ᠬᠢᠶ᠎ᠠ ᠪᠠᠭᠰᠢ ᠲᠣᠭᠤᠷᠢᠭ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠣᠨᠴᠠ ᠬᠦᠴᠢᠷᠳᠡᠯᠲᠡᠢ ᠬᠥᠮᠥᠰ ᠢ ᠠᠰᠠᠷᠠᠬᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ︵  ᠭᠤᠷᠪᠠ︶
ᠨᠡᠶᠢᠲᠡᠯᠡᠭᠰᠡᠨ ᠴᠠᠭ᠄
2022/3/18
        ᠠᠷᠪᠠᠨ ᠨᠢᠭᠡᠳᠦᠭᠡᠷ ᠪᠦᠯᠦᠭ     ᠲᠦᠷ ᠴᠠᠭ ᠤᠨ ᠠᠪᠤᠷᠠᠨ ᠲᠤᠰᠠᠯᠠᠯᠲᠠ ᠶᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ        ᠳᠥᠴᠢᠨ ᠳᠣᠯᠣᠳᠤᠭᠠᠷ ᠵᠦᠢᠯ    ᠠᠪᠤᠷᠠᠨ ᠲᠤᠰᠠᠯᠠᠭᠤᠯᠬᠤ ᠡᠲᠡᠭᠡᠳ ᠤᠨ ᠲᠥᠷᠥᠯ ᠵᠦᠢᠯ        ︵ᠨᠢᠭᠡ︶ ᠪᠠᠴᠢᠮ ᠬᠦᠴᠢᠷᠳᠡᠯᠲᠡᠢ ᠬᠡᠯᠪᠡᠷᠢ ᠶᠢᠨ ᠲᠤᠰᠠᠯᠠᠭᠤᠯᠬᠤ ᠡᠲᠡᠭᠡᠳ        1᠂ ᠪᠠᠶᠢᠭᠠᠯᠢ ᠶᠢᠨ ᠭᠠᠮᠰᠢᠭ᠂ ᠭᠠᠯ ᠤᠨ ᠭᠠᠮᠰᠢᠭ᠂ ᠵᠠᠮ ᠬᠠᠷᠢᠯᠴᠠᠭᠠᠨ ᠤ ᠡ᠊ᠨᠳᠡᠯ᠂ ᠤᠰᠤᠨ ᠳᠤ ᠴᠠᠴᠠᠬᠤ ᠵᠢᠴᠢ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠤᠰᠤᠳ ᠰᠠᠨᠠᠭᠠᠨ ᠳᠤ ᠦᠭᠡᠢ ᠡ᠊ᠨᠳᠡᠯ ᠠᠴᠠ ᠪᠣᠯᠵᠤ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ᠂ ᠣᠷᠣᠨ ᠰᠠᠭᠤᠴᠠ ᠬᠦᠨᠳᠦ ᠨᠣᠴᠢᠲᠠᠢ ᠡᠪᠳᠡᠭᠳᠡᠨ ᠰᠦᠢᠳᠦᠭᠡᠳ ᠰᠠᠭᠤᠵᠤ ᠴᠢᠳᠠᠬᠤ ᠦᠭᠡᠢ ᠪᠣᠯᠤᠭᠰᠠᠨ ᠠᠴᠠ ᠦᠨᠳᠦᠰᠦᠨ ᠠᠮᠢᠳᠤᠷᠠᠯ ᠳᠤ ᠲᠦᠷ ᠴᠠᠭ ᠬᠦᠨᠳᠦ ᠨᠣᠴᠢᠲᠠᠢ ᠬᠦᠴᠢᠷᠳᠡᠯ ᠤᠴᠠᠷᠠᠭᠤᠯᠤᠭᠰᠠᠨ᠂ ᠲᠡᠷᠡ ᠳᠠᠷᠤᠢ ᠳᠤᠨᠢ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠᠲᠠᠢ ᠭᠡᠷ ᠪᠦᠯᠢ ᠪᠤᠶᠤ ᠬᠤᠪᠢ ᠬᠥᠮᠥᠨ︔       2᠂ ᠭᠡᠨᠡᠳᠲᠡ ᠡᠭᠦᠰᠦᠭᠰᠡᠨ ᠬᠦᠨᠳᠦ ᠶᠡᠭᠡ ᠡᠪᠡᠳᠴᠢᠨ ( ᠬᠦᠨᠳᠦ ᠴᠢᠨᠠᠷᠲᠠᠢ  ᠤᠶᠤᠨ ᠮᠡᠳᠡᠷᠡᠯ ᠤᠨ ᠡᠪᠡᠳᠴᠢᠨ ᠪᠠᠭᠲᠠᠨ᠎ᠠ )  ᠢ ᠡᠮᠨᠡᠯᠭᠡ ᠳᠤ ᠲᠦᠷᠭᠡᠨ ᠣᠷᠣᠭᠤᠯᠵᠤ ᠲᠦᠷᠭᠡᠨ ᠠᠪᠤᠷᠠᠵᠤ ᠡᠮᠨᠡᠨ ᠵᠠᠰᠠᠬᠤ ᠴᠢᠬᠤᠯᠠ ᠲᠠᠢ ᠠᠴᠠ ᠪᠣᠯᠵᠤ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠢ ᠬᠦᠴᠢᠷᠳᠡᠯ ᠤᠴᠠᠷᠠᠭᠤᠯᠤᠭᠰᠠᠨ᠂ ᠳᠠᠷᠤᠢ ᠲᠦᠷᠭᠡᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠ ᠲᠠᠢ ᠭᠡᠷ ᠪᠦᠯᠢ ᠪᠤᠶᠤ ᠬᠤᠪᠢ ᠬᠥᠮᠥᠨ︔        3᠂ ᠭᠡᠨᠡᠳᠲᠡ ᠶᠢᠨ ᠬᠡᠷᠡᠭ ᠲᠤ ᠤᠴᠠᠷᠠᠭᠰᠠᠨ ᠠᠴᠠ ᠪᠣᠯᠵᠤ᠂ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ᠂ ᠥᠪᠡᠷ ᠢ ᠪᠠᠨ ᠭᠡᠮᠲᠦᠭᠡᠬᠦ ᠪᠤᠶᠤ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠦᠶᠯᠡ ᠠᠵᠢᠯᠯᠠᠭ᠎ᠠ ᠭᠠᠷᠴᠤ ᠮᠡᠳᠡᠬᠦ ᠬᠤᠪᠢ ᠬᠥᠮᠥᠨ︔        4᠂ ᠪᠤᠰᠤᠳ ᠰᠢᠯᠲᠠᠭᠠᠨ ᠠᠴᠠ ᠪᠣᠯᠵᠤ ᠠᠮᠢᠳᠤᠷᠠᠯ ᠨᠢ ᠲᠦᠷ ᠴᠠᠭ ᠬᠦᠴᠢᠷᠳᠡᠯ ᠲᠠᠢ ᠪᠣᠯᠤᠭᠰᠠᠨ ᠭᠡᠷ ᠪᠦᠯᠢ ᠪᠤᠶᠤ ᠬᠤᠪᠢ ᠬᠥᠮᠥᠨ᠃        ︵ᠬᠤᠶᠠᠷ︶ ᠵᠠᠷᠤᠯᠭ᠎ᠠ ᠶᠢᠨ ᠬᠡᠯᠪᠡᠷᠢ ᠶᠢᠨ ᠲᠤᠰᠠᠯᠠᠬᠤ ᠡᠲᠡᠭᠡᠳ        1᠂ ᠭᠡᠷ ᠪᠦᠯᠢ ᠶᠢᠨ ᠪᠦᠷᠢᠯᠳᠦᠭᠦᠨ ᠤ ᠬᠦᠨᠳᠦ ᠣᠨᠴᠠ ᠶᠡᠭᠡ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠡᠳ ᠡᠮᠨᠡᠨ ᠵᠠᠰᠠᠬᠤ ᠴᠢᠬᠤᠯᠠᠲᠠᠢ ᠠᠴᠠ ᠪᠣᠯᠵᠤ᠂ ᠦᠨᠳᠦᠰᠦᠨ ᠠᠮᠢᠳᠤᠷᠠᠯ ᠤᠨ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠢ ᠬᠦᠴᠢᠷᠳᠡᠯ ᠳᠤ ᠤᠴᠠᠷᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠬᠤᠳᠠᠯᠳᠤᠭᠠᠨ ᠤ ᠨᠥᠬᠦᠪᠦᠷᠢ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢ ᠥᠩᠭᠡᠷᠡᠭᠡᠭᠰᠡᠨ ᠤ ᠳᠠᠷᠠᠭ᠎ᠠ᠂ ᠡᠮᠴᠢᠯᠡᠭᠡᠨ ᠤ ᠵᠠᠷᠤᠳᠠᠯ ᠢ ᠨᠡᠯᠢᠶᠡᠳ ᠶᠡᠭᠡ ᠬᠤᠪᠢ ᠪᠠᠷ ᠥᠪᠡᠷ ᠢᠶᠠᠨ ᠲᠤᠰᠢᠶᠠᠭᠰᠠᠨ ᠭᠡᠷ ᠪᠦᠯᠢ᠃        2᠂ ᠦᠷ᠎ᠡ ᠬᠡᠦᠬᠡᠳ ᠨᠢ ᠰᠤᠷᠬᠤ ᠨᠠᠰᠤᠨ ᠠᠴᠠ ᠡᠮᠦᠨᠡᠬᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠭᠥᠷᠳᠡᠭᠰᠡᠨ ᠠᠴᠠ ᠪᠣᠯᠵᠤ ( ᠬᠤᠪᠢ ᠶᠢᠨ ᠵᠠᠷᠤᠳᠠᠯ ᠢᠶᠠᠷ ᠰᠤᠷᠭᠠᠭᠤᠯᠢ ᠰᠣᠩᠭᠤᠭᠰᠠᠨ ᠰᠤᠷᠦᠬᠴᠢ ᠪᠠᠭᠲᠠᠬᠤ ᠦᠭᠡᠢ ) ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠠᠷᠤᠯᠭ᠎ᠠ ᠶᠢ ᠭᠡᠨᠡᠳᠲᠡ ᠨᠡᠮᠡᠭᠳᠡᠵᠦ᠂ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠬᠡᠳᠦᠷᠡᠭᠰᠡᠨ᠂ ᠦᠨᠳᠦᠰᠦᠨ ᠠᠮᠢᠳᠤᠷᠠᠯ ᠨᠢ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠢ ᠬᠦᠴᠢᠷᠳᠡᠯ ᠳᠤ ᠤᠴᠠᠷᠠᠭᠰᠠᠨ ᠭᠡᠷ ᠪᠦᠯᠢ         3᠂ ᠭᠡᠷ ᠪᠦᠯᠢ ᠶᠢᠨ ᠳᠣᠲᠣᠷᠠᠬᠢ ᠬᠦᠨᠳᠦ ᠵᠡᠮᠳᠡᠭ᠂ ᠣᠶᠤᠨ ᠤ ᠭᠤᠷᠪᠠᠳᠤᠭᠠᠷ ᠳᠡᠰ᠂ ᠣᠶᠤᠨ ᠮᠡᠳᠡᠷᠡᠯ ᠤᠨ ᠭᠤᠷᠪᠠᠳᠤᠭᠠᠷ ᠳᠡᠰ ᠤᠨ ᠵᠡᠮᠳᠡᠭᠴᠦᠳ ᠢ ᠬᠠᠷᠠᠭᠠᠯᠵᠠᠬᠤ ᠴᠢᠬᠤᠯᠠᠲᠠᠢ ᠠᠴᠠ ᠪᠣᠯᠵᠤ᠂ ᠭᠡᠷ ᠪᠦᠯᠢ ᠶᠢᠨ ᠪᠦᠷᠢᠯᠳᠦᠭᠦᠨ ᠨᠢ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠶᠢᠨ ᠠᠷᠭ᠎ᠠ ᠦᠭᠡᠢ ᠪᠣᠯᠵᠤ᠂ ᠦᠨᠳᠦᠰᠦᠨ ᠠᠮᠢᠳᠤᠷᠠᠯ ᠨᠢ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠢ ᠬᠦᠴᠢᠷᠳᠡᠯᠳᠡᠢ ᠪᠣᠯᠤᠭᠰᠠᠨ ᠭᠡᠷ ᠪᠦᠯᠢ᠃        4᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠤᠶᠤ ᠣᠨᠴᠠ ᠬᠦᠴᠢᠷᠳᠡᠯᠲᠡᠢ ᠬᠥᠮᠥᠰ ᠢ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠨᠢᠭᠡᠨᠲᠡ ᠣᠷᠣᠭᠤᠯᠤᠭᠰᠠᠨ᠂ ᠭᠡᠷ ᠪᠦᠯᠢ ᠶᠢᠨ ᠳᠣᠲᠣᠷᠠᠬᠢ ᠬᠦᠨᠳᠦ ᠵᠡᠮᠳᠡᠭ ᠬᠥᠮᠥᠨ᠂ ᠬᠦᠨᠳᠦ ᠲᠦᠭᠰᠢᠭᠦᠷᠢᠲᠡᠢ ᠡᠪᠡᠳᠴᠢᠲᠡᠨ ᠵᠡᠷᠭᠡ ᠠᠴᠠ ᠪᠣᠯᠵᠤ᠂ ᠪᠤᠰᠤᠳ ᠡᠯ᠎ᠡ ᠵᠦᠢᠯ ᠤᠨ ᠵᠠᠰᠠᠭ ᠤᠨ ᠣᠷᠳᠣᠨ ᠤ ᠨᠥᠬᠦᠪᠦᠷᠢ ᠥᠭᠬᠦ᠂ ᠲᠤᠰᠠᠯᠠᠬᠤ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠭᠰᠡᠨ ᠰᠠᠭᠤᠷᠢᠨ ᠳᠡᠭᠡᠷ᠎ᠡ᠂ ᠦᠨᠳᠦᠰᠦᠨ ᠠᠮᠢᠳᠤᠷᠠᠯ ᠨᠢ ᠮᠥᠨ ᠬᠦ ᠬᠦᠨᠳᠦ ᠨᠣᠴᠢᠲᠠᠢ ᠬᠦᠴᠢᠷᠳᠡᠯᠲᠡᠢ ᠭᠡᠷ ᠪᠦᠯᠢ ᠪᠤᠶᠤ ᠬᠤᠪᠢ ᠬᠥᠮᠥᠨ︔        5᠂ ᠪᠤᠰᠤᠳ ᠰᠢᠯᠲᠠᠭᠠᠨ ᠠᠴᠠ ᠪᠣᠯᠵᠤ ᠲᠦᠷ ᠴᠠᠭ ᠤᠨ ᠴᠢᠨᠠᠷᠲᠠᠢ ᠠᠮᠢᠳᠤᠷᠠᠯ ᠨᠢ ᠬᠦᠴᠢᠷᠳᠡᠯᠳᠡᠢ ᠪᠣᠯᠤᠭᠰᠠᠨ ᠭᠡᠷ ᠪᠦᠯᠢ ᠪᠤᠶᠤ ᠬᠤᠪᠢ ᠬᠥᠮᠥᠨ᠃        ᠳᠡᠭᠡᠷ᠎ᠡ ᠳᠤᠷᠠᠳᠤᠭᠰᠠᠨ ᠡᠲᠡᠭᠡᠳ ᠤᠨ ᠳᠣᠲᠣᠷᠠᠬᠢ ᠣᠷᠣᠨ ᠰᠠᠭᠤᠴᠠ ᠦᠭᠡᠢ ᠲᠡᠨᠦᠭᠦᠯ᠂ ᠭᠤᠶᠢᠷᠠᠨᠴᠢ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠦᠷ ᠴᠠᠭ ᠤᠨ ᠢᠳᠡᠵᠦ ᠤᠤᠭᠤᠬᠤ ᠬᠤᠨᠣᠵᠤ ᠬᠡᠪᠲᠡᠬᠦ᠂ ᠲᠦᠷᠭᠡᠨ ᠡᠪᠡᠳᠴᠢᠨ ᠢ ᠠᠪᠤᠷᠠᠨ ᠵᠠᠰᠠᠬᠤ᠂ ᠬᠠᠪᠰᠤᠷᠤᠨ ᠨᠤᠳᠤᠭ ᠲᠠᠭᠠᠨ ᠪᠤᠴᠠᠬᠤ ᠵᠡᠷᠭᠡ ᠠᠪᠤᠷᠠᠨ ᠲᠤᠰᠠᠯᠠᠯᠲᠠ ᠬᠠᠩᠭᠠᠨ᠎ᠠ᠃        ᠳᠥᠴᠢᠨ ᠨᠠᠢᠮᠠᠳᠤᠭᠠᠷ ᠵᠦᠢᠯ      ᠲᠦᠷ ᠴᠠᠭ ᠤᠨ ᠠᠪᠤᠷᠠᠨ ᠲᠤᠰᠠᠯᠠᠯᠲᠠ ᠳᠤ ᠲᠦᠷᠦᠯ ᠬᠤᠪᠢᠶᠠᠨ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠬᠡᠷᠡᠭᠯᠡᠨ᠎ᠡ ᠂  ᠶᠠᠪᠤᠴᠠ ᠢ ᠡ᠊ᠩ ᠤᠨ ᠶᠠᠪᠤᠴᠠ ᠪᠠ ᠪᠠᠴᠢᠮ ᠪᠠᠶᠢᠳᠠᠯ ᠤᠨ ᠶᠠᠪᠤᠴᠠ ᠭᠡᠵᠦ ᠬᠤᠪᠢᠶᠠᠨ᠎ᠠ᠃        ︵ᠨᠢᠭᠡ︶ ᠵᠠᠷᠤᠯᠭ᠎ᠠ ᠶᠢᠨ ᠬᠡᠯᠪᠡᠷᠢ ᠶᠢᠨ ᠲᠦᠷ ᠴᠠᠭ ᠤᠨ ᠠᠪᠤᠷᠠᠨ ᠲᠤᠰᠠᠯᠠᠯᠲᠠ  ᠳᠤ ᠡᠩ ᠤᠨ ᠶᠠᠪᠤᠴᠠ ᠶᠢ ᠬᠡᠷᠡᠭᠯᠡᠨ᠎ᠡ᠃ ᠵᠠᠷᠤᠯᠭ᠎ᠠ ᠶᠢᠨ ᠬᠡᠯᠪᠡᠷᠢ ᠶᠢᠨ ᠲᠤᠰᠠᠯᠠᠭᠤᠯᠬᠤ ᠡᠲᠡᠭᠡᠳ ᠨᠢ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠰᠠᠭᠤᠭ᠎ᠠ ᠭᠠᠵᠠᠷ ᠲᠠᠭᠠᠨ ᠲᠤᠰᠠᠯᠠᠭᠤᠯᠬᠤ ᠭᠤᠶᠤᠴᠢᠯᠠᠯ ᠢᠶᠠᠨ ᠳᠤᠷᠠᠳᠬᠤ ᠳᠤ᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ᠂ ᠡᠷᠦᠬᠡ ᠳᠤ ᠬᠦᠷᠴᠦ ᠪᠠᠶᠢᠴᠠᠭᠠᠬᠤ᠂ ᠵᠠᠷᠯᠠᠨ ᠨᠡᠶᠢᠲᠡᠯᠡᠬᠦ ᠵᠡᠷᠭᠡ ᠬᠢᠨᠠᠨ ᠬᠠᠷᠭᠤᠭᠤᠯᠵᠤ ᠨᠤᠲᠠᠯᠠᠬᠤ  ᠶᠠᠪᠤᠴᠠ ᠶᠢ ᠴᠢᠩᠭ᠎ᠠ ᠵᠢᠷᠤᠮᠯᠠᠨ ᠭᠦᠢᠴᠡᠳᠬᠡᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠵᠤ ᠨᠤᠲᠠᠯᠠᠬᠤ  ᠶᠠᠪᠤᠴᠠ ᠪᠠᠷ ᠯᠠᠪᠯᠠᠯᠲᠠ ᠪᠣᠯᠭᠠᠬᠤ ᠬᠡᠷᠡᠭᠲᠡᠢ᠃        ᠲᠦᠷ ᠴᠠᠭ ᠲᠤᠰᠠᠯᠠᠭᠤᠯᠬᠤ ᠪᠠᠷ ᠭᠤᠶᠤᠴᠢᠯᠠᠭᠰᠠᠨ ᠬᠢᠶ᠎ᠠ ᠪᠠᠭᠰᠢ ᠲᠣᠭᠤᠷᠢᠭ ᠤᠨ ᠪᠤᠰᠤ ᠡᠷᠦᠬᠡ ᠠᠮᠠ ᠲᠠᠢ ᠰᠠᠭᠤᠭᠠᠯᠢ ᠠᠷᠠᠳ ︵ᠡᠰᠡᠬᠦᠯ᠎ᠡ ᠲᠣᠰ ᠭᠠᠵᠠᠷ ᠤᠨ ᠡᠷᠦᠬᠡ ᠠᠮᠠ ᠲᠠᠢ ᠣᠷᠳᠣ ᠬᠤᠭᠤᠴᠠᠭ᠎ᠠ ᠪᠠᠷ ᠭᠠᠳᠠᠨ᠎ᠠ ᠣᠷᠣᠰᠢᠨ ᠰᠠᠭᠤᠵᠤ ᠪᠠᠶᠢᠭ᠎ᠠ︶ ᠤᠨ ᠡᠷᠦᠬᠡ ᠠᠮᠠ  ᠪᠠᠶᠢᠬᠤ ᠭᠠᠵᠠᠷ ︵ᠪᠤᠶᠤ ᠣᠷᠳᠣ ᠬᠤᠭᠤᠴᠠᠭ᠎ᠠ ᠪᠠᠷ ᠣᠷᠣᠰᠢᠨ ᠰᠠᠭᠤᠵᠤ ᠪᠠᠶᠢᠭ᠎ᠠ ᠭᠠᠵᠠᠷ︶ ᠤᠨ ᠣᠷᠣᠯᠭ᠎ᠠ᠂ ᠡᠳ᠋ ᠬᠥᠷᠥᠩᠭᠡ ᠪᠠ ᠭᠡᠷ ᠪᠦᠯᠢ ᠶᠢᠨ ᠪᠦᠷᠢᠯᠳᠦᠭᠦᠨ ᠤ ᠪᠠᠶᠢᠳᠠᠯ ᠵᠢᠴᠢ ᠣᠶᠢᠷ᠎ᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠲᠤᠰᠠᠯᠠᠬᠤ ᠶᠢ ᠬᠦᠷᠲᠡᠵᠦ ᠪᠠᠶᠢᠬᠤ ᠡᠰᠡᠬᠦ ᠵᠡᠷᠭᠡ ᠪᠠᠶᠢᠳᠠᠯ ᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠯᠪᠠᠨ ᠶᠣᠰᠣᠨ ᠤ ᠵᠠᠬᠢᠳᠠᠯ ᠢᠶᠠᠷ ᠡᠷᠦᠬᠡ ᠠᠮᠠ  ᠪᠠᠶᠢᠬᠤ ᠭᠠᠵᠠᠷ ︵ᠪᠤᠶᠤ ᠣᠷᠳᠣ ᠬᠤᠭᠤᠴᠠᠭ᠎ᠠ ᠪᠠᠷ ᠣᠷᠣᠰᠢᠨ ᠰᠠᠭᠤᠵᠤ ᠪᠠᠶᠢᠭ᠎ᠠ ᠭᠠᠵᠠᠷ︶ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠨᠠᠶᠢᠳᠠᠵᠤ ᠬᠠᠪᠰᠤᠷᠤᠨ ᠪᠠᠶᠢᠴᠠᠭᠠᠵᠤ ᠬᠢᠨᠠᠨ ᠬᠠᠷᠭᠤᠭᠤᠯᠬᠤ ᠬᠡᠷᠡᠭᠲᠡᠢ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤ ᠲᠤᠰᠬᠠᠭᠰᠠᠨ ᠦᠷ᠎ᠡ ᠳ᠋ᠦᠩ ᠲᠠᠢ ᠤᠶᠠᠯᠳᠤᠭᠤᠯᠤᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠬᠡᠷᠡᠭᠲᠡᠢ᠃        ᠭᠤᠶᠤᠴᠢᠯᠠᠭᠳᠠᠭᠰᠠᠳ ᠤᠨ ᠳᠣᠲᠣᠷᠠᠬᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ ᠵᠢᠴᠢ ᠲᠡᠭᠦᠨ ᠤ ᠪᠦᠷᠢᠯᠳᠦᠭᠦᠨ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ ᠤᠨ ᠠᠮᠢᠳᠤᠷᠠᠯ ᠤᠨ ᠴᠢᠬᠤᠯᠠ ᠪᠦᠬᠦᠢ ᠵᠠᠷᠤᠯᠭ᠎ᠠ ᠶᠢᠨ ᠪᠠᠶᠢᠳᠠᠯ ᠢ ᠭᠤᠣᠯᠳᠠᠯᠭ᠎ᠠ ᠲᠠᠢ ᠬᠢᠨᠠᠨ ᠬᠠᠷᠭᠤᠭᠤᠯᠬᠤ ᠬᠡᠷᠡᠭᠲᠡᠢ᠃ ᠭᠤᠶᠤᠴᠢᠯᠠᠬᠤ  ᠠᠴᠠ ᠡᠮᠦᠨ᠎ᠡ 6 ᠰᠠᠷ᠎ᠠ ᠶᠢᠨ ᠳᠣᠲᠣᠷ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠠᠪᠴᠠᠩ ᠢᠶᠠᠷ ᠳᠡᠮᠵᠢᠨ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢ ᠬᠠᠷᠭᠤᠭᠤᠯᠤᠭᠰᠠᠨ ᠪᠠᠶᠢᠪᠠᠯ᠂ ᠣᠶᠢᠷ᠎ᠠ ᠶᠢᠨ ᠬᠤᠭᠤᠴᠠᠭᠠᠨ ᠤ ᠬᠠᠷᠭᠤᠭᠤᠯᠤᠭᠰᠠᠨ ᠮᠡᠳᠡᠭᠦᠯᠦᠯᠲᠡ ᠶᠢ ᠲᠦᠷ ᠴᠠᠭ ᠤᠨ ᠠᠪᠤᠷᠠᠨ ᠲᠤᠰᠠᠯᠠᠬᠤ ᠶᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠦᠨᠳᠦᠰᠦᠯᠡᠯ ᠪᠣᠯᠭᠠᠵᠤ ᠪᠣᠯᠣᠨ᠎ᠠ᠃        ︵ᠬᠤᠶᠠᠷ︶ ᠪᠠᠴᠢᠮ ᠬᠦᠴᠢᠷᠳᠡᠯᠲᠡᠢ ᠬᠡᠯᠪᠡᠷᠢ ᠶᠢᠨ ᠲᠦᠷ ᠴᠠᠭ ᠤᠨ ᠠᠪᠤᠷᠠᠨ ᠲᠤᠰᠠᠯᠠᠯᠲᠠ  ᠳᠤ ᠪᠠᠴᠢᠮ ᠪᠠᠶᠢᠳᠠᠯ ᠤᠨ ᠶᠠᠪᠤᠴᠠ ᠶᠢ ᠬᠡᠷᠡᠭᠯᠡᠨ᠎ᠡ᠃ ᠪᠠᠴᠢᠮ ᠬᠦᠴᠢᠷᠳᠡᠯᠲᠡᠢ ᠠᠪᠤᠷᠠᠨ ᠳᠣᠰᠠᠯᠠᠭᠤᠯᠬᠤ ᠡᠲᠡᠭᠡᠳ ᠪᠠᠴᠢᠮ ᠬᠦᠴᠢᠷᠳᠡᠯᠲᠡᠢ ᠭᠠᠵᠠᠷ ᠲᠤ ᠠᠪᠤᠷᠠᠨ ᠳᠣᠰᠠᠯᠠᠭᠤᠯᠬᠤ ᠭᠤᠶᠤᠴᠢᠯᠠᠯ ᠭᠠᠷᠭᠠᠵᠤ᠂ ᠪᠠᠴᠢᠮ ᠪᠠᠶᠢᠳᠠᠯ ᠳᠤ ᠳᠠᠷᠤᠢ ᠲᠦᠷᠭᠡᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠡᠭᠡᠭᠦᠯᠦᠨ ᠠᠪᠴᠢᠷᠠᠬᠤ ᠶᠢᠨ ᠠᠷᠭ᠎ᠠ ᠦᠭᠡᠢ ᠬᠤᠬᠢᠷᠠᠯ ᠪᠤᠶᠤ ᠬᠤᠪᠢᠷᠠᠭᠤᠯᠬᠤ ᠶᠢᠨ ᠠᠷᠭ᠎ᠠ ᠦᠭᠡᠢ ᠬᠦᠨᠳᠦ ᠨᠣᠴᠢᠲᠠᠢ ᠤᠷᠰᠢᠭ ᠲᠠᠲᠠᠬᠤ ᠠᠴᠠ ᠰᠡᠷᠭᠡᠶᠢᠯᠡᠬᠦ ᠬᠡᠷᠡᠭᠲᠡᠢ ᠪᠠᠶᠢᠪᠠᠯ᠂ ︽ᠤᠷᠢᠳᠠᠪᠠᠷ ᠲᠤᠰᠠᠯᠠᠬᠤ︾ ᠠᠷᠭ᠎ᠠ ᠮᠠᠶ᠋ᠢᠭ ᠢ ᠠᠪᠴᠤ᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ᠂  ᠵᠠᠷᠯᠠᠨ ᠨᠡᠶᠢᠲᠡᠯᠡᠬᠦ ᠵᠡᠷᠭᠡ ᠶᠠᠪᠤᠴᠠ ᠶᠢ ᠬᠦᠴᠦᠨ ᠦᠭᠡᠢ ᠪᠣᠯᠭᠠᠵᠤ᠂ ᠰᠢᠭᠤᠳ  ᠲᠤᠰᠠᠯᠠᠵᠤ᠂ ᠭᠤᠶᠤᠴᠢᠯᠠᠭᠰᠠᠨ ᠠᠴᠠ ᠡᠬᠢᠯᠡᠨ ᠲᠤᠰᠠᠯᠠᠬᠤ ᠪᠡᠯᠡ ᠮᠥᠩᠭᠦ ᠶᠢ ᠣᠯᠭᠤᠬᠤ ᠬᠦᠷᠲᠡᠯ᠎ᠡ 48 ᠴᠠᠭ  ᠠᠴᠠ ᠬᠡᠲᠦᠷᠡᠭᠦᠯᠵᠦ ᠪᠣᠯᠬᠤ ᠦᠭᠡᠢ᠂ ᠪᠠᠴᠢᠮ ᠬᠦᠴᠢᠷᠲᠡᠢ ᠪᠠᠶᠢᠳᠠᠯ ᠢ ᠲᠠᠶᠢᠯᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠢ ᠨᠥᠬᠦᠪᠦᠷᠢᠯᠡᠬᠦ ᠬᠡᠷᠡᠭᠲᠡᠢ᠃       ᠳᠥᠴᠢ ᠶᠢᠰᠦᠳᠦᠭᠡᠷ ᠵᠦᠢᠯ    ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠢᠶ᠎ᠠ ᠪᠠᠭᠰᠢ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠯᠤᠭ᠎ᠠ ᠬᠤᠯᠪᠣᠭᠳᠠᠭᠤᠯᠵᠤ᠂ ᠠᠪᠤᠷᠠᠨ ᠲᠤᠰᠠᠯᠠᠬᠤ ᠡᠲᠡᠭᠡᠳ ᠤᠨ ᠭᠡᠷ ᠪᠦᠯᠢ ᠶᠢᠨ ᠬᠥᠮᠥᠨ ᠠᠮᠠ᠂ ᠬᠦᠴᠢᠷᠳᠡᠯ ᠤᠨ ᠲᠥᠷᠥᠯ ᠬᠡᠯᠪᠡᠷᠢ᠂ ᠬᠦᠴᠢᠷᠳᠡᠯ ᠤᠨ ᠬᠡᠮᠵᠢᠶ᠎ᠡ ᠪᠠ ᠬᠦᠴᠢᠷᠳᠡᠯ ᠤᠨ ᠦᠷᠭᠦᠯᠵᠢᠯᠡᠬᠦ ᠴᠠᠭ ᠬᠤᠭᠤᠴᠠᠭ᠎ᠠ ᠵᠡᠷᠭᠡ ᠬᠦᠴᠦᠨ ᠵᠦᠢᠯ ᠢ ᠦᠨᠳᠦᠰᠦᠯᠡᠨ᠂ ᠲᠥᠷᠥᠯ ᠪᠠ ᠲᠠᠰ ᠬᠤᠪᠢᠶᠠᠨ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠨ᠎ᠠ᠃        ︵ᠨᠢᠭᠡ︶ ᠵᠠᠷᠤᠯᠭ᠎ᠠ ᠶᠢᠨ ᠬᠡᠯᠪᠡᠷᠢ ᠶᠢᠨ ᠲᠤᠰᠠᠯᠠᠬᠤ ᠪᠠᠷᠢᠮᠵᠢᠶ᠎ᠠ᠃ ᠪᠣᠳᠠᠲᠠᠢ ᠪᠤᠳᠤᠬᠤ ᠠᠷᠭ᠎ᠠ ᠨᠢ ᠳᠣᠣᠷᠠᠬᠢ ᠮᠡᠲᠦ᠄ ᠬᠦᠴᠢᠷᠳᠡᠯᠲᠡᠢ ᠭᠡᠷ ᠪᠦᠯᠢ ᠶᠢᠨ ᠨᠢᠭᠡ ᠤᠳᠠᠭ᠎ᠠ ᠶᠢᠨ ᠴᠢᠨᠠᠷᠲᠠᠢ ᠲᠦᠷ ᠴᠠᠭ ᠤᠨ ᠲᠤᠰᠠᠯᠠᠬᠤ ᠪᠠᠷᠢᠮᠵᠢᠶ᠎ᠠ = ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ × ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠥᠮᠥᠨ ᠤ ᠲᠤᠭ᠎ᠠ × ᠬᠦᠴᠢᠷᠳᠡᠯ ᠤᠨ ᠦᠷᠭᠦᠯᠵᠢᠯᠡᠬᠦ ᠴᠠᠭ ︵ᠰᠠᠷ᠎ᠠ ᠪᠠᠷ ᠨᠢᠭᠡᠴᠢ ᠪᠣᠯᠭᠠᠵᠤ᠂ ᠡᠩ ᠤᠨ ᠪᠠᠶᠢᠳᠠᠯ ᠳᠤ 1 ᠠᠴᠠ 6 ᠰᠠᠷ᠎ᠠ︶᠃       1᠂ ᠭᠡᠷ ᠪᠦᠯᠢ ᠶᠢᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠬᠢᠶ᠎ᠠ ᠪᠠᠭᠰᠢ ᠲᠣᠭᠤᠷᠢᠭ ᠤᠨ ᠳᠡᠭᠡᠷ᠎ᠡ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ  ᠠᠴᠠ ᠳᠣᠣᠷ᠎ᠠ ᠮᠥᠷᠲᠡᠭᠡᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠄ ᠠᠮᠢᠳᠤᠷᠠᠯ ᠤᠨ ᠴᠢᠬᠤᠯᠠ ᠪᠦᠬᠦᠢ ᠵᠠᠷᠤᠯᠭ᠎ᠠ ᠶᠢ ᠬᠢᠨᠠᠨ ᠬᠠᠰᠤᠬᠤ ᠪᠠᠷ ᠳᠡᠮᠵᠢᠨ᠂ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠬᠢᠶ᠎ᠠ ᠪᠠᠭᠰᠢ ᠲᠣᠭᠤᠷᠢᠭ ᠤᠨ ᠳᠡᠭᠡᠷ᠎ᠡ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠵᠠᠭᠤᠨ ᠤ ᠬᠠᠷᠢᠴᠠᠯ ᠤᠨ ᠬᠡᠪᠴᠢᠶᠡᠨ ᠳᠤ ᠬᠦᠴᠢᠷᠳᠡᠯ ᠤᠨ ᠦᠷᠭᠦᠯᠵᠢᠯᠡᠬᠦ ᠴᠠᠭ ᠤᠨ ᠬᠢᠵᠠᠭᠠᠷ ᠢ ᠲᠣᠭᠲᠠᠭᠠᠨ᠎ᠠ᠃        ᠭᠡᠷ ᠪᠦᠯᠢ ᠶᠢᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠬᠢᠶ᠎ᠠ ᠪᠠᠭᠰᠢ ᠲᠣᠭᠤᠷᠢᠭ ᠤᠨ ᠳᠡᠭᠡᠷ᠎ᠡ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 10% ︵ᠪᠠᠭᠲᠠᠨ᠎ᠠ︶  ᠠᠴᠠ ᠳᠣᠣᠷ᠎ᠠ ᠪᠠᠶᠢᠪᠠᠯ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠨᠢ 6 ᠰᠠᠷ᠎ᠠ ᠪᠣᠯᠣᠨ᠎ᠠ︔ 10% - 15% ︵ᠪᠠᠭᠲᠠᠨ᠎ᠠ︶ ᠶᠢᠨ ᠬᠤᠭᠤᠷᠣᠨᠳᠤ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠨᠢ 5 ᠰᠠᠷ᠎ᠠ᡾︔ 15% - 20% ︵ᠪᠠᠭᠲᠠᠨ᠎ᠠ︶ ᠶᠢᠨ ᠬᠤᠭᠤᠷᠣᠨᠳᠤ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠨᠢ 4 ᠰᠠᠷ᠎ᠠ᡾︔ 20% - 25% ︵ᠪᠠᠭᠲᠠᠨ᠎ᠠ︶ ᠶᠢᠨ ᠬᠤᠭᠤᠷᠣᠨᠳᠤ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠨᠢ 3 ᠰᠠᠷ᠎ᠠ᡾︔ 25% - 35% ︵ᠪᠠᠭᠲᠠᠨ᠎ᠠ︶ ᠶᠢᠨ ᠬᠤᠭᠤᠷᠣᠨᠳᠤ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠨᠢ 2 ᠰᠠᠷ᠎ᠠ᡾︔ 35% - 45% ︵ᠪᠠᠭᠲᠠᠨ᠎ᠠ︶ ᠶᠢᠨ ᠬᠤᠭᠤᠷᠣᠨᠳᠤ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠨᠢ 1 ᠰᠠᠷ᠎ᠠ ᠪᠣᠯᠣᠨ᠎ᠠ᠃        2᠂ ᠭᠡᠷ ᠪᠦᠯᠢ ᠶᠢᠨ ᠪᠦᠷᠢᠯᠳᠦᠭᠦᠨ ᠨᠢ ᠤᠳᠠᠭᠠᠨ ᠴᠢᠨᠠᠷᠲᠠᠢ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ᠂ ᠭᠡᠨᠡᠳᠲᠡ ᠶᠢᠨ ᠬᠦᠨᠳᠦ ᠡᠪᠡᠳᠴᠢᠨ ᠳᠤ ᠨᠡᠷᠪᠡᠭᠳᠡᠭᠰᠡᠨ ᠠᠴᠠ ᠪᠣᠯᠵᠤ᠂ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠨᠢ ᠨᠡᠯᠢᠶᠡᠳ ᠶᠡᠭᠡ ᠪᠠᠶᠢᠵᠤ᠂ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠢ ᠬᠦᠴᠢᠷᠳᠡᠯ ᠤᠴᠠᠷᠠᠭᠤᠯᠤᠭᠰᠠᠨ ᠪᠠᠶᠢᠪᠠᠯ᠂ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠤᠭᠰᠠᠨ ᠤ ᠳᠠᠷᠠᠭ᠎ᠠ᠂ ᠲᠡᠭᠦᠨ ᠤ ᠬᠦᠴᠢᠷᠳᠡᠯ ᠤᠨ ᠦᠷᠭᠦᠯᠵᠢᠯᠡᠬᠦ ᠴᠠᠭ ᠤᠨ ᠬᠢᠵᠠᠭᠠᠷ ᠢ ᠥᠪᠡᠷᠲᠡᠭᠡᠨ ᠲᠤᠰᠢᠶᠠᠭᠰᠠᠨ ᠡᠮᠴᠢᠯᠡᠭᠡᠨ ᠤ ᠵᠠᠷᠤᠳᠠᠯ ᠤᠨ ᠶᠡᠭᠡ ᠪᠠᠭ᠎ᠠ ᠶᠢ ᠦᠨᠳᠦᠰᠦᠯᠡᠨ ᠳᠣᠣᠷᠠᠬᠢ ᠮᠡᠲᠦ ᠬᠡᠳᠦᠨ ᠲᠥᠷᠥᠯ ᠳᠤ ᠬᠤᠪᠢᠶᠠᠨ᠎ᠠ᠄ ᠥᠪᠡᠷᠲᠡᠭᠡᠨ ᠲᠤᠰᠢᠶᠠᠭᠰᠠᠨ ᠡᠮᠴᠢᠯᠡᠭᠡᠨ ᠤ ᠵᠠᠷᠤᠳᠠᠯ ᠤᠨ 5000 ᠲᠥᠭᠦᠷᠢᠭ ︱ 10000 ᠲᠥᠭᠦᠷᠢᠭ ᠪᠠᠶᠢᠪᠠᠯ᠂ ᠲᠡᠭᠦᠨ ᠤ ᠬᠦᠴᠢᠷᠳᠡᠯ ᠤᠨ ᠦᠷᠭᠦᠯᠵᠢᠯᠡᠬᠦ ᠴᠠᠭ ᠤᠨ ᠬᠢᠵᠠᠭᠠᠷ ᠢ 1 ᠰᠠᠷ᠎ᠠ ᠪᠠᠷ ᠲᠣᠭᠲᠠᠭᠠᠨ᠎ᠠ︔ 10000 ᠲᠥᠭᠦᠷᠢᠭ ︵ᠪᠠᠭᠲᠠᠨ᠎ᠠ︶ - 20000 ᠲᠥᠭᠦᠷᠢᠭ ᠪᠠᠶᠢᠪᠠᠯ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠢ 2 ᠰᠠᠷ᠎ᠠ ᠪᠠᠷ ᠲᠣᠭᠲᠠᠭᠠᠨ᠎ᠠ︔ 20000 ᠲᠥᠭᠦᠷᠢᠭ ︵ᠪᠠᠭᠲᠠᠨ᠎ᠠ︶ -30000 ᠲᠥᠭᠦᠷᠢᠭ ᠪᠠᠶᠢᠪᠠᠯ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠢ 3 ᠰᠠᠷ᠎ᠠ ᠪᠠᠷ ᠲᠣᠭᠲᠠᠭᠠᠨ᠎ᠠ︔ 30000 ᠲᠥᠭᠦᠷᠢᠭ ︵ᠪᠠᠭᠲᠠᠨ᠎ᠠ︶ - 40000 ᠲᠥᠭᠦᠷᠢᠭ ᠪᠠᠶᠢᠪᠠᠯ ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠢ 4 ᠰᠠᠷ᠎ᠠ ᠪᠠᠷ ᠲᠣᠭᠲᠠᠭᠠᠨ᠎ᠠ︔ ᡽ 40000 ᠲᠥᠭᠦᠷᠢᠭ ︵ᠪᠠᠭᠲᠠᠨ᠎ᠠ︶ - 50000 ᠲᠥᠭᠦᠷᠢᠭ ᠪᠠᠶᠢᠪᠠᠯ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠢ 5 ᠰᠠᠷ᠎ᠠ ᠪᠠᠷ ᠲᠣᠭᠲᠠᠭᠠᠨ᠎ᠠ︔ 50000 ᠲᠥᠭᠦᠷᠢᠭ ︵ᠪᠠᠭᠲᠠᠨ᠎ᠠ︶ ᠠᠴᠠ ᠳᠡᠭᠡᠭᠰᠢ ᠪᠠᠶᠢᠪᠠᠯ ᠂ ᠬᠦᠴᠢᠷᠳᠡᠯ ᠢ ᠦᠷᠭᠦᠯᠵᠢᠯᠡᠭᠦᠯᠬᠦ ᠴᠠᠭ ᠤᠨ ᠬᠢᠵᠠᠭᠠᠷ ᠢ 6 ᠰᠠᠷ᠎ᠠ ᠪᠠᠷ ᠲᠣᠭᠲᠠᠭᠠᠨ᠎ᠠ᠃        3᠂ ᠨᠢᠭᠡᠨᠲᠡ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠠᠪᠤᠷᠠᠨ ᠲᠤᠰᠠᠯᠠᠯᠲᠠ ᠶᠢ ᠭᠥᠷᠳᠡᠭᠰᠡᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠠᠰᠠᠷᠠᠨ ᠲᠡᠵᠢᠭᠡᠯᠭᠡᠵᠦ ᠪᠠᠶᠢᠭ᠎ᠠ ᠬᠥᠮᠥᠰ ᠪᠠ ᠪᠤᠰᠤᠳ ᠬᠤᠲᠠ ᠬᠥᠳᠡᠭᠡ ᠶᠢᠨ ᠠᠵᠤ ᠠᠬᠤᠢ ᠶᠢᠨ ᠬᠦᠴᠢᠷᠳᠡᠯᠲᠡᠢ ᠵᠡᠷᠭᠡ ᠭᠡᠷ ᠪᠦᠯᠢ ᠡᠯ᠎ᠡ ᠲᠤᠰᠬᠠᠢ ᠵᠦᠢᠯ ᠤᠨ ᠠᠪᠤᠷᠠᠨ ᠲᠤᠰᠠᠯᠠᠯᠲᠠ ᠶᠢ ᠭᠥᠷᠳᠡᠭᠰᠡᠨ ᠤ ᠳᠠᠷᠠᠭ᠎ᠠ ᠮᠥᠨ ᠬᠦ ᠠᠮᠢᠳᠤᠷᠠᠯ ᠨᠢ ᠬᠦᠴᠢᠷᠳᠡᠯᠲᠡᠢ ᠪᠠᠶᠢᠪᠠᠯ᠂ ᠵᠢᠯ ᠪᠦᠷᠢ ᠪᠠᠶᠢᠳᠠᠯ ᠢ ᠨᠢ ᠦᠵᠡᠵᠦ ᠪᠠᠶᠢᠭᠠᠳ ᠡᠷᠦᠬᠡ ᠪᠦᠷᠢ ᠳᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢᠨ 1 ᠳᠠᠬᠢᠨ  ᠠᠴᠠ ᠳᠣᠣᠷ᠎ᠠ ᠦᠭᠡᠢ ᠲᠦᠷ ᠴᠠᠭ ᠤᠨ ᠠᠮᠢᠳᠤᠷᠠᠯ ᠤᠨ ᠠᠪᠤᠷᠠᠨ ᠲᠤᠰᠠᠯᠠᠯᠲᠠ ᠶᠢ ᠨᠢᠭᠡ ᠤᠳᠠᠭ᠎ᠠ ᠶᠢᠨ ᠴᠢᠨᠠᠷᠲᠠᠢ ᠪᠠᠷ ᠣᠯᠭᠤᠵᠤ ᠪᠣᠯᠣᠨ᠎ᠠ᠂ ᠭᠡᠬᠦ ᠳᠡᠭᠡᠨ ᠬᠠᠮᠤᠭ ᠥᠨᠳᠥᠷ ᠲᠡᠭᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢᠨ 6ᠳᠠᠬᠢᠨ ᠠᠴᠠ ᠬᠡᠳᠦᠷᠡᠭᠦᠯᠵᠦ ᠪᠤᠯᠬᠤ ᠦᠭᠡᠢ︔ ᠡᠰᠡᠬᠦᠯ᠎ᠡ 1 ᠳᠠᠬᠢᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠪᠠᠷᠢᠮᠵᠢᠶ᠎ᠠ ᠶᠢ ᠰᠠᠷ᠎ᠠ ᠪᠠᠷ ᠤᠳᠠᠭ᠎ᠠ ᠬᠤᠪᠢᠶᠠᠵᠤ ᠣᠯᠭᠤᠨ᠎ᠠ᠂ ᠭᠡᠬᠦ ᠳᠡᠭᠡᠨ ᠬᠠᠮᠤᠭ ᠤᠨ ᠣᠷᠳᠣ ᠳᠠᠭᠠᠨ ᠣᠯᠭᠤᠬᠤ ᠬᠤᠭᠤᠴᠠᠭ᠎ᠠ ᠶᠢ 6 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃        ︵ᠬᠤᠶᠠᠷ︶ ᠪᠠᠴᠢᠮ ᠬᠦᠴᠢᠷᠳᠡᠯᠲᠡᠢ ᠬᠡᠯᠪᠡᠷᠢ ᠶᠢᠨ ᠠᠪᠤᠷᠠᠨ ᠲᠤᠰᠠᠯᠠᠬᠤ ᠪᠠᠷᠢᠮᠵᠢᠶ᠎ᠠ᠃ ᠪᠣᠳᠠᠲᠠᠢ ᠪᠠᠶᠢᠳᠠᠯ ᠢ ᠦᠨᠳᠦᠰᠦᠯᠡᠨ ᠲᠥᠷᠥᠯ ᠪᠠ ᠲᠠᠰ ᠬᠤᠪᠢᠶᠠᠨ ᠲᠣᠭᠲᠠᠭᠠᠵᠤ᠂ ᠨᠢᠭᠡ ᠤᠳᠠᠭ᠎ᠠ ᠳᠤ 30000 ᠲᠥᠭᠦᠷᠢᠭ ᠠᠴᠠ ᠬᠡᠲᠦᠷᠡᠬᠦ ᠦᠬᠡᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠥᠭᠴᠦ ᠪᠣᠯᠣᠨ᠎ᠠ᠃        1᠂ ᠪᠠᠴᠢᠮ ᠬᠦᠴᠢᠷᠳᠡᠯᠲᠡᠢ ᠬᠡᠯᠪᠡᠷᠢ ᠶᠢᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠪᠣᠯᠪᠠᠴᠤ ᠬᠦᠴᠢᠷᠳᠡᠯ ᠤᠨ ᠬᠡᠮᠵᠢᠶ᠎ᠡ ᠨᠢ ᠨᠡᠯᠢᠶᠡᠳ ᠬᠥᠩᠭᠡᠨ ᠪᠠᠶᠢᠪᠠᠯ᠂ ᠵᠠᠷᠤᠯᠭ᠎ᠠ ᠶᠢᠨ ᠬᠡᠯᠪᠡᠷᠢ ᠶᠢᠨ ᠠᠪᠤᠷᠠᠨ ᠲᠤᠰᠠᠯᠠᠬᠤ ᠪᠠᠷᠢᠮᠵᠢᠶ᠎ᠠ ᠶᠢ ᠪᠤᠳᠤᠬᠤ ᠠᠷᠭ᠎ᠠ ᠮᠠᠶ᠋ᠢᠭ ᠢᠶᠠᠷ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠨ᠎ᠠ᠃        2᠂ ᠪᠠᠶᠢᠭᠠᠯᠢ ᠶᠢᠨ ᠭᠠᠮᠰᠢᠭ᠂ ᠭᠠᠯ ᠤᠨ ᠭᠠᠮᠰᠢᠭ᠂ ᠤᠰᠤᠨ ᠳᠤ ᠴᠠᠴᠠᠭᠰᠠᠨ᠂ ᠵᠠᠮ ᠬᠠᠷᠢᠯᠴᠠᠭᠠᠨ ᠤ ᠭᠡᠨᠡᠳᠡᠯ᠂ ᠭᠡᠨᠡᠳᠲᠡ ᠡᠭᠦᠰᠦᠭᠰᠡᠨ ᠬᠦᠨᠳᠦ ᠶᠡᠭᠡ ᠡᠪᠡᠳᠴᠢᠨ ᠵᠡᠷᠭᠡ ᠭᠡᠨᠡᠳᠲᠡ ᠶᠢᠨ ᠬᠡᠷᠡᠭ ᠠᠴᠠ ᠪᠣᠯᠵᠤ ᠲᠦᠷ ᠴᠠᠭ ᠤᠨ ᠬᠦᠨᠳᠦ ᠶᠡᠭᠡ ᠠᠮᠢᠳᠤᠷᠠᠯ ᠤᠨ ᠬᠦᠴᠢᠷᠳᠡᠯ ᠳᠤ ᠤᠴᠠᠷᠠᠭᠤᠯᠤᠭᠰᠠᠨ᠃ ᠲᠦᠷ ᠴᠠᠭ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠤᠨ ᠶᠠᠪᠤᠴᠠ ᠡᠬᠢᠯᠡᠭᠦᠯᠵᠦ᠂ ᠠᠰ ᠠᠰ ᠢᠶᠠᠷ ᠨᠢ ᠵᠥᠪᠯᠡᠬᠦ ᠠᠷᠭ᠎ᠠ ᠪᠠᠷᠢᠯ ᠪᠣᠯᠣᠨ ᠠᠪᠤᠷᠠᠨ ᠲᠤᠰᠠᠯᠠᠬᠤ ᠲᠤᠭ᠎ᠠ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠬᠦ ᠵᠠᠷᠴᠢᠮ ᠤᠨ ᠶᠣᠰᠣᠭᠠᠷ᠂ ᠪᠣᠳᠠᠲᠠᠢ ᠪᠠᠶᠢᠳᠠᠯ ᠢ  ᠦᠨᠳᠦᠰᠦᠯᠡᠨ ᠲᠥᠷᠥᠯ ᠲᠡᠰ ᠬᠤᠪᠢᠶᠠᠨ ᠴᠠᠭ ᠲᠤᠬᠠᠢ ᠳᠤᠨᠢ  ᠠᠪᠤᠷᠠᠨ ᠲᠤᠰᠠᠯᠠᠵᠤ᠂ ᠠᠪᠤᠷᠠᠨ ᠲᠤᠰᠠᠯᠠᠭᠰᠠᠨ ᠤ ᠲᠠᠷᠠᠭ᠎ᠠ ᠮᠥᠨᠬᠦ ᠬᠦᠴᠢᠷᠳᠡᠯᠲᠡᠢ ᠲᠠᠢ ᠪᠣᠯ ᠵᠠᠷᠤᠯᠭ᠎ᠠ ᠶᠢᠨ ᠬᠡᠯᠪᠡᠷᠢ ᠶᠢᠨ  ᠠᠪᠣᠷᠠᠨ ᠲᠤᠰᠠᠯᠠᠬᠤ ᠶᠠᠪᠤᠴᠠ ᠵᠢᠴᠢ ᠪᠠᠷᠢᠮᠵᠢᠶ᠎ᠠ ᠶᠣᠰᠣᠭᠠᠷ ᠲᠡᠬᠢᠨ ᠠᠪᠤᠷᠠᠨ ᠲᠤᠰᠠᠯᠠᠨ᠎ᠠ᠃        3᠂ ᠡᠷᠦᠬᠡ ᠠᠮᠠ ᠶᠢᠨ ᠲᠠᠩᠰᠠ ᠦᠭᠡᠢ᠂ ᠲᠤᠬᠠᠢ ᠶᠢᠨ ᠭᠠᠵᠠᠷ ᠤᠨ ᠣᠷᠣᠰᠢᠨ ᠰᠠᠭᠤᠬᠤ ᠦᠨᠡᠮᠯᠡᠯ ᠠᠪᠤᠭᠰᠠᠨ ᠦᠭᠡᠢ ᠨᠡᠭᠦᠳᠡᠯ ᠬᠥᠮᠥᠨ ᠠᠮᠠ ᠶᠢᠨ ᠭᠤᠶᠤᠴᠢᠯᠠᠯ ᠢ ᠪᠠᠴᠢᠮ ᠪᠠᠶᠢᠳᠠᠯ ᠭᠠᠷᠤᠭᠰᠠᠨ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠭᠥᠯᠢᠶᠡᠨ ᠠᠪᠴᠤ ᠰᠢᠢᠳᠪᠦᠷᠢᠯᠡᠨ᠎ᠡ᠂ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ ᠬᠡᠲᠦᠷᠡᠬᠦ ᠦᠭᠡᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠨᠢᠭᠡ ᠤᠳᠠᠭ᠎ᠠ ᠶᠢᠨ ᠴᠢᠨᠠᠷᠲᠠᠢ ᠪᠠᠷ ᠣᠯᠭᠤᠵᠤ ᠪᠣᠯᠣᠨ᠎ᠠ᠃        ᠲᠠᠪᠢᠳᠤᠭᠠᠷ ᠵᠦᠢᠯ     ᠲᠦᠷ ᠴᠠᠭ ᠤᠨ ᠠᠪᠤᠷᠠᠨ ᠲᠤᠰᠠᠯᠠᠬᠤ ᠮᠥᠩᠭᠦᠨ ᠤ ᠲᠤᠭ᠎ᠠ ᠳᠤ  ᠳᠡᠰ ᠬᠤᠪᠢᠶᠠᠨ ᠬᠢᠨᠠᠨ ᠵᠥᠪᠰᠢᠶᠡᠷᠡᠬᠦ ᠵᠠᠷᠴᠢᠮ ᠢ ᠬᠡᠷᠡᠭᠵᠢᠭᠦᠯᠦᠨ᠎ᠡ᠃ ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ 15000 ᠲᠥᠭᠦᠷᠢᠭ ︵ᠪᠠᠭᠲᠠᠨ᠎ᠠ︶ ᠤᠨ ᠳᠣᠲᠣᠷ᠎ᠠ ᠪᠠᠶᠢᠪᠠᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠶᠠᠪᠤᠴᠠ ᠶᠣᠰᠣᠭᠠᠷ ᠰᠢᠭᠤᠳ ᠬᠢᠨᠠᠨ ᠵᠥᠪᠰᠢᠶᠡᠷᠡᠨ᠎ᠡ︔  ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ 15000 ᠲᠥᠭᠦᠷᠢᠭ ᠠᠴᠠ ᠳᠡᠭᠡᠭᠰᠢ ᠤᠨᠴᠠᠭᠠᠢ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠳᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠪᠠᠷ ᠳᠡᠮᠵᠢᠨ ︽ᠠᠰ ᠠᠰ ᠢᠶᠠᠷ ᠨᠢ ᠵᠥᠪᠯᠡᠬᠦ︾ ᠶᠣᠰᠣᠭᠠᠷ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠲᠣᠭᠲᠠᠭᠠᠵᠤ᠂ ︽ᠠᠰ ᠠᠰ ᠢᠶᠠᠷ ᠨᠢ ᠵᠥᠪᠯᠡᠬᠦ︾ ᠬᠤᠭᠤᠴᠠᠭᠠᠨ ᠳᠤ ᠪᠠᠴᠢᠮ ᠬᠦᠴᠢᠷᠳᠡᠯᠲᠡᠢ ᠪᠠᠶᠢᠳᠠᠯ ᠢ ᠦᠨᠳᠦᠰᠦᠯᠡᠨ ᠤᠷᠢᠳᠠᠪᠠᠷ  ᠠᠪᠤᠷᠠᠨ ᠲᠤᠰᠠᠯᠠᠵᠤ ᠪᠣᠯᠣᠨ᠎ᠠ᠂ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠬᠢᠨᠠᠨ ᠵᠥᠪᠰᠢᠶᠡᠷᠡᠬᠦ ᠡᠷᠬᠡ ᠮᠡᠳᠡᠯ ᠠᠴᠠ ᠳᠠᠪᠠᠭᠤᠯᠬᠤ ᠦᠭᠡᠢ᠃        ᠵᠠᠷᠴᠢᠮ ᠳᠡᠭᠡᠷ᠎ᠡ ᠪᠠᠨ ᠭᠤᠶᠤᠴᠢᠯᠠᠭᠴᠢ ᠠᠳᠠᠯᠢ ᠤᠴᠢᠷ ᠰᠢᠯᠲᠠᠭᠠᠨ ᠢᠶᠠᠷ ᠨᠢᠭᠡ ᠵᠢᠯ ᠤᠨ ᠳᠣᠲᠣᠷ᠎ᠠ ᠲᠦᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠬᠤ ᠳᠠᠭᠠᠨ ᠬᠤᠶᠠᠷ ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ ᠠᠪᠤᠷᠠᠨ ᠲᠤᠰᠠᠯᠠᠬᠤ ᠡᠲᠡᠭᠡᠳ ᠤᠨ ᠪᠠᠴᠢᠮ ᠬᠦᠴᠢᠷᠳᠡᠯ ᠳᠤ ᠲᠤᠯᠭᠠᠷᠠᠭᠰᠠᠨ ᠪᠣᠳᠠᠲᠠᠢ ᠪᠠᠶᠢᠳᠠᠯ ᠢ ᠦᠨᠳᠦᠰᠦᠯᠡᠨ᠂ ︽ᠳᠠᠭᠠᠵᠤ ᠠᠪᠤᠷᠠᠨ ᠲᠤᠰᠠᠯᠠᠬᠤ︾ ︽ᠨᠢᠭᠡ  ᠤᠳᠠᠭ᠎ᠠ ᠳᠤ ᠬᠢᠨᠠᠨ ᠵᠥᠪᠰᠢᠶᠡᠷᠡᠬᠦ᠂ ᠳᠡᠰ ᠬᠤᠪᠢᠶᠠᠨ ᠠᠪᠤᠷᠠᠨ ᠲᠤᠰᠠᠯᠠᠬᠤ ︾ ᠵᠡᠷᠭᠡ ᠠᠷᠭ᠎ᠠ ᠮᠠᠶ᠋ᠢᠭ ᠢᠶᠠᠷ ᠠᠪᠤᠷᠠᠨ ᠲᠤᠰᠠᠯᠠᠬᠤ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ ᠪᠣᠯᠣᠨ᠎ᠠ᠃        ᠲᠠᠪᠢᠨ ᠨᠢᠭᠡᠳᠦᠭᠡᠷ ᠵᠦᠢᠯ    ᠲᠥᠷ ᠴᠠᠭ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠡᠲᠡᠭᠡᠳ ᠲᠤ ᠲᠥᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠬᠤ᠂ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ ᠪᠠ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠵᠡᠷᠭᠡ ᠭᠤᠷᠪᠠᠨ ᠵᠦᠢᠯ ᠤᠨ ᠠᠷᠭ᠎ᠠ ᠮᠠᠶ᠋ᠢᠭ ᠢ ᠠᠪᠴᠤ ᠠᠪᠤᠷᠠᠨ ᠲᠤᠰᠠᠯᠠᠵᠤ ᠪᠣᠯᠣᠨ᠎ᠠ᠃ ᠵᠠᠷᠴᠢᠮ ᠳᠡᠭᠡᠷ᠎ᠡ ᠪᠠᠨ ᠪᠡᠯᠡ ᠮᠥᠩᠭᠦ ᠣᠯᠭᠤᠬᠤ ᠪᠠᠷ ᠭᠤᠣᠯ ᠪᠣᠯᠭᠠᠨ᠂ ᠪᠣᠳᠠᠲᠤ ᠶᠠᠭᠤᠮ᠎ᠠ ᠣᠯᠭᠤᠬᠤ ᠪᠠ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠬᠠᠩᠭᠠᠬᠤ ᠪᠠᠷ ᠬᠠᠪᠰᠤᠷᠤᠮᠵᠢ ᠪᠣᠯᠭᠠᠨ᠎ᠠ᠃        ︵ᠨᠢᠭᠡ︶ ᠲᠥᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠨ᠎ᠠ᠃ ᠠᠪᠤᠷᠠᠨ ᠲᠤᠰᠠᠯᠠᠬᠤ ᠮᠥᠩᠭᠦ ᠣᠯᠭᠤᠬᠤ ᠪᠣᠯ ᠲᠦᠷ ᠴᠠᠭ ᠤᠨ ᠠᠪᠤᠷᠠᠨ ᠲᠤᠰᠠᠯᠠᠬᠤ ᠶᠢᠨ ᠦᠨᠳᠦᠰᠦᠨ ᠬᠡᠯᠪᠡᠷᠢ ᠪᠣᠯᠣᠨ᠎ᠠ᠃ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠨᠡᠶᠢᠭᠡᠮᠴᠢᠯᠡᠭᠰᠡᠨ ᠣᠯᠭᠤᠬᠤ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠣᠯᠭᠤᠬᠤ ᠠᠷᠭ᠎ᠠ ᠮᠠᠶ᠋ᠢᠭ ᠢᠶᠠᠷ ᠳᠡᠮᠵᠢᠨ ᠠᠪᠤᠷᠠᠨ ᠲᠤᠰᠠᠯᠠᠬᠤ ᠡᠲᠡᠭᠡᠳ ᠤᠨ ᠬᠤᠪᠢ ᠬᠥᠮᠥᠨ ᠤ ᠲᠠᠩᠰᠠᠨ ᠡᠷᠦᠬᠡ ᠳᠤ ᠣᠯᠭᠤᠵᠤ᠂ ᠠᠪᠤᠷᠠᠨ ᠲᠤᠰᠠᠯᠠᠬᠤ ᠮᠥᠩᠭᠦ ᠶᠢ ᠲᠤᠭ᠎ᠠ ᠶᠣᠰᠣᠭᠠᠷ᠂ ᠴᠠᠭ ᠲᠤᠬᠠᠢ ᠳᠤᠨᠢ ᠣᠯᠭᠤᠬᠤ ᠶᠢ ᠦᠨᠡᠨᠬᠦ ᠪᠠᠲᠤᠯᠠᠨ᠎ᠠ᠃ ᠨᠡᠶᠢᠭᠡᠮᠴᠢᠯᠡᠭᠰᠡᠨ ᠣᠯᠭᠤᠬᠤ ᠨᠥᠬᠦᠴᠡᠯ ᠢ ᠪᠦᠷᠢᠳᠦᠭᠦᠯᠦᠭᠰᠡᠨ ᠦᠭᠡᠢ ᠪᠤᠶᠤ ᠪᠠᠴᠢᠮ ᠪᠠᠶᠢᠳᠠᠯ ᠤᠨ ᠳᠣᠣᠷ᠎ᠠ ᠲᠤᠰ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠰᠢᠭᠤᠳ ᠪᠡᠯᠡᠨ ᠵᠣᠭᠤᠰ ᠣᠯᠭᠤᠵᠤ᠂ ᠪᠡᠯᠡᠨ ᠵᠣᠭᠤᠰ ᠣᠯᠭᠤᠬᠤ ᠭᠠᠷᠳᠠᠮ ᠢ ᠲᠡᠭᠦᠯᠳᠡᠷᠵᠢᠭᠦᠯᠬᠦ ᠶᠢᠨ ᠬᠠᠮᠲᠤ 10 ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠦᠬᠦᠢ  ᠮᠠᠲ᠋ᠧᠷᠢᠶᠠᠯ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ  ᠰᠢᠰᠲ᠋ᠧᠮ ᠤᠨ ᠲᠥᠷ ᠴᠠᠭ ᠤᠨ ᠠᠪᠤᠷᠠᠨ ᠲᠤᠰᠠᠯᠠᠬᠤ ᠬᠡᠰᠡᠭ ᠲᠤ ᠳᠠᠮᠵᠢᠭᠤᠯᠤᠨ ᠲᠠᠩᠰᠠ ᠡᠪᠬᠡᠮᠡᠯ  ᠲᠤ ᠣᠷᠣᠭᠤᠯᠵᠤ ᠳᠠᠩᠰᠠᠯᠠᠭᠤᠯᠤᠨ᠎ᠠ᠃        ᠠᠪᠤᠷᠠᠨ ᠲᠤᠰᠠᠯᠠᠬᠤ ᠡᠲᠡᠭᠡᠳ ᠤᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠰᠠᠭᠤᠭ᠎ᠠ ᠬᠠᠶ᠋ᠢᠭ᠂ ᠬᠠᠷᠢᠯᠴᠠᠬᠤ ᠤᠲᠠᠰᠤ᠂ ᠬᠦᠴᠢᠷᠳᠡᠯ ᠤᠨ ᠲᠥᠷᠥᠯ ᠬᠡᠯᠪᠡᠷᠢ᠂ ᠠᠪᠤᠷᠠᠨ ᠲᠤᠰᠠᠯᠠᠬᠤ ᠴᠠᠭ ᠬᠤᠭᠤᠴᠠᠭ᠎ᠠ᠂ ᠠᠪᠤᠷᠠᠨ ᠲᠤᠰᠠᠯᠠᠬᠤ ᠵᠣᠭᠤᠰ ᠤᠨ ᠲᠤᠭ᠎ᠠ᠂ ᠭᠠᠷᠲᠠᠨ ᠭᠦᠢᠴᠡᠳᠬᠡᠬᠦ ᠬᠠᠷᠢᠭᠤᠴᠠᠯᠭᠠᠲᠠᠨ ᠵᠡᠷᠭᠡ ᠮᠡᠳᠡᠭᠡ ᠵᠠᠩᠭᠢ ᠶᠢ ᠪᠠᠭᠲᠠᠭᠠᠭᠰᠠᠨ ᠳᠠᠷᠬᠠᠭᠠᠬᠤ ᠡᠬᠡ ᠲᠠᠩᠰᠠ ᠶᠢ ᠪᠠᠶᠢᠭᠤᠯᠬᠤ ᠶᠢᠨ ᠬᠠᠮᠲᠤ᠂ ᠨᠡᠶᠢᠭᠡᠮ ᠨᠡᠶᠢᠲᠡ ᠳᠤ ᠲᠠᠷᠬᠠᠭᠠᠭᠰᠠᠨ ᠪᠠᠶᠢᠳᠠᠯ ᠢᠶᠠᠨ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃        ︵ᠬᠤᠶᠠᠷ︶ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ᠃ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ ᠪᠣᠯ ᠲᠦᠷ ᠴᠠᠭ ᠤᠨ ᠠᠪᠤᠷᠠᠨ ᠲᠤᠰᠠᠯᠠᠬᠤ ᠶᠢᠨ ᠲᠤᠰᠠᠯᠠᠬᠤ ᠠᠷᠭ᠎ᠠ ᠮᠠᠶ᠋ᠢᠭ ᠮᠥᠨ᠂ ᠲᠡᠭᠦᠨ ᠢ ᠲᠤᠰᠠᠭᠠᠷ ᠨᠢ ᠬᠡᠷᠡᠭᠯᠡᠵᠦ ᠪᠣᠯᠬᠤ ᠮᠥᠷᠲᠡᠭᠡᠨ ᠠᠪᠤᠷᠠᠨ ᠲᠤᠰᠠᠯᠠᠬᠤ ᠮᠥᠩᠭᠦ ᠣᠯᠭᠤᠬᠤ ᠲᠠᠢ ᠵᠡᠷᠭᠡ ᠪᠠᠷ ᠬᠡᠷᠡᠭᠯᠡᠭᠰᠡᠨ ᠴᠦ ᠪᠣᠯᠣᠨ᠎ᠠ᠃ ᠪᠠᠴᠢᠮ ᠬᠦᠴᠢᠷᠲᠡᠢ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠲᠤ᠂ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠪᠠ ᠠᠪᠤᠷᠠᠨ ᠲᠤᠰᠠᠯᠠᠬᠤ ᠡᠲᠡᠭᠡᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠳᠦᠰᠦᠯᠡᠨ᠂ ᠬᠤᠪᠴᠠᠰᠤ ᠬᠤᠨᠠᠷ᠂ ᠢᠳᠡᠭᠡᠨ ᠪᠠ ᠤᠤᠭᠤᠬᠤ ᠤᠰᠤ ᠣᠯᠭᠤᠬᠤ᠂ ᠲᠦᠷ ᠴᠠᠭ ᠤᠨ ᠣᠷᠣᠨ ᠰᠠᠭᠤᠴᠠ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠠᠪᠤᠷᠠᠨ ᠲᠤᠰᠠᠯᠠᠵᠤ ᠪᠣᠯᠣᠨ᠎ᠠ᠃ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ ᠳᠤ ᠬᠡᠷᠡᠭᠰᠡᠬᠦ ᠪᠡᠯᠡ ᠮᠥᠩᠭᠦ ᠶᠢ ᠠᠪᠤᠷᠠᠨ ᠲᠤᠰᠠᠯᠠᠬᠤ ᠡᠲᠡᠭᠡᠳ ᠤᠨ ᠬᠢᠨᠠᠨ ᠲᠣᠭᠲᠠᠭᠠᠭᠰᠠᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠳᠤ ᠪᠠᠭᠲᠠᠭᠠᠨ᠎ᠠ᠃ ᠪᠣᠳᠠᠲᠤ ᠶᠠᠭᠤᠮ᠎ᠠ ᠪᠠᠷ ᠣᠯᠭᠤᠬᠤ ᠬᠡᠯᠪᠡᠷᠢ ᠶᠢ ᠠᠪᠤᠭᠰᠠᠨ ᠪᠠᠶᠢᠪᠠᠯ᠂ ᠪᠠᠴᠢᠮ ᠪᠠᠶᠢᠳᠠᠯ ᠢ ᠭᠠᠷᠭᠠᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠪᠣᠳᠠᠲᠤ ᠶᠠᠭᠤᠮ᠎ᠠ ᠪᠠᠷ ᠣᠯᠭᠤᠬᠤ ᠪᠦᠷᠢᠳᠬᠡᠯ ᠤᠨ ᠡᠬᠡ ᠲᠠᠩᠰᠠ ᠪᠠᠶᠢᠭᠤᠯᠵᠤ᠂ ᠲᠤᠰᠬᠠᠢ ᠬᠥᠮᠥᠨ ᠲᠣᠬᠢᠷᠠᠭᠤᠯᠤᠨ ᠳᠠᠩᠰᠠᠯᠠᠬᠤ᠂ ᠬᠠᠳᠠᠭᠠᠯᠠᠨ ᠬᠠᠮᠢᠶᠠᠷᠬᠤ ᠪᠠ ᠣᠯᠭᠤᠬᠤ ᠶᠢ ᠬᠠᠷᠢᠭᠤᠴᠠᠭᠤᠯᠬᠤ ᠶᠢᠨ ᠬᠠᠮᠲᠤ ᠲᠠᠷᠬᠠᠭᠠᠭᠰᠠᠨ ᠪᠠᠶᠢᠳᠠᠯ ᠢᠶᠠᠨ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃        ︵ᠭᠤᠷᠪᠠ︶ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ᠃ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠪᠣᠯ ᠲᠦᠷ ᠴᠠᠭ ᠤᠨ ᠠᠪᠤᠷᠠᠨ ᠲᠤᠰᠠᠯᠠᠯᠲᠠ ᠶᠢᠨ ᠨᠥᠬᠦᠪᠦᠷᠢ ᠬᠡᠯᠪᠡᠷᠢ ᠮᠥᠨ᠃ ᠲᠦᠷ ᠴᠠᠭ ᠤᠨ ᠠᠪᠤᠷᠠᠨ ᠲᠤᠰᠠᠯᠠᠬᠤ ᠮᠥᠩᠭᠦ᠂ ᠪᠣᠳᠠᠲᠤ ᠪᠣᠳᠠᠰ ᠢᠶᠠᠷ ᠠᠪᠤᠷᠠᠨ ᠲᠤᠰᠠᠯᠠᠭᠰᠠᠨ ᠤ ᠳᠠᠷᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠡᠲᠡᠭᠡᠳ ᠤᠨ ᠬᠦᠴᠢᠷᠳᠡᠯ ᠢ ᠮᠥᠨ ᠬᠦ ᠰᠢᠢᠳᠪᠦᠷᠢᠯᠡᠵᠦ ᠳᠡᠶᠢᠯᠬᠦ ᠦᠭᠡᠢ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠬᠠᠩᠭᠠᠵᠤ ᠪᠣᠯᠣᠨ᠎ᠠ᠃ ᠡᠮᠴᠢᠯᠡᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠲᠤᠰᠬᠠᠢ ᠵᠦᠢᠯ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠪᠡᠯ᠂ ᠴᠠᠭ ᠲᠤᠬᠠᠢ ᠳᠤᠨᠢ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠯᠵᠢᠭᠦᠯᠦᠨ ᠲᠠᠨᠢᠯᠴᠠᠭᠤᠯᠬᠤ ᠶᠢᠨ ᠬᠠᠮᠲᠤ ᠲᠡᠳᠡᠨ ᠢ ᠬᠠᠪᠰᠤᠷᠤᠨ ᠭᠤᠶᠤᠴᠢᠯᠠᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠤᠶᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢ ᠨᠢᠭᠦᠯᠡᠰᠦᠩᠭᠦᠢ ᠶᠢᠨ ᠵᠦᠢᠯᠡᠰ᠂ ᠨᠡᠶᠢᠭᠡᠮ ᠢ ᠳᠠᠶᠢᠴᠢᠯᠠᠨ ᠬᠠᠨᠳᠢᠪ ᠴᠤᠭᠯᠠᠭᠤᠯᠬᠤ᠂ ᠲᠤᠰᠬᠠᠢ ᠦᠢᠯᠡᠴᠢᠯᠡᠭᠡ ᠬᠠᠩᠭᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ ᠬᠡᠯᠪᠡᠷᠢ ᠪᠠᠷ ᠳᠡᠮᠵᠢᠨ ᠬᠠᠪᠰᠤᠷᠤᠨ ᠲᠡᠳᠬᠦᠬᠦ ᠴᠢᠬᠤᠯᠠᠲᠠᠢ ᠪᠠᠶᠢᠪᠠᠯ᠂ ᠠᠪᠤᠷᠠᠨ ᠲᠤᠰᠠᠯᠠᠬᠤ ᠬᠦᠰᠡᠯ ᠰᠠᠨᠠᠭ᠎ᠠ ᠲᠠᠢ ᠬᠠᠮᠢᠶ᠎ᠠ ᠪᠦᠬᠦᠢ ᠨᠡᠶᠢᠭᠡᠮ ᠤᠨ ᠬᠦᠴᠦᠨ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠢ ᠳᠤᠨᠢ ᠰᠢᠯᠵᠢᠭᠦᠯᠦᠨ ᠲᠠᠨᠢᠯᠴᠠᠭᠤᠯᠬᠤ ᠬᠡᠷᠡᠭᠲᠡᠢ᠃        ᠠᠷᠪᠠᠨ ᠬᠤᠶᠠᠳᠤᠭᠠᠷ ᠪᠦᠯᠦᠭ    ᠨᠡᠶᠢᠭᠡᠮ ᠤᠨ ᠠᠪᠤᠷᠠᠨ ᠲᠤᠰᠠᠯᠠᠬᠤ ᠳᠠᠩᠰᠠ ᠡᠪᠬᠡᠮᠡᠯ ᠤᠨ ᠬᠠᠮᠢᠶᠠᠷᠤᠯᠲᠠ        ᠲᠠᠪᠢᠨ ᠬᠤᠶᠠᠳᠤᠭᠠᠷ ᠵᠦᠢᠯ    ᠨᠡᠶᠢᠭᠡᠮ ᠤᠨ ᠠᠪᠤᠷᠠᠨ ᠲᠤᠰᠠᠯᠠᠬᠤ ᠳᠠᠩᠰᠠ ᠡᠪᠬᠡᠮᠡᠯ ᠭᠡᠳᠡᠭ ᠨᠢ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠶᠠᠪᠤᠴᠠ ᠳᠤ ᠪᠤᠢ ᠪᠣᠯᠤᠭᠰᠠᠨ ᠬᠠᠳᠠᠭᠠᠯᠠᠬᠤ ᠦᠨ᠎ᠡ ᠦᠷᠳᠡᠭ ᠲᠠᠢ ᠦᠰᠦᠭ ᠪᠢᠴᠢᠭ᠂ ᠵᠢᠷᠤᠭ ᠬᠦᠰᠦᠨᠦᠭᠲᠦ᠂ ᠳᠠᠭᠤ ᠳᠦᠷᠰᠦ᠂ ᠡᠯᠧᠺᠲᠷᠣᠨ ᠳ᠋ᠠᠶᠢᠲ᠋ᠠ ᠵᠡᠷᠭᠡ ᠠᠳᠠᠯᠢ ᠪᠤᠰᠤ ᠬᠡᠯᠪᠡᠷᠢ᠂ ᠠᠳᠠᠯᠢ ᠪᠤᠰᠤ ᠠᠴᠢᠶᠠᠯᠠᠪᠤᠷᠢ ᠳᠤ ᠲᠡᠮᠳᠡᠭᠯᠡᠭᠰᠡᠨ ᠲᠡᠦᠬᠡ ᠶᠢᠨ ᠲᠡᠮᠳᠡᠭᠯᠡᠯ ᠢ ᠵᠢᠭᠠᠵᠤ ᠪᠠᠶᠢᠨ᠎ᠠ᠃        ᠲᠠᠪᠢᠨ ᠭᠤᠷᠪᠠᠳᠤᠭᠠᠷ ᠵᠦᠢᠯ    ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠢ ᠪᠥᠬᠦᠳᠡ ᠶᠢ ᠲᠠᠩᠰᠠ ᠡᠪᠬᠡᠮᠡᠯ ᠳᠤ ᠣᠷᠣᠭᠤᠯᠵᠤ᠂ ᠡᠳᠦᠷ ᠲᠤᠳᠤᠮ ᠤᠨ ᠬᠠᠮᠢᠶᠠᠷᠤᠯᠲᠠ ᠶᠢ ᠲᠤᠰᠬᠠᠢ ᠬᠥᠮᠥᠨ ᠢᠶᠠᠷ ᠬᠠᠷᠢᠭᠤᠴᠠᠭᠤᠯᠵᠤ᠂ ᠴᠠᠭ ᠲᠤᠬᠠᠢ ᠳᠤᠨᠢ ᠭᠦᠢᠴᠡᠳᠬᠡᠪᠡᠯ ᠴᠠᠭ ᠲᠤᠬᠠᠢ ᠳᠤᠨᠢ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃ ᠳᠠᠩᠰᠠ ᠡᠪᠬᠡᠮᠡᠯ ᠢ ᠡᠮᠬᠢᠯᠡᠬᠦ ᠳᠡᠭᠡᠨ ᠨᠢᠭᠡᠳᠦᠯᠲᠡᠢ ᠵᠢᠷᠤᠮᠵᠢᠭᠤᠯᠵᠤ᠂ ᠬᠠᠳᠠᠭᠠᠯᠠᠨ ᠬᠠᠮᠢᠶᠠᠷᠬᠤ ᠳᠠᠭᠠᠨ ᠠᠶᠤᠯᠭᠦᠢ ᠪᠥᠭᠡᠳ ᠡᠮᠬᠢ ᠵᠢᠷᠤᠮ ᠲᠠᠢ ᠪᠠᠶᠢᠯᠭᠠᠵᠤ᠂ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃        ᠲᠠᠪᠢᠨ ᠳᠥᠷᠪᠡᠳᠦᠭᠡᠷ ᠵᠦᠢᠯ    ᠬᠠᠮᠢᠶᠠᠷᠤᠯᠲᠠ ᠪᠠ ᠬᠡᠷᠡᠭᠯᠡᠯᠲᠡ ᠳᠤ ᠳᠥᠭᠦᠮ ᠪᠣᠯᠭᠠᠬᠤ ᠶᠢᠨ ᠲᠤᠰᠠᠳᠠ᠂ ᠨᠡᠶᠢᠭᠡᠮ ᠤᠨ ᠠᠪᠤᠷᠠᠨ ᠲᠤᠰᠠᠯᠠᠬᠤ ᠳᠠᠩᠰᠠ ᠡᠪᠬᠡᠮᠡᠯ ᠢ ᠵᠠᠷᠴᠢᠮ ᠳᠡᠭᠡᠷ᠎ᠡ ᠪᠠᠨ ᠳᠣᠣᠷᠠᠬᠢ ᠮᠡᠲᠦ ᠭᠤᠷᠪᠠᠨ ᠲᠥᠷᠥᠯ ᠬᠤᠪᠢᠶᠠᠨ᠎ᠠ᠄        ︵ᠨᠢᠭᠡ︶ ᠬᠢᠨᠠᠨ ᠬᠠᠷᠭᠤᠭᠤᠯᠵᠤ ᠨᠤᠲᠠᠯᠠᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ ᠤᠨ ᠲᠠᠩᠰᠠ ᠡᠪᠬᠡᠮᠡᠯ᠄ ᠬᠢᠨᠠᠨ ᠬᠠᠷᠭᠤᠭᠤᠯᠵᠤ ᠨᠤᠲᠠᠯᠠᠬᠤ ᠲᠥᠷᠥᠯ ᠤᠨ ᠲᠠᠩᠰᠠ ᠡᠪᠬᠡᠮᠡᠯ ᠭᠡᠳᠡᠭ ᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂  ᠵᠠᠷᠯᠠᠨ ᠨᠡᠶᠢᠲᠡᠯᠡᠬᠦ᠂ ᠠᠷᠠᠳᠴᠢᠯᠠᠯ ᠢᠶᠠᠷ ᠦᠨᠡᠯᠡᠬᠦ᠂ ᠨᠤᠲᠠᠯᠠᠬᠤ᠂ ᠬᠥᠳᠡᠯᠦᠩᠭᠦᠢ ᠪᠠᠷ ᠬᠠᠮᠢᠶᠠᠷᠬᠤ ᠵᠡᠷᠭᠡ ᠶᠠᠪᠤᠴᠠ ᠳᠤ ᠪᠣᠶ ᠪᠣᠯᠤᠭᠰᠠᠨ ᠲᠠᠩᠰᠠ ᠡᠪᠬᠡᠮᠡᠯ ᠢ ᠵᠢᠭᠠᠵᠤ ᠪᠣᠶ᠃ ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ ᠤᠨ ᠲᠠᠩᠰᠠ ᠡᠪᠬᠡᠮᠡᠯ ᠭᠡᠳᠡᠭ ᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢ ᠣᠷᠳᠣ ᠬᠤᠭᠤᠴᠠᠭ᠎ᠠ ᠪᠠᠷ ᠵᠠᠷᠯᠡᠨ ᠨᠡᠶᠢᠲᠡᠯᠡᠬᠦ᠂ ᠮᠡᠳᠡᠭᠳᠡᠬᠦ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠬᠤᠷᠠᠯ ᠢᠶᠠᠷ ᠰᠤᠳᠤᠯᠬᠤ ᠵᠡᠷᠭᠡ ᠶᠠᠪᠤᠴᠠ ᠳᠤ ᠪᠣᠶ ᠪᠣᠯᠤᠭᠰᠠᠨ ᠲᠠᠩᠰᠠ ᠡᠪᠬᠡᠮᠡᠯ ᠢ ᠵᠢᠭᠠᠵᠤ ᠪᠣᠶ᠃        ︵ᠬᠤᠶᠠᠷ︶ ᠶᠡᠷᠦᠩᠬᠡᠶᠢᠯᠡᠨ ᠬᠠᠮᠢᠶᠠᠷᠬᠤ ᠲᠥᠷᠥᠯ ᠤᠨ ᠲᠠᠩᠰᠠ ᠡᠪᠬᠡᠮᠡᠯ᠄ ᠨᠡᠶᠢᠭᠡᠮ ᠤᠨ  ᠠᠪᠤᠷᠠᠨ ᠲᠤᠰᠠᠯᠠᠬᠤ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ᠂ ᠲᠣᠰ ᠱᠠᠲᠤᠨ ᠤ ᠠᠵᠢᠯ ᠤᠨ ᠲᠥᠯᠥᠪᠯᠡᠭᠡ᠂ ᠳ᠋ᠦᠩᠨᠡᠯᠲᠡ᠂ ᠮᠡᠳᠡᠭᠦᠯᠦᠯᠲᠡ᠂ ᠮᠡᠳᠡᠭᠳᠡᠯ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠵᠡᠷᠭᠡ ᠪᠢᠴᠢᠭ ᠮᠠᠲ᠋ᠧᠷᠢᠶᠠᠯ ᠢ ᠪᠠᠭᠲᠠᠭᠠᠨ᠎ᠠ᠃        ︵ᠭᠤᠷᠪᠠ︶ ᠣᠨᠴᠠᠭᠠᠢ ᠠᠴᠢᠶᠠᠯᠠᠪᠤᠷᠢ ᠶᠢᠨ ᠲᠥᠷᠥᠯ ᠤᠨ ᠲᠠᠩᠰᠠ ᠡᠪᠬᠡᠮᠡᠯ᠄ ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ᠂ ᠬᠠᠷᠭᠤᠭᠤᠯᠬᠤ ᠰᠢᠰᠲ᠋ᠧᠮ ᠠᠴᠠ ᠪᠣᠶ ᠪᠣᠯᠤᠭᠰᠠᠨ ᠡᠯᠧᠺᠲᠷᠣᠨ ᠳ᠋ᠠᠶᠢᠲ᠋ᠠ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠳᠤ ᠬᠤᠯᠪᠣᠭᠳᠠᠬᠤ ᠬᠡᠷᠡᠯ ᠵᠢᠷᠤᠭ᠂ ᠲᠠᠭᠤᠨ  ᠤ ᠳᠠᠪᠲᠠᠮᠵᠢ᠂  ᠸᠢᠳᠢᠤ᠋ ᠮᠠᠲ᠋ᠧᠷᠢᠶᠠᠯ ᠪᠠ ᠪᠤᠰᠤᠳ ᠡᠯᠧᠺᠲᠷᠣᠨ ᠪᠢᠴᠢᠭ ᠮᠠᠲ᠋ᠧᠷᠢᠶᠠᠯ ᠤᠨ ᠮᠠᠲ᠋ᠧᠷᠢᠶᠠᠯ ᠵᠡᠷᠭᠡ ᠶᠢ ᠪᠠᠭᠲᠠᠭᠠᠨ᠎ᠠ᠃        ᠲᠠᠪᠢᠨ ᠲᠠᠪᠤᠳᠤᠭᠠᠷ ᠵᠦᠢᠯ    ᠡᠯ᠎ᠡ ᠲᠥᠷᠥᠯ ᠤᠨ ᠨᠡᠶᠢᠭᠡᠮ ᠤᠨ ᠠᠪᠣᠷᠠᠨ ᠲᠤᠰᠠᠯᠠᠬᠤ ᠳᠠᠩᠰᠠ ᠡᠪᠬᠡᠮᠡᠯ ᠢ ᠳᠣᠣᠷᠠᠬᠢ ᠱᠠᠭᠠᠷᠳᠠᠯᠭ᠎ᠠ ᠶᠣᠰᠣᠭᠠᠷ ᠳᠤᠰ ᠳᠤᠰ ᠳᠠᠩᠰᠠ ᠡᠪᠬᠡᠮᠡᠯ ᠳᠤ ᠣᠷᠣᠭᠤᠯᠤᠨ᠎ᠠ᠄        ︵ᠨᠢᠭᠡ︶ ᠨᠡᠶᠢᠭᠡᠮ ᠤᠨ ᠠᠪᠣᠷᠠᠨ ᠲᠤᠰᠠᠯᠠᠬᠤ ᠭᠤᠶᠤᠴᠢᠯᠠᠯ ᠢ ᠭᠥᠯᠢᠶᠡᠨ ᠠᠪᠬᠤ᠂ ᠬᠢᠨᠠᠨ ᠬᠠᠷᠭᠤᠭᠤᠯᠵᠤ ᠨᠤᠲᠠᠯᠠᠬᠤ ᠶᠠᠪᠤᠴᠠ ᠠᠴᠠ ᠪᠤᠢ ᠪᠣᠯᠤᠭᠰᠠᠨ ᠭᠤᠶᠤᠴᠢᠯᠠᠯ ᠤᠨ ᠬᠦᠰᠦᠨᠦᠭᠲᠦ᠂ ᠬᠢᠨᠠᠨ ᠵᠥᠪᠰᠢᠶᠡᠷᠡᠬᠦ ᠬᠦᠰᠦᠨᠦᠭᠲᠦ᠂ ᠠᠮᠠᠯᠠᠯᠲᠠ ᠶᠢᠨ ᠪᠢᠴᠢᠭ᠂ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠵᠢᠴᠢ ᠭᠤᠶᠤᠴᠢᠯᠠᠭᠴᠢ ᠶᠢᠨ ᠲᠤᠰᠢᠶᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ︽ᠨᠢᠭᠡ ᠡᠷᠥᠭᠡ ᠨᠢᠭᠡ ᠲᠠᠩᠰᠠ ᠡᠪᠬᠡᠮᠡᠯ᠂ ᠲᠥᠷᠥᠯ ᠬᠤᠪᠢᠶᠠᠨ ᠲᠠᠩᠰᠠ ᠡᠪᠬᠡᠮᠡᠯ ᠪᠠᠶᠢᠭᠤᠯᠬᠤ︾ ᠱᠠᠭᠠᠷᠳᠠᠯᠭ᠎ᠠ ᠶᠣᠰᠣᠭᠠᠷ ᠡᠮᠬᠢᠯᠡᠵᠦ᠂ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠤᠨ ᠲᠠᠩᠰᠠ ᠡᠪᠬᠡᠮᠡᠯ ᠳᠤ ᠣᠷᠣᠭᠤᠯᠵᠤ᠂ ᠦᠷᠭᠦᠯᠵᠢᠯᠡᠨ ᠪᠦᠷᠢᠨ ᠪᠦᠲᠦᠨ  ᠪᠤᠯᠭᠠᠬᠤ ᠬᠡᠷᠡᠭᠲᠡᠢ᠃        ︵ᠬᠤᠶᠠᠷ︶ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠢ ᠭᠥᠯᠢᠶᠡᠨ ᠠᠪᠬᠤ᠂ ᠬᠢᠨᠠᠨ ᠬᠠᠷᠭᠤᠭᠤᠯᠵᠤ ᠨᠤᠲᠠᠯᠠᠬᠤ ᠪᠠ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠤᠨ ᠳᠤᠮᠳᠠ ᠪᠤᠢ ᠪᠣᠯᠤᠭᠰᠠᠨ ᠡᠯ᠎ᠡ ᠲᠥᠷᠥᠯ ᠤᠨ ᠬᠤᠷᠢᠶᠠᠩᠭᠤᠢ ᠬᠦᠰᠦᠨᠦᠭᠲᠦ᠂ ᠲᠣᠭᠲᠠᠮᠠᠯ ᠬᠤᠭᠤᠴᠠᠭ᠎ᠠ ᠲᠠᠢ ᠮᠡᠳᠡᠭᠦᠯᠬᠦ ᠬᠦᠰᠦᠨᠦᠭᠲᠦ᠂ ᠲᠣᠭᠲᠠᠮᠠᠯ ᠬᠤᠭᠤᠴᠠᠭ᠎ᠠ ᠲᠠᠢ ᠲᠠᠬᠢᠨ ᠬᠢᠨᠠᠬᠤ ᠬᠦᠰᠦᠨᠦᠭᠲᠦ᠂ ᠮᠡᠳᠡᠭᠳᠡᠬᠦ ᠪᠢᠴᠢᠭ᠂  ᠵᠠᠷᠯᠠᠨ ᠨᠡᠶᠢᠲᠡᠯᠡᠭᠰᠡᠨ ᠮᠠᠲ᠋ᠧᠷᠢᠶᠠᠯ᠂ ᠬᠤᠷᠠᠯ ᠤᠨ ᠲᠡᠮᠳᠡᠭᠯᠡᠯ ᠂  ᠠᠪᠤᠷᠠᠨ ᠲᠤᠰᠠᠯᠠᠵᠤ ᠣᠯᠭᠤᠭᠰᠠᠨ ᠨᠡᠷᠡᠰ ᠤᠨ ᠳᠡᠪᠲᠡᠷ ᠵᠡᠷᠭᠡ ᠶᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠤᠨ᠎ᠠ᠃        ︵ᠭᠤᠷᠪᠠ︶ ᠶᠡᠷᠦᠩᠬᠡᠶᠢᠯᠡᠨ ᠬᠠᠮᠢᠶᠠᠷᠬᠤ ᠲᠥᠷᠥᠯ ᠤᠨ ᠲᠠᠩᠰᠠ ᠡᠪᠬᠡᠮᠡᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ᠄ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ᠂ ᠲᠣᠰ ᠱᠠᠲᠤᠨ ᠤ ᠠᠵᠢᠯ ᠤᠨ ᠲᠥᠯᠥᠪᠯᠡᠭᠡ᠂ ᠳ᠋ᠦᠩᠨᠡᠯᠲᠡ᠂ ᠮᠡᠳᠡᠭᠦᠯᠦᠯᠲᠡ᠂ ᠮᠡᠳᠡᠭᠳᠡᠯ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠮᠠᠲ᠋ᠧᠷᠢᠶᠠᠯ ᠵᠡᠷᠭᠡ ᠶᠡᠷᠦᠩᠬᠡᠶᠢᠯᠡᠨ ᠬᠠᠮᠢᠶᠠᠷᠬᠤ ᠲᠥᠷᠥᠯ ᠤᠨ ᠲᠠᠩᠰᠠ ᠡᠪᠬᠡᠮᠡᠯ ᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠴᠥᠮ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃ ᠡᠭᠦᠨ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ᠂ ᠲᠣᠰ ᠱᠠᠲᠤᠨ ᠤ ᠠᠵᠢᠯ ᠤᠨ ᠲᠥᠯᠥᠪᠯᠡᠭᠡ᠂ ᠳ᠋ᠦᠩᠨᠡᠯᠲᠡ᠂ ᠮᠡᠳᠡᠭᠦᠯᠦᠯᠲᠡ᠂ ᠮᠡᠳᠡᠭᠳᠡᠯ᠂ ᠮᠡᠳᠡᠭᠦᠯᠬᠦ ᠬᠦᠰᠦᠨᠦᠭᠲᠦ ᠵᠡᠷᠭᠡ ᠮᠠᠲ᠋ᠧᠷᠢᠶᠠᠯ ᠢ ᠲᠣᠰ ᠨᠢᠭᠡᠴᠡ ᠶᠢᠨ ᠪᠢᠴᠢᠭ ᠬᠠᠷ᠎ᠠ ᠶᠢᠨ ᠲᠠᠩᠰᠠ ᠡᠪᠬᠡᠮᠡᠯ ᠳᠤ ᠣᠷᠣᠭᠤᠯᠤᠨ᠎ᠠ︔ ᠠᠪᠤᠷᠠᠨ ᠲᠤᠰᠠᠯᠠᠬᠤ ᠪᠡᠯᠡ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ᠂ ᠰᠢᠯᠵᠢᠭᠦᠯᠦᠨ ᠥᠭᠭᠦᠭᠰᠡᠨ ᠭᠡᠷᠡᠴᠢ ᠪᠠᠷᠢᠮᠲᠠ ᠵᠡᠷᠭᠡ ᠮᠠᠲ᠋ᠧᠷᠢᠶᠠᠯ ᠢ ᠲᠤᠰ ᠨᠢᠭᠡᠴᠢ ᠶᠢᠨ ᠢᠶᠠᠨ ᠨᠢᠭᠲᠠᠯᠠᠨ ᠪᠣᠳᠣᠯᠲᠠ ᠶᠢᠨ ᠲᠠᠩᠰᠠ ᠡᠪᠬᠡᠮᠡᠯ ᠳᠤ ᠣᠷᠣᠭᠤᠯᠤᠨ᠎ᠠ᠃        ᠲᠠᠪᠢᠨ ᠵᠢᠷᠭᠤᠳᠤᠭᠠᠷ ᠵᠦᠢᠯ    ᠨᠢᠭᠡᠨᠲᠡ ᠨᠡᠶᠢᠭᠡᠮ ᠤᠨ ᠠᠪᠤᠷᠠᠨ ᠲᠤᠰᠠᠯᠠᠬᠤ ᠳᠤ ᠣᠷᠣᠭᠤᠯᠤᠭᠰᠠᠨ ᠬᠢᠨᠠᠨ ᠬᠠᠷᠭᠤᠭᠤᠯᠵᠤ ᠨᠤᠲᠠᠯᠠᠬᠤ ᠲᠥᠷᠥᠯ ᠤᠨ ᠲᠠᠩᠰᠠ ᠡᠪᠬᠡᠮᠡᠯ ᠢ ᠣᠷᠳᠣ ᠬᠤᠭᠤᠴᠠᠭ᠎ᠠ ᠪᠠᠷ ᠬᠠᠳᠠᠭᠠᠯᠠᠬᠤ ᠬᠡᠷᠡᠭᠲᠡᠢ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠭᠤᠬᠤ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ  ᠶᠢ ᠨᠢᠭᠡᠨᠲᠡ ᠵᠣᠭᠰᠣᠭᠠᠭᠰᠠᠨ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠨᠢ ᠲᠣᠰ ᠡᠲᠡᠭᠡᠳ ᠤᠨ ᠣᠯᠭᠤᠬᠤ ᠶᠢ ᠵᠣᠭᠰᠣᠭᠠᠭᠰᠠᠨ ᠡᠳᠦᠷ ᠠᠴᠠ ᠡᠬᠢᠯᠡᠨ ᠲᠠᠪᠤᠨ ᠵᠢᠯ ᠠᠴᠠ ᠳᠤᠲᠠᠭᠤ ᠪᠠᠶᠢᠵᠤ ᠪᠣᠯᠬᠤ ᠦᠭᠡᠢ︔ ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ ᠤᠨ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠶᠢ ᠲᠠᠪᠤᠨ ᠵᠢᠯ ᠠᠴᠠ ᠳᠤᠲᠠᠭᠤ ᠪᠠᠶᠢᠵᠤ ᠪᠣᠯᠬᠤ ᠦᠭᠡᠢ᠃ ᠶᠡᠷᠦᠩᠬᠡᠶᠢᠯᠡᠨ ᠬᠠᠮᠢᠶᠠᠷᠬᠤ ᠲᠦᠷᠦᠯ ᠤᠨ ᠳᠠᠩᠰᠠ ᠡᠪᠬᠡᠮᠡᠯ᠂ ᠣᠨᠴᠠᠭᠠᠶ ᠠᠴᠢᠶᠠᠯᠠᠪᠤᠷᠢ ᠶᠢᠨ ᠲᠦᠷᠦᠯ ᠤᠨ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠨᠢ ᠲᠡᠭᠦᠨ ᠲᠠᠢ ᠵᠣᠬᠢᠴᠠᠯᠳᠤᠭᠰᠠᠨ ᠪᠢᠴᠢᠭ ᠬᠠᠷ᠎ᠠ ᠶᠢᠨ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠲᠠᠢ ᠨᠢᠭᠡᠳᠦᠯᠲᠡᠢ ᠪᠠᠶᠢᠬᠤ ᠬᠡᠷᠡᠭᠲᠡᠢ᠃        ᠠᠷᠪᠠᠨ ᠭᠤᠷᠪᠠᠳᠤᠭᠠᠷ ᠪᠦᠯᠦᠭ    ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠤᠨ ᠦᠨᠡᠨᠴᠢ ᠢᠲᠡᠭᠡᠮᠵᠢ ᠲᠠᠢ ᠪᠠᠶᠢᠬᠤ ᠶᠢ ᠮᠡᠳᠡᠭᠳᠡᠬᠦ ᠵᠢᠴᠢ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ        ᠲᠠᠪᠢᠨ ᠳᠣᠯᠣᠳᠤᠭᠠᠷ ᠵᠦᠢᠯ    ᠦᠨᠡᠨᠴᠢ ᠢᠲᠡᠭᠡᠮᠵᠢ ᠲᠠᠢ ᠪᠠᠶᠢᠬᠤ ᠶᠢ ᠮᠡᠳᠡᠭᠳᠡᠬᠦ ᠡᠲᠡᠭᠡᠳ       ᠨᠡᠶᠢᠭᠡᠮ ᠤᠨ ᠲᠤᠰᠠᠯᠠᠮᠵᠢ ᠶᠢ ᠭᠤᠶᠤᠴᠢᠯᠠᠭᠰᠠᠨ ᠪᠤᠶᠤ ᠨᠢᠭᠡᠨᠲᠡ ᠣᠯᠣᠭᠰᠠᠨ ᠭᠡᠷ ᠪᠦᠯᠢ ᠪᠠ ᠬᠤᠪᠢ ᠬᠥᠮᠥᠨ ᠵᠢᠴᠢ ᠬᠤᠯᠪᠣᠭᠳᠠᠯ ᠪᠦᠬᠦᠢ ᠬᠥᠮᠥᠰ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ᠂ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ᠂ ᠠᠰᠠᠷᠠᠨ ᠳᠡᠳᠬᠦᠬᠦ ᠡᠭᠦᠷᠭᠡ ᠲᠠᠢ ᠬᠥᠮᠥᠰ ᠵᠡᠷᠭᠡ ᠪᠠᠭᠲᠠᠨ᠎ᠠ᠃        ᠲᠠᠪᠢᠨ ᠨᠠᠢᠮᠠᠳᠤᠭᠠᠷ ᠵᠦᠢᠯ    ᠦᠨᠡᠨᠴᠢ ᠢᠲᠡᠭᠡᠮᠵᠢ ᠲᠠᠢ ᠪᠠᠶᠢᠬᠤ ᠶᠢ ᠮᠡᠳᠡᠭᠳᠡᠬᠦ ᠶᠠᠪᠤᠴᠠ       ᠰᠠᠭᠤᠭᠠᠯᠢ ᠠᠷᠠᠳ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠭᠠᠷᠭᠠᠵᠤ᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠪᠠᠶᠢᠴᠠᠭᠠᠯᠲᠠ ᠪᠤᠶᠤ ᠪᠤᠰᠤᠳ ᠨᠡᠶᠢᠭᠡᠮ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡ  ᠶᠢ ᠬᠦᠯᠢᠶᠡᠬᠦ ᠦᠶ᠎ᠡ ᠳᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠭᠠᠷᠳᠠᠨ ᠬᠢᠬᠦ ᠪᠠᠶᠢᠭᠤᠯᠤᠮᠵᠢ ᠶᠢᠨ ᠠᠵᠢᠯᠲᠠᠨ ᠭᠤᠶᠤᠴᠢᠯᠠᠭᠴᠢ ᠶᠢ ᠵᠢᠭᠠᠨ ᠵᠢᠯᠤᠭᠤᠳᠴᠤ ᠪᠠᠶᠢᠭᠠᠳ ︽ᠨᠡᠶᠢᠭᠡᠮ ᠤᠨ ᠠᠪᠤᠷᠠᠨ ᠲᠤᠰᠠᠯᠠᠬᠤ ᠬᠤᠪᠢ ᠬᠥᠮᠥᠨ ᠤ ᠦᠨᠡᠨᠴᠢ ᠢᠲᠡᠭᠡᠮᠵᠢ ᠶᠢᠨ ᠮᠡᠳᠡᠭᠳᠡᠯ ᠤᠨ ᠪᠢᠴᠢᠭ︾ ᠢ ᠨᠠᠷᠢᠨ ᠬᠢᠨᠠᠮᠠᠭᠠᠢ ᠦᠵᠡᠭᠦᠯᠵᠦ᠂ ︽ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠡᠨᠴᠢ ᠢᠲᠡᠭᠡᠮᠵᠢ ᠶᠢᠨ ᠮᠡᠳᠡᠭᠳᠡᠯ ᠤᠨ ᠪᠢᠴᠢᠭ︾ ᠤᠨ ᠠᠭᠤᠯᠭ᠎ᠠ᠂ ᠤᠳᠬ᠎ᠠ ᠪᠠ ᠢᠲᠡᠭᠡᠯ ᠠᠯᠳᠠᠭᠰᠠᠨ ᠤ ᠦᠷ᠎ᠡ ᠳ᠋ᠦᠩ ᠢ ᠣᠶᠢᠯᠠᠭᠠᠭᠤᠯᠵᠤ ᠳᠠᠶᠢᠯᠪᠤᠷᠢᠯᠡᠨ᠂ ᠳᠠᠷᠠᠭ᠎ᠠ ᠨᠢ ᠮᠡᠳᠡᠭᠦᠯᠦᠭᠴᠢ ᠠᠴᠠ ᠬᠥᠮᠥᠨ ᠳᠠᠷᠠᠭᠠᠯᠠᠨ ᠭᠠᠷ ᠤᠨ ᠥᠰᠥᠭ ᠵᠢᠷᠤᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠬᠤᠷᠤᠭᠤᠨ ᠬᠡ ᠳᠠᠷᠤᠨ᠎ᠠ᠂ ᠨᠢᠭᠡ ᠬᠤᠪᠢ ᠬᠤᠶᠠᠷ ᠬᠠᠭᠤᠯᠪᠤᠷᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠮᠡᠳᠡᠭᠦᠯᠦᠭᠴᠢ ᠲᠣᠰ ᠪᠦᠷᠢ ᠨᠢᠭᠡ ᠬᠤᠪᠢ᠂ ᠣᠷᠳᠣ ᠬᠤᠭᠤᠴᠠᠭ᠎ᠠ ᠪᠠᠷ ᠬᠦᠴᠦᠨ ᠲᠠᠢ᠃ ᠮᠡᠳᠡᠭᠳᠡᠭᠴᠢ ᠨᠢ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠤᠶᠤ ᠢᠷᠭᠡᠨ ᠤ ᠬᠡᠷᠡᠭ ᠤᠨ ᠬᠢᠵᠠᠭᠠᠷᠲᠤ ᠠᠵᠢᠯᠯᠠᠭ᠎ᠠ ᠶᠢᠨ ᠴᠢᠳᠠᠪᠤᠷᠢ ᠲᠠᠢ ᠪᠠᠶᠢᠪᠠᠯ᠂ ᠲᠡᠭᠦᠨ ᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ ᠣᠷᠣᠯᠠᠨ ᠲᠠᠭᠯᠠᠵᠤ ᠪᠣᠯᠣᠨ᠎ᠠ᠂ ᠢᠲᠡᠭᠡᠯ ᠠᠯᠳᠠᠭᠰᠠᠨ ᠠᠵᠢᠯᠯᠠᠭ᠎ᠠ ᠠᠴᠠ ᠪᠣᠯᠤᠭᠰᠠᠨ ᠦᠷ᠎ᠡ ᠳ᠋ᠦᠩ ᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠡᠭᠦᠷᠭᠡᠯᠡᠨ᠎ᠡ︔ ᠪᠤᠰᠤᠳ ᠮᠡᠳᠡᠭᠳᠡᠭᠴᠢ ᠥᠪᠡᠷ ᠢᠶᠠᠨ ᠲᠠᠭᠯᠠᠨ ᠪᠢᠴᠢᠬᠦ ᠶᠢᠨ ᠠᠷᠭ᠎ᠠ ᠦᠭᠡᠢ ᠪᠣᠯ᠂ ᠭᠡᠷ ᠪᠦᠯᠢ ᠶᠢᠨ ᠪᠦᠷᠢᠯᠳᠦᠭᠦᠨ ᠪᠤᠶᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠪᠢᠴᠢᠭ ᠢᠶᠠᠷ ᠨᠠᠶᠢᠳᠠᠵᠤ ᠣᠷᠣᠯᠠᠨ ᠲᠠᠭᠯᠠᠨ ᠪᠢᠴᠢᠭᠦᠯᠵᠦ ᠪᠣᠯᠣᠨ᠎ᠠ᠂ ᠢᠲᠡᠭᠡᠯ ᠠᠯᠳᠠᠭᠰᠠᠨ ᠠᠵᠢᠯᠯᠠᠭ᠎ᠠ ᠠᠴᠠ ᠪᠣᠯᠤᠭᠰᠠᠨ ᠦᠷ᠎ᠡ ᠳ᠋ᠦᠩ ᠢ ᠨᠠᠶᠢᠳᠠᠭᠴᠢ ᠡᠭᠦᠷᠭᠡᠯᠡᠨ᠎ᠡ᠃        ᠲᠠᠪᠢ ᠶᠢᠰᠦᠳᠦᠭᠡᠷ ᠵᠦᠢᠯ    ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ        ᠡᠷᠦᠬᠡ ᠳᠤ ᠬᠦᠷᠴᠦ ᠬᠢᠨᠠᠨ ᠪᠠᠶᠢᠴᠠᠭᠠᠬᠤ᠂ ᠬᠥᠷᠰᠢ ᠵᠡᠷᠭᠡᠯᠡᠳᠡᠭᠡ ᠪᠠᠷ ᠰᠤᠷᠪᠤᠯᠵᠢᠯᠠᠬᠤ᠂ ᠵᠠᠬᠢᠳᠠᠯ ᠢᠶᠠᠷ ᠭᠡᠷᠡᠴᠢ ᠠᠪᠬᠤ᠂ ᠣᠯᠠᠨ ᠲᠦᠮᠡᠨ ᠦᠨᠡᠯᠡᠨ ᠶᠠᠷᠢᠯᠴᠠᠬᠤ᠂ ᠮᠡᠳᠡᠭᠡ ᠵᠠᠩᠭᠢ ᠶᠢ ᠬᠢᠨᠠᠨ ᠪᠠᠶᠢᠴᠠᠭᠠᠬᠤ᠂ ᠣᠯᠠᠨ ᠲᠦᠮᠡᠨ ᠢᠯᠡᠴᠢᠯᠡᠨ ᠮᠡᠳᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠡᠳᠡᠭᠳᠡᠬᠦ ᠡᠲᠡᠭᠡᠳ ᠲᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠬᠤ ᠶᠢ ᠣᠯᠵᠤ ᠮᠡᠳᠡᠪᠡᠯ᠂ ᠬᠤᠪᠢ ᠬᠥᠮᠥᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠠᠷ ᠮᠠᠭᠠᠳᠯᠠᠨ ᠲᠣᠭᠲᠠᠭᠠᠵᠤ ᠪᠣᠯᠣᠨ᠎ᠠ᠄ ᠭᠡᠷ ᠪᠦᠯᠢ ᠶᠢᠨ ᠦᠨᠡᠨ ᠪᠣᠳᠠᠲᠠᠢ ᠣᠷᠣᠯᠭ᠎ᠠ᠂ ᠡᠳ᠋ ᠬᠥᠷᠥᠩᠭᠡ᠂ ᠵᠠᠷᠤᠯᠭ᠎ᠠ᠂ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ᠂ ᠭᠡᠷ ᠪᠦᠯᠢ ᠶᠢᠨ ᠪᠦᠷᠢᠯᠳᠦᠭᠦᠨ ᠤ ᠡᠷᠡᠭᠦᠯ ᠮᠡᠨᠳᠤ᠂  ᠰᠤᠷᠭᠠᠨ ᠬᠥᠮᠦᠵᠢᠯ᠂ ᠤᠷᠤᠭ ᠤᠨ ᠪᠠᠶᠢᠳᠠᠯ ᠵᠢᠴᠢ ᠬᠠᠤᠯᠢ ᠪᠠᠷ ᠲᠣᠭᠲᠠᠭᠠᠭᠰᠠᠨ᠂ ᠠᠰᠠᠷᠠᠨ ᠲᠡᠵᠢᠭᠡᠬᠦ᠂ ᠠᠰᠠᠷᠠᠨ ᠳᠡᠳᠬᠦᠬᠦ ᠡᠭᠦᠷᠭᠡᠲᠦ ᠬᠥᠮᠥᠨ ᠤ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠳᠠᠯ ᠢ ᠬᠤᠳᠠᠯ ᠢᠶᠠᠷ ᠮᠡᠳᠡᠭᠦᠯᠦᠭᠰᠡᠨ᠂ ᠨᠢᠭᠤᠨ ᠳᠠᠯᠳᠠᠯᠠᠵᠤ᠂ ᠨᠡᠶᠢᠭᠡᠮ ᠤᠨ ᠠᠪᠤᠷᠠᠨ ᠲᠤᠰᠠᠯᠠᠬᠤ ᠮᠥᠩᠭᠦ ᠪᠤᠶᠤ ᠦᠢᠯᠡᠴᠢᠯᠡᠭᠡ ᠶᠢ ᠮᠡᠬᠡᠯᠡᠨ ᠠᠪᠤᠭᠰᠠᠨ︔ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ᠂ ᠪᠠᠯᠠᠯᠤᠨ ᠥᠭᠡᠷᠡᠲᠦᠭᠦᠯᠦᠭᠰᠡᠨ ᠪᠤᠶᠤ ᠬᠠᠭᠤᠷᠮᠠᠭ ᠮᠠᠲ᠋ᠧᠷᠢᠶᠠᠯ ᠬᠠᠩᠭᠠᠭᠰᠠᠨ᠂ ᠬᠥᠮᠥᠨ ᠤ ᠨᠡᠷ᠎ᠡ ᠪᠠᠷ ᠣᠷᠣᠯᠠᠬᠤ ᠪᠤᠶᠤ ᠪᠤᠰᠤᠳ ᠤᠨ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ ᠶᠢ ᠬᠡᠷᠡᠭᠯᠡᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠮᠥᠩᠭᠦ ᠪᠤᠶᠤ ᠦᠢᠯᠡᠴᠢᠯᠡᠭᠡ ᠶᠢ ᠮᠡᠬᠡᠯᠡᠨ ᠠᠪᠤᠭᠰᠠᠨ︔ ᠤᠷᠤᠬ ᠰᠠᠯᠬᠤ᠂ ᠪᠡᠯᠡᠭᠯᠡᠬᠦ᠂ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠪᠡᠷ ᠤᠨ ᠣᠯᠬᠤ ᠶᠣᠰᠣᠲᠠᠢ ᠡᠳ᠋ ᠬᠥᠷᠥᠩᠭᠡ ᠪᠤᠶᠤ ᠬᠤᠪᠢ ᠶᠢᠨ ᠲᠤᠭ᠎ᠠ ᠪᠠᠨ ᠲᠠᠶᠠᠭᠳᠠᠭᠰᠠᠨ᠂ ᠡᠰᠡᠬᠦᠯ᠎ᠡ ᠬᠠᠤᠯᠢ ᠳᠤ ᠲᠣᠭᠲᠠᠭᠠᠭᠰᠠᠨ ᠣᠯᠬᠤ ᠶᠣᠰᠣᠲᠠᠢ ᠠᠰᠠᠷᠠᠨ ᠲᠡᠵᠢᠭᠡᠬᠦ ᠵᠠᠷᠤᠳᠠᠯ᠂ ᠠᠰᠠᠷᠠᠨ ᠳᠡᠳᠬᠦᠬᠦ ᠵᠠᠷᠤᠳᠠᠯ ᠪᠠ ᠪᠤᠰᠤᠳ ᠬᠠᠤᠯᠢ ᠶᠣᠰᠣᠨ ᠤ ᠡᠳ᠋ ᠬᠥᠷᠥᠩᠭᠡ ᠵᠢᠴᠢ ᠣᠷᠣᠯᠭ᠎ᠠ ᠪᠠᠨ ᠲᠠᠶᠠᠭᠳᠠᠭᠠᠳ᠂ ᠨᠡᠶᠢᠭᠡᠮ ᠤᠨ ᠠᠪᠤᠷᠠᠨ ᠲᠤᠰᠠᠯᠠᠬᠤ ᠮᠥᠩᠭᠦ ᠪᠤᠶᠤ ᠦᠢᠯᠡᠴᠢᠯᠡᠭᠡ ᠶᠢ ᠮᠡᠬᠡᠯᠡᠨ ᠠᠪᠤᠭᠰᠠᠨ︔ ᠨᠠᠶᠢᠳᠠᠯᠭ᠎ᠠ ᠪᠠᠷ ᠬᠠᠮᠢᠶᠠᠷᠬᠤ᠂ ᠰᠢᠯᠵᠢᠭᠦᠯᠬᠦ᠂ ᠵᠢᠭᠡᠯᠡᠭᠦᠯᠬᠦ᠂ ᠰᠢᠯᠵᠢᠭᠦᠯᠦᠨ ᠥᠭᠬᠦ ᠪᠤᠶᠤ ᠪᠤᠰᠤᠳ ᠬᠥᠮᠥᠨ ᠤ ᠪᠡᠶ᠎ᠡ ᠶᠢᠨ ᠬᠢᠷᠢ ᠬᠡᠮ ᠢ ᠰᠢᠭᠤᠳ ᠠᠰᠢᠭᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰ ᠬᠥᠮᠥᠨ ᠤ ᠪᠣᠳᠠᠲᠠᠢ ᠥᠮᠴᠢᠯᠡᠵᠦ ᠪᠠᠶᠢᠭ᠎ᠠ ᠂ ᠬᠡᠷᠡᠭᠯᠡᠵᠦ ᠪᠠᠶᠢᠭ᠎ᠠ ᠪᠤᠶᠤ ᠠᠰᠢᠭ ᠬᠥᠷᠳᠡᠬᠦ ᠲᠡᠷᠭᠡ ᠬᠥᠰᠬᠡ᠂ ᠮᠧᠬᠠᠨᠢᠭ᠂ ᠭᠠᠵᠠᠷ ᠰᠢᠷᠣᠢ᠂ ᠮᠠᠯ ᠤᠨᠤᠭ᠎ᠠ᠂ ᠭᠡᠷ ᠬᠥᠷᠥᠩᠭᠡ ᠵᠡᠷᠭᠡ ᠶᠡᠭᠡ ᠬᠡᠮᠵᠢᠶᠡᠨ ᠤ ᠡᠳ᠋ ᠬᠥᠷᠥᠩᠭᠡ ᠪᠠ ᠬᠤᠳᠠᠯᠳᠤᠭᠠᠨ ᠤ ᠡᠵᠡᠩᠨᠡᠯᠲᠡ ᠶᠢᠨ ᠦᠢᠯᠡ ᠠᠵᠢᠯᠯᠠᠭ᠎ᠠ  ᠪᠠᠨ ᠰᠢᠯᠳᠠᠭᠯᠠᠨ ᠵᠠᠶᠢᠯᠠᠭᠰᠠᠨ︔ ᠬᠡᠭᠡᠯᠢ ᠬᠠᠭ᠋ᠤᠤᠯᠢ ᠲᠦᠯᠬᠢᠬᠦ᠂ ᠠᠶᠤᠯᠭᠠᠨ ᠰᠦᠷᠳᠡᠭᠦᠯᠬᠦ᠂ ᠵᠣᠳᠣᠵᠤ ᠴᠣᠬᠢᠬᠤ᠂ ᠭᠤᠲᠤᠭᠠᠨ ᠬᠠᠷᠢᠶᠠᠬᠤ ᠵᠡᠷᠭᠡ ᠵᠦᠢ ᠪᠤᠰᠤ ᠠᠷᠭ᠎ᠠ ᠮᠠᠶ᠋ᠢᠭ ᠢᠶᠠᠷ ᠨᠡᠶᠢᠭᠡᠮ ᠤᠨ ᠠᠪᠤᠷᠠᠨ ᠲᠤᠰᠠᠯᠠᠬᠤ ᠠᠵᠢᠯᠲᠠᠨ ᠵᠢᠴᠢ ᠪᠠᠶᠢᠴᠠᠭᠠᠨ ᠦᠨᠡᠯᠡᠬᠦ ᠳᠤ ᠣᠷᠣᠯᠴᠠᠭᠰᠠᠨ ᠪᠤᠰᠤᠳ ᠬᠤᠯᠪᠣᠭᠳᠠᠯ ᠪᠦᠬᠦᠢ ᠬᠥᠮᠥᠰ ᠤᠨ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠶᠢ ᠨᠥᠯᠥᠭᠡᠯᠡᠵᠦ᠂ ᠬᠠᠷᠰᠢᠯᠠᠭᠰᠠᠨ︔ ᠨᠡᠶᠢᠭᠡᠮ ᠤᠨ ᠠᠪᠤᠷᠠᠨ ᠲᠤᠰᠠᠯᠠᠯᠲᠠ ᠶᠢᠨ ᠭᠠᠷᠲᠠᠨ ᠬᠢᠭᠴᠢ ᠪᠤᠶᠤ ᠪᠤᠰᠤᠳ ᠠᠪᠤᠷᠠᠨ ᠲᠤᠰᠠᠯᠠᠯᠲᠠ ᠶᠢᠨ ᠡᠲᠡᠭᠡᠳ ᠢ ᠮᠠᠭᠤ ᠰᠠᠨᠠᠭ᠎ᠠ ᠲᠠᠢ ᠪᠠᠷ ᠢᠯᠡᠴᠢᠯᠡᠨ ᠮᠡᠳᠡᠭᠦᠯᠵᠦ᠂ ᠪᠠᠶᠢᠴᠠᠭᠠᠨ ᠲᠣᠳᠣᠯᠠᠭᠠᠳ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠢ ᠪᠢᠰᠢ︔ ᠪᠤᠰᠤᠳ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠢᠲᠡᠭᠡᠯ ᠢᠶᠠᠨ ᠠᠯᠳᠠᠭᠰᠠᠨ ᠠᠵᠢᠯᠯᠠᠭ᠎ᠠ᠃        ᠵᠢᠷᠠᠳᠤᠭᠠᠷ ᠵᠦᠢᠯ    ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠰᠢᠢᠳᠪᠦᠷᠢᠯᠡᠬᠦ        ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠨᠡᠶᠢᠭᠡᠮ ᠤᠨ ᠠᠪᠤᠷᠠᠨ ᠲᠤᠰᠠᠯᠠᠯᠲᠠ  ᠶᠢ ᠬᠡᠷᠡᠭᠵᠢᠭᠦᠯᠬᠦ ᠶᠠᠪᠤᠴᠠ ᠳᠤ ᠡᠭᠦᠰᠦᠭᠰᠡᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠢᠲᠡᠭᠡᠯ ᠠᠯᠳᠠᠭᠰᠠᠨ ᠠᠵᠢᠯᠯᠠᠭ᠎ᠠ  ᠶᠢ ᠨᠠᠷᠢᠨ ᠬᠢᠨᠠᠮᠠᠭᠠᠢ ᠡᠮᠬᠢᠯᠡᠨ ᠬᠠᠷᠭᠤᠭᠤᠯᠵᠤ᠂ ᠭᠤᠶᠤᠴᠢᠯᠠᠭᠴᠢ ᠵᠢᠴᠢ ᠡᠳ᠋ᠯᠡᠵᠦ ᠪᠠᠶᠢᠭ᠎ᠠ ᠬᠥᠮᠥᠰ ᠲᠤ ᠢᠲᠡᠭᠡᠯ ᠠᠯᠳᠠᠭᠰᠠᠨ ᠠᠵᠢᠯᠯᠠᠭ᠎ᠠ  ᠲᠠᠢ ᠪᠠᠶᠢᠬᠤ  ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠨ ᠳᠠᠷᠤᠶᠢᠬᠠᠨ ᠵᠣᠭᠰᠣᠭᠠᠵᠤ᠂ 5 ᠠᠵᠢᠯᠯᠠᠬᠤ ᠡᠳᠦᠷ ᠤᠨ ᠳᠣᠲᠣᠷ᠎ᠠ᠂ ︽ᠨᠡᠶᠢᠭᠡᠮ ᠤᠨ ᠠᠪᠤᠷᠠᠨ ᠲᠤᠰᠠᠯᠠᠬᠤ  ᠬᠡᠪᠴᠢᠶᠠᠨ ᠤ ᠢᠲᠡᠭᠡᠯ ᠠᠯᠳᠠᠭᠰᠠᠨ ᠠᠵᠢᠯᠯᠠᠭ᠎ᠠ ᠶᠢᠨ ᠮᠡᠳᠡᠭᠡ ᠵᠠᠩᠭᠢ ᠶᠢᠨ ᠲᠡᠮᠳᠡᠭᠯᠡᠯ ᠤᠨ ᠬᠦᠰᠦᠨᠦᠭᠲᠦ︾ ᠶᠢ ᠬᠢᠨᠠᠮᠠᠭᠠᠢ ᠲᠠᠭᠯᠠᠵᠤ᠂ ᠲᠡᠷᠡᠴᠢᠯᠡᠨ ᠢᠲᠡᠭᠡᠯ ᠠᠯᠳᠠᠭᠰᠠᠨ ᠠᠵᠢᠯᠯᠠᠭ᠎ᠠ ᠳᠤ ᠬᠤᠯᠪᠣᠭᠳᠠᠭᠰᠠᠨ ᠡᠯᠧᠺᠲᠷᠣᠨ ᠵᠢᠷᠤᠭ ᠳᠦᠷᠰᠦ᠂ ᠲᠤᠭ᠎ᠠ ᠪᠠᠷᠢᠮᠲᠠ ᠪᠤᠶᠤ ᠳᠠᠭᠤ ᠳᠦᠷᠰᠦ ᠰᠢᠩᠭᠡᠭᠡᠯᠲᠡ ᠶᠢᠨ ᠮᠡᠳᠡᠭᠡ ᠵᠠᠩᠭᠢ  ᠶᠢ ᠴᠤᠭᠯᠠᠭᠤᠯᠤᠨ ᠡᠮᠬᠢᠳᠬᠡᠵᠦ᠂ ᠨᠡᠶᠢᠭᠡᠮ ᠤᠨ ᠠᠪᠤᠷᠠᠨ ᠲᠤᠰᠠᠯᠠᠬᠤ ᠬᠡᠪᠴᠢᠶᠠᠨ ᠤ ᠢᠲᠡᠭᠡᠯ ᠠᠯᠳᠠᠭᠰᠠᠨ ᠠᠵᠢᠯᠯᠠᠭ᠎ᠠ ᠶᠢᠨ ᠮᠡᠳᠡᠭᠡ ᠵᠠᠩᠭᠢ ᠶᠢᠨ ᠲᠡᠮᠳᠡᠭᠯᠡᠯ ᠪᠠ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠦᠷᠢᠯᠳᠦᠭᠦᠯᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠠᠭᠠᠳᠯᠠᠨ ᠳᠣᠭᠳᠠᠭᠠᠭᠠᠳ ᠦᠨᠡᠨ ᠪᠣᠳᠠᠲᠠᠢ ᠪᠠᠶᠢᠪᠠᠯ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ 5 ᠠᠵᠢᠯᠯᠠᠬᠤ ᠡᠳᠦᠷ ᠤᠨ ᠳᠣᠲᠣᠷ᠎ᠠ ᠢᠲᠡᠭᠡᠯ ᠠᠯᠳᠠᠭᠰᠠᠳ ᠤᠨ ᠪᠥᠬᠦ ᠲᠣᠭᠤᠷᠢᠭ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠮᠡᠳᠡᠭᠡ ᠵᠠᠩᠭᠢ ᠶᠢᠨ ᠰᠢᠰᠲ᠋ᠧᠮ ᠳᠤ ᠲᠡᠮᠳᠡᠭᠯᠡᠬᠦ ᠶᠢᠨ ᠬᠠᠮᠲᠤ᠂ ︽ᠨᠡᠶᠢᠭᠡᠮ ᠤᠨ ᠠᠪᠤᠷᠠᠨ ᠲᠤᠰᠠᠯᠠᠬᠤ ᠬᠡᠪᠴᠢᠶᠠᠨ ᠤ ᠢᠲᠡᠭᠡᠯ ᠠᠯᠳᠠᠭᠰᠠᠨ ᠠᠵᠢᠯᠯᠠᠭ᠎ᠠ ᠶᠢᠨ ᠮᠡᠳᠡᠭᠡ ᠵᠠᠩᠭᠢ ᠶᠢᠨ ᠲᠡᠮᠳᠡᠭᠯᠡᠯ ᠤᠨ ᠬᠦᠰᠦᠨᠦᠭᠲᠦ︾ ᠶᠢ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠶᠢᠨ ᠬᠠᠮᠲᠤ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠮᠡᠳᠡᠭᠡ ᠵᠠᠩᠭᠢ ᠶᠢᠨ ᠲᠡᠮᠳᠡᠭᠯᠡᠯ ᠪᠠ ᠬᠠᠮᠢᠶ᠎ᠠ ᠪᠦᠬᠦᠢ ᠮᠠᠲ᠋ᠧᠷᠢᠶᠠᠯ ᠢ ᠲᠠᠩᠰᠠ ᠡᠪᠬᠡᠮᠡᠯ ᠪᠣᠯᠭᠠᠨ ᠡᠭᠦᠷᠢᠳᠡ ᠦᠯᠡᠳᠡᠭᠡᠨ ᠬᠠᠳᠠᠭᠠᠯᠠᠬᠤ ᠬᠡᠷᠡᠭᠲᠡᠢ᠃        ᠠᠷᠪᠠᠨ ᠳᠥᠷᠪᠡᠳᠦᠭᠡᠷ ᠪᠦᠯᠦᠭ    ᠬᠠᠮᠢᠶᠠᠷᠤᠯᠲᠠ ᠪᠠ ᠬᠢᠨᠠᠯᠲᠠ        ᠵᠢᠷᠠᠨ ᠨᠢᠭᠡᠳᠦᠭᠡᠷ ᠵᠦᠢᠯ    ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠲᠤᠰᠬᠠᠢ ᠵᠦᠢᠯ ᠤᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠪᠤᠷᠠᠨ ᠲᠤᠰᠠᠯᠠᠬᠤ ᠪᠡᠯᠡ ᠮᠥᠩᠭᠦ ᠶᠢ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠮᠡᠬᠡᠯᠡᠨ ᠠᠪᠬᠤ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠦᠵᠡᠭᠳᠡᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃        ᠵᠢᠷᠠᠨ ᠬᠤᠶᠠᠳᠤᠭᠠᠷ ᠵᠦᠢᠯ    ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠤᠣᠯ ᠪᠣᠯᠬᠤ ᠵᠠᠭᠤᠴᠢᠯᠠᠭᠤᠷ ᠢ ᠠᠰᠢᠭᠯᠠᠨ ᠨᠠᠮ ᠪᠠ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠬᠤ ᠬᠡᠷᠡᠭᠲᠡᠢ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠨᠢᠭᠡ ᠰᠠᠯᠠᠭ᠎ᠠ ᠮᠥᠴᠢᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ ᠭᠦᠢᠴᠡᠳᠬᠡᠬᠦ︾ ᠴᠤᠩᠬᠤᠪᠴᠢ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠢᠶᠠᠷ ᠤᠬᠠᠭᠤᠯᠭ᠎ᠠ ᠶᠢᠨ ᠭᠠᠵᠠᠷ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠭᠠᠷᠲᠠᠨ ᠭᠦᠢᠴᠡᠳᠬᠡᠬᠦ ᠬᠥᠮᠥᠰ᠂ ᠨᠡᠶᠢᠭᠡᠮ ᠲᠣᠭᠤᠷᠢᠭ ᠤᠨ ᠺᠠᠳ᠋ᠷ᠂ ᠬᠦᠴᠢᠷᠳᠡᠯᠲᠡᠢ ᠣᠯᠠᠨ ᠲᠦᠮᠡᠨ ᠳᠤ ᠬᠠᠨᠳᠤᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠦᠨ᠎ᠡ᠃        ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠢᠯᠡ ᠪᠣᠯᠭᠠᠵᠤ᠂ ᠠᠰᠠᠭᠤᠨ ᠯᠠᠪᠯᠠᠬᠤ᠂ ᠢᠯᠡᠴᠢᠯᠡᠨ ᠮᠡᠳᠡᠭᠦᠯᠬᠦ ᠪᠠ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠨᠡᠶᠢᠭᠡᠮ ᠪᠠ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠳᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠰᠡᠨ ᠢ ᠨᠢᠭᠡᠳ ᠨᠢᠭᠡ ᠪᠠᠷ ᠬᠢᠨᠠᠨ ᠬᠠᠷᠭᠤᠭᠤᠯᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃        ᠵᠢᠷᠠᠨ ᠭᠤᠷᠪᠠᠳᠤᠭᠠᠷ ᠵᠦᠢᠯ     ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠬᠤ᠃ ᠨᠡᠶᠢᠭᠡᠮ ᠤᠨ ᠠᠪᠤᠷᠠᠨ ᠲᠤᠰᠠᠯᠠᠬᠤ ᠠᠵᠢᠯ ᠬᠢᠵᠦ ᠪᠠᠶᠢᠭ᠎ᠠ ᠬᠥᠮᠥᠰ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠣᠰᠣᠯᠳᠠᠭᠰᠠᠨ᠂ ᠭᠤᠶᠠᠴᠢᠯᠠᠨ ᠬᠠᠤᠯᠢ ᠶᠤᠰᠤ ᠶᠢ ᠵᠥᠷᠢᠴᠡᠬᠦ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠳᠠᠭᠠᠨ ᠣᠰᠣᠯᠳᠠᠭᠰᠠᠨ ᠵᠡᠷᠭᠡ ᠦᠶᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃ ᠭᠤᠣᠯᠴᠢ ᠰᠠᠨᠠᠭ᠎ᠠ ᠶᠢ ᠪᠠᠷᠢᠮᠲᠠᠯᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯᠪᠠᠴᠤ ᠪᠤᠰᠤᠳᠴᠢ ᠰᠢᠯᠲᠠᠭᠠᠨ ᠠᠴᠠ ᠪᠣᠯᠵᠤ ᠠᠯᠳᠠᠰᠢ ᠪᠤᠷᠤᠭᠤ ᠭᠠᠷᠤᠭᠰᠠᠨ ᠪᠥᠭᠡᠳ ᠴᠠᠭ ᠲᠤᠬᠠᠢ ᠳᠤᠨᠢ ᠵᠠᠯᠠᠷᠠᠭᠤᠯᠵᠤ ᠳᠡᠶᠢᠯᠬᠦ ᠶᠢ ᠨᠢ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠠᠴᠠ ᠬᠡᠯᠳᠦᠷᠢᠭᠦᠯᠦᠨ᠎ᠡ᠃        ᠠᠷᠪᠠᠨ ᠲᠠᠪᠤᠳᠤᠭᠠᠷ ᠪᠦᠯᠦᠭ      ᠳᠠᠭᠠᠯᠳᠣᠭᠤᠯᠣᠭᠰᠠᠨ ᠳᠦᠷᠢᠮ        ᠵᠢᠷᠠᠨ ᠳᠥᠷᠪᠡᠳᠦᠭᠡᠷ ᠵᠦᠢᠯ    ᠲᠤᠰ ᠨᠠᠷᠢᠨ ᠳᠦᠷᠢᠮ ᠢ ᠬᠢᠶ᠎ᠠ ᠪᠠᠭᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃        ᠵᠢᠷᠠᠨ ᠲᠠᠪᠤᠳᠤᠭᠠᠷ ᠵᠦᠢᠯ    ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ᠂ ᠡᠮᠦᠨᠡᠬᠢ ᠪᠢᠴᠢᠭ ᠮᠠᠲ᠋ᠧᠷᠢᠶᠠᠯ ᠨᠢ ᠲᠤᠰ ᠪᠢᠴᠢᠭ ᠮᠠᠲ᠋ᠧᠷᠢᠶᠠᠯ ᠯᠤᠭ᠎ᠠ ᠨᠢᠭᠡᠳᠦᠯ ᠦᠭᠡᠢ ᠪᠠᠶᠢᠪᠠᠯ᠂ ᠲᠤᠰ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ᠃                                 ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠬᠥᠳᠡᠯᠮᠦᠷᠢ ᠬᠦᠴᠦᠨ ᠤ                                 ᠢᠯᠡᠳᠬᠡᠮᠵᠢ ᠶᠢ ᠬᠡᠮᠵᠢᠨ ᠪᠤᠳᠤᠬᠤ ᠪᠠᠷᠢᠮᠵᠢᠶ᠎ᠠ ᠶᠢᠨ ᠬᠦᠰᠦᠨᠦᠭᠲᠦ
1.jpg
ᠢᠷᠡᠯᠲᠡ᠄ ᠳᠣᠰ ᠰᠦᠯᠵᠢᠶ᠎ᠡ