ᠪᠦᠬᠦ ᠲᠣᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠢ | ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠭᠦᠰᠬᠦ ᠶᠢ ᠡᠷᠡᠰ ᠬᠤᠷᠢᠭᠯᠠᠨ᠂ ᠠᠮᠢ ᠠᠬᠤᠢ ᠶᠢᠨ ᠪᠣᠯᠪᠠᠰᠤᠨ ᠢ ᠬᠠᠮᠠᠭᠠᠯᠠᠵᠤ᠂ ᠠᠷᠠᠳ ᠲᠦᠮᠡᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠣᠯᠠᠮ ᠨᠢᠭᠡ ᠠᠯᠬᠤᠮ ᠪᠠᠳᠣᠯᠠᠬᠤ ᠶᠢᠨ ᠲᠥᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ | ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ 25 ᠳ᠋ᠤᠭᠠᠷ ᠲᠣᠭᠠᠲᠤ︶ ᠵᠢᠴᠢ | ᠬᠤᠯᠪᠣᠭᠳᠠᠯ ᠪᠦᠬᠦᠢ ᠬᠠᠤᠯᠢ ᠴᠠᠭᠠᠵᠠ ᠪᠢᠴᠢᠭ ᠮᠠᠲ᠋ᠧᠷᠢᠶᠠᠯ ᠢ ᠦᠨᠳᠣᠰᠥᠯᠡᠨ᠂ ᠮᠠᠨ ᠤ ᠲᠣᠭᠤᠷᠢᠭ ᠨᠢᠭᠡᠨᠲᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ | ᠠᠶᠤᠯ ᠶᠡᠬᠡᠲᠡᠢ ᠬᠤᠭᠤᠴᠠᠭᠠᠨ ᠳᠤ ᠣᠷᠣᠵᠤ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠣᠷᠠᠭᠢ ᠤᠢ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠬᠦ ᠬᠦᠯ ᠬᠤᠷᠢᠶᠠᠬᠤ ᠵᠠᠷᠯᠢᠭ ᠨᠡᠶᠢᠳᠡᠯᠡᠪᠡ᠃ | ᠨᠢᠭᠡ᠂ ᠬᠢᠶ᠎ᠠ ᠪᠠᠭᠰᠢ ᠲᠣᠭᠤᠷᠢᠭ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ᠄ 3 | ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠃ | ᠬᠤᠶᠠᠷ᠂ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠠᠮᠢᠶᠠᠷᠤᠯᠲᠠ ᠶᠢᠨ ᠣᠷᠣᠨ ᠳᠤ ᠣᠩᠭᠤᠨ ᠳᠤ ᠰᠢᠷᠣᠢ ᠨᠡᠮᠡᠵᠦ ᠴᠠᠭᠠᠰᠤ ᠰᠢᠲᠠᠭᠠᠬᠤ᠂ | ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠭᠠᠯ ᠰᠢᠲᠠᠭᠠᠬᠤ᠂ ᠪᠡᠯᠴᠢᠭᠡᠷ ᠡᠪᠡᠰᠦ ᠰᠢᠲᠠᠭᠠᠬᠤ᠂ ᠬᠡᠭᠡᠷ᠎ᠡ ᠬᠤᠭᠤᠯᠠᠯᠠᠬᠤ ᠵᠡᠷᠭᠡ ᠶᠢ ᠴᠢᠩᠭ᠎ᠠ ᠴᠠᠭᠠᠵᠠᠯᠠᠨ᠎ᠠ᠃ | ᠤᠢ ᠰᠢᠭᠤᠢ ᠡᠪᠡᠰᠦ ᠪᠡᠯᠴᠢᠭᠡᠷ ᠤᠨ ᠵᠠᠬ᠎ᠠ ᠬᠦᠪᠡᠭᠡ᠂ ᠤᠢ ᠰᠢᠭᠤᠢ ᠪᠠ ᠲᠠᠷᠢᠶᠠᠯᠠᠩ ᠤᠨ ᠠᠭᠤᠯᠵᠠᠷ ᠬᠡᠰᠡᠭ ᠲᠤ ᠠᠲᠠᠷ ᠰᠢᠲᠠᠭᠠᠬᠤ᠂ ᠭᠤᠤᠷᠰᠤ ᠰᠢᠲᠠᠭᠠᠬᠤ᠂ ᠬᠤᠭ | ᠨᠣᠪᠰᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ ᠭᠠᠯ ᠭᠠᠷᠠᠭ ᠲᠠᠢ ᠦᠯᠡᠳᠡᠭᠰᠡᠨ ᠰᠢᠲᠠᠯᠲᠠ ᠶᠢᠨ ᠪᠣᠳᠠᠰ ᠢ ᠭᠡᠷ ᠤᠨ ᠭᠠᠳᠠᠨ᠎ᠠ ᠠᠰᠬᠠᠬᠤ ᠶᠢ ᠴᠢᠩᠭ᠎ᠠ ᠴᠠᠭᠠᠵᠠᠯᠠᠨ᠎ᠠ᠃ | ᠬᠡᠭᠡᠷ᠎ᠡ ᠭᠠᠳᠠᠨ᠎ᠠ ᠪᠠᠷᠢᠯᠭ᠎ᠠ ᠪᠠᠷᠢᠬᠤ ᠳᠤ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠ ᠲᠠᠢ ᠪᠣᠯ ᠡᠷᠬᠡᠪᠰᠢ ᠲᠤᠬᠠᠢ ᠶᠢᠨ ᠭᠠᠵᠠᠷ ᠤᠨ ᠣᠶ | ᠰᠢᠭᠤᠢ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠪᠦᠭᠡᠳ ᠳᠥᠷᠪᠡᠨ ᠲᠡᠰ ᠠᠴᠠ ᠳᠡᠭᠡᠭᠰᠢᠬᠢ ᠰᠠᠯᠬᠢᠨ | ᠪᠠᠶᠢᠪᠠᠯ ᠠᠯᠢᠪᠠ ᠭᠠᠯ ᠬᠡᠷᠡᠭᠯᠡᠬᠦ ᠦᠶᠯᠡ ᠠᠵᠢᠯᠯᠠᠭ᠎ᠠ ᠶᠢ ᠴᠦᠮᠦ ᠴᠢᠩᠭ᠎ᠠ ᠴᠠᠭᠠᠵᠠᠯᠠᠨ᠎ᠠ᠃ | ᠭᠤᠷᠪᠠ᠂ ᠵᠠᠮ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ | ᠲᠦᠷᠢᠶᠡᠰᠦᠨ ᠮᠠᠰᠢᠨ ᠲᠡᠷᠭᠡ᠂ ᠰᠢᠤᠳᠠᠨ᠂ ᠪᠠᠷᠠᠭᠠᠨ ᠤ ᠬᠦᠢᠯᠭᠡᠭᠡᠨ᠂ ᠲᠦᠷᠭᠡᠨ ᠬᠦᠷᠭᠡᠯᠲᠡ᠂ ᠨᠡᠭᠦᠷᠡᠰᠦ ᠵᠡᠷᠭᠡ ᠡᠵᠡᠩᠨᠡᠯᠲᠡ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ | ᠨᠠᠰᠢ ᠴᠠᠰᠢ ᠪᠤᠶᠤ ᠬᠠᠮᠢᠶᠠᠷᠴᠤ ᠪᠠᠶᠢᠭ᠎ᠠ ᠲᠡᠷᠭᠡ ᠬᠥᠰᠬᠡ ᠶᠢᠨ ᠠᠵᠢᠯᠲᠠᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠ ᠭᠠᠯ ᠢ ᠰᠡᠷᠭᠡᠶᠢᠯᠡᠬᠦ ᠤᠬᠠᠭᠤᠯᠭ᠎ᠠ | ᠬᠥᠮᠦᠵᠢᠯ ᠢᠶᠠᠨ ᠴᠢᠩᠭᠠᠳᠬᠠᠵᠤ᠂ ᠲᠠᠮᠠᠬᠢ᠂ ᠭᠠᠯ ᠨᠡᠭᠦᠷᠡᠰᠦ ᠵᠡᠷᠭᠡ ᠴᠤᠭ ᠢ ᠬᠠᠶᠠᠬᠤ ᠶᠢ ᠴᠢᠩᠭ᠎ᠠ ᠴᠠᠭᠠᠵᠠᠯᠠᠨ᠂ ᠵᠢᠯᠣᠭᠤᠴᠢ᠂ ᠲᠡᠷᠭᠡ ᠳᠠᠭᠠᠭᠰᠠᠨ ᠬᠠᠮᠢᠶᠠᠷᠤᠭᠴᠢ ᠨᠢ | ᠭᠠᠯ ᠢ ᠰᠡᠷᠭᠡᠶᠢᠯᠡᠬᠦ ᠬᠠᠷᠢᠭᠤᠴᠠᠯᠭ᠎ᠠ ᠲᠠᠢ ᠬᠥᠮᠥᠨ ᠪᠣᠯᠣᠨ᠎ᠠ᠃ | ᠳᠥᠷᠪᠡ᠂ ᠡᠯ᠎ᠡ ᠵᠡᠭᠡᠯᠢ ᠭᠤᠳᠤᠮᠵᠢ ᠶᠢᠨ ᠣᠶ ᠰᠢᠭᠤᠢ ᠶᠢᠨ ᠳᠠᠷᠣᠭᠠᠴᠢ ᠶᠢᠨ ᠳᠦᠷᠢᠮ ᠤᠨ ᠠᠯᠪᠠᠨ ᠭᠡᠷ᠂ ᠪᠠᠷᠠᠯᠠᠬᠤ ᠴᠠᠮᠬᠠᠭ᠂ ᠣᠶ ᠰᠢᠭᠤᠢ ᠨᠤᠲᠤᠭ | ᠪᠡᠯᠴᠢᠭᠡᠷ ᠤᠨ ᠬᠠᠮᠠᠭᠠᠯᠠᠭᠴᠢᠳ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠴᠤ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠡᠯ᠎ᠡ | ᠲᠥᠷᠥᠯ ᠤᠨ ᠲᠤᠰᠢᠶᠠᠯ ᠬᠠᠪᠰᠤᠷᠭᠠᠭᠰᠠᠨ ᠭᠠᠯ ᠤᠨᠲᠠᠷᠠᠭᠠᠬᠤ ᠡᠩᠨᠡᠭᠡ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠬᠢᠨ ᠴᠠᠭ ᠢᠮᠠᠭᠲᠠ ᠲᠡᠶᠢᠨ ᠤ | ᠪᠡᠯᠡᠳᠬᠡᠯ ᠤᠨ ᠪᠠᠶᠢᠳᠠᠯ ᠢᠶᠠᠨ ᠪᠠᠲᠣᠯᠠᠨ᠂ ᠭᠠᠯ ᠤᠨ ᠪᠠᠶᠢᠳᠠᠯ ᠢ ᠣᠯᠵᠤ ᠮᠡᠳᠡᠪᠡᠯ᠂ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ | ᠤᠨᠲᠠᠷᠠᠭᠠᠵᠤ᠂ ᠦᠬᠦᠯ ᠰᠢᠷᠬᠠᠳᠣᠯ ᠤᠨ ᠬᠡᠨᠡᠲᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ | ᠲᠠᠪᠤ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠦᠭᠡᠢ᠂ ᠭᠠᠯ ᠤᠨ ᠠᠶᠤᠯ ᠤᠨ | ᠲᠠᠯᠳᠠ ᠭᠡᠮ ᠢ ᠠᠷᠢᠯᠭᠠᠬᠤ ᠦᠭᠡᠢ᠂ ᠭᠠᠯ ᠢ ᠰᠡᠷᠭᠡᠶᠢᠯᠡᠬᠦ ᠴᠢᠩᠭ᠎ᠠ ᠬᠠᠮᠢᠶᠠᠷᠤᠯᠲᠠ ᠶᠢᠨ ᠣᠷᠣᠨ ᠳᠤ ᠳᠤᠷ᠎ᠠ ᠪᠠᠷ ᠢᠶᠠᠨ ᠣᠷᠣᠵᠤ ᠵᠦᠪᠰᠢᠶᠡᠷᠡᠯ ᠦᠬᠡᠢ ᠪᠠᠷ ᠭᠠᠯ | ᠬᠡᠷᠡᠭᠯᠡᠬᠦ ᠂ ᠠᠳᠡᠯ ᠠᠴᠠ ᠪᠤᠶᠤ ᠵᠣᠷᠢᠭᠤᠳᠠ ᠪᠠᠷ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠭᠰᠡᠨ ᠵᠡᠷᠭᠡ ᠪᠠᠶᠢᠳᠠᠯ ᠪᠠᠶᠢᠪᠠᠯ᠂ ︽ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠦᠶᠯᠡ | ᠶᠠᠪᠣᠳᠠᠯ ᠤᠨ ᠬᠦᠨᠳᠦ ᠬᠥᠩᠭᠡᠨ ᠢᠶᠠᠷ ᠨᠢᠭᠡᠴᠡ ᠶᠢ 2000 ᠲᠥᠭᠦᠷᠢᠭ ᠠᠴᠠ 10 ᠲᠦᠮᠡᠨ ᠲᠥᠭᠦᠷᠢᠭ ᠢᠶᠠᠷ ᠲᠣᠷᠭᠠᠵᠤ᠂ ᠬᠤᠪᠢ ᠬᠥᠮᠥᠨ ᠢ 200 | ᠲᠥᠭᠦᠷᠢᠭ ᠠᠴᠠ 5000 ᠲᠥᠭᠦᠷᠢᠭ ᠢᠶᠠᠷ ᠲᠣᠷᠭᠠᠨ᠎ᠠ᠃ ᠶᠠᠯᠠᠲᠤ ᠠᠵᠢᠯᠯᠠᠭ᠎ᠠ ᠪᠣᠯᠣᠭᠰᠠᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ | ᠴᠢᠩᠭᠠᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠴᠠᠭ ᠲᠤᠬᠠᠢ ᠳᠤᠨᠢ | ᠬᠡᠷᠡᠭ ᠢ ᠳᠠᠭᠤᠰᠬᠠᠬᠤ ᠬᠡᠷᠡᠭᠲᠡᠢ᠃ | ᠵᠢᠷᠭᠤᠭ᠎ᠠ᠂ ᠪᠠᠶᠢᠴᠠᠭᠠᠯᠳᠠ ᠳᠤ ᠬᠠᠮᠢᠶ᠎ᠠ ᠪᠦᠬᠦᠢ ᠪᠠᠶᠢᠭᠤᠯᠭ᠎ᠠ ᠨᠢ ᠬᠠᠷᠢᠶ᠎ᠠ ᠣᠷᠣᠨ ᠤ ᠳᠣᠲᠣᠷ᠎ᠠ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠦᠭᠡᠢ᠂ ᠭᠠᠯ ᠤᠨ ᠢᠷᠡᠯᠲᠡ ᠶᠢᠨ ᠬᠠᠮᠢᠶᠠᠷᠤᠯᠲᠠ ᠴᠢᠩᠭ᠎ᠠ ᠪᠤᠰᠤ᠂ ᠭᠠᠯ ᠤᠨ ᠭᠠᠮᠰᠢᠭ ᠤᠨ ᠳᠠᠯᠳᠠ ᠬᠡᠮ ᠢ ᠴᠡᠭᠴᠡᠯᠡᠨ | ᠰᠠᠶᠢᠵᠢᠷᠠᠭᠤᠯᠤᠭᠰᠠᠨ ᠦᠭᠡᠢ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠢ᠂ ᠵᠣᠬᠢᠶᠠᠨ ᠪᠠᠶᠢᠭᠤᠯᠵᠤ ᠤᠨᠲᠠᠷᠠᠭᠠᠨ ᠠᠪᠤᠷᠠᠭᠰᠠᠨ ᠨᠢ | ᠬᠦᠴᠦᠨ ᠦᠭᠡᠢ᠂ ᠬᠢᠨᠠᠯᠲᠠ ᠪᠠᠶᠢᠴᠠᠭᠠᠯᠲᠠ ᠶᠢ ᠪᠣᠳᠠᠲᠠᠶᠢᠵᠢᠭᠰᠠᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ | ﹇2015﹈ 66 ᠳ᠋ᠤᠭᠠᠷ ᠲᠣᠭᠠᠲᠤ︶ ᠵᠡᠷᠭᠡ ᠲᠣᠭᠲᠠᠭᠠᠯ ᠶᠣᠰᠣᠭᠠᠷ᠂ ᠪᠠᠶᠢᠭᠤᠯᠭ᠎ᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ᠳᠣᠯᠤᠭ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠤ ᠳᠣᠲᠣᠷᠠᠬᠢ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠢᠯᠯᠠᠭᠠᠨ ᠤ | ᠴᠡᠭ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠨᠡᠭᠦᠷᠡᠰᠦ | ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠡᠷᠬᠡᠪᠰᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠶᠢᠨ ᠬᠠᠮᠲᠤ ᠠᠷᠢᠯᠭᠠᠵᠤ᠂ ᠭᠠᠯ ᠤᠨᠲᠠᠷᠠᠭᠠᠬᠤ ᠮᠠᠰᠢᠨ ᠪᠠᠭᠠᠵᠢ ᠶᠢ ᠭᠦᠢᠴᠡᠳ ᠲᠣᠬᠢᠷᠠᠭᠤᠯᠤᠨ᠂ ᠪᠣᠯᠪᠠᠰᠣᠷᠠᠯ ᠭᠥᠷᠳᠡᠭᠰᠡᠨ ᠭᠠᠯ ᠤᠨᠲᠠᠷᠠᠭᠠᠬᠤ | ᠠᠩᠭᠢ ᠶᠢᠨ ᠭᠡᠰᠢᠭᠦᠳ ᠢ ᠲᠣᠬᠢᠷᠠᠭᠤᠯᠬᠤ ᠬᠡᠷᠡᠭᠲᠡᠢ᠃ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 541 ᠳ᠋ᠦᠭᠡᠷ ᠲᠣᠭᠠᠲᠤ︶᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 542 ᠳ᠋ᠤᠭᠠᠷ ᠲᠣᠭᠠᠲᠤ︶ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ︵ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ | 25 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠦᠬᠦᠨ ᠢ ᠴᠥᠮ ᠴᠡᠭᠴᠡᠯᠡᠨ ᠰᠠᠶᠢᠵᠢᠷᠠᠭᠤᠯᠤᠨ᠎ᠠ᠃ | ᠨᠠᠢᠮᠠ᠂ ᠠᠯᠢᠪᠠ ᠨᠢᠭᠡᠴᠡ ᠵᠢᠴᠢ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠴᠥᠮ ᠲᠤᠬᠠᠢ ᠶᠢᠨ | ᠭᠠᠵᠠᠷ ᠤᠨ ᠣᠶ ᠰᠢᠭᠤᠢ᠂ ᠨᠤᠲᠤᠭ ᠪᠡᠯᠴᠢᠭᠡᠷ ᠤᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ | ᠬᠡᠷᠡᠭᠲᠡᠢ ︵ᠣᠶ ᠰᠢᠭᠤᠢ ᠨᠤᠲᠤᠭ ᠪᠡᠯᠴᠢᠭᠡᠷ ᠤᠨ ᠲᠦᠭᠰᠢᠭᠦᠷᠢ ᠮᠡᠳᠡᠭᠦᠯᠬᠦ ᠤᠲᠠᠰᠤ᠄ 12119 ᠪᠤᠶᠤ 0477 ︱ 8588119︶᠃ ᠡᠰᠡᠬᠦᠯ᠎ᠡ ᠣᠶ | ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠲᠤ ᠮᠡᠳᠡᠭᠦᠯᠦᠨ᠎ᠡ ︵ᠣᠶ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠤᠨ ᠵᠢᠵᠢᠭᠦᠷᠯᠡᠬᠦ ᠤᠲᠠᠰᠤ᠄ 0477 ︱ 8595910︶᠃ ᠠᠯᠢᠪᠠ ᠨᠢᠭᠡᠴᠡ | ᠵᠢᠴᠢ ᠬᠤᠪᠢ ᠬᠥᠮᠥᠨ ᠲᠦᠭᠰᠢᠭᠦᠷᠢ ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ ᠲᠥᠬᠦᠮ ᠦᠵᠡᠭᠦᠯᠵᠦ᠂ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ | ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠬᠤ ᠶᠢ ᠴᠠᠭᠠᠵᠠᠯᠠᠨ᠎ᠠ᠃ | ᠶᠢᠰᠦ᠂ ᠳᠡᠭᠡᠷᠡᠬᠢ ᠴᠠᠭᠠᠵᠠᠯᠠᠬᠤ ᠵᠠᠷᠯᠢᠭ ᠠᠴᠠ ᠵᠥᠷᠢᠴᠡᠭᠰᠡᠳ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ | ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠠᠤᠯᠢ | ᠶᠣᠰᠣᠭᠠᠷ ᠰᠢᠢᠳᠪᠦᠷᠢᠯᠡᠨ᠎ᠡ᠃ | | | | ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2022 ᠣᠨ ᠤ 3 ᠰᠠᠷ᠎ᠠ ᠶᠢᠨ 16 ᠤ ᠡᠳᠣᠷ | | | |