2021 ᠣᠨ ᠤ ᠨᠠᠢᠮᠠᠳᠤᠭᠠᠷ ᠰᠠᠷ᠎ᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/3/21
      8 ᠰᠠᠷ᠎ᠠ  ᠶᠢᠨ 1 ᠤ ᠡᠳᠦᠷ ᠤᠨ ᠦᠳᠡ  ᠶᠢᠨ ᠡᠮᠦᠨ᠎ᠡ  ᠬᠢᠶ᠎ᠠ ᠪᠠᠭᠰᠢ  ᠲᠤᠭᠤᠷᠢᠭ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠤᠯᠲᠠ  ᠶᠢᠨ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ  ᠢ ᠳᠠᠬᠢᠨ ᠪᠠᠶᠢᠷᠢᠯᠠᠭᠤᠯᠵᠠᠢ᠃ ᠲᠤᠭᠤᠷᠢᠭ ᠤᠨ  ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ ᠤᠨ  ᠳᠤᠭᠤᠶᠢᠯᠠᠩ  ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠠᠢ᠃ᠬᠤᠷᠠᠯ ᠳᠡᠭᠡᠷ᠎ᠡ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ  ᠲᠤᠭᠤᠷᠢᠭ ᠤᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠪᠠ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠬᠤᠲᠠ ᠶᠢᠨ ᠵᠢᠯᠤᠭᠤᠳᠬᠤ ᠭᠠᠵᠠᠷ ᠤᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠤᠯᠠᠮᠵᠢᠯᠠᠪᠠ᠃ ᠲᠤᠭᠤᠷᠢᠭ ᠤᠨ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃     8 ᠰᠠᠷ᠎ᠠ ᠶᠢᠨ 4 ᠤ ᠡᠳᠦᠷ᠂ ᠬᠢᠶ᠎ᠠ ᠪᠠᠭᠰᠢ ᠲᠣᠭᠤᠷᠢᠭ ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠥᠬᠦᠳᠡ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠪᠣᠯᠣᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     8 ᠳ᠋ᠤᠭᠠᠷ ᠰᠠᠷ᠎ᠠ ᠶᠢᠨ 4 ᠤ ᠡᠳᠦᠷ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠰᠢᠩ ᠲᠠᠢ  ᠠᠳᠠᠯ ᠦᠢᠯᠡᠰ ᠤᠨ ᠪᠦᠯᠦᠭᠯᠡᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ  ᠬᠡᠯᠡᠯᠴᠡᠭᠡᠷ  ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ᠂ ᠥᠪᠥᠷ ᠮᠣᠩᠭᠤᠯ ᠤᠨ ᠰᠢᠩ ᠲᠠᠢ ᠠᠳᠠᠯ ᠦᠢᠯᠡᠰ ᠤᠨ ᠪᠦᠯᠦᠭᠯᠡᠯ ᠤᠨ  ᠶᠡᠷᠦᠩᠬᠡᠶᠢᠯᠡᠭᠴᠢ ᠭᠤᠸ ᠭᠦᠸᠧ ᠳ᠋ᠦᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ᠸᠠᠩ ᠰᠢᠤᠸᠠᠢ  ᠹᠧᠩ  ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ  ᠢ ᠲᠦᠯᠦᠭᠡᠯᠡᠨ  ᠭᠤᠤ ᠭᠦᠸᠧ ᠳ᠋ᠦᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠤᠨ ᠬᠢᠶ᠎ᠠ ᠶᠢᠨ ᠪᠠᠭᠰᠢ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ᠲᠣᠭᠤᠷᠢᠭ ᠤᠨ ᠤᠳᠤᠷᠢᠳᠤᠯᠭ᠎ᠠ ᠸᠠᠩ ᠷᠦᠢ ᠰᠢᠶᠠᠩ᠂ ᠳ᠋ᠦ᠋ ᠵᠢᠶᠠ ᠪᠢᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃     8 ᠰᠠᠷ᠎ᠠ ᠶᠢᠨ 9  ᠤ ᠡᠳᠦᠷ᠂  ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2021 ᠣᠨ ᠤ 6 ᠳ᠋ᠤᠭᠠᠷ ᠤᠳᠠᠭ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ᠲᠣᠭᠤᠷᠢᠭ ᠤᠨ ᠤᠳᠤᠷᠢᠳᠤᠯᠭ᠎ᠠ ᠺᠠᠩ ᠫᠢᠩ᠂ ᠸᠠᠩ ᠵᠢᠶᠣᠣ᠂ᠸᠠᠩ ᠷᠦᠢ ᠰᠢᠶᠠᠩ᠂ ᠯᠢ ᠬᠠᠢ ᠮᠢᠨ᠂ ᠳ᠋ᠦ᠋ ᠵᠢᠶᠠ ᠪᠢᠨ ᠬᠤᠷᠠᠯ ᠳᠤ ᠣᠷᠣᠯᠴᠠᠪᠠ᠃ᠲᠣᠭᠤᠷᠢᠭ ᠤᠨ ᠤᠳᠤᠷᠢᠳᠤᠯᠭ᠎ᠠ ᠼᠤᠤ ᠶᠢᠨ ᠰᠢᠨ᠂ ᠰᠦᠨ ᠷᠦᠩ᠂ ᠾᠧ ᠹᠧᠢ᠂ ᠯᠢ ᠰᠢᠤᠸᠠᠢ  ᠹᠧᠩ ᠬᠤᠷᠠᠯ ᠳᠤ ᠰᠤᠯᠠ ᠣᠷᠣᠯᠴᠠᠪᠠ᠃     8 ᠰᠠᠷ᠎ᠠ ᠶᠢᠨ 12 ᠤᠨ ᠡᠳᠦᠷ᠂  ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠸᠠᠩ ᠷᠦᠢ ᠰᠢᠶᠠᠩ᠂ ᠯᠢ ᠬᠠᠢ ᠮᠢᠨ᠂ ᠳ᠋ᠦ᠋ ᠵᠢᠶᠠ ᠪᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠸᠠᠩ ᠰᠢᠤᠸᠠᠢ ᠹᠧᠩ ᠤᠷᠢᠳ ᠬᠤᠵᠢᠳ ᠮᠠᠨ ᠱᠢ ᠵᠢᠩ ᠫᠢᠨ  ᠪᠠᠭᠤᠳᠠᠯ᠂ ᠬᠤᠢ ᠰᠢᠨ ᠶᠤᠸᠠᠨ᠂  ᠪᠧᠢ ᠯᠢᠨ ᠮᠦᠽᠧᠢ᠂ ᠳ᠋ᠢᠩ ᠱᠧᠩ  ᠪᠠᠭᠤᠳᠠᠯ᠂ ᠺᠠᠩ ᠴᠧᠩ ᠮᠢᠩ ᠶᠤᠸᠠᠨ᠂ ᠮᠠᠶᠢᠬᠠᠨ ᠤ ᠪᠠᠭᠤᠴᠠ᠂ ᠭᠡᠷ ᠲᠡᠷᠭᠡᠨ ᠤ ᠪᠠᠭᠤᠴᠠ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠯᠪᠡᠷᠢ ᠪᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠶᠢ ᠦᠵᠡᠵᠦ᠂ ᠠᠬᠢᠴᠠ ᠶᠢ ᠠᠰᠠᠭᠤᠵᠤ᠂ ᠠᠰᠠᠭᠤᠳᠠᠯ ᠢ ᠪᠠᠶᠢᠴᠠᠭᠠᠵᠤ᠂ ᠠᠷᠭ᠎ᠠ ᠪᠣᠳᠣᠯᠭ᠎ᠠ ᠶᠢ ᠡᠷᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠠᠢ᠃ ᠸᠠᠩ ᠰᠢᠤᠸᠠᠢ ᠹᠧᠩ ᠂ ᠭᠤᠣᠯᠳᠠᠯᠭ᠎ᠠ ᠲᠠᠢ ᠲᠥᠷᠥᠯ ᠵᠦᠢᠯ ᠪᠣᠯ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ ᠭᠡᠬᠦ ᠠᠵᠢᠯ ᠤᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠭᠤᠣᠯᠳᠠᠯᠭ᠎ᠠ ᠲᠠᠢ ᠠᠵᠢᠯ ᠪᠠ ᠵᠠᠩᠭᠢᠯᠠᠭ᠎ᠠ ᠶᠢᠨ ᠭᠤᠭᠴᠤᠭ᠎ᠠ ᠶᠢ ᠠᠩᠬᠠᠷᠴᠤ᠂ ᠬᠦᠴᠦᠨ ᠢᠶᠠᠨ ᠲᠥᠪᠯᠡᠷᠡᠭᠦᠯᠦᠨ᠂ ᠪᠡᠷᠬᠡ ᠰᠡᠳᠦᠪ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ ᠃     8 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠴᠢᠩ ᠴᠦᠨ ᠱᠠᠨ ᠵᠡᠭᠡᠯᠢ ᠭᠤᠳᠤᠮᠵᠢ ᠶᠢᠨ ᠱᠧᠨ ᠬᠤᠸᠠ ᠺᠠᠩ ᠴᠧᠩ ᠨᠡᠶᠢᠭᠡᠮ ᠲᠣᠭᠤᠷᠢᠭ ᠲᠤ ᠬᠦᠷᠴᠦ᠂ ︽ᡁᠢ  ᠬᠤᠢ  ᠰᠢᠶᠠᠨ ᠹᠧᠩ     ᠴᠢᠩ ᠴᠦᠨ ᠱᠠᠨ  ᠤᠯᠠᠭᠠᠨ ᠵᠠᠭᠠᠮᠠᠳᠠᠨ ᠤ ᠴᠤᠭᠯᠠᠭ᠎ᠠ︾ ᠶᠢᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠲᠤ ᠣᠴᠢᠵᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠪᠠ᠃ᠺᠠᠩ ᠫᠢᠩ᠂ ᠸᠠᠩ ᠵᠢᠶᠣᠣ᠂ᠶᠠᠩ ᠱᠤ᠋ ᠸᠧᠢ᠂ ᠼᠦᠢ ᠬᠤᠤ᠂  ᠮᠦᠴᠢᠷ᠂ ᠯᠢ ᠰᠢᠤᠸᠠᠢ  ᠹᠧᠩ ᠵᠡᠷᠭᠡ ᠲᠣᠭᠤᠷᠢᠭ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃     8 ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠵᠠᠯᠠᠭᠤᠴᠤᠳ ᠤᠨ ᠨᠡᠶᠢᠲᠡ ᠶᠢᠨ ᠪᠠᠶᠢᠷᠢ ᠶᠢᠨ ᠡᠮᠦᠨ᠎ᠡ  ᠹᠷᠣᠨᠲ ᠢ ᠪᠠᠲᠤ ᠰᠠᠬᠢᠵᠤ ᠪᠠᠶᠢᠭ᠎ᠠ ᠡᠮᠴᠢ ᠰᠤᠪᠢᠯᠠᠭᠴᠢᠳ ᠢ ᠲᠣᠬᠤᠨᠢᠭᠤᠯᠵᠤ᠂ ᠬᠢᠶ᠎ᠠ ᠪᠠᠭᠰᠢ ᠲᠣᠭᠤᠷᠢᠭ ᠤᠨ ᠡᠮᠨᠡᠯᠭᠡ ᠶᠢᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃ᠸᠠᠩ ᠰᠢᠤᠸᠠᠢ  ᠹᠧᠩ ᠲᠤᠬᠠᠢ ᠶᠢᠨ ᠲᠠᠯᠠᠪᠠᠢ ᠶᠢᠨ ᠡᠮᠴᠢ ᠰᠤᠪᠢᠯᠠᠭᠴᠢᠳ ᠲᠠᠢ  ᠨᠢᠭᠡ ᠨᠢᠭᠡ ᠪᠠᠷ ᠭᠠᠷ ᠠᠳᠬᠤᠵᠤ᠂ ᠬᠢᠶ᠎ᠠ ᠪᠠᠭᠰᠢ ᠲᠣᠭᠤᠷᠢᠭ ᠤᠨ 2021 ᠣᠨ ᠤ ᠰᠢᠯᠢᠳᠡᠭ ᠡᠮᠴᠢ ᠳᠤ ᠢᠷᠠᠭᠤ ᠠᠯᠳᠠᠷ ᠤᠨ ᠦᠨᠡᠮᠯᠡᠯ᠂ ᠲᠣᠬᠤᠨᠢᠭᠤᠯᠬᠤ ᠮᠥᠩᠭᠦ ᠪᠣᠯᠣᠨ ᠰᠣᠷᠭᠤᠭ ᠴᠡᠴᠡᠭ ᠬᠦᠷᠭᠡᠪᠡ᠃ᠲᠣᠭᠤᠷᠢᠭ ᠤᠨ ᠤᠳᠤᠷᠢᠳᠤᠯᠭ᠎ᠠ ᠳ᠋ᠦ᠋ ᠵᠢᠶᠠ ᠪᠢᠨ᠂ ᠰᠦᠨ ᠷᠦᠩ ᠲᠣᠬᠤᠨᠢᠭᠤᠯᠬᠤ ᠳᠤ ᠣᠷᠣᠯᠴᠠᠪᠠ᠃     8 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ  ᠱᠧ ᠰᠢ ᠸᠧᠨ ᠬᠢᠶ᠎ᠠ ᠪᠠᠭᠰᠢ ᠲᠣᠭᠤᠷᠢᠭ ᠲᠤ ᠬᠦᠷᠴᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠼᠦᠢ ᠬᠤᠤ ᠣᠷᠣᠯᠴᠠᠪᠠ᠃     ᠣᠶᠢᠷ᠎ᠠ ᠳᠤ᠂  ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠲᠣᠭᠤᠷᠢᠭ ᠤᠨ ᠵᠠᠰᠠᠭ ᠤᠨ ᠣᠷᠳᠣᠨ ᠤ 2021 ᠣᠨ ᠤ ᠠᠷᠪᠠᠨ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠾᠧᠪᠧᠢ ᠮᠤᠵᠢ ᠶᠢᠨ ᠴᠧᠩᠳᠧ ᠳᠤ  ᠪᠠᠶᠢᠴᠠᠭᠠᠨ ᠦᠵᠡᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠂ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ᠂ ᠸᠠᠩ ᠯᠢ ᠰᠢᠶᠠ᠂ ᠵᠠᠩ ᠱᠤᠤ ᠴᠦᠨ ᠨᠥᠬᠦᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ  ᠠᠵᠢᠯ  ᠤᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ  ᠰᠤᠷᠤᠯᠴᠠᠪᠠ᠃    ᠸᠠᠩ ᠰᠢᠤᠸᠠᠢ ᠹᠧᠩ ᠴᠢᠬᠤᠯᠠᠴᠢᠯᠠᠬᠤ ᠳᠠᠭᠠᠨ᠂ ᠬᠢᠶ᠎ᠠ ᠪᠠᠭᠰᠢ ᠲᠣᠭᠤᠷᠢᠭ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠳᠤᠮᠳᠠᠬᠢ ᠬᠠᠷᠢᠴᠠᠭᠤᠯᠤᠭᠰᠠᠨ ᠳᠠᠪᠠᠭᠤᠯᠢᠭ ᠢ ᠣᠨᠣᠪᠴᠢᠲᠠᠶ ᠡᠷᠢᠨ ᠣᠯᠵᠤ᠂ ᠦᠨᠳᠦᠰᠦᠨ ᠨᠠᠰᠤᠵᠢᠯ ᠤᠨ  ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠦᠨ᠂ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠰᠤᠲᠠᠶᠢᠴᠤᠳ ᠤᠨ ᠣᠯᠠᠨ  ᠡᠰᠢᠲᠦ ᠂ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ  ᠦᠢᠯᠡᠴᠢᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠵᠣᠯ ᠵᠢᠷᠭᠠᠯᠲᠤ ᠠᠮᠤᠷ ᠠᠮᠤᠭᠤᠯᠠᠩ ᠬᠤᠲᠠ ᠶᠢᠨ ᠬᠢᠶ᠎ᠠ ᠪᠠᠭᠰᠢ ᠵᠠᠭᠪᠤᠷ ᠢ ᠪᠣᠶ ᠪᠣᠯᠭᠠᠬᠤ ᠬᠡᠷᠡᠭᠲᠡᠢ ᠭᠡᠵᠡᠢ᠃ ᠸᠠᠩ ᠰᠢᠤᠸᠠᠢ ᠹᠧᠩ ᠂ ᠣᠳᠣᠬᠠᠨ ᠳᠤ ᠶᠠᠭ ᠥᠷᠨᠢᠭᠦᠯᠵᠦ ᠪᠠᠶᠢᠭ᠎ᠠ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠰᠠᠭᠤᠷᠢᠯᠠᠨ᠂ ᠡᠯ᠎ᠡ ᠱᠠᠲᠤ ᠡᠯ᠎ᠡ ᠡᠲᠡᠭᠡᠳ᠂ ᠡᠯ᠎ᠡ ᠠᠵᠢᠯ ᠲᠥᠷᠥᠯ ᠤᠨ ᠡᠭᠦᠳᠦᠨ ᠪᠠᠶᠢᠭᠤᠯᠬᠤ ᠬᠦᠴᠦᠨ ᠢ ᠨᠢᠭᠲᠠᠷᠠᠭᠤᠯᠵᠤ᠂ ᠬᠤᠸᠠᠷ ᠬᠠᠳᠬᠤᠬᠤ ᠮᠡᠲᠦ ᠨᠠᠷᠢᠯᠢᠭ᠂ ᠬᠦᠯᠢᠴᠡᠩᠭᠦᠢ᠂ ᠤᠷᠠᠨ ᠰᠡᠳᠬᠢᠮᠵᠢ ᠪᠠᠷ ᠬᠤᠲᠠ ᠶᠢᠨ ᠴᠢᠨᠠᠷ ᠴᠢᠨᠰᠠᠭ᠎ᠠ ᠶᠢᠨ ᠨᠠᠷᠠᠲᠤ ᠲᠡᠮᠳᠡᠭ ᠢ  ᠡᠭᠦᠳᠴᠦ᠂ ᠬᠢᠶ᠎ᠠ ᠪᠠᠭᠰᠢ  ᠶᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠣᠳᠣᠬᠢᠴᠢᠯᠠᠭᠰᠠᠨ ᠵᠣᠯ ᠵᠢᠷᠭᠠᠯᠲᠤ  ᠠᠮᠢᠳᠤᠷᠠᠬᠤ ᠳᠤ  ᠲᠤᠬᠢᠲᠠᠢ ᠬᠤᠲᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ ᠃ 
ᠢᠷᠡᠯᠲᠡ᠄ ᠲᠤᠰ ᠰᠦᠯᠵᠢᠶ᠎ᠡ