠤ ᠦᠢᠯᠡᠴᠢᠯᠡᠬᠦ ᠪᠦᠰᠡᠭᠦᠢ᠂ ᠴᠠᠭ ᠤᠨ ᠠᠵᠢᠯᠴᠢᠨ ᠵᠡᠷᠭᠡ ᠠᠮᠢᠳᠤᠯᠢᠭ ᠢᠶᠠᠷ ᠠᠵᠢᠯ ᠣᠯᠣᠭᠰᠠᠳ᠂ ᠣᠷᠣᠯᠭ᠎ᠠ ᠶᠢᠨ ᠠᠭᠤᠯᠭ᠎ᠠ ᠪᠦᠬᠦᠢ ᠭᠡᠷ᠎ᠡ ︵ᠬᠡᠯᠡᠯᠴᠡᠭᠡᠷ︶ ᠶᠢᠨ ᠤᠭ ᠮᠠᠲ᠋ᠧᠷᠢᠶᠠᠯ ᠢ ᠬᠠᠩᠭᠠᠬᠤ ᠬᠡᠷᠡᠭᠲᠡᠢ᠂ ᠭᠡᠷ᠎ᠡ ︵ᠬᠡᠯᠡᠯᠴᠡᠭᠡᠷ︶ ᠲᠣᠭᠲᠠᠭᠠᠭᠰᠠᠨ ᠦᠭᠡᠢ ᠪᠠ ᠭᠡᠷ᠎ᠡ ︵ᠬᠡᠯᠡᠯᠴᠡᠭᠡᠷ︶ ᠳᠤ ᠣᠷᠣᠯᠭ᠎ᠠ ᠶᠢᠨ ᠠᠭᠤᠯᠭ᠎ᠠ ᠶᠢ ᠲᠣᠳᠣᠷᠬᠠᠶᠢᠯᠠᠭᠰᠠᠨ ᠦᠭᠡᠢ ᠪᠠᠶᠢᠪᠠᠯ᠂ ᠤᠷᠢᠨ ᠬᠡᠷᠡᠭᠯᠡᠭᠰᠡᠨ ᠭᠡᠷ ᠪᠦᠯᠢ ︵ᠪᠠᠶᠢᠭᠤᠯᠤᠮᠵᠢ︶ ᠯᠤᠭ᠎ᠠ ᠣᠷᠣᠯᠭ᠎ᠠ ᠶᠢᠨ ᠭᠡᠷᠡᠴᠢᠯᠡᠬᠦ ᠮᠠᠲ᠋ᠧᠷᠢᠶᠠᠯ ᠢ ᠨᠥᠬᠦᠨ ᠲᠣᠭᠲᠠᠭᠠᠬᠤ ᠶᠢᠨ ᠬᠠᠮᠲᠤ ᠬᠠᠩᠭᠠᠬᠤ ᠬᠡᠷᠡᠭᠲᠡᠢ︔        3᠂ ᠭᠠᠳᠠᠭᠰᠢ ᠭᠠᠷᠴᠤ ᠬᠥᠯᠥᠰᠦᠨ ᠠᠵᠢᠯ ᠬᠢᠭᠰᠡᠳ ᠳᠡᠭᠡᠷᠡᠬᠢ ᠲᠥᠷᠥᠯ ᠵᠦᠢᠯ ᠲᠠᠢ ᠵᠣᠬᠢᠴᠠᠭᠤᠯᠤᠨ ᠵᠣᠬᠢᠴᠠᠩᠭᠤᠢ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠬᠠᠩᠭᠠᠨ᠎ᠠ︔ ᠳᠡᠭᠡᠷᠡᠬᠢ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠵᠤ ᠳᠡᠶᠢᠯᠬᠦ ᠦᠭᠡᠢ ᠪᠠᠶᠢᠪᠠᠯ᠂ ᠠᠵᠢᠯ ᠣᠯᠭᠤᠯᠲᠠ ᠶᠢᠨ ᠥᠪᠡᠷ ᠤᠨ ᠥᠷᠲᠡᠭ ᠢ  ᠬᠢᠨᠠᠨ ᠬᠠᠰᠤᠬᠤ ᠶᠢ ᠬᠦᠷᠲᠡᠵᠦ ᠪᠣᠯᠬᠤ ᠦᠭᠡᠢ᠃        4᠂ ᠵᠡᠮᠳᠡᠭᠴᠦᠳ᠂ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ ᠳᠤ ᠲᠤᠰᠠᠯᠠᠬᠤ ᠴᠢᠨᠠᠷᠲᠠᠢ ᠠᠵᠢᠯ ᠤᠯᠤᠭᠰᠠᠨ ᠬᠥᠳᠡᠯᠮᠦᠷᠢ ᠶᠢᠨ ᠬᠥᠯᠥᠰᠦ ᠣᠯᠭᠤᠮᠵᠢ ᠶᠢ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ ᠠᠴᠠ ᠭᠡᠷᠡᠴᠢᠯᠡᠬᠦ ᠮᠠᠲ᠋ᠧᠷᠢᠶᠠᠯ ᠢ ᠬᠠᠩᠭᠠᠵᠤ ᠳᠡᠶᠢᠯᠪᠡᠯ᠂ ᠭᠡᠷ ᠪᠦᠯᠢ ᠶᠢᠨ ᠣᠷᠣᠯᠭ᠎ᠠ ᠳᠤᠨᠢ ᠪᠤᠳᠤᠵᠤ ᠣᠷᠣᠭᠤᠯᠬᠤ ᠦᠭᠡᠢ᠃         ᠬᠤᠷᠢᠨ ᠨᠢᠭᠡᠳᠦᠭᠡᠷ ᠵᠦᠢᠯ    ᠣᠨᠴᠣᠭᠤᠢ ᠬᠦᠴᠢᠷᠳᠡᠯᠲᠡᠢ ᠭᠡᠷ ᠪᠦᠯᠢ ᠶᠢᠨ ᠣᠷᠣᠯᠭ᠎ᠠ ᠶᠢ ᠬᠢᠨᠠᠨ ᠬᠠᠰᠤᠬᠤ ᠶᠢ ᠪᠤᠳᠤᠬᠤ ᠠᠷᠭ᠎ᠠ        ︵ᠨᠢᠭᠡ︶ ᠭᠡᠷ ᠪᠦᠯᠢ ᠶᠢᠨ ᠪᠦᠷᠢᠯᠳᠦᠭᠦᠨ  ᠳᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠬᠦᠨᠳᠦ ᠡᠪᠡᠳᠴᠢᠨ ᠲᠠᠢ᠂ ᠬᠦᠨᠳᠦ ᠵᠡᠮᠳᠡᠭ ᠪᠤᠶᠤ ᠣᠷᠣ ᠳᠡᠭᠡᠷ᠎ᠡ ᠪᠠᠨ ᠬᠡᠪᠳᠡᠭᠰᠡᠨ ᠲᠠᠮᠪᠠᠷᠠᠭᠰᠠᠨ ᠡᠪᠡᠳᠴᠢᠳᠡᠨ᠂ ᠲᠤᠰᠬᠠᠢ ᠬᠥᠮᠥᠨ ᠢᠶᠠᠷ ᠬᠠᠷᠠᠭᠠᠯᠵᠠᠭᠤᠯᠬᠤ ᠴᠢᠬᠤᠯᠠᠲᠠᠢ ᠣᠨᠴᠠ ᠬᠦᠴᠢᠷᠳᠡᠯᠲᠡᠢ ᠭᠡᠷ ᠪᠦᠯᠢ ᠪᠠᠶᠢᠬᠤ᠄        ᠵᠢᠯ ᠤᠨ ᠣᠷᠣᠯᠭ᠎ᠠ ᠶᠢᠨ ᠬᠢᠨᠠᠨ ᠬᠠᠰᠤᠬᠤ ᠵᠣᠭᠤᠰ ᠤᠨ ᠲᠤᠭ᠎ᠠ= ᠭᠡᠷ ᠪᠦᠯᠢ ᠶᠢᠨ ᠵᠢᠯ ᠤᠨ ᠶᠡᠷᠦᠩᠬᠡᠢ ᠣᠷᠣᠯᠭ᠎ᠠ × 40% × ᠬᠦᠨᠳᠦ ᠡᠪᠡᠳᠴᠢᠲᠡᠨ ᠪᠤᠶᠤ ᠬᠦᠨᠳᠦ ᠵᠡᠮᠳᠡᠭᠴᠦᠳ ᠤᠨ ᠬᠦᠮᠦᠨ ᠤ ᠲᠤᠭ᠎ᠠ ᠲᠠᠢ ᠲᠡᠩᠴᠡᠨ᠎ᠡ᠃        ( ᠬᠤᠶᠠᠷ ) ᠨᠠᠰᠤᠨ ᠳᠤ ᠥᠯᠥ ᠬᠦᠷᠦᠭᠰᠡᠦᠠ ( ᠪᠦᠬᠦᠯᠢ 18 ᠨᠠᠰᠤᠨ ᠠᠴᠠ ᠳᠣᠭᠤᠭᠰᠢ ) ᠲᠠᠢ  ᠬᠠᠨᠢ ᠪᠠᠨ ᠠᠯᠳᠠᠭᠰᠠᠨ ᠥᠷᠥᠭᠡᠰᠦᠨ ᠥᠨᠥᠴᠢᠨ ᠭᠡᠷ ᠪᠦᠯᠢ᠄         ᠵᠢᠯ ᠤᠨ ᠣᠷᠣᠯᠭ᠎ᠠ ᠶᠢᠨ ᠬᠢᠨᠠᠨ ᠬᠠᠰᠤᠬᠤ ᠵᠣᠭᠤᠰ ᠤᠨ ᠲᠤᠭ᠎ᠠ= ᠭᠡᠷ ᠪᠦᠯᠢ ᠶᠢᠨ ᠵᠢᠯ ᠤᠨ ᠪᠥᠬᠦ ᠣᠷᠣᠯᠭ᠎ᠠ × 20% ×  ᠨᠠᠰᠤᠨ ᠳᠤ ᠥᠯᠥ ᠭᠦᠷᠦᠭᠰᠡᠳ ᠤᠨ ᠲᠤᠭ᠎ᠠ ᠪᠣᠯᠣᠨ᠎ᠠ᠃        ︵ᠭᠤᠷᠪᠠ︶ ᠡᠮᠡᠭᠲᠡᠶᠢᠴᠦᠳ ᠬᠦᠬᠦᠬᠦᠯ ᠤᠨ ᠬᠤᠭᠤᠴᠠᠭᠠᠨ ᠳᠠᠬᠢ ᠨᠢᠭᠡ ᠵᠢᠯ ᠤᠨ ᠳᠣᠲᠣᠷ᠎ᠠ ᠬᠤᠪᠢ ᠬᠥᠮᠥᠨ ᠤ ᠣᠷᠣᠯᠭ᠎ᠠ ᠶᠢ ᠪᠤᠳᠤᠬᠤ ᠦᠭᠡᠢ᠂ ᠭᠡᠪᠡᠴᠦ ᠪᠣᠳᠠᠲᠠᠢ ᠲᠣᠭᠲᠠᠮᠠᠯ ᠣᠷᠣᠯᠭ᠎ᠠ ᠲᠠᠢ ᠪᠠᠶᠢᠪᠠᠯ ᠬᠤᠪᠢ ᠬᠥᠮᠥᠨ ᠤ ᠣᠷᠣᠯᠭ᠎ᠠ  ᠳᠤᠨᠢ ᠪᠤᠳᠤᠵᠤ ᠣᠷᠣᠭᠤᠯᠬᠤ ᠬᠡᠷᠡᠭᠲᠡᠢ᠃        ᠬᠤᠷᠢᠨ ᠬᠤᠶᠠᠳᠤᠭᠠᠷ ᠵᠦᠢᠯ    ᠡᠪᠡᠳᠴᠢᠨ  ᠰᠣᠷᠣᠯᠭ᠎ᠠ ᠶᠢᠨ ᠰᠢᠯᠲᠠᠭᠠᠨ ᠠᠴᠠ ᠪᠤᠯᠤᠭᠰᠠᠨ ᠭᠡᠷ ᠪᠦᠯᠢ ᠶᠢᠨ  ᠡᠷᠬᠡᠪᠡᠰᠢ ᠬᠡᠷᠡᠭᠯᠡᠬᠦ ᠵᠠᠷᠤᠯᠭ᠎ᠠ ᠶᠢ ᠬᠢᠨᠠᠨ ᠬᠠᠰᠤᠬᠤ ᠶᠢ ᠪᠤᠳᠤᠬᠤ ᠠᠷᠭ᠎ᠠ        ︵ᠨᠢᠭᠡ︶ ᠭᠡᠷ ᠪᠦᠯᠢ ᠶᠢᠨ ᠪᠦᠷᠢᠯᠳᠦᠭᠦᠨ ᠤ ᠳᠣᠲᠣᠷᠠᠬᠢ ᠬᠦᠨᠳᠦ ᠵᠡᠮᠳᠡᠭ ᠬᠥᠮᠥᠨ ᠡᠮᠨᠡᠭᠦᠯᠦᠭᠰᠡᠨ ᠦᠭᠡᠢ ᠪᠤᠶᠤ ᠡᠮᠴᠢᠯᠡᠭᠡᠨ ᠤ ᠪᠠᠶᠢᠭᠤᠯᠤᠮᠵᠢ ᠶᠢᠨ ᠫᠢᠶᠣᠣ ᠪᠠᠷᠢᠮᠲᠠ ᠦᠭᠡᠢ ᠪᠠᠶᠢᠪᠠᠯ᠂ 5000 ᠲᠥᠭᠦᠷᠢᠭ ᠢᠶᠠᠷ ᠬᠢᠨᠠᠨ ᠬᠠᠰᠤᠵᠤ ᠪᠣᠯᠣᠨ᠎ᠠ︔ ᠬᠦᠨᠳᠦ ᠡᠪᠡᠳᠴᠢᠲᠡᠨ ᠡᠮᠴᠢᠯᠠᠭᠡᠨ ᠤ ᠪᠠᠶᠢᠭᠤᠯᠤᠮᠵᠢ ᠳᠤ ᠲᠠᠩᠰᠠ ᠲᠠᠶᠢᠯᠤᠭᠰᠠᠨ ᠦᠭᠡᠢ ᠪᠠᠶᠢᠪᠠᠯ 50% ᠪᠠᠷ ᠬᠢᠨᠠᠨ ᠬᠠᠰᠤᠵᠤ ᠪᠣᠯᠣᠨ᠎ᠠ᠂ ᠬᠠᠮᠤᠭ ᠤᠨ ᠥᠨᠳᠥᠷ ᠲᠡᠭᠡᠨ 10000 ᠲᠥᠭᠦᠷᠢᠭ ᠢᠶᠠᠷ ᠬᠢᠨᠠᠨ ᠬᠠᠰᠤᠵᠤ ᠪᠣᠯᠣᠨ᠎ᠠ᠂ ᠡᠮᠴᠢᠯᠠᠭᠡᠨ ᠤ ᠳᠠᠭᠠᠳᠬᠠᠯ ᠤᠨ ᠪᠠᠶᠢᠭᠤᠯᠤᠮᠵᠢ ᠪᠠᠷ ᠲᠠᠩᠰᠠ ᠲᠠᠶᠢᠯᠤᠭᠤᠯᠤᠭᠰᠠᠨ ᠪᠠᠶᠢᠪᠠᠯ᠂ ᠥᠪᠡᠷ ᠢᠶᠠᠨ  ᠭᠠᠷᠭᠠᠭᠰᠠᠨ ᠬᠡᠰᠡᠭ  ᠢ ᠨᠢ ᠬᠢᠨᠠᠨ ᠬᠠᠰᠤᠵᠤ ᠪᠣᠯᠣᠨ᠎ᠠ᠂ ᠬᠢᠨᠠᠨ ᠬᠠᠰᠤᠭᠰᠠᠨ ᠵᠠᠷᠤᠳᠠᠯ ᠢ 20000 ᠲᠥᠭᠦᠷᠢᠭ ︵20000 ᠲᠥᠭᠦᠷᠢᠭ ᠪᠠᠭᠲᠠᠨ᠎ᠠ︶ ᠤᠨ ᠳᠣᠲᠣᠷ᠎ᠠ ᠪᠦᠬᠦᠨ ᠢ ᠬᠢᠨᠠᠨ ᠬᠠᠰᠤᠨ᠎ᠠ᠂ ᠡᠭᠦᠨ ᠠᠴᠠ ᠭᠠᠳᠠᠨ᠎ᠠ 30% ᠪᠠᠷ ᠬᠢᠨᠠᠨ ᠬᠠᠰᠤᠨ᠎ᠠ᠂ ᠭᠡᠪᠡᠴᠦ ᠬᠠᠮᠤᠭ ᠤᠨ ᠥᠨᠳᠥᠷ ᠲᠡᠭᠡᠨ ᠬᠢᠨᠠᠨ ᠬᠠᠰᠤᠬᠤ ᠶᠢ 30000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ ᠃ ᠨᠢᠭᠡ ᠭᠡᠷ ᠪᠦᠯᠢ ᠶᠢᠨ ᠣᠯᠠᠨ ᠲᠣᠭᠠᠨ ᠤ ᠬᠦᠨᠳᠦ ᠵᠡᠮᠳᠡᠭ ᠬᠥᠮᠥᠨ ᠪᠤᠶᠤ ᠬᠦᠨᠳᠦ ᠡᠪᠡᠳᠴᠢᠲᠡᠨ ᠢ ᠨᠡᠶᠢᠯᠡᠭᠦᠯᠦᠨ ᠬᠠᠰᠤᠵᠤ ᠪᠣᠯᠣᠨ᠎ᠠ᠃        ︵ᠬᠤᠶᠠᠷ︶ ᠭᠡᠷ ᠪᠦᠯᠢ ᠶᠢᠨ ᠪᠦᠷᠢᠯᠳᠦᠭᠦᠨ  ᠳᠤ ᠤᠳᠠᠭᠠᠨ ᠴᠢᠨᠠᠷᠲᠠᠢ ᠡᠪᠡᠳᠴᠢᠨ ᠣᠯᠵᠤ ᠡᠮᠨᠡᠯᠭᠡ ᠳᠤ ᠰᠠᠭᠤᠭᠰᠠᠨ ᠵᠢᠴᠢ ᠡᠭᠦᠳᠡᠨ ᠡᠮᠨᠡᠯᠭᠡ ᠳᠤ ᠡᠮᠨᠡᠭᠦᠯᠦᠭᠰᠡᠨ ᠵᠠᠷᠤᠳᠠᠯ ᠢ ᠡᠮᠴᠢᠯᠡᠭᠡᠨ ᠤ ᠪᠠᠶᠢᠭᠤᠯᠤᠮᠵᠢ ᠳᠤ ᠲᠠᠩᠰᠠ ᠲᠠᠶᠢᠯᠤᠭᠤᠯᠤᠭᠰᠠᠨ ᠦᠭᠡᠢ ᠪᠠᠶᠢᠪᠠᠯ᠂ 45% ᠪᠠᠷ ᠬᠢᠨᠠᠨ ᠬᠠᠰᠤᠨ᠎ᠠ︔ ᠡᠮᠴᠢᠯᠡᠭᠡᠨ ᠤ ᠪᠠᠶᠢᠭᠤᠯᠤᠮᠵᠢ ᠪᠠᠷ ᠲᠠᠩᠰᠠ ᠲᠠᠶᠢᠯᠤᠭᠤᠯᠤᠭᠰᠠᠨ ᠪᠠᠶᠢᠪᠠᠯ᠂ ᠥᠪᠡᠷ ᠢᠶᠠᠨ  ᠭᠠᠷᠭᠠᠭᠰᠠᠨ ᠬᠡᠰᠡᠭ  ᠢ ᠨᠢ ᠬᠢᠨᠠᠨ ᠬᠠᠰᠤᠵᠤ᠂ ᠬᠢᠨᠠᠨ ᠬᠠᠰᠤᠭᠰᠠᠨ ᠵᠠᠷᠤᠳᠠᠯ ᠢ 6000 ᠲᠥᠭᠦᠷᠢᠭ ︵6000 ᠲᠥᠭᠦᠷᠢᠭ ᠪᠠᠭᠲᠠᠨ᠎ᠠ︶ ᠤᠨ ᠳᠣᠲᠣᠷ᠎ᠠ ᠪᠦᠬᠦᠨ ᠢ ᠬᠢᠨᠠᠨ ᠬᠠᠰᠤᠵᠤ᠂ ᠪᠤᠰᠤᠳ ᠢ ᠨᠢ 30% ᠪᠠᠷ  ᠬᠢᠨᠠᠨ ᠬᠠᠰᠤᠨ᠎ᠠ᠂ ᠭᠡᠬᠦ ᠳᠡᠭᠡᠨ ᠬᠠᠮᠤᠭ ᠤᠨ ᠥᠨᠳᠥᠷ ᠲᠡᠭᠡᠨ 10000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ᠨᠢᠭᠡ ᠭᠡᠷ ᠪᠦᠯᠢ ᠶᠢᠨ ᠣᠯᠠᠨ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠳ ᠢ ᠨᠡᠶᠢᠯᠡᠭᠦᠯᠦᠨ ᠬᠠᠰᠤᠵᠤ ᠪᠣᠯᠣᠨ᠎ᠠ᠃        ︵ᠭᠤᠷᠪᠠ︶ ᠭᠡᠷ ᠪᠦᠯᠢ ᠶᠢᠨ ᠦᠷ᠎ᠡ ᠬᠡᠦᠬᠡᠳ ᠨᠢ ᠰᠤᠷᠬᠤ ᠨᠠᠰᠤᠨ ᠠᠴᠠ ᠡᠮᠦᠨᠡᠬᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠬᠦᠷᠲᠡᠵᠦ᠂ ᠲᠡᠷᠡ ᠮᠥᠷᠲᠡᠭᠡᠨ ᠲᠤᠬᠠᠢ ᠶᠢᠨ ᠵᠢᠯ ᠳᠤ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠭᠥᠷᠳᠡᠭᠰᠡᠨ ᠦᠭᠡᠢ ᠭᠡᠷ ᠪᠦᠯᠢ ᠶᠢᠨ ᠬᠢᠨᠠᠨ ᠬᠠᠰᠤᠬᠤ ᠵᠣᠭᠤᠰ ᠤᠨ ᠲᠤᠭ᠎ᠠ ᠨᠢ᠄ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠳᠤ ᠲᠤᠬᠠᠢ ᠶᠢᠨ ᠵᠢᠯ ᠤᠨ ᠠᠰᠠᠷᠠᠨ ᠬᠥᠮᠥᠵᠢᠭᠦᠯᠬᠦ ᠵᠠᠷᠤᠳᠠᠯ ᠤᠨ ᠫᠢᠶᠣᠣ ᠪᠠᠷᠢᠮᠲᠠ ᠶᠢᠨ ᠵᠣᠭᠤᠰ ᠤᠨ ᠲᠤᠭ᠎ᠠ ᠪᠠᠷ ᠦᠨᠳᠦᠰᠦᠯᠡᠯ ᠪᠣᠯᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠠᠵᠢᠯ ᠮᠡᠷᠭᠡᠵᠢᠯ ᠤᠨ ᠳᠤᠮᠳᠠ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ︶ ᠶᠢᠨ ᠰᠤᠷᠭᠠᠨ ᠬᠥᠮᠦᠵᠢᠯ ᠳᠤ ᠲᠤᠬᠠᠢ ᠶᠢᠨ ᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠤᠨ ᠫᠢᠶᠣᠣ ᠪᠠᠷᠢᠮᠲᠠ ᠶᠢᠨ ᠵᠣᠭᠤᠰ ᠤᠨ ᠲᠤᠭ᠎ᠠ ᠪᠠᠷ ᠦᠨᠳᠦᠰᠦᠯᠡᠯ ᠪᠣᠯᠭᠠᠵᠤ᠂ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ᠨᠢᠭᠡᠪᠦᠷᠢ ᠶᠢᠨ ᠵᠢᠯ ᠤᠨ ᠣᠷᠣᠯᠭ᠎ᠠ ᠶᠢ 3000 ᠲᠥᠭᠦᠷᠢᠭ ᠬᠢᠨᠠᠨ ᠬᠠᠰᠤᠵᠤ᠂ ᠵᠢᠩᠬᠢᠨᠢ ᠠᠩᠭᠢ ᠶᠢᠨ ᠰᠣᠷᠣᠭᠴᠢ ᠨᠢᠭᠡᠪᠦᠷᠢ ᠶᠢᠨ ᠵᠢᠯ ᠤᠨ ᠣᠷᠣᠯᠭ᠎ᠠ ᠶᠢ 4000 ᠲᠥᠭᠦᠷᠢᠭ ᠬᠢᠨᠠᠨ ᠬᠠᠰᠤᠨ᠎ᠠ᠃        ︵ᠳᠥᠷᠪᠡ︶ ᠵᠠᠮ ᠬᠠᠷᠢᠯᠴᠠᠭᠠᠨ ᠤ ᠠᠳᠡᠯ ︵ᠬᠠᠷᠢᠭᠤᠴᠠᠯᠭ᠎ᠠ ᠲᠠᠢ ᠬᠥᠮᠥᠨ ᠪᠠᠶᠢᠬᠤ︶᠂ ᠬᠤᠣᠷ ᠲᠠᠲᠠᠬᠤ᠂ ᠪᠡᠶ᠎ᠡ ᠪᠠᠨ ᠭᠡᠮᠲᠦᠭᠡᠬᠦ᠂ ᠬᠡᠷᠡᠭᠦᠯ ᠵᠣᠳᠣᠭᠠᠨ ᠬᠢᠬᠦ ᠵᠡᠷᠭᠡ ᠪᠠᠶᠢᠳᠠᠯ ᠳᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠲᠣᠭᠲᠠᠭᠠᠯ ᠶᠣᠰᠣᠭᠠᠷ ᠲᠠᠩᠰᠠ ᠲᠠᠶᠢᠯᠬᠤ ᠦᠭᠡᠢ ᠡᠮ ᠡᠮᠨᠡᠯᠭᠡ ᠶᠢᠨ ᠵᠠᠷᠤᠳᠠᠯ ᠢ ᠭᠡᠷ ᠪᠦᠯᠢ ᠶᠢᠨ ᠬᠢᠨᠠᠨ ᠬᠠᠰᠤᠬᠤ ᠬᠡᠪᠴᠢᠶᠡᠨ ᠳᠤ ᠣᠷᠣᠭᠤᠯᠬᠤ ᠦᠭᠡᠢ᠃        ᠬᠤᠷᠢᠳᠤᠭᠠᠷ᠂ ᠬᠤᠷᠢᠨ ᠨᠢᠭᠡᠳᠦᠭᠡᠷ᠂ ᠬᠤᠷᠢᠨ ᠬᠤᠶᠠᠳᠤᠭᠠᠷ ᠵᠦᠢᠯ ᠬᠢᠨᠠᠨ ᠬᠠᠰᠤᠬᠤ ᠪᠠᠷ ᠳᠡᠮᠵᠢᠨ᠂ ᠬᠡᠷᠪᠡ ᠰᠥᠭᠡᠷᠭᠦ ᠲᠤᠭ᠎ᠠ ᠭᠠᠷᠪᠠᠯ᠂ ᠭᠦᠢᠴᠡᠳ ᠲᠣᠭᠠᠨ ᠤ ᠨᠠᠭᠠᠲᠤ ᠵᠠᠬ᠎ᠠ ᠶᠢᠨ ᠪᠠᠲᠤᠯᠠᠭ᠎ᠠ ᠪᠠᠷ ᠪᠠᠲᠤᠯᠠᠭ᠎ᠠ ᠣᠯᠭᠤᠨ᠎ᠠ᠃        ᠲᠠᠪᠤᠳᠤᠭᠠᠷ ᠪᠦᠯᠦᠭ      ᠠᠮᠢᠳᠣᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠵᠢᠴᠢ ᠪᠡᠯᠡ ᠮᠥᠩᠭᠦ ᠣᠯᠭᠤᠬᠤ        ᠬᠤᠷᠢᠨ ᠭᠤᠷᠪᠠᠳᠤᠭᠠᠷ ᠵᠦᠢᠯ    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠵᠤ ᠬᠢᠨᠠᠨ ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ ᠬᠢᠨᠠᠨ ᠬᠠᠷᠭᠤᠭᠤᠯᠵᠤ᠂ ᠨᠥᠬᠦᠴᠡᠯ ᠳᠤ ᠦᠯᠦ ᠨᠡᠶᠢᠴᠡᠬᠦ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠤᠶᠤᠴᠢᠯᠠᠯ ᠢ ᠭᠤᠶᠤᠴᠢᠯᠠᠭᠴᠢ ᠳᠤ ᠴᠠᠭ ᠲᠤᠬᠠᠢ ᠳᠤᠨᠢ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠭᠤᠶᠤᠴᠢᠯᠠᠯ ᠤᠨ ᠮᠠᠲ᠋ᠧᠷᠢᠶᠠᠯ  ᠢ ᠪᠤᠴᠠᠭᠠᠬᠤ ᠬᠡᠷᠡᠭᠲᠡᠢ᠃ ᠭᠤᠶᠤᠴᠢᠯᠠᠭᠴᠢ ᠣᠨᠳᠣᠣ ᠰᠠᠨᠠᠯ ᠲᠠᠢ ᠪᠠᠶᠢᠪᠠᠯ᠂ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠳᠠᠪᠲᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠨᠥᠬᠦᠴᠡᠯ ᠳᠤ ᠨᠡᠶᠢᠴᠡᠬᠦ ᠭᠤᠶᠤᠴᠢᠯᠠᠯ ᠢ ᠭᠤᠶᠤᠴᠢᠯᠠᠭᠴᠢ ᠶᠢᠨ ᠪᠠᠶᠢᠭ᠎ᠠ ᠨᠡᠶᠢᠭᠡᠮ ᠲᠣᠭᠤᠷᠢᠭ ᠲᠤ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠣᠨ᠎ᠠ᠃ᠮᠡᠳᠡᠭᠡ ᠵᠠᠩᠭᠢ ᠶᠢ ᠨᠡᠶᠢᠲᠡᠯᠡᠬᠦ ᠳᠡᠭᠡᠨ ᠬᠤᠪᠢ ᠬᠥᠮᠥᠨ ᠤ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠂ ᠬᠤᠯᠪᠣᠭᠳᠠᠯ ᠦᠭᠡᠢ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ ᠦᠭᠡᠢ᠃     ᠵᠠᠷᠯᠠᠨ ᠨᠡᠶᠢᠲᠡᠯᠡᠬᠦ  ᠳᠤ ᠲᠡᠮᠳᠡᠭᠯᠡᠯ ᠲᠠᠢ ᠪᠠᠶᠢᠵᠤ᠂ ᠭᠤᠣᠯᠳᠠᠭᠤ ᠢᠯᠡᠴᠢᠯᠡᠨ ᠮᠡᠳᠡᠭᠦᠯᠦᠭᠰᠡᠨ ᠠᠭᠤᠯᠭ᠎ᠠ᠂ ᠰᠦᠪᠡᠭᠴᠢ ᠵᠡᠷᠭᠡ ᠪᠠᠶᠢᠳᠠᠯ ᠢ ᠲᠡᠮᠳᠡᠭᠯᠡᠬᠦ ᠶᠢᠨ ᠬᠠᠮᠲᠤ ᠭᠡᠷᠡᠯ ᠵᠢᠷᠤᠭ ᠤᠨ ᠮᠠᠲ᠋ᠧᠷᠢᠶᠠᠯ ᠦᠯᠡᠳᠡᠭᠡᠬᠦ ᠬᠡᠷᠡᠭᠲᠡᠢ᠃ ᠵᠠᠷᠯᠠᠨ ᠨᠡᠶᠢᠲᠡᠯᠡᠬᠦ ᠳᠤ ᠣᠨᠳᠣᠣ ᠰᠠᠨᠠᠯ ᠲᠠᠢ ᠪᠠᠶᠢᠪᠠᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠳᠤ ᠲᠠᠬᠢᠨ ᠪᠠᠶᠢᠴᠠᠭᠠᠯᠲᠠ ᠬᠢᠬᠦ ᠪᠤᠶᠤ ᠠᠷᠠᠳᠴᠢᠯᠠᠯ ᠢᠶᠠᠷ ᠦᠨᠡᠯᠡᠯᠲᠡ ᠬᠢᠬᠦ ᠶᠢ ᠥᠷᠨᠢᠭᠦᠯᠬᠦ ᠬᠡᠷᠡᠭᠲᠡᠢ᠃        ᠬᠤᠷᠢᠨ ᠳᠥᠷᠪᠡᠳᠦᠭᠡᠷ ᠵᠦᠢᠯ    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ  ᠵᠠᠷᠯᠠᠨ ᠨᠡᠶᠢᠳᠡᠯᠡᠭᠰᠡᠨ ᠬᠤᠭᠤᠴᠠᠭ᠎ᠠ ᠨᠢ ᠬᠦᠷᠥᠭᠰᠡᠨ ᠣᠨᠳᠣᠣ ᠰᠠᠨᠠᠯ ᠦᠭᠡᠢ ᠭᠤᠶᠤᠴᠢᠯᠠᠯ ᠢ ᠨᠤᠲᠠᠯᠠᠨ ᠵᠥᠪᠰᠢᠶᠡᠷᠡᠬᠦ ᠶᠢᠨ ᠬᠠᠮᠲᠤ ᠲᠤᠰᠠᠯᠠᠬᠤ ᠵᠣᠭᠤᠰ ᠤᠨ ᠲᠤᠭ᠎ᠠ ᠶᠢ ᠲᠣᠭᠲᠠᠭᠠᠵᠤ᠂ ᠲᠤᠰᠠᠯᠠᠬᠤ ᠲᠠᠩᠰᠠ ᠡᠪᠬᠡᠮᠡᠯ ᠪᠠᠶᠢᠭᠤᠯᠤᠨ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠦᠨᠡᠮᠯᠡᠯ ᠪᠤᠶᠤ ᠵᠥᠪᠰᠢᠶᠡᠷᠡᠭᠰᠡᠨ ᠮᠡᠳᠡᠭᠳᠡᠯ ᠤᠨ ᠪᠢᠴᠢᠭ ᠣᠯᠭᠤᠵᠤ᠂ ᠨᠤᠲᠠᠯᠠᠨ ᠵᠥᠪᠰᠢᠶᠡᠷᠡᠬᠦ ᠲᠣᠭᠲᠠᠭᠠᠯ ᠭᠠᠷᠭᠠᠭᠰᠠᠨ ᠡᠳᠦᠷ  ᠤᠨ ᠲᠠᠷᠠᠭ᠎ᠠ ᠰᠠᠷ᠎ᠠ ᠠᠴᠠ ᠡᠬᠢᠯᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠦᠭᠡᠢ ᠭᠤᠶᠤᠴᠢᠯᠠᠯ ᠢ ᠨᠤᠲᠠᠯᠠᠨ ᠵᠥᠪᠰᠢᠶᠡᠷᠡᠬᠦ ᠦᠭᠡᠢ ᠪᠠᠶᠢᠵᠤ᠂ ᠲᠣᠭᠲᠠᠭᠠᠯ ᠭᠠᠷᠭᠠᠭᠰᠠᠨ 3 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠪᠤᠶᠤ ᠲᠡᠭᠦᠨ ᠤ ᠣᠷᠣᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠬᠤᠯᠪᠣᠭᠳᠠᠯ ᠪᠦᠬᠦᠢ ᠭᠤᠶᠤᠴᠢᠯᠠᠯ ᠤᠨ ᠮᠠᠲ᠋ᠧᠷᠢᠶᠠᠯ ᠢ ᠪᠤᠴᠠᠭᠠᠬᠤ ᠬᠡᠷᠡᠭᠲᠡᠢ᠃        ᠬᠤᠷᠢᠨ ᠲᠠᠪᠤᠳᠤᠭᠠᠷ ᠵᠦᠢᠯ    ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠬᠤ᠂ ᠬᠢᠨᠠᠨ ᠬᠠᠷᠭᠤᠭᠤᠯᠵᠤ ᠨᠤᠲᠠᠯᠠᠬᠤ ᠵᠡᠷᠭᠡ  ᠶᠠᠪᠤᠴᠠ ᠶᠢ ᠳᠠᠮᠵᠢᠭᠰᠠᠨ ᠦᠭᠡᠢ ᠪᠠᠷ ᠶᠠᠮᠠᠷᠪᠠ ᠭᠡᠷ ᠪᠦᠯᠢ ᠪᠤᠶᠤ ᠬᠤᠪᠢ ᠬᠥᠮᠥᠨ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠰᠢᠭᠤᠳ ᠣᠷᠣᠭᠤᠯᠵᠤ ᠪᠣᠯᠬᠤ ᠦᠭᠡᠢ᠃        ᠬᠤᠷᠢᠨ ᠵᠢᠷᠭᠤᠳᠤᠭᠠᠷ ᠵᠦᠢᠯ    ᠴᠠᠭ ᠬᠤᠭᠤᠴᠠᠭ᠎ᠠ ᠶᠢ ᠣᠬᠤᠷ ᠪᠤᠯᠭᠠᠬᠤ᠂  ᠶᠠᠪᠤᠴᠠ ᠶᠢ ᠲᠦᠬᠦᠮᠴᠢᠯᠡᠬᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ ᠶᠣᠰᠣᠭᠠᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 25 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠨᠤᠲᠠᠯᠠᠬᠤ ᠶᠢ ᠪᠡᠶᠡᠯᠡᠭᠦᠯᠵᠦ᠂  ᠤᠨᠴᠠᠭᠠᠢ ᠪᠠᠶᠢᠳᠠᠯ ᠤᠨ ᠳᠣᠣᠷ᠎ᠠ᠂ 37 ᠠᠵᠢᠯᠯᠠᠬᠤ ᠡᠳᠦᠷ ᠬᠦᠷᠲᠡᠯ᠎ᠡ ᠤᠷᠲᠤᠳᠬᠠᠵᠤ ᠪᠣᠯᠣᠨ᠎ᠠ᠃        ᠬᠤᠷᠢᠨ ᠳᠣᠯᠣᠳᠤᠭᠠᠷ ᠵᠦᠢᠯ    ᠨᠤᠲᠠᠯᠠᠭᠰᠠᠨ ᠲᠤᠰᠠᠯᠠᠬᠤ ᠡᠲᠡᠭᠡᠳ ᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠠᠰᠠᠭ ᠤᠨ ᠶᠠᠪᠤᠳᠠᠯ ᠤᠨ ᠵᠠᠷᠯᠠᠨ ᠨᠡᠶᠢᠲᠡᠯᠡᠬᠦ ᠪᠤᠯᠤᠩ᠂ ᠡᠯᠧᠺᠲᠷᠣᠨ ᠳᠡᠯᠭᠡᠴᠡ᠂ ᠫᠤᠷᠲ᠋ᠠᠯ ᠰᠦᠯᠵᠢᠶ᠎ᠡ ᠵᠡᠷᠭᠡ ᠲᠠᠯᠠᠪᠤᠷ ᠭᠠᠵᠠᠷ ᠪᠤᠶᠤ ᠲᠠᠪᠴᠠᠩ ᠳᠤ ᠣᠷᠳᠣ ᠬᠤᠭᠤᠴᠠᠭ᠎ᠠ ᠪᠠᠷ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠠᠭᠤᠯᠭ᠎ᠠ ᠳᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠤᠶᠤᠴᠢᠯᠠᠭᠴᠢ ᠶᠢᠨ ᠣᠪᠣᠭ ᠨᠡᠷ᠎ᠡ᠂ ᠭᠡᠷ ᠪᠦᠯᠢ ᠶᠢᠨ ᠪᠦᠷᠢᠯᠳᠦᠭᠦᠨ ᠤ ᠲᠤᠭ᠎ᠠ ᠬᠡᠮᠵᠢᠶ᠎ᠡ᠂ ᠪᠠᠲᠤᠯᠠᠭ᠎ᠠ ᠶᠢᠨ ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠪᠠᠭᠲᠠᠭᠠᠬᠤ ᠶᠢᠨ ᠬᠠᠮᠲᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠬᠦ ᠬᠡᠷᠡᠭᠲᠡᠢ᠃        ᠬᠤᠷᠢᠨ ᠨᠠᠢᠮᠠᠳᠤᠭᠠᠷ ᠵᠦᠢᠯ    ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠢᠨᠠᠨ ᠬᠠᠷᠭᠤᠭᠤᠯᠵᠤ ᠲᠣᠭᠲᠠᠭᠠᠭᠰᠠᠨ ᠭᠤᠶᠤᠴᠢᠯᠠᠭᠰᠠᠨ ᠭᠡᠷ ᠪᠦᠯᠢ ᠤᠨ ᠬᠥᠮᠥᠨ ᠪᠦᠷᠢ  ᠤᠨ ᠳᠤᠮᠳᠠᠴᠢ ᠣᠷᠣᠯᠭ᠎ᠠ ᠬᠢᠭᠡᠳ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠤᠨ ᠪᠠᠷᠢᠮᠵᠢᠶ᠎ᠠ  ᠶᠢᠨ ᠪᠣᠳᠠᠲᠠᠢ ᠵᠥᠷᠢᠶ᠎ᠡ ᠪᠠᠷ ᠪᠤᠳᠤᠵᠤ ᠪᠣᠯᠣᠨ᠎ᠠ᠃ ᠲᠥᠰᠥᠭᠡᠯᠡᠨ ᠪᠤᠳᠤᠭᠰᠠᠨ ᠢᠶᠠᠷ᠂ ᠵᠥᠷᠢᠶ᠎ᠡ ᠲᠤᠭ᠎ᠠ ᠨᠢ 200 ᠲᠥᠭᠦᠷᠢᠭ ᠲᠤ ᠬᠦᠷᠬᠦ ᠦᠭᠡᠢ ᠪᠠᠶᠢᠪᠠᠯ᠂ ᠬᠥᠮᠥᠨ ᠪᠦᠷᠢ ᠳᠤ ᠰᠠᠷ᠎ᠠ ᠳᠤ 200 ᠲᠥᠭᠦᠷᠢᠭ ᠤᠨ ᠪᠠᠷᠢᠮᠵᠢᠶ᠎ᠠ ᠪᠠᠷ ᠣᠯᠭᠤᠨ᠎ᠠ᠃        ᠣᠷᠣᠯᠭ᠎ᠠ ᠳᠣᠣᠷ᠎ᠠ ᠭᠡᠷ ᠪᠦᠯᠢ ᠶᠢ ᠮᠠᠭᠠᠳᠯᠠᠨ ᠳᠣᠭᠳᠠᠭᠠᠬᠤ ᠨᠥᠬᠦᠴᠡᠯ ᠳᠤ ᠨᠡᠶᠢᠴᠡᠬᠦ ᠲᠤᠰᠠᠭᠠᠷ ᠭᠤᠶᠤᠴᠢᠯᠠᠭᠴᠢ ᠳᠤ᠂ ᠰᠠᠷ᠎ᠠ ᠪᠦᠷᠢ 200 ᠲᠥᠭᠦᠷᠢᠭ ᠤᠨ ᠪᠠᠷᠢᠮᠵᠢᠶ᠎ᠠ ᠪᠠᠷ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠨ᠎ᠠ᠃        ᠬᠤᠷᠢ ᠶᠢᠰᠦᠳᠦᠭᠡᠷ ᠵᠦᠢᠯ      ᠣᠨᠴᠠᠭᠠᠢ ᠬᠦᠴᠢᠷᠳᠡᠯᠲᠡᠢ ᠭᠡᠷ ᠪᠦᠯᠢ ᠶᠢ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠪᠤᠳᠤᠬᠤ ᠠᠷᠭ᠎ᠠ        ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠭᠰᠠᠨ ᠭᠡᠷ ᠪᠦᠯᠢ ᠶᠢᠨ ᠳᠣᠲᠣᠷᠠᠬᠢ ᠬᠦᠨᠳᠦ ᠡᠪᠡᠳᠴᠢᠨ᠂ ᠬᠦᠨᠳᠦ ᠵᠡᠮᠳᠡᠭ᠂ ᠣᠯᠠᠨ ᠵᠦᠢᠯ ᠤᠨ ᠵᠡᠮᠳᠡᠭ ᠳᠠᠪᠬᠤᠴᠠᠭᠰᠠᠨ᠂ ᠨᠢᠭᠡ ᠡᠷᠦᠬᠡ ᠳᠤ ᠣᠯᠠᠨ ᠵᠡᠮᠳᠡᠭ ᠬᠦᠮᠦᠨ ᠲᠠᠢ᠂ 70 ᠪᠦᠬᠦᠯᠢ ᠨᠠᠰᠤ ︵ᠪᠠᠭᠲᠠᠨ᠎ᠠ︶  ᠠᠴᠠ ᠳᠡᠭᠡᠭᠰᠢᠬᠢ ᠨᠠᠰᠤᠲᠠᠶᠢᠴᠤᠳ ᠵᠢᠴᠢ ᠨᠠᠰᠤᠨ ᠳᠤ ᠥᠯᠥ ᠬᠦᠷᠦᠭᠰᠡᠳ ︵18 ᠪᠦᠬᠦᠯᠢ ᠨᠠᠰᠤᠨ ᠠᠴᠠ ᠳᠣᠷᠣᠭᠰᠢ︶ ᠵᠡᠷᠭᠡ ᠤᠨᠴᠠᠭᠠᠢ ᠬᠦᠴᠢᠷᠳᠡᠯᠲᠡᠢ ᠭᠡᠷ ᠪᠦᠯᠢ ᠶᠢᠨ ᠨᠥᠬᠦᠪᠦᠷᠢ ᠶᠢᠨ ᠮᠥᠩᠭᠦ ᠶᠢᠨ ᠲᠤᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃        ︵ᠨᠢᠭᠡ︶ ᠬᠦᠨᠳᠦ ᠡᠪᠡᠳᠴᠢᠲᠡᠨ᠂ ᠬᠦᠨᠳᠦ ᠵᠡᠮᠳᠡᠭ ᠪᠠ ᠣᠯᠠᠨ ᠵᠦᠢᠯ ᠤᠨ ᠵᠡᠮᠳᠡᠭ ᠳᠠᠪᠬᠤᠴᠠᠭᠰᠠᠨ ᠬᠥᠮᠥᠰ ᠲᠤ ᠬᠥᠮᠥᠨ ᠪᠦᠷᠢ ᠰᠠᠷ᠎ᠠ ᠳᠤ 180 ᠲᠥᠭᠦᠷᠢᠭ ᠨᠡᠮᠡᠭᠳᠡᠭᠦᠯᠦᠨ᠎ᠡ᠃        ︵ᠬᠤᠶᠠᠷ︶ ᠪᠦᠬᠦᠯᠢ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ ︵ᠪᠦᠬᠦᠯᠢ 18 ᠨᠠᠰᠤᠨ ᠠᠴᠠ ᠳᠣᠷᠣᠭᠰᠢᠬᠢ︶ ᠲᠤ ᠬᠥᠮᠥᠨ ᠪᠦᠷᠢ ᠰᠠᠷ᠎ᠠ ᠳᠤ 180 ᠲᠥᠭᠦᠷᠢᠭ ᠨᠡᠮᠡᠭᠳᠡᠭᠦᠯᠦᠨ᠎ᠡ᠃        ︵ᠭᠤᠷᠪᠠ︶ ᠨᠢᠭᠡ ᠡᠷᠦᠬᠡ ᠣᠯᠠᠨ ᠵᠡᠮᠳᠡᠭ ᠬᠦᠮᠦᠨ ᠲᠠᠢ ᠭᠡᠷ ᠪᠦᠯᠢ ᠶᠢᠨ ᠳᠣᠲᠣᠷ᠎ᠠ ᠬᠦᠨᠳᠦ ᠵᠡᠮᠳᠡᠭ ᠬᠥᠮᠥᠨ ᠪᠠᠶᠢᠬᠤ ᠮᠥᠷᠲᠡᠭᠡᠨ ᠪᠠᠰᠠ ᠪᠤᠰᠤᠳ ᠵᠡᠮᠳᠡᠭ ᠲᠠᠰ ᠤᠨ ᠬᠥᠮᠥᠨ ᠪᠠᠶᠢᠪᠠᠯ᠂ ᠬᠦᠨᠳᠦ ᠵᠡᠮᠳᠡᠭ ᠬᠥᠮᠥᠨ ᠨᠢᠭᠡᠪᠦᠷᠢ ᠳᠤ ᠰᠠᠷ᠎ᠠ ᠪᠦᠷᠢ 180 ᠲᠥᠭᠦᠷᠢᠭ ᠨᠡᠮᠡᠭᠳᠡᠭᠦᠯᠵᠦ᠂ ᠪᠤᠰᠤᠳ ᠬᠥᠮᠥᠨ ᠨᠢᠭᠡᠪᠦᠷᠢ ᠳᠤ ᠰᠠᠷ᠎ᠠ ᠪᠦᠷᠢ 100 ᠲᠥᠭᠦᠷᠢᠭ ᠨᠡᠮᠡᠭᠳᠡᠭᠦᠯᠦᠨ᠎ᠡ᠃        ᠳᠡᠭᠡᠷᠡᠬᠢ ︵ᠨᠢᠭᠡ︶᠂ ︵ᠬᠤᠶᠠᠷ︶᠂ ︵ᠭᠤᠷᠪᠠ︶ ᠳ᠋ᠤᠭᠠᠷ ᠵᠤᠷᠪᠤᠰ ᠤᠨ ᠪᠠᠶᠢᠳᠠᠯ ᠳᠤ ᠳᠠᠪᠬᠤᠷᠳᠠᠭᠰᠠᠨ ᠪᠠᠶᠢᠪᠠᠯ᠂ ᠨᠡᠶᠢᠯᠡᠭᠦᠯᠦᠨ ᠨᠡᠮᠡᠭᠳᠡᠭᠦᠯᠬᠦ ᠦᠭᠡᠢ ᠃ ᠳᠡᠭᠡᠭᠰᠢᠯᠡᠭᠦᠯᠦᠭᠰᠡᠨ ᠤ ᠳᠠᠷᠠᠭ᠎ᠠ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠣᠰᠣᠭᠠᠷ ᠪᠥᠬᠦ ᠲᠤᠭ᠎ᠠ ᠪᠠᠷ ᠤᠯᠭᠤᠨ᠎ᠠ᠃        ᠭᠤᠴᠢᠳᠤᠭᠠᠷ ᠵᠦᠢᠯ    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠪᠦᠷᠢᠨ ᠴᠢᠳᠠᠮᠵᠢᠳᠦ ᠺᠠᠷᠲ︾ ᠢᠶᠠᠷ ᠳᠠᠮᠵᠢᠭᠤᠯᠤᠨ ᠪᠡᠯᠡ ᠮᠥᠩᠭᠦ ᠲᠠᠷᠬᠠᠭᠠᠬᠤ ᠳᠤ᠂ ᠲᠠᠷᠬᠠᠭᠠᠬᠤ ᠨᠠᠷᠢᠨ ᠲᠠᠩᠰᠠ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ᠎ᠡ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ ᠳᠠᠷᠠᠭ᠎ᠠ ᠰᠠᠷ᠎ᠠ ᠶᠢᠨ ᠨᠠᠷᠢᠨ ᠲᠠᠩᠰᠠ ᠪᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ ᠪᠡᠯᠡ ᠮᠥᠩᠭᠦ ᠠᠪᠬᠤ ᠶᠢᠨ ᠬᠠᠮᠲᠤ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ᠂ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠲᠣᠰ ᠰᠠᠷ᠎ᠠ ᠶᠢᠨ ᠪᠡᠯᠡ ᠮᠥᠩᠭᠦ ᠪᠠᠨ ᠲᠤᠰᠠᠯᠠᠬᠤ ᠡᠲᠡᠭᠡᠳ ᠤᠨ ᠭᠠᠷ ᠲᠤ ᠥᠭᠴᠦ᠂ ᠰᠠᠷ᠎ᠠ ᠪᠦᠷᠢ ᠶᠢᠨ 12 ᠤᠨ ᠡᠳᠦᠷ ᠠᠴᠠ ᠡᠮᠦᠨ᠎ᠡ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠪᠠᠩᠬᠢ ᠶᠢᠨ ᠲᠠᠩᠰᠠ ᠬᠠᠷᠭᠤᠭᠤᠯᠬᠤ ᠬᠠᠭᠤᠳᠠᠰᠤ ᠪᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃        ᠭᠤᠴᠢᠨ ᠨᠢᠭᠡᠳᠦᠭᠡᠷ ᠵᠦᠢᠯ    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠠᠮᠢᠶ᠎ᠠ ᠪᠦᠬᠦᠢ ᠠᠵᠢᠯᠲᠠᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠬᠤ ᠳᠤ ᠬᠡᠷᠡᠭᠯᠡᠬᠦ ᠪᠠᠩᠬᠢ ᠶᠢᠨ ᠬᠠᠳᠠᠭᠠᠯᠠᠮᠵᠢ ᠶᠢᠨ ᠳᠡᠪᠲᠡᠷ ᠪᠤᠶᠤ ᠪᠠᠩᠬᠢ ᠶᠢᠨ ᠺᠠᠷᠲ ᠢ ᠣᠷᠣᠯᠠᠨ ᠬᠠᠳᠠᠭᠠᠯᠠᠵᠤ ᠬᠠᠮᠢᠶᠠᠷᠬᠤ ᠳᠤ ᠬᠥᠷᠪᠡᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠭᠦᠨ  ᠯᠦᠭᠡ ᠪᠢᠴᠢᠭ ᠤᠨ ᠬᠡᠯᠡᠯᠴᠡᠭᠡᠷ ᠲᠣᠭᠲᠠᠬᠤ ᠶᠢᠨ ᠬᠠᠮᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ 
ᠢᠷᠡᠯᠲᠡ᠄ ᠳᠣᠰ ᠰᠦᠯᠵᠢᠶ᠎ᠡ