ᠬᠢᠶ᠎ᠠ ᠪᠠᠭᠰᠢ ᠲᠣᠭᠤᠷᠢᠭ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠣᠬᠠᠢ ᠠᠰᠠᠭᠤᠳᠠᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2022/4/2
W020211224613571875055.png
            ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠥᠨᠥᠳᠥᠷ ᠪᠢᠳᠡ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ  ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠸᠠᠩ ᠯᠢ ᠶᠢ ᠤᠷᠢᠵᠤ᠂ ᠬᠢᠶ᠎ᠠ ᠪᠠᠭᠰᠢ ᠲᠣᠭᠤᠷᠢᠭ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠣᠬᠠᠢ ᠠᠰᠠᠭᠤᠳᠠᠯ ᠳᠤ ᠲᠠᠶᠢᠯᠤᠮᠵᠢ ᠬᠢᠵᠦ ᠣᠯᠠᠨ ᠲᠠᠢ ᠬᠤᠪᠢᠶᠠᠯᠴᠠᠶ᠎ᠠ᠃ ᠸᠠᠩ ᠲᠣᠪᠴᠢᠶᠠᠨ ᠳᠠᠷᠤᠭ᠎ᠠ ᠲᠠ ᠰᠠᠶᠢᠨ ᠤᠤ︕            ᠸᠠᠩ ᠯᠢ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠤᠯᠠᠨ ᠲᠠᠢ ᠬᠢᠶ᠎ᠠ ᠪᠠᠭᠰᠢ ᠲᠣᠭᠤᠷᠢᠭ ᠤᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠲᠣᠬᠠᠢ ᠠᠰᠠᠭᠤᠳᠠᠯ ᠳᠤ ᠲᠠᠶᠢᠯᠤᠮᠵᠢ ᠬᠢᠵᠦ ᠬᠤᠪᠢᠶᠠᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃            ᠬᠥᠲᠥᠯᠥᠭᠴᠢ᠄ ᠬᠢᠶ᠎ᠠ ᠪᠠᠭᠰᠢ ᠲᠣᠭᠤᠷᠢᠭ ᠲᠤ ᠬᠡᠴᠢᠨᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠲᠠᠯᠠᠪᠠᠶ ᠪᠠᠶᠢᠬᠤ ᠪᠣᠶ︖            ᠸᠠᠩ ᠯᠢ᠄ ᠣᠳᠣᠬᠠᠨ ᠳᠤ ᠬᠢᠶ᠎ᠠ ᠪᠠᠭᠰᠢ ᠲᠣᠭᠤᠷᠢᠭ ᠲᠤ ᠨᠡᠶᠢᠲᠡ 368 ᠪᠡᠶ᠎ᠡ ᠴᠢᠭᠢᠷᠠᠭᠵᠢᠭᠤᠯᠬᠤ ᠲᠠᠮᠢᠷ ᠤᠨ ᠲᠠᠯᠠᠪᠠᠶ ᠪᠠᠶᠢᠨ᠎ᠠ᠃ ᠡᠭᠦᠨ ᠳᠤ ᠦᠷᠦᠭᠡᠨ ᠤ ᠭᠠᠳᠠᠨᠠᠬᠢ ᠲᠠᠮᠢᠷ ᠤᠨ ᠲᠠᠯᠠᠪᠠᠶ 317᠂ ᠦᠷᠦᠭᠡᠨ ᠤ ᠲᠠᠮᠢᠷ ᠤᠨ ᠲᠠᠯᠠᠪᠠᠶ 51 ︵ᠰᠤᠷᠭᠠᠭᠤᠯᠢ ᠶᠢᠨ ᠦᠷᠦᠭᠡᠨ ᠤ ᠲᠠᠮᠢᠷ ᠤᠨ ᠲᠠᠯᠠᠪᠠᠶ ᠶᠢ ᠪᠠᠭᠲᠠᠨ᠎ᠠ ︶ ᠪᠠᠶᠢᠵᠤ᠂ ᠨᠡᠶᠢᠲᠡ 65.5 ᠲᠦᠮᠡᠨ ᠲᠡᠭᠰᠢ ᠳᠥᠷᠪᠡᠯᠵᠢᠨ ᠮᠧᠲᠷ᠃ 2021 ᠣᠨ ᠳᠤ ᠲᠣᠭᠤᠷᠢᠭ ᠤᠨ ᠵᠠᠰᠠᠭ ᠤᠨ ᠣᠷᠳᠣᠨ 233 ᠲᠦᠮᠡᠨ ᠲᠥᠭᠦᠷᠢᠭ ᠤᠨ ᠪᠡᠯᠡ ᠣᠷᠣᠭᠤᠯᠵᠤ᠂ 2.2 ᠺᠢᠯᠣᠮᠧᠲᠷ ᠤᠨ ᠪᠡᠶ᠎ᠡ ᠴᠢᠭᠢᠷᠠᠭᠵᠢᠭᠤᠯᠬᠤ ᠵᠠᠮ᠂ 5 ᠺᠢᠯᠣᠮᠧᠲᠷ ᠤᠨ ᠳᠤᠭᠤᠢ ᠲᠡᠷᠭᠡ ᠤᠨᠤᠬᠤ ᠵᠠᠮ ᠵᠢᠴᠢ ᠨᠢᠩ ᠰᠢᠨ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠠᠰᠤᠭ ᠢ ᠰᠢᠨ᠎ᠡ ᠪᠠᠷ ᠨᠡᠮᠡᠵᠦ ᠪᠠᠶᠢᠭᠤᠯᠪᠠ᠃            ᠬᠥᠲᠥᠯᠥᠭᠴᠢ᠄ ᠬᠢᠶ᠎ᠠ ᠪᠠᠭᠰᠢ ᠲᠣᠭᠤᠷᠢᠭ ᠤᠨ ᠰᠠᠭᠤᠭᠠᠯᠢ ᠠᠷᠠᠳ ᠬᠠᠮᠢᠭ᠎ᠠ ᠣᠴᠢᠵᠤ ᠪᠡᠶ᠎ᠡ ᠪᠠᠨ ᠴᠢᠭᠢᠷᠠᠭᠵᠢᠭᠤᠯᠵᠤ ᠪᠣᠯᠬᠤ ᠪᠣᠶ︖            ᠸᠠᠩ ᠯᠢ᠄ ᠬᠢᠶ᠎ᠠ ᠪᠠᠭᠰᠢ ᠲᠣᠭᠤᠷᠢᠭ ᠤᠨ ᠡᠯ᠎ᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠲᠤ ᠪᠦᠷ ᠵᠢᠵᠢᠭ ᠬᠡᠯᠪᠡᠷᠢ ᠶᠢᠨ ᠬᠥᠳᠡᠯᠭᠡᠭᠡᠨ ᠤ ᠥᠷᠥᠭᠡ ᠪᠠᠶᠢᠨ᠎ᠠ᠃ ᠡᠭᠦᠨ ᠠᠴᠠ ᠭᠠᠳᠠᠨ᠎ᠠ ᠡᠯ᠎ᠡ ᠴᠡᠴᠡᠷᠯᠢᠭ ᠲᠤ ᠪᠦᠷ ᠦᠷᠦᠭᠡᠨ ᠤ ᠭᠠᠳᠠᠨᠠᠬᠢ ᠲᠠᠮᠢᠷ ᠤᠨ ᠲᠠᠯᠠᠪᠠᠶ ᠪᠠ ᠲᠠᠮᠢᠷ ᠤᠨ ᠲᠥᠬᠦᠭᠡᠷᠦᠮᠵᠢ ᠲᠠᠢ᠂ ᠵᠢᠱᠢᠶᠡᠯᠡᠪᠡᠯ ᠪᠡᠶ᠎ᠡ ᠴᠢᠭᠢᠷᠠᠭᠵᠢᠭᠤᠯᠬᠤ ᠵᠠᠮ᠂ ᠰᠠᠭᠰᠤᠨ ᠪᠦᠮᠪᠦᠭᠡᠨ ᠲᠠᠯᠠᠪᠤᠷ᠂ ᠬᠥᠯ ᠪᠦᠮᠪᠦᠭᠡᠨ ᠲᠠᠯᠠᠪᠤᠷ᠂ ᠡᠭᠦᠳᠡᠨ ᠪᠥᠮᠪᠥᠭᠡᠨ ᠲᠠᠯᠠᠪᠤᠷ ᠵᠡᠷᠭᠡ᠂ ᠰᠠᠭᠤᠭᠠᠯᠢ ᠠᠷᠠᠳ ᠬᠡᠵᠢᠶ᠎ᠡ ᠬᠠᠮᠢᠭ᠎ᠠ ᠴᠤ ᠭᠡᠰᠡᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠣᠯᠬᠤ ᠪᠦᠭᠡᠳ ᠰᠣᠩᠭᠤᠯᠲᠠ ᠨᠢ ᠴᠤ ᠨᠡᠯᠢᠶᠡᠳ ᠣᠯᠠᠨ ᠪᠠᠶᠢᠳᠠᠭ᠃            ᠬᠥᠲᠥᠯᠥᠭᠴᠢ᠄ ᠲᠡᠭᠡᠪᠡᠯ ᠬᠢᠶ᠎ᠠ ᠪᠠᠭᠰᠢ ᠲᠣᠭᠤᠷᠢᠭ ᠲᠤ ᠬᠠᠮᠢᠭ᠎ᠠ ᠳᠤᠭᠤᠢ ᠲᠡᠷᠭᠡ ᠤᠨᠤᠬᠤ ᠵᠠᠮ ᠪᠠᠶᠢᠬᠤ ᠪᠣᠶ︖            ᠸᠠᠩ ᠯᠢ᠄ ᠣᠳᠣᠬᠠᠨ ᠳᠤ ᠬᠢᠶ᠎ᠠ ᠪᠠᠭᠰᠢ ᠲᠣᠭᠤᠷᠢᠭ ᠲᠤ ᠬᠤᠶᠠᠷ ᠳᠤᠭᠤᠢ ᠲᠡᠷᠭᠡ ᠤᠨᠤᠬᠤ ᠵᠠᠮ ᠲᠠᠢ᠂ ᠨᠢᠭᠡ ᠨᠢ ᠴᠢᠩ ᠴᠦᠨ ᠱᠠᠨ ᠠᠭᠤᠯᠠᠨ ᠤ 2.8 ᠺᠢᠯᠣᠮᠧᠲᠷ ᠤᠨ ᠳᠤᠭᠤᠢ ᠲᠡᠷᠭᠡ ᠤᠨᠤᠬᠤ ᠵᠠᠮ᠂ ᠪᠠᠰᠠ ᠨᠢᠭᠡ ᠨᠢ ᠡᠨᠡ ᠵᠢᠯ ᠲᠣᠭᠤᠷᠢᠭ ᠤᠨ ᠵᠠᠰᠠᠭ ᠤᠨ ᠣᠷᠳᠣᠨ ᠠᠴᠠ ᠰᠠᠭᠤᠭᠠᠯᠢ ᠠᠷᠠᠳ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠴᠢᠩᠬᠢᠰ ᠬᠠᠭᠠᠨ ᠠᠭᠤᠳᠠᠮ ᠲᠠᠯᠠᠪᠠᠢ ᠶᠢᠨ ᠰᠣᠶᠣᠯ ᠤᠨ ᠵᠡᠭᠦᠨ ᠪᠠᠷᠠᠭᠤᠨ ᠵᠠᠮ ᠳᠤ ᠰᠢᠨ᠎ᠡ ᠪᠠᠷ ᠪᠠᠶᠢᠭᠤᠯᠣᠭᠰᠠᠨ 5 ᠺᠢᠯᠣᠮᠧᠲᠷ ᠤᠨ ᠳᠤᠭᠤᠢ ᠲᠡᠷᠭᠡ ᠤᠨᠤᠬᠤ ᠵᠠᠮ᠃            ᠬᠥᠲᠥᠯᠥᠭᠴᠢ᠄ ᠬᠢᠶ᠎ᠠ ᠪᠠᠭᠰᠢ ᠲᠣᠭᠤᠷᠢᠭ ᠤᠨ ᠪᠡᠶ᠎ᠡ ᠶᠢᠨ ᠲᠠᠮᠢᠷ ᠤᠨ ᠲᠥᠷᠥᠯ ᠤᠨ ᠨᠡᠶᠢᠭᠡᠮᠯᠢᠭ ᠤᠷᠤᠯᠳᠤᠭᠠᠨ ᠡᠷᠭᠢᠯᠡᠬᠦ ᠳᠤ ᠶᠠᠮᠠᠷ ᠶᠠᠪᠤᠴᠠ ᠬᠡᠷᠡᠭᠰᠡᠬᠦ ᠪᠣᠶ︖            ᠸᠠᠩ ᠯᠢ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠢ ᠤᠷᠤᠯᠳᠤᠭᠠᠨ ᠢ ᠡᠷᠭᠢᠯᠡᠬᠦ ᠳᠤ ᠬᠠᠷᠢᠶ᠎ᠠ ᠣᠷᠣᠨ ᠤ ᠬᠠᠮᠢᠶᠠᠷᠤᠯᠲᠠ ᠶᠢ ᠬᠡᠷᠡᠭᠵᠢᠭᠦᠯᠬᠦ ᠪᠦᠭᠡᠳ ᠤᠷᠤᠯᠳᠤᠭᠠᠨ ᠤ ᠲᠥᠰᠥᠯ᠂ ᠪᠠᠴᠢᠮ ᠪᠠᠶᠢᠳᠠᠯ ᠢ ᠠᠷᠭᠠᠴᠠᠬᠤ ᠲᠥᠰᠥᠯ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠰᠥᠯ ᠢ ᠬᠠᠩᠭᠠᠬᠤ ᠬᠡᠷᠡᠭᠲᠡᠢ᠃ ᠭᠤᠷᠪᠡᠨ ᠲᠦᠰᠦᠯ ᠢᠶᠠᠨ ᠪᠦᠷᠢᠳᠦᠭᠦᠯᠦᠭᠰᠡᠨ ᠤ ᠳᠠᠷᠠᠭ᠎ᠠ᠂ ᠬᠢᠶ᠎ᠠ ᠪᠠᠭᠰᠢ ᠲᠣᠭᠤᠷᠢᠭ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠪ ᠲᠤ ᠬᠦᠷᠴᠦ ᠳᠠᠩᠰᠠᠯᠠᠭᠤᠯᠤᠨ᠂ ᠬᠢᠨᠠᠨ  ᠬᠠᠷᠭᠤᠭᠤᠯᠣᠭᠰᠠᠨ ᠤ ᠳᠠᠷᠠᠭ᠎ᠠ ᠰᠠᠶ᠋ᠢ ᠤᠷᠤᠯᠳᠤᠭᠠᠨ ᠢ ᠡᠷᠭᠢᠯᠡᠵᠦ ᠪᠣᠯᠣᠨ᠎ᠠ᠃            ᠬᠥᠲᠥᠯᠥᠭᠴᠢ᠄ ᠬᠢᠶ᠎ᠠ ᠪᠠᠭᠰᠢ ᠲᠣᠭᠤᠷᠢᠭ ᠲᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠤᠯᠠᠭᠤᠯᠣᠯᠲᠠ ᠶᠢᠨ ᠴᠡᠭ ᠭᠠᠷᠭᠠᠬᠤ ᠳᠤ ᠶᠠᠮᠠᠷ ᠶᠠᠮᠠᠷ ᠭᠠᠷ ᠭᠦᠢᠴᠡᠳᠬᠡᠯ ᠬᠢᠬᠦ ᠴᠢᠬᠤᠯᠠᠲᠠᠢ ᠪᠣᠶ︖            ᠸᠠᠩ ᠯᠢ᠄ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠥᠪ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠳᠡᠯᠭᠡᠭᠦᠷ ᠨᠡᠭᠡᠭᠡᠬᠦ ᠳᠤ ᠨᠡᠶᠢᠭᠡᠮ ᠨᠡᠶᠢᠲᠡ ᠠᠴᠠ ᠢᠯᠡ ᠪᠠᠷ ᠡᠯᠰᠡᠬᠦ ᠬᠡᠷᠡᠭᠲᠡᠢ᠃ ᠭᠤᠶᠤᠴᠢᠯᠠᠭᠴᠢ ᠨᠢ ᠡᠷᠬᠡᠪᠰᠢ ᠪᠦᠬᠦᠯᠢ 18 ᠨᠠᠰᠤ ᠭᠦᠷᠦᠭᠰᠡᠨ ᠪᠦᠭᠡᠳ ᠳᠡᠯᠭᠡᠭᠦᠷ ᠤᠨ ᠣᠷᠣᠨ ᠪᠠᠶᠢᠴᠠ ᠪᠠᠨ ᠲᠣᠭᠳᠠᠭᠠᠭᠰᠠᠨ ᠤ ᠳᠠᠷᠠᠭ᠎ᠠ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠪ ᠲᠤ ᠭᠤᠶᠤᠴᠢᠯᠠᠯ ᠢᠶᠠᠨ ᠳᠡᠪᠰᠢᠭᠦᠯᠦᠨ᠎ᠡ᠃ ᠳᠠᠷᠠᠭ᠎ᠠ ᠨᠢ ᠲᠣᠣᠷ ᠴᠡᠭ ᠢ ᠢᠯᠡ ᠪᠠᠷ ᠡᠯᠰᠡᠭᠡᠳ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 10 ᠡᠳᠦᠷ ᠪᠣᠯᠣᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠪ ᠠᠴᠠ ᠣᠷᠣᠯᠠᠨ ᠪᠣᠷᠣᠯᠠᠭᠤᠯᠬᠤ ᠬᠦᠮᠦᠨ ᠤ ᠮᠡᠳᠡᠭᠡ ᠵᠠᠩᠭᠢ ᠶᠢ ᠴᠤᠭᠯᠠᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠬᠦᠢᠴᠡᠳᠭᠡᠨ᠎ᠡ᠃
ᠢᠷᠡᠯᠲᠡ᠄ ᠲᠣᠰ ᠰᠦᠯᠵᠢᠶ᠎ᠡ