ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠵᠦ ᠵᠢᠭᠡᠯᠡᠭᠦᠯᠬᠦ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠬᠦ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/4/2
               ᠣᠷᠳᠣᠰ ᠬᠢᠶ᠎ᠠ ᠵᠠᠰᠠᠭ ᠳᠠᠷᠬᠠᠭᠠᠭᠰᠠᠨ〔2022〕5 ᠳ᠋ᠤᠭᠠᠷ ᠲᠣᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄        ︽ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠵᠦ ᠵᠢᠭᠡᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠭᠠᠳ᠂ ᠡᠳᠦᠭᠡ ᠨᠡᠶᠢᠲᠡᠯᠡᠪᠡ᠃                                                              ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ                                                               ᠠᠷᠠᠳ ᠤᠨ ᠵᠠᠰᠠᠭ ᠤᠨ ᠣᠷᠳᠣᠨ                                                                         2022 ᠣᠨ ᠤ 1 ᠰᠠᠷ᠎ᠠ ᠶᠢᠨ 27                      ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ                      ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠲᠦᠷᠢᠶᠡᠰᠦᠯᠡᠭᠦᠯᠦᠨ ᠵᠢᠭᠡᠯᠡᠭᠦᠯᠬᠦ                      ᠬᠠᠮᠢᠶᠠᠷᠤᠯᠲᠠ ᠶᠢᠨ ᠠᠷᠭ᠎ᠠ        ᠨᠢᠭᠡᠳᠦᠭᠡᠷ ᠪᠦᠯᠦᠭ    ᠶᠡᠷᠦᠩᠬᠡᠢ ᠳᠦᠷᠢᠮ        ᠨᠢᠭᠡᠳᠦᠭᠡᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠦᠨᠡᠨᠬᠦ  ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ  ᠶᠢ ᠲᠦᠷᠢᠶᠡᠰᠦᠯᠡᠭᠦᠯᠬᠦ ᠪᠠ ᠵᠢᠭᠡᠯᠡᠭᠦᠯᠬᠦ ᠠᠵᠢᠯᠯᠠᠭ᠎ᠠ  ᠶᠢ ᠵᠢᠷᠤᠮᠵᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠭᠡᠭᠡᠭᠳᠡᠬᠦ ᠶᠢ ᠰᠡᠷᠭᠡᠶᠢᠯᠡᠬᠦ ᠶᠢᠨ ᠲᠥᠯᠦᠭᠡ᠂ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 738 ᠳ᠋ᠤᠭᠠᠷ ᠲᠣᠭᠠᠲᠤ︶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠵᠦ ᠵᠢᠭᠡᠯᠡᠭᠦᠯᠬᠦ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠬᠥᠮᠦᠷᠭᠡ ﹇2019﹈ 470 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠭᠡᠷ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︵ᠥᠪᠥᠷ ᠨᠠᠮ ᠠᠯᠪᠠᠨ ᠲᠠᠷᠬᠠᠭᠠᠭᠰᠠᠨ ﹇2019﹈ 31 ᠳ᠋ᠦ᠋ᠭᠡᠷ ᠲᠣᠭᠠᠲᠤ︶᠂ ︽ᠣᠷᠳᠣᠰ ᠬᠤᠲᠠ ᠶᠢᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠵᠦ ᠵᠢᠭᠡᠯᠡᠭᠦᠯᠬᠦ ᠬᠠᠮᠢᠶᠠᠷᠤᠯᠲᠠ ᠶᠢᠨ ᠠᠷᠭ᠎ᠠ︾ ︵  ᠣᠷᠳᠣᠰ ᠡᠳ᠋ ᠬᠥᠮᠥᠷᠭᠡ ᠲᠦᠷᠢᠮᠵᠢᠯ ᠲᠠᠷᠬᠠᠭᠠᠭᠰᠠᠨ ﹇2021﹈ 4 ᠳ᠋ᠦ᠋ᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠢᠶ᠎ᠠ ᠪᠠᠭᠰᠢ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃        ᠬᠤᠶᠠᠳᠤᠭᠠᠷ ᠵᠦᠢᠯ    ᠲᠣᠰ ᠠᠷᠭ᠎ᠠ ᠶᠢ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠠᠮ ᠤᠨ ᠪᠠᠶᠢᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ᠂ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠪᠦᠯᠬᠦᠮ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠪᠤᠰᠤᠳ ᠡᠯ᠎ᠡ ᠲᠥᠷᠥᠯ ᠤᠨ ᠠᠵᠢᠯ ᠦᠢᠯᠡᠰ ᠤᠨ ᠨᠢᠭᠡᠴᠢ ︵ᠳᠣᠷᠣᠭᠰᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠭᠡᠵᠦ ᠲᠣᠪᠴᠢᠯᠠᠨ᠎ᠠ︶ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠬᠠᠮᠢᠶᠠᠷᠤᠯᠲᠠ ᠳᠤ ᠬᠡᠷᠡᠭᠯᠡᠨ᠎ᠡ᠃        ᠭᠤᠷᠪᠠᠳᠤᠭᠠᠷ ᠵᠦᠢᠯ    ᠲᠣᠰ ᠠᠷᠭ᠎ᠠ ᠳᠤ ᠲᠦᠷᠢᠶᠡᠰᠦᠯᠡᠭᠦᠯᠬᠦ᠂ ᠵᠢᠭᠡᠯᠡᠭᠦᠯᠬᠦ ᠶᠢ ᠵᠥᠪᠰᠢᠶᠡᠷᠡᠭᠰᠡᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠭᠡᠳᠡᠭ ᠨᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠵᠡᠮᠰᠢᠨ ᠬᠡᠷᠡᠭᠯᠡᠵᠦ ᠪᠠᠶᠢᠭ᠎ᠠ ᠭᠠᠵᠠᠷ ᠰᠢᠷᠣᠢ᠂ ᠭᠡᠷ ᠪᠠᠶᠢᠰᠢᠩ ᠵᠢᠴᠢ ᠪᠠᠷᠢᠯᠭ᠎ᠠ ᠶᠢᠨ ᠵᠦᠢᠯ᠂ ᠲᠣᠮᠣ ᠬᠡᠯᠪᠡᠷᠢ ᠶᠢᠨ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠪᠠ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠵᠡᠷᠭᠡ ᠶᠢ ᠵᠢᠭᠠᠵᠤ ᠪᠣᠶ᠃        ᠳᠥᠷᠪᠡᠳᠦᠭᠡᠷ ᠵᠦᠢᠯ    ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ ᠭᠡᠳᠡᠭ ᠪᠣᠯ ᠨᠢᠭᠡᠴᠢ ᠠᠴᠠ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢ ᠪᠠᠲᠤᠯᠠᠬᠤ ᠪᠠ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠤᠷᠢᠲᠠᠯ ᠤᠨ ᠳᠣᠣᠷ᠎ᠠ᠂ ᠵᠥᠪᠰᠢᠶᠡᠷᠡᠯ ᠢᠶᠠᠷ ᠳᠠᠮᠵᠢᠭᠤᠯᠤᠨ ᠬᠡᠷᠡᠭᠯᠡᠵᠦ ᠪᠠᠶᠢᠭ᠎ᠠ᠂ ᠡᠵᠡᠮᠰᠢᠵᠦ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠵᠣᠬᠢᠬᠤ ᠬᠤᠭᠤᠴᠠᠭᠠᠨ ᠤ ᠳᠣᠲᠣᠷ᠎ᠠ ᠲᠥᠯᠥᠪᠦᠷᠢ ᠲᠠᠢ ᠠᠷᠭ᠎ᠠ ᠮᠠᠶ᠋ᠢᠭ ᠢᠶᠠᠷ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠬᠠᠤᠯᠢ ᠶᠢᠨ ᠬᠥᠮᠥᠨ ᠪᠤᠰᠤ ᠵᠣᠬᠢᠶᠠᠨ ᠪᠠᠶᠢᠭᠤᠯᠤᠯᠲᠠ ᠳᠤ ᠰᠢᠯᠵᠢᠭᠦᠯᠦᠨ ᠥᠭᠴᠦ ᠬᠡᠷᠡᠭᠯᠡᠭᠦᠯᠬᠦ ᠠᠵᠢᠯᠯᠠᠭ᠎ᠠ ᠶᠢ ᠵᠢᠭᠠᠵᠤ ᠪᠠᠶᠢᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠦᠢᠯᠡ ᠠᠵᠢᠯᠯᠠᠭ᠎ᠠ ᠳᠤ ᠶᠠᠮᠠᠷᠪᠠ ᠬᠡᠯᠪᠡᠷᠢ ᠶᠢᠨ ᠨᠥᠬᠦᠪᠦᠷᠢ ᠠᠪᠤᠭᠰᠠᠨ ᠴᠤ ᠬᠠᠮᠢᠶ᠎ᠠ ᠦᠭᠡᠢ᠂ ᠡᠭᠦᠨ ᠳᠤ᠄  ᠵᠤᠭᠤᠰ ᠤᠨ ᠪᠡᠯᠡ ᠮᠥᠩᠭᠦ᠂ ᠪᠣᠳᠠᠲᠤ ᠶᠠᠭᠤᠮ᠎ᠠ ᠵᠡᠷᠭᠡ ᠨᠥᠬᠦᠪᠦᠷᠢ ᠥᠭᠬᠦ ᠠᠷᠭ᠎ᠠ ᠮᠠᠶ᠋ᠢᠭ ᠢ ᠴᠥᠮ ᠲᠦᠷᠢᠶᠡᠰᠦᠯᠡᠭᠦᠯᠬᠦ ᠦᠢᠯᠡ ᠠᠵᠢᠯᠯᠠᠭ᠎ᠠ ᠲᠠᠢ ᠠᠳᠠᠯᠢ ᠪᠠᠷ ᠦᠵᠡᠨ᠎ᠡ᠃        ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠵᠢᠭᠡᠯᠡᠭᠦᠯᠬᠦ ᠭᠡᠳᠡᠭ ᠪᠣᠯ ᠨᠢᠭᠡᠴᠢ ᠠᠴᠠ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢ ᠪᠠᠲᠤᠯᠠᠬᠤ ᠪᠠ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠤᠷᠢᠲᠠᠯ ᠤᠨ ᠳᠣᠣᠷ᠎ᠠ᠂ ᠡᠵᠡᠮᠰᠢᠵᠦ ᠪᠠᠶᠢᠭ᠎ᠠ᠂ ᠬᠡᠷᠡᠭᠯᠡᠵᠦ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠯᠥᠪᠦᠷᠢ ᠦᠭᠡᠢ ᠠᠷᠭ᠎ᠠ ᠮᠠᠶ᠋ᠢᠭ ᠢᠶᠠᠷ ᠪᠤᠰᠤᠳ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠳᠤ ᠥᠭᠴᠦ ᠬᠡᠷᠡᠭᠯᠡᠭᠦᠯᠬᠦ ᠠᠵᠢᠯᠯᠠᠭ᠎ᠠ ᠶᠢ ᠵᠢᠭᠠᠵᠤ ᠪᠠᠶᠢᠨ᠎ᠠ᠃        ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠨᠢ ᠰᠤᠯᠠ ᠲᠠᠯᠪᠢᠵᠤ ᠲᠦᠷᠢᠶᠡᠰᠦᠯᠡᠭᠦᠯᠵᠦ ᠪᠣᠯᠬᠤ ᠭᠡᠷ ᠪᠠᠶᠢᠰᠢᠩ ᠵᠡᠷᠭᠡ ᠡᠳ᠋ ᠬᠥᠷᠥᠩᠭᠡ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ  ᠠᠴᠠ ᠪᠠᠨ ᠲᠦᠷᠢᠶᠡᠰᠦᠯᠡᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠤᠯᠠ ᠲᠠᠯᠪᠢᠵᠤ ᠪᠦᠷᠢᠯᠭᠡᠨ ᠰᠦᠢᠳᠬᠡᠬᠦ ᠠᠴᠠ ᠵᠠᠶᠢᠯᠠᠰᠬᠢᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ᠂ ᠥᠷᠲᠡᠭ ᠢ ᠨᠢ ᠪᠠᠲᠤᠯᠠᠵᠤ ᠨᠡᠮᠡᠭᠳᠡᠭᠦᠯᠦᠨ᠎ᠡ᠃ ᠥᠪᠡᠷᠲᠡᠭᠡᠨ  ᠲᠦᠷᠢᠶᠡᠰᠦᠯᠡᠭᠦᠯᠦᠨ ᠬᠠᠮᠢᠶᠠᠷᠬᠤ ᠶᠢᠨ ᠠᠷᠭ᠎ᠠ ᠦᠭᠡᠢ ᠡᠳ᠋ ᠬᠥᠷᠥᠩᠭᠡ ᠶᠢ ᠥᠮᠴᠢᠯᠡᠬᠦ ᠡᠷᠬᠡ ᠲᠠᠢ  ᠨᠢᠭᠡᠴᠢ ᠨᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠭᠤᠷᠪᠠᠳᠠᠭᠢ ᠡᠲᠡᠭᠡᠳ ᠤᠨ ᠵᠠᠭᠤᠴᠢ ᠪᠠᠶᠢᠭᠤᠯᠤᠮᠵᠢ ᠳᠤ ᠨᠠᠶᠢᠳᠠᠨ ᠲᠦᠷᠢᠶᠡᠰᠦᠯᠡᠭᠦᠯᠦᠨ ᠬᠠᠮᠢᠶᠠᠷᠤᠭᠤᠯᠵᠤ ᠪᠣᠯᠣᠨ᠎ᠠ᠃        ᠲᠠᠪᠤᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠪᠠᠨ ᠭᠠᠳᠠᠭᠰᠢ ᠲᠦᠷᠢᠶᠡᠰᠦᠯᠡᠭᠦᠯᠬᠦ᠂ ᠵᠢᠭᠡᠯᠡᠭᠦᠯᠬᠦ ᠳᠤ ᠭᠦᠷᠪᠡᠯ᠂ ᠲᠣᠰ ᠠᠷᠭ᠎ᠠ ᠳᠤ ᠲᠣᠭᠲᠠᠭᠠᠭᠰᠠᠨ ᠶᠠᠪᠤᠴᠠ ᠶᠣᠰᠣᠭᠠᠷ ᠮᠡᠳᠡᠭᠦᠯᠵᠦ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ᠂ ᠵᠥᠪᠰᠢᠶᠡᠷᠡᠭᠦᠯᠦᠭᠰᠡᠨ ᠦᠭᠡᠢ ᠪᠠᠷ ᠲᠦᠷᠢᠶᠡᠰᠦᠯᠡᠭᠦᠯᠵᠦ᠂ ᠵᠢᠭᠡᠯᠡᠭᠦᠯᠵᠦ ᠪᠣᠯᠬᠤ ᠦᠭᠡᠢ᠃ ᠲᠦᠷᠢᠶᠡᠰᠦᠯᠡᠭᠦᠯᠬᠦ ᠡᠳ᠋ ᠬᠥᠷᠥᠩᠭᠡ ᠶᠢ ᠵᠠᠷᠴᠢᠮ ᠳᠡᠭᠡᠷ᠎ᠡ ᠪᠠᠨ ᠢᠯᠡ ᠪᠠᠷ ᠲᠦᠷᠢᠶᠡᠰᠦᠯᠡᠬᠦ ᠶᠢ ᠬᠡᠷᠡᠭᠵᠢᠭᠦᠯᠬᠦ ᠬᠡᠷᠡᠭᠲᠡᠢ᠃        ᠵᠢᠷᠭᠤᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠦᠷᠢᠶᠡᠰᠦᠯᠡᠭᠦᠯᠵᠦ᠂ ᠵᠢᠭᠡᠯᠡᠭᠦᠯᠵᠦ ᠪᠣᠯᠬᠤ ᠦᠭᠡᠢ᠄        ︵ᠨᠢᠭᠡ︶ ᠨᠢᠭᠡᠨᠲᠡ ᠬᠠᠤᠯᠢ ᠶᠣᠰᠣᠭᠠᠷ ᠪᠠᠶᠢᠴᠠᠭᠠᠨ ᠪᠢᠲᠡᠭᠦᠮᠵᠢᠯᠡᠭᠰᠡᠨ᠂  ᠪᠠᠷᠢᠴᠠᠭᠠᠨ ᠳᠤ ᠦᠯᠡᠳᠡᠭᠡᠭᠰᠡᠨ᠂  ᠴᠡᠪᠳᠡᠭᠰᠢᠭᠰᠡᠨ︔         ︵ᠬᠤᠶᠠᠷ︶ ᠬᠠᠮᠲᠤ ᠪᠠᠷ ᠥᠮᠴᠢᠯᠡᠵᠦ ᠪᠠᠶᠢᠭ᠎ᠠ ᠡᠳ᠋ ᠬᠥᠷᠥᠩᠭᠡ ᠨᠢ ᠪᠤᠰᠤᠳ ᠬᠠᠮᠲᠤ ᠪᠠᠷ ᠥᠮᠴᠢᠯᠡᠭᠴᠢᠳ ᠤᠨ ᠵᠥᠪᠰᠢᠶᠡᠷᠡᠯ ᠢ ᠦᠯᠦ ᠣᠯᠣᠭᠰᠠᠨ︔        ︵ᠭᠤᠷᠪᠠ︶ ᠥᠮᠴᠢᠯᠡᠯ ᠤᠨ ᠡᠷᠬᠡ ᠶᠢᠨ ᠬᠠᠷᠢᠶᠠᠯᠠᠯ ᠨᠢ ᠲᠣᠳᠣᠷᠬᠠᠢ ᠦᠭᠡᠢ ᠪᠤᠶᠤ ᠮᠠᠷᠭᠤᠯᠳᠤᠭᠠᠨ ᠲᠠᠢ ᠪᠠᠶᠢᠬᠤ︔       ︵ᠲᠦᠷᠪᠡ︶ ᠨᠢᠭᠡᠨᠲᠡ ᠡᠳ᠋ ᠬᠥᠷᠥᠩᠭᠡ ᠶᠢᠨ ᠬᠤᠪᠢ ᠪᠠᠷ ᠪᠠᠷᠢᠴᠠᠭᠠᠯᠠᠭᠠᠳ ᠪᠡᠷᠢᠴᠠᠭᠠᠨ  ᠡᠷᠬᠡᠲᠦ ᠬᠥᠮᠥᠨ ᠤ ᠵᠥᠪᠰᠢᠶᠡᠷᠡᠯ ᠢ ᠥᠯᠥ ᠣᠯᠣᠭᠰᠠᠨ︔        ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠡᠷᠭᠡ ᠶᠢᠨ ᠲᠣᠭᠲᠠᠭᠠᠯ ᠢ ᠵᠥᠷᠢᠴᠡᠭᠰᠡᠨ ᠪᠤᠰᠤᠳ ᠪᠠᠶᠢᠳᠠᠯ᠃        ᠬᠤᠶᠠᠳᠤᠭᠠᠷ ᠪᠦᠯᠦᠭ    ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ        ᠳᠣᠯᠣᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠶᠢ ᠬᠢᠨᠠᠨ ᠵᠥᠪᠰᠢᠶᠡᠷᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠲᠡᠭᠦᠨ ᠤ ᠭᠤᠣᠯ ᠳᠣᠰᠢᠶᠠᠯ ᠬᠠᠷᠢᠭᠤᠴᠠᠯᠭ᠎ᠠ ᠪᠣᠯ᠄        ︵ᠨᠢᠭᠡ︶ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠦᠷᠢᠮ ᠢ ᠰᠤᠳᠤᠯᠤᠨ ᠲᠣᠭᠲᠠᠭᠠᠬᠤ ᠶᠢ ᠬᠠᠷᠢᠭᠤᠴᠠᠨ᠎ᠠ︔        ︵ᠬᠤᠶᠠᠷ︶ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠵᠦᠢᠯᠡᠰ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔        ︵ᠭᠤᠷᠪᠠ︶ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ︔        ︵ᠳᠥᠷᠪᠡ︶ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ ᠣᠷᠣᠯᠭ᠎ᠠ ᠶᠢ ᠬᠤᠷᠢᠶᠠᠨ ᠠᠪᠬᠤ ᠶᠢ ᠬᠠᠷᠢᠭᠤᠴᠠᠨ᠎ᠠ᠃        ᠨᠠᠢᠮᠠᠳᠤᠭᠠᠷ ᠵᠦᠢᠯ     ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠷᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠶᠢ ᠬᠢᠨᠠᠨ ᠬᠠᠷᠭᠤᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠲᠡᠭᠦᠨ ᠤ ᠭᠤᠣᠯ ᠳᠣᠰᠢᠶᠠᠯ ᠬᠠᠷᠢᠭᠤᠴᠠᠯᠭ᠎ᠠ ᠪᠣᠯ᠄        ︵ᠨᠢᠭᠡ︶ ᠲᠣᠰ ᠰᠠᠯᠠᠭ᠎ᠠ ᠮᠥᠴᠢᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠶᠢ ᠳᠣᠲᠣᠭᠠᠳᠤ ᠳᠠᠭᠠᠨ ᠡᠵᠡᠮᠳᠡᠬᠦ ᠳᠦᠷᠢᠮ ᠢ ᠪᠠᠶᠢᠭᠤᠯᠤᠨ  ᠳᠡᠭᠦᠯᠳᠡᠷᠵᠢᠭᠦᠯᠬᠦ ᠶᠢ ᠬᠠᠷᠢᠭᠤᠴᠠᠨ᠎ᠠ︔        ︵ᠬᠤᠶᠠᠷ︶ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠰ ᠰᠠᠯᠠᠭ᠎ᠠ ᠮᠥᠴᠢᠷ ᠤᠨ ᠬᠠᠷᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠵᠦᠢᠯᠡᠰ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ︔        ︵ᠭᠤᠷᠪᠠ︶ ᠲᠤᠰ ᠰᠠᠯᠠᠭ᠎ᠠ ᠮᠥᠴᠢᠷ ᠤᠨ ᠬᠠᠷᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠪᠠᠨ ᠲᠦᠷᠢᠶᠡᠰᠦᠯᠡᠭᠦᠯᠬᠦ᠂ ᠵᠢᠭᠡᠯᠡᠭᠦᠯᠬᠦ ᠬᠠᠮᠢᠶᠠᠷᠤᠯᠲᠠ ᠶᠢ ᠬᠠᠷᠢᠭᠤᠴᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠭᠡᠭᠡᠭᠳᠡᠬᠦ ᠶᠢ ᠰᠡᠷᠭᠡᠶᠢᠯᠡᠨ᠎ᠡ︔        ︵ᠳᠥᠷᠪᠡ︶ ᠲᠣᠰ ᠰᠠᠯᠠᠭ᠎ᠠ ᠮᠥᠴᠢᠷ ᠤᠨ ᠬᠠᠷᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢ ᠰᠢᠪᠠᠳᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ ᠣᠷᠣᠯᠭ᠎ᠠ ᠶᠢ ᠴᠠᠭ ᠲᠤᠬᠠᠢ ᠳᠤᠨᠢ ᠳᠡᠭᠡᠭᠰᠢ ᠲᠤᠰᠢᠶᠠᠯᠭᠠᠨ᠎ᠠ᠃        ᠶᠢᠰᠦᠳᠦᠭᠡᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠨᠢ ᠲᠣᠰ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠵᠦᠢᠯᠡᠰ ᠢ ᠮᠡᠳᠡᠭᠦᠯᠬᠦ ᠵᠡᠷᠭᠡ ᠠᠵᠢᠯ ᠢ ᠬᠠᠷᠢᠭᠤᠴᠠᠨ ᠭᠦᠢᠴᠡᠳᠬᠡᠨ᠎ᠡ᠂ ᠲᠡᠭᠦᠨ ᠤ ᠭᠤᠣᠯ ᠳᠣᠰᠢᠶᠠᠯ ᠬᠠᠷᠢᠭᠤᠴᠠᠯᠭ᠎ᠠ ᠪᠣᠯ᠄       ︵ᠨᠢᠭᠡ︶ ᠲᠤᠰ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠪᠠᠶᠢᠭᠤᠯᠵᠤ ᠲᠡᠭᠦᠯᠳᠡᠷᠵᠢᠭᠦᠯᠦᠨ᠎ᠡ︔        ︵ᠬᠤᠶᠠᠷ︶ ᠲᠣᠭᠲᠠᠭᠠᠭᠰᠠᠨ ᠶᠠᠪᠤᠴᠠ ᠪᠠᠷ ᠲᠣᠰ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠵᠦᠢᠯᠡᠰ ᠢ ᠮᠡᠳᠡᠭᠦᠯᠬᠦ ᠶᠢ ᠬᠠᠷᠢᠭᠤᠴᠠᠨ᠎ᠠ︔        ︵ᠭᠤᠷᠪᠠ︶ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠶᠣᠯᠭᠦᠢ᠂ ᠪᠦᠷᠢᠨ ᠪᠦᠲᠦᠨ ᠪᠠᠶᠢᠬᠤ ᠶᠢ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ︔        ︵ᠳᠥᠷᠪᠡ︶ ᠲᠦᠷᠢᠶᠡᠰᠦᠯᠡᠭᠦᠯᠦᠭᠰᠡᠨ ᠣᠷᠣᠯᠭ᠎ᠠ ᠶᠢ ᠬᠤᠷᠢᠶᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠲᠤᠭᠤᠷᠢᠭ ᠤᠨ ᠡᠳ᠋ ᠤᠨ ᠵᠠᠰᠠᠭ ᠲᠤ ᠳᠣᠰᠢᠶᠠᠬᠤ ᠶᠢ ᠬᠠᠷᠢᠭᠤᠴᠠᠨ᠎ᠠ︔        ᠭᠤᠷᠪᠠᠳᠤᠭᠠᠷ ᠪᠦᠯᠦᠭ    ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠬᠢᠭᠡᠳ  ᠲᠦᠷᠢᠮ ᠲᠣᠭᠲᠠᠭᠠᠯ        ᠠᠷᠪᠠᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠵᠦᠢᠯᠡᠰ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠳᠣᠣᠷᠠᠬᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠥᠪᠰᠢᠶᠡᠷᠡᠨ᠎ᠡ᠄        ︵ᠨᠢᠭᠡ︶ ᠡᠯ᠎ᠡ ᠰᠠᠯᠠᠭ᠎ᠠ ᠮᠥᠴᠢᠷ᠂  ᠨᠢᠭᠡᠴᠢ ᠤᠤᠯ ᠤᠨ ᠥᠷᠳᠡᠭ ᠤᠨ ᠨᠢᠭᠡ ᠵᠦᠢᠯ ᠪᠤᠶᠤ ᠪᠥᠭᠡᠮ ᠤᠨ ᠬᠡᠮᠵᠢᠶ᠎ᠡ ᠨᠢ ᠠᠷᠠᠳ ᠤᠨ ᠵᠣᠭᠤᠰ ᠢᠶᠠᠷ 100 ᠲᠦᠮᠡᠨ ᠲᠥᠭᠦᠷᠢᠭ ᠠᠴᠠ ᠳᠡᠭᠡᠭᠰᠢ ︵100 ᠲᠦᠮᠡᠨ ᠲᠥᠭᠦᠷᠢᠭ ᠪᠠᠭᠲᠠᠨ᠎ᠠ︶ ᠭᠡᠷ ᠪᠠᠶᠢᠰᠢᠩ᠂ ᠪᠠᠷᠢᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ᠂ ᠲᠣᠮᠣ ᠬᠡᠯᠪᠡᠷᠢ ᠶᠢᠨ ᠲᠦᠬᠦᠭᠡᠷᠦᠮᠵᠢ ᠵᠡᠷᠭᠡ ᠲᠣᠭᠲᠠᠮᠠᠯ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠪᠣᠯ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠨ᠎ᠡ᠃        ︵ᠬᠤᠶᠠᠷ︶ ᠡᠯ᠎ᠡ ᠰᠠᠯᠠᠭ᠎ᠠ ᠮᠥᠴᠢᠷ᠂ ᠨᠢᠭᠡᠴᠢ ᠤᠤᠯ ᠤᠨ ᠥᠷᠳᠡᠭ ᠤᠨ ᠨᠢᠭᠡ ᠵᠦᠢᠯ ᠪᠤᠶᠤ ᠪᠥᠭᠡᠮ ᠤᠨ ᠬᠡᠮᠵᠢᠶ᠎ᠡ ᠨᠢ 100 ᠲᠦᠮᠡᠨ ᠲᠥᠭᠦᠷᠢᠭ ᠠᠷᠠᠳ ᠤᠨ ᠵᠣᠭᠤᠰ ᠠᠴᠠ ᠳᠣᠷᠣᠭᠰᠢ ︵100 ᠲᠦᠮᠡᠨ ᠲᠥᠭᠦᠷᠢᠭ ᠪᠠᠭᠲᠠᠬᠤ ᠦᠭᠡᠢ︶ ᠭᠡᠷ ᠪᠠᠶᠢᠰᠢᠩ᠂ ᠪᠠᠷᠢᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ᠂ ᠲᠣᠮᠣ ᠬᠡᠯᠪᠡᠷᠢ ᠶᠢᠨ ᠲᠦᠬᠦᠭᠡᠷᠦᠮᠵᠢ ᠵᠡᠷᠭᠡ ᠲᠣᠭᠲᠠᠮᠠᠯ ᠬᠥᠷᠥᠩᠭᠡ  ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠳᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠠᠨᠠᠯ ᠳᠤᠷᠠᠳᠴᠤ᠂ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ  ᠨᠢ ᠲᠣᠰ ᠲᠣᠰ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠵᠦᠢᠯᠡᠰ ᠢ ᠬᠢᠨᠠᠨ ᠬᠠᠷᠭᠤᠭᠤᠯᠵᠤ ᠴᠣᠬᠤᠯᠠᠪᠤᠷᠢᠯᠠᠨ ᠬᠠᠷᠢᠭᠤᠯᠤᠨ᠎ᠠ         ᠠᠷᠪᠠᠨ ᠨᠢᠭᠡᠳᠦᠭᠡᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠲᠦᠷᠢᠶᠡᠰᠦᠯᠡᠭᠦᠯᠬᠦ᠂ ᠵᠢᠭᠡᠯᠡᠭᠦᠯᠬᠦ ᠳᠤ ᠨᠢᠭᠡᠨᠲᠡ ᠬᠡᠷᠡᠭᠯᠡᠭᠰᠡᠨ ᠠᠳᠠᠯᠢ ᠲᠥᠷᠥᠯ ᠤᠨ ᠡᠳ᠋ ᠬᠥᠷᠥᠩᠭᠡ ᠶᠢ ᠬᠤᠳᠠᠯᠳᠤᠨ ᠠᠪᠴᠤ ᠪᠣᠯᠬᠤ ᠦᠭᠡᠢ᠂ ᠤᠯᠤᠰ  ᠠᠴᠠ ᠲᠣᠭᠲᠠᠭᠠᠭᠰᠠᠨ  ᠣᠨᠴᠠᠭᠠᠢ ᠵᠣᠷᠢᠯᠭ᠎ᠠ ᠡᠭᠦᠨ ᠳᠤ ᠪᠠᠭᠲᠠᠬᠤ ᠦᠭᠡᠢ᠃        ᠠᠷᠪᠠᠨ ᠬᠤᠶᠠᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠵᠦᠢᠯᠡᠰ ᠢ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠠᠴᠠ ᠪᠠᠨ ᠡᠮᠦᠨ᠎ᠡ ᠲᠦᠷᠢᠶᠡᠰᠦᠯᠡᠭᠦᠯᠬᠦ᠂ ᠵᠢᠭᠡᠯᠡᠭᠦᠯᠬᠦ ᠶᠢᠨ ᠬᠡᠷᠡᠭᠵᠢᠭᠦᠯᠬᠦ ᠲᠥᠰᠥᠯ ᠲᠣᠭᠲᠠᠭᠠᠵᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠢᠭᠡᠴᠢ ᠯᠦᠭᠡ ᠬᠠᠮᠲᠤ ᠪᠠᠷ ᠰᠤᠳᠤᠯᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭᠲᠡᠢ᠃        ᠠᠷᠪᠠᠨ ᠭᠤᠷᠪᠠᠳᠤᠭᠠᠷ ᠵᠦᠢᠯ    ᠲᠦᠷᠢᠶᠡᠰᠦᠯᠡᠭᠦᠯᠬᠦ ᠶᠢᠨ ᠬᠡᠷᠡᠭᠵᠢᠭᠦᠯᠬᠦ ᠲᠥᠰᠥᠯ ᠳᠤ ᠲᠦᠷᠢᠶᠡᠰᠦᠯᠡᠭᠦᠯᠬᠦ ᠪᠠᠷ ᠪᠠᠶᠢᠭ᠎ᠠ ᠡᠳ᠋ ᠬᠥᠷᠥᠩᠭᠡ ᠶᠢᠨ ᠪᠠᠶᠢᠳᠠᠯ ᠂ ᠲᠦᠷᠢᠶᠡᠰᠦᠯᠡᠭᠦᠯᠬᠦ ᠬᠡᠷᠡᠭᠴᠡᠭᠡ᠂ ᠲᠦᠷᠢᠶᠡᠰᠦᠯᠡᠭᠦᠯᠬᠦ ᠬᠤᠭᠤᠴᠠᠭ᠎ᠠ᠂ ᠲᠦᠷᠢᠶᠡᠰᠦᠯᠡᠬᠦ ᠨᠥᠬᠦᠴᠡᠯ᠂ ᠲᠦᠷᠢᠶᠡᠰᠦᠯᠡᠭᠦᠯᠬᠦ ᠰᠠᠭᠤᠷᠢ ᠦᠨ᠎ᠡ ᠵᠢᠴᠢ ᠲᠣᠭᠲᠠᠭᠠᠬᠤ ᠦᠨᠳᠦᠰᠦᠯᠡᠯ᠂ ᠲᠦᠷᠢᠶᠡᠰᠦᠨ ᠮᠥᠩᠭᠦ ᠥᠭᠬᠦ ᠵᠢᠴᠢ ᠠᠬᠢᠨ ᠨᠡᠮᠡᠭᠳᠡᠭᠦᠯᠬᠦ ᠠᠷᠭ᠎ᠠ ᠮᠠᠶ᠋ᠢᠭ᠂ ᠲᠦᠷᠢᠶᠡᠰᠦᠯᠡᠭᠦᠯᠬᠦ ᠠᠷᠭ᠎ᠠ ᠮᠠᠶ᠋ᠢᠭ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ︔ ᠵᠢᠭᠡᠯᠡᠭᠦᠯᠬᠦ ᠶᠢᠨ ᠬᠡᠷᠡᠭᠵᠢᠭᠦᠯᠬᠦ ᠲᠥᠰᠥᠯ ᠳᠤ ᠵᠢᠭᠡᠯᠡᠭᠦᠯᠬᠦ ᠡᠳᠡᠭᠡᠳ᠂ ᠵᠢᠭᠡᠯᠡᠭᠦᠯᠬᠦ ᠰᠢᠯᠲᠠᠭᠠᠨ ᠵᠢᠴᠢ ᠵᠢᠭᠡᠯᠡᠭᠦᠯᠬᠦ ᠬᠤᠭᠤᠴᠠᠭ᠎ᠠ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ᠃        ᠠᠷᠪᠠᠨ ᠳᠥᠷᠪᠡᠳᠦᠭᠡᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠳ᠋ ᠬᠥᠷᠥᠩᠭᠡ ᠶᠢᠨ ᠲᠦᠷᠢᠶᠡᠰᠦᠯᠡᠭᠦᠯᠬᠦ ᠰᠠᠭᠤᠷᠢ ᠦᠨ᠎ᠡ ᠶᠢ ᠲᠦᠷᠢᠶᠡᠰᠦᠯᠡᠭᠦᠯᠬᠦ ᠨᠢᠭᠡᠴᠢ ᠠᠴᠠ ᠥᠪᠡᠷ ᠢᠶᠠᠨ ᠬᠢᠷᠢ ᠬᠡᠮ ᠲᠠᠢ ᠵᠠᠭᠤᠴᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠭᠦᠯᠬᠦ ᠶᠢᠨ ᠬᠠᠮᠲᠤ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠂ ᠪᠠᠰᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠢᠷᠢ ᠬᠡᠮ ᠲᠠᠢ ᠵᠠᠭᠤᠴᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠭᠦᠯᠵᠦ ᠪᠣᠯᠣᠨ᠎ᠠ᠃        ᠠᠷᠪᠠᠨ ᠲᠠᠪᠤᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠳᠤ ᠳᠣᠣᠷᠠᠬᠢ ᠶᠠᠪᠤᠴᠠ ᠪᠠᠷ ᠮᠡᠳᠡᠭᠦᠯᠦᠨ ᠵᠥᠪᠰᠢᠶᠡᠷᠡᠭᠦᠯᠦᠨ᠎ᠡ᠄        ︵ᠨᠢᠭᠡ︶ ᠮᠡᠳᠡᠭᠦᠯᠬᠦ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠨᠦᠭᠦᠳ ᠲᠦᠷᠢᠶᠡᠰᠦᠯᠡᠭᠦᠯᠬᠦ᠂ ᠵᠢᠭᠡᠯᠡᠭᠦᠯᠬᠦ ᠡᠳ᠋ ᠬᠥᠷᠥᠩᠭᠡ ᠶᠢᠨ ᠪᠠᠶᠢᠳᠠᠯ᠂ ᠥᠷᠳᠡᠭ ᠵᠡᠷᠭᠡ ᠨᠥᠭᠦᠴᠡᠯ ᠢ ᠦᠨᠳᠦᠰᠦᠯᠡᠨ᠂ ᠲᠦᠷᠢᠶᠡᠰᠦᠯᠡᠭᠦᠯᠬᠦ᠂ ᠵᠢᠭᠡᠯᠡᠭᠦᠯᠬᠦ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠬᠤ ᠶᠢᠨ ᠬᠠᠮᠲᠤ ᠴᠢᠬᠤᠯᠠ ᠪᠦᠬᠦᠢ ᠪᠣᠯᠣᠮᠵᠢᠲᠤ ᠴᠢᠨᠠᠷ ᠤᠨ ᠨᠤᠲᠠᠯᠠᠯᠲᠠ ᠬᠢᠵᠦ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠢ᠃        ︵ᠬᠤᠶᠠᠷ︶ ᠬᠢᠨᠠᠨ ᠬᠠᠷᠭᠤᠭᠤᠯᠬᠤ᠃ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠷᠢᠶ᠎ᠠ  ᠨᠢᠭᠡᠴᠢ ᠶᠢᠨ ᠲᠦᠷᠢᠶᠡᠰᠦᠯᠡᠭᠦᠯᠬᠦ᠂ ᠵᠢᠭᠡᠯᠡᠭᠦᠯᠬᠦ ᠵᠦᠢᠯᠡᠰ ᠤᠨ ᠦᠨᠡᠨ ᠪᠣᠳᠠᠲᠤ ᠴᠢᠨᠠᠷ᠂ ᠴᠢᠬᠤᠯᠠ  ᠴᠢᠨᠠᠷ᠂ ᠪᠣᠯᠣᠮᠵᠢᠲᠤ ᠴᠢᠨᠠᠷ ᠵᠢᠴᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢᠨ ᠬᠠᠤᠯᠢ ᠶᠣᠰᠣᠨ ᠳᠤ ᠨᠡᠶᠢᠴᠡᠬᠦ ᠪᠠ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠬᠠᠷᠭᠤᠭᠤᠯᠬᠤ ᠬᠡᠷᠡᠭᠲᠡᠢ᠃        ︵ᠭᠤᠷᠪᠠ︶ ᠬᠢᠨᠠᠨ ᠵᠥᠪᠰᠢᠶᠡᠷᠡᠬᠦ᠃ ᠲᠣᠭᠤᠷᠢᠭ ᠤᠨ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠲᠣᠰ ᠲᠣᠰ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠵᠦᠢᠯᠡᠰ ᠢ ᠬᠢᠨᠠᠨ ᠬᠠᠷᠭᠤᠭᠤᠯᠵᠤ ᠴᠣᠬᠤᠯᠠᠪᠤᠷᠢᠯᠠᠨ ᠬᠠᠷᠢᠭᠤᠯᠤᠨ᠎ᠠ᠃         ᠠᠷᠪᠠᠨ ᠵᠢᠷᠭᠤᠳᠤᠭᠠᠷ ᠵᠦᠢᠯ   ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠪᠠᠷ ᠭᠤᠶᠤᠴᠢᠯᠠᠬᠤ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄        ︵ᠨᠢᠭᠡ︶ ᠲᠦᠷᠢᠶᠡᠰᠦᠯᠡᠭᠦᠯᠬᠦ᠂ ᠵᠢᠭᠡᠯᠡᠭᠦᠯᠬᠦ ᠭᠤᠶᠤᠴᠢᠯᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ︔        ︵ᠬᠤᠶᠠᠷ︶ ︽ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠭᠤᠶᠤᠴᠢᠯᠠᠯ ᠢ ᠬᠢᠨᠠᠨ ᠵᠥᠪᠰᠢᠶᠡᠷᠡᠭᠦᠯᠬᠦ ᠬᠦᠰᠦᠨᠦᠭᠲᠦ︾ ︵ᠳᠠᠭᠠᠯᠳᠤᠭᠤᠯᠤᠯ 1᠂ 2︶︔        ︵ᠭᠤᠷᠪᠠ︶ ᠲᠦᠷᠢᠶᠡᠰᠦᠯᠡᠭᠦᠯᠬᠦ᠂ ᠵᠢᠭᠡᠯᠡᠭᠦᠯᠬᠦ ᠶᠢᠨ ᠬᠡᠷᠡᠭᠵᠢᠭᠦᠯᠬᠦ ᠲᠥᠰᠥᠯ ︔         ︵ᠲᠦᠷᠪᠡ︶ ᠡᠳ᠋ ᠬᠥᠷᠥᠩᠭᠡ ᠶᠢᠨ ᠥᠷᠳᠡᠭ ᠤᠨ ᠭᠡᠷᠡᠴᠢ ᠪᠠᠷᠢᠮᠲᠠ ᠪᠤᠶᠤ ᠡᠳ᠋ ᠬᠥᠷᠥᠩᠭᠡ ᠶᠢᠨ ᠺᠠᠷᠲ︔        ︵ᠲᠠᠪᠤ︶ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠭᠡᠷᠡᠴᠢ︔        ︵ᠵᠢᠷᠭᠤᠭ᠎ᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠶᠢᠨ ᠲᠦᠷᠢᠶᠡᠰᠦᠯᠡᠭᠦᠯᠬᠦ ᠪᠤᠶᠤ ᠵᠢᠭᠡᠯᠡᠭᠦᠯᠬᠦ ᠭᠡᠷ᠎ᠡ ᠶᠢ ᠳᠣᠭᠤᠷᠪᠢᠬᠤ︔        ︵ᠳᠣᠯᠤᠭ᠎ᠠ︶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠤᠰᠢᠶᠠᠯᠭᠠᠬᠤ ᠪᠠᠷ ᠱᠠᠭᠠᠷᠳᠠᠭᠰᠠᠨ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃        ᠠᠷᠪᠠᠨ ᠳᠣᠯᠣᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠬᠤᠭᠤᠴᠠᠭ᠎ᠠ ᠶᠢ ᠪᠣᠳᠠᠲᠤ ᠪᠠᠶᠢᠳᠠᠯ ᠢ ᠦᠨᠳᠦᠰᠦᠯᠡᠨ ᠥᠪᠡᠰᠦᠪᠡᠨ ᠲᠣᠭᠲᠠᠭᠠᠵᠤ᠂ ᠬᠠᠮᠤᠭ ᠤᠨ ᠣᠷᠳᠣ ᠳᠤ ᠪᠠᠨ 5 ᠵᠢᠯ ᠠᠴᠠ ᠬᠡᠲᠦᠷᠡᠭᠦᠯᠵᠦ ᠪᠣᠯᠬᠤ ᠦᠭᠡᠢ᠃ ᠲᠦᠷᠢᠶᠡᠰᠦᠯᠡᠭᠦᠯᠬᠦ ᠵᠢᠯ ᠬᠤᠭᠤᠴᠠᠭ᠎ᠠ ᠨᠢ 5 ᠵᠢᠯ ᠠᠴᠠ ᠬᠡᠲᠦᠷᠡᠬᠦ ᠴᠢᠬᠤᠯᠠᠲᠠᠢ ᠪᠠᠶᠢᠪᠠᠯ᠂ ᠬᠡᠲᠦᠷᠡᠭᠰᠡᠨ ᠰᠢᠯᠲᠠᠭᠠᠨ ᠢ ᠨᠢ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ ᠲᠤᠰᠬᠠᠢ ᠵᠦᠢᠯ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠢ᠃        ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠡᠳ᠋ ᠬᠥᠷᠥᠩᠭᠡ ᠪᠠᠨ ᠲᠦᠷᠢᠶᠡᠰᠦᠯᠡᠭᠦᠯᠬᠦ᠂ ᠵᠢᠭᠡᠯᠡᠭᠦᠯᠬᠦ ᠭᠡᠷ᠎ᠡ ᠲᠣᠭᠲᠠᠭᠰᠠᠨ ᠪᠠᠶᠢᠪᠠᠯ᠂ ᠲᠦᠷᠢᠶᠡᠰᠦᠯᠡᠭᠦᠯᠬᠦ᠂ ᠵᠢᠭᠡᠯᠡᠭᠦᠯᠬᠦ ᠬᠤᠭᠤᠴᠠᠭ᠎ᠠ ᠨᠢ ᠬᠦᠷᠦᠭᠰᠡᠨ ᠦᠭᠡᠢ᠂ ᠲᠦᠷᠢᠶᠡᠰᠦᠯᠡᠭᠦᠯᠬᠦ᠂ ᠵᠢᠭᠡᠯᠡᠭᠦᠯᠬᠦ ᠬᠤᠭᠤᠴᠠᠭ᠎ᠠ ᠨᠢ ᠲᠤᠰ ᠠᠷᠭ᠎ᠠ ᠶᠢᠨ ᠠᠷᠪᠠᠨ ᠳᠣᠯᠣᠳᠤᠭᠠᠷ ᠵᠦᠢᠯ  ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠪᠠᠶᠢᠪᠠᠯ᠂ ᠤᠤᠯ ᠤᠨ ᠲᠦᠷᠢᠶᠡᠰᠦᠯᠡᠭᠦᠯᠬᠦ᠂ ᠵᠢᠭᠡᠯᠡᠭᠦᠯᠬᠦ ᠭᠡᠷ᠎ᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠬᠤᠭᠤᠴᠠᠭ᠎ᠠ ᠨᠢ ᠭᠦᠷᠳᠡᠯ᠎ᠡ ᠬᠡᠪ ᠢᠶᠠᠷ ᠪᠠᠶᠢᠯᠭᠠᠬᠤ ᠶᠢ ᠵᠥᠪᠰᠢᠶᠡᠷᠡᠵᠦ᠂  ᠤᠤᠯ ᠤᠨ ᠲᠦᠷᠢᠶᠡᠰᠦᠯᠡᠭᠦᠯᠬᠦ᠂ ᠵᠢᠭᠡᠯᠡᠭᠦᠯᠬᠦ ᠭᠡᠷ᠎ᠡ ᠶᠢ ᠭᠦᠢᠴᠡᠳᠬᠡᠵᠦ ᠳᠠᠭᠤᠰᠤᠭᠰᠠᠨ ᠤ ᠲᠠᠷᠠᠭ᠎ᠠ ᠴᠥᠮ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠲᠣᠰ ᠠᠷᠭ᠎ᠠ ᠶᠢᠨ ᠠᠷᠪᠠᠨ ᠳᠣᠯᠣᠳᠤᠭᠠᠷ ᠵᠦᠢᠯ ᠳᠤ ᠲᠣᠭᠲᠠᠭᠠᠭᠰᠠᠨ ᠬᠤᠭᠤᠴᠠᠭ᠎ᠠ ᠠᠴᠠ ᠬᠡᠲᠦᠷᠡᠭᠰᠡᠨ ᠪᠠᠶᠢᠪᠠᠯ᠂ ᠲᠦᠷᠢᠶᠡᠰᠦᠯᠡᠭᠦᠯᠬᠦ ᠨᠢᠭᠡᠴᠢ ᠨᠢ ᠲᠦᠷᠢᠶᠡᠰᠦᠯᠡᠬᠦ ᠨᠢᠭᠡᠴᠢ ᠯᠦᠭᠡ ᠴᠠᠭ ᠲᠤᠬᠠᠢ ᠳᠤᠨᠢ ᠵᠣᠬᠢᠴᠠᠭᠤᠯᠵᠤ᠂ ᠲᠣᠰ ᠠᠷᠭ᠎ᠠ ᠶᠢᠨ ᠠᠷᠪᠠᠨ ᠳᠣᠯᠣᠳᠤᠭᠠᠷ ᠵᠦᠢᠯ ᠳᠤ ᠲᠣᠭᠲᠠᠭᠠᠭᠰᠠᠨ ᠬᠤᠭᠤᠴᠠᠭ᠎ᠠ ᠶᠢᠨ ᠱᠠᠭᠠᠷᠳᠠᠯᠭ᠎ᠠ ᠶᠢ ᠬᠠᠩᠭᠠᠬᠤ ᠶᠢ ᠦᠨᠡᠨᠬᠦ ᠪᠠᠲᠤᠯᠠᠵᠤ᠂ ᠦᠨᠡᠨᠬᠦ ᠬᠠᠩᠭᠠᠬᠤ ᠶᠢᠨ ᠠᠷᠭ᠎ᠠ ᠦᠭᠡᠢ ᠪᠠᠶᠢᠪᠠᠯ᠂ ᠴᠠᠭ ᠲᠤᠬᠠᠢ ᠳᠤᠨᠢ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠨᠢᠭᠡᠨᠲᠡ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠤᠯᠤᠰ ᠤᠨ ᠥᠮᠴᠢᠯᠡᠯᠳᠦ ᠡᠳ᠋ ᠬᠥᠷᠥᠩᠭᠡ ᠶᠢ ᠲᠦᠷᠢᠶᠡᠰᠦᠯᠡᠭᠦᠯᠬᠦ ᠂ ᠵᠢᠭᠡᠯᠡᠭᠦᠯᠬᠦ ᠳᠤ ᠦᠷᠭᠦᠯᠵᠢᠯᠡᠨ ᠬᠡᠷᠡᠭᠯᠡᠬᠦ ᠳᠤ ᠬᠦᠷᠪᠡᠯ᠂ ᠲᠦᠷᠢᠶᠡᠰᠦᠯᠡᠭᠦᠯᠬᠦ᠂ ᠵᠢᠭᠡᠯᠡᠭᠦᠯᠬᠦ ᠭᠡᠷ᠎ᠡ ᠶᠢᠨ ᠬᠤᠭᠤᠴᠠᠭ᠎ᠠ  ᠭᠦᠷᠬᠦ ᠠᠴᠠ ᠭᠤᠷᠪᠠᠨ ᠰᠠᠷ᠎ᠠ ᠶᠢᠨ ᠡᠮᠦᠨ᠎ᠡ ᠤᠤᠯ ᠤᠨ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠢ᠃        ᠳᠥᠷᠪᠡᠳᠦᠭᠡᠷ ᠪᠦᠯᠦᠭ     ᠢᠯᠡ ᠪᠠᠷ ᠲᠦᠷᠢᠶᠡᠰᠦᠯᠡᠬᠦ ᠪᠠ ᠣᠷᠣᠯᠭ᠎ᠠ ᠶᠢ ᠬᠠᠮᠢᠶᠠᠷᠬᠤ        ᠠᠷᠪᠠᠨ ᠨᠠᠢᠮᠠᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ ᠳᠤ ᠳᠣᠣᠷᠠᠬᠢ ᠮᠡᠲᠦ ᠢᠯᠡ ᠪᠠᠷ ᠲᠦᠷᠢᠶᠡᠰᠦᠯᠡᠬᠦ ᠠᠷᠭ᠎ᠠ ᠮᠠᠶ᠋ᠢᠭ ᠢ ᠠᠪᠬᠤ ᠬᠡᠷᠡᠭᠲᠡᠢ᠄        ︵ᠨᠢᠭᠡ︶ ᠭᠠᠭᠴᠠ ᠵᠦᠢᠯ ᠤᠨ ᠡᠳ᠋ ᠬᠥᠷᠥᠩᠭᠡ ᠶᠢᠨ ᠵᠢᠯ ᠤᠨ ᠲᠦᠷᠢᠶᠡᠰᠦᠨ ᠮᠥᠩᠭᠦ ᠶᠢᠨ ᠰᠠᠭᠤᠷᠢ ᠦᠨ᠎ᠡ ᠨᠢ 50 ᠲᠦᠮᠡᠨ ᠲᠥᠭᠦᠷᠢᠭ ︵50 ᠲᠦᠮᠡᠨ ᠲᠥᠭᠦᠷᠢᠭ ᠪᠠᠭᠲᠠᠨ᠎ᠠ︶  ᠠᠴᠠ ᠳᠡᠭᠡᠭᠰᠢᠬᠢ ᠡᠯ᠎ᠡ ᠲᠥᠷᠥᠯ ᠤᠨ ᠡᠳ᠋ ᠬᠥᠷᠥᠩᠭᠡ ᠶᠢ ᠲᠦᠷᠢᠶᠡᠰᠦᠯᠡᠭᠦᠯᠬᠦ ᠳᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠨᠢᠭᠡᠳᠦᠯᠲᠡᠢ ᠣᠷᠣᠭᠤᠯᠤᠨ ᠢᠯᠡ ᠪᠠᠷ  ᠲᠦᠷᠢᠶᠡᠰᠦᠯᠡᠨ᠎ᠡ᠃        ︵ᠬᠤᠶᠠᠷ︶ ᠭᠠᠭᠴᠠ ᠵᠦᠢᠯ ᠤᠨ ᠡᠳ᠋ ᠬᠥᠷᠥᠩᠭᠡ ᠶᠢᠨ ᠵᠢᠯ ᠤᠨ ᠲᠦᠷᠢᠶᠡᠰᠦᠨ ᠮᠥᠩᠭᠦ ᠶᠢᠨ ᠰᠠᠭᠤᠷᠢ ᠦᠨ᠎ᠡ ᠨᠢ 50 ᠲᠦᠮᠡᠨ ᠲᠥᠭᠦᠷᠢᠭ ᠠᠴᠠ ᠳᠣᠷᠣᠭᠰᠢᠬᠢ ᠡᠯ᠎ᠡ ᠲᠥᠷᠥᠯ ᠤᠨ ᠡᠳ᠋ ᠬᠥᠷᠥᠩᠭᠡ ᠶᠢ ᠲᠦᠷᠢᠶᠡᠰᠦᠯᠡᠭᠦᠯᠬᠦ ᠳᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠡᠭᠡᠷ᠎ᠡ ᠢᠯᠡ ᠪᠠᠷ ᠲᠦᠷᠢᠶᠡᠰᠦᠯᠡᠬᠦ ᠶᠢ ᠵᠣᠷᠢᠭᠵᠢᠭᠤᠯᠤᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠴᠦ ᠢᠯᠡ ᠪᠠᠷ᠂ ᠡᠷᠬᠡ ᠲᠡᠭᠰᠢ᠂ ᠲᠥᠪ ᠭᠤᠥᠯᠴᠢ ᠪᠠᠶᠢᠬᠤ ᠵᠠᠷᠴᠢᠮ ᠶᠣᠰᠣᠭᠠᠷ ᠢᠯᠡ ᠪᠠᠷ ᠲᠦᠷᠢᠶᠡᠰᠦᠯᠡᠬᠦ ᠶᠢ ᠥᠪᠡᠰᠦᠪᠡᠨ ᠵᠣᠬᠢᠶᠠᠨ ᠪᠠᠶᠢᠭᠤᠯᠵᠤ ᠪᠣᠯᠣᠨ᠎ᠠ᠂ ᠲᠦᠷᠢᠶᠡᠰᠦᠯᠡᠭᠦᠯᠬᠦ  ᠶᠠᠪᠤᠴᠠ ᠨᠢ ᠬᠠᠮᠢᠶ᠎ᠠ ᠪᠦᠬᠦᠢ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃        ᠠᠷᠪᠠ ᠶᠢᠰᠦᠳᠦᠭᠡᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠥᠪᠡᠰᠦᠪᠡᠨ ᠵᠣᠬᠢᠶᠠᠨ ᠪᠠᠶᠢᠭᠤᠯᠵᠤ ᠢᠯᠡ ᠪᠠᠷ ᠲᠦᠷᠢᠶᠡᠰᠦᠯᠡᠬᠦ ᠪᠠᠶᠢᠪᠠᠯ᠂ ᠳᠣᠣᠷᠠᠬᠢ ᠶᠠᠪᠤᠴᠠ ᠪᠠᠷ ᠢᠯᠡ ᠪᠠᠷ ᠶᠠᠪᠤᠭᠳᠠᠭᠤᠯᠤᠨ᠎ᠠ᠄        ︵ᠨᠢᠭᠡ︶ ᠲᠦᠷᠢᠶᠡᠰᠦᠯᠡᠭᠦᠯᠬᠦ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ᠎ᠠ︔        ︵ᠬᠤᠶᠠᠷ︶ ᠬᠠᠮᠲᠤ ᠪᠠᠷ ᠰᠤᠳᠤᠯᠵᠤ᠂ ᠲᠦᠷᠢᠶᠡᠰᠦᠨ ᠮᠥᠩᠭᠦ ᠶᠢᠨ ᠬᠠᠮᠤᠭ ᠤᠨ ᠳᠣᠣᠷ᠎ᠠ ᠦᠨ᠎ᠡ ᠶᠢ ᠲᠣᠭᠲᠠᠭᠠᠯ ᠶᠣᠰᠣᠭᠠᠷ ᠲᠣᠭᠲᠠᠭᠠᠨ᠎ᠠ︔        ︵ᠭᠤᠷᠪᠠ︶ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ︔        ︵ᠳᠥᠷᠪᠡ︶ ᠨᠢᠭᠡᠴᠢ ᠪᠠ ᠲᠦᠷᠢᠶᠡᠰᠦᠯᠡᠭᠦᠯᠦᠭᠰᠡᠨ ᠲᠤᠬᠠᠢ ᠶᠢᠨ ᠭᠠᠵᠠᠷ ᠤᠨ ᠠᠯᠪᠠᠨ ᠵᠠᠷ︔        ︵ᠲᠠᠪᠤ︶  ᠥᠷᠢᠰᠦᠯᠳᠦᠭᠡᠨ ᠤ ᠦᠨ᠎ᠡ ᠶᠢ ᠢᠯᠡᠴᠢᠯᠡᠬᠦ ᠪᠠ ᠦᠷ᠎ᠡ ᠳ᠋ᠦᠩ ᠢ  ᠵᠠᠷᠯᠠᠨ ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ᠃        ᠬᠤᠷᠢᠳᠤᠭᠠᠷ ᠵᠦᠢᠯ    ᠳᠣᠣᠷᠠᠬᠢ ᠪᠠᠶᠢᠳᠠᠯ ᠳᠤ ᠬᠠᠷᠢᠶᠠᠯᠠᠭᠳᠠᠪᠠᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠬᠤ ᠦᠭᠡᠢ ᠪᠠᠷ ᠢᠯᠡ ᠪᠠᠷ  ᠲᠦᠷᠢᠶᠡᠰᠦᠯᠡᠵᠦ ᠪᠣᠯᠣᠨ᠎ᠠ᠄        ︵ᠨᠢᠭᠡ︶ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠬᠤᠭᠤᠷᠣᠨᠳᠣᠬᠢ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠲᠦᠷᠢᠶᠡᠰᠦᠯᠡᠯ︔        ︵ᠬᠤᠶᠠᠷ︶ ᠲᠦᠷᠢᠶᠡᠰᠦᠯᠡᠭᠦᠯᠬᠦ ᠵᠦᠢᠯᠡᠰ ᠨᠢ ᠤᠯᠠᠨ ᠨᠡᠶᠢᠲᠡ ᠶᠢᠨ ᠠᠮᠤᠷ ᠲᠦᠪᠰᠢᠨ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠵᠡᠷᠭᠡ ᠣᠨᠴᠠᠭᠠᠶ ᠱᠠᠭᠠᠷᠳᠠᠯᠭ᠎ᠠ ᠳᠤ ᠬᠤᠯᠪᠣᠭᠳᠠᠭᠰᠠᠨ ᠪᠥᠭᠡᠳ ᠬᠢᠨᠠᠨ ᠵᠥᠪᠰᠢᠶᠡᠷᠡᠭᠦᠯᠬᠦ ᠡᠷᠬᠡ ᠮᠡᠳᠡᠯ ᠤᠨ ᠬᠡᠪᠴᠢᠶ᠎ᠡ ᠶᠢᠨ ᠶᠣᠰᠣᠭᠠᠷ ᠮᠡᠳᠡᠭᠦᠯᠵᠦ  ᠬᠢᠨᠠᠨ ᠵᠥᠪᠰᠢᠶᠡᠷᠡᠭᠦᠯᠦᠭᠰᠡᠨ︔        ︵ᠭᠤᠷᠪᠠ︶ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠠᠷ ᠵᠥᠪᠰᠢᠶᠡᠷᠡᠭᠦᠯᠦᠭᠰᠡᠨ ᠪᠤᠰᠤᠳ ᠪᠠᠶᠢᠳᠠᠯ ᠤᠳ᠃        ᠬᠤᠷᠢᠨ ᠨᠢᠭᠡᠳᠦᠭᠡᠷ ᠵᠦᠢᠯ  ᠤᠯᠤᠰ ᠤᠨ ᠥᠮᠴᠢᠯᠡᠯᠳᠦ ᠡᠳ᠋ ᠬᠥᠷᠥᠩᠭᠡ ᠶᠢ ᠲᠦᠷᠢᠶᠡᠰᠦᠯᠡᠭᠦᠯᠵᠦ ᠵᠢᠭᠡᠯᠡᠭᠦᠯᠬᠦ ᠳᠤ ᠭᠡᠷ᠎ᠡ ᠪᠤᠶᠤ ᠬᠡᠯᠡᠯᠴᠡᠭᠡᠷ ᠲᠣᠭᠲᠠᠭᠠᠬᠤ ᠬᠡᠷᠡᠭᠲᠡᠢ᠃        ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠬᠡᠯᠡᠯᠴᠡᠭᠡᠷ ᠢ ᠲᠦᠷᠢᠶᠡᠰᠦᠯᠡᠭᠦᠯᠬᠦ ︵ᠵᠢᠭᠡᠯᠡᠭᠦᠯᠬᠦ︶ ᠨᠢᠭᠡᠴᠡ ᠨᠢ ᠲᠦᠷᠢᠶᠡᠰᠦᠯᠡᠬᠦ ︵ᠵᠢᠭᠡᠯᠡᠬᠦ︶ ᠬᠥᠮᠥᠨ ᠯᠦᠭᠡ ᠭᠠᠷ ᠤᠨ ᠥᠰᠥᠭ ᠵᠢᠷᠤᠨ᠎ᠠ᠃ ᠲᠦᠷᠢᠶᠡᠰᠦᠯᠡᠭᠦᠯᠬᠦ ᠭᠡᠷ᠎ᠡ ᠳᠤ᠄ ᠬᠠᠷᠠᠯᠲᠠ ᠶᠢᠨ ᠨᠡᠷᠡᠶᠢᠳᠦᠯ᠂ ᠲᠦᠷᠢᠶᠡᠰᠦᠯᠡᠬᠦ ᠬᠤᠭᠤᠴᠠᠭ᠎ᠠ᠂ ᠡᠳ᠋ ᠬᠥᠷᠥᠩᠭᠡ ᠶᠢᠨ ᠬᠡᠷᠡᠭᠯᠡᠬᠦ ᠬᠡᠪᠴᠢᠶ᠎ᠡ᠂ ᠲᠦᠷᠢᠶᠡᠰᠦᠨ ᠮᠥᠩᠭᠦ ᠵᠢᠴᠢ ᠲᠦᠷᠢᠶᠡᠰᠦᠨ ᠮᠥᠩᠭᠦ ᠲᠤᠰᠢᠶᠠᠬᠤ ᠴᠠᠭ ᠬᠤᠭᠤᠴᠠᠭ᠎ᠠ᠂ ᠡᠳ᠋ ᠬᠥᠷᠥᠩᠭᠡ ᠶᠢᠨ ᠬᠠᠮᠠᠭᠠᠯᠠᠯᠲᠠ ᠵᠢᠴᠢ ᠲᠦᠷᠢᠶᠡᠰᠦᠯᠡᠬᠦ ᠬᠤᠶᠠᠷ ᠲᠠᠯ᠎ᠠ ᠶᠢᠨ ᠡᠷᠬᠡ᠂ ᠡᠭᠦᠷᠭᠡ ᠬᠢᠭᠡᠳ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠦᠢᠯ ᠵᠤᠷᠪᠤᠰ ᠢ ᠪᠠᠭᠲᠠᠭᠠᠬᠤ ᠬᠡᠷᠡᠭᠲᠡᠢ᠃ ᠵᠢᠭᠡᠯᠡᠭᠦᠯᠬᠦ ᠬᠡᠯᠡᠯᠴᠡᠭᠡᠷ ᠲᠤ ᠵᠢᠭᠡᠯᠡᠵᠦ ᠬᠡᠷᠡᠭᠯᠡᠭᠰᠡᠨ ᠡᠳ᠋ ᠬᠥᠷᠥᠩᠭᠡ ᠶᠢᠨ ᠨᠡᠷᠡᠶᠢᠳᠦᠯ᠂ ᠵᠢᠭᠡᠯᠡᠵᠦ ᠬᠡᠷᠡᠭᠯᠡᠭᠰᠡᠨ ᠴᠠᠭ᠂ ᠬᠡᠷᠡᠭᠯᠡᠭᠴᠢ ᠶᠢᠨ ᠬᠠᠳᠠᠭᠠᠯᠠᠨ ᠬᠠᠮᠢᠶᠠᠷᠬᠤ ᠬᠠᠷᠢᠭᠤᠴᠠᠯᠭ᠎ᠠ ᠵᠢᠴᠢ ᠬᠤᠶᠠᠷ ᠲᠠᠯ᠎ᠠ ᠶᠢᠨ ᠡᠷᠬᠡ᠂ ᠡᠭᠦᠷᠭᠡ ᠬᠢᠭᠡᠳ ᠬᠡᠯᠡᠯᠴᠡᠭᠡᠷ ᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠦᠢᠯ ᠵᠤᠷᠪᠤᠰ ᠢ ᠪᠠᠭᠲᠠᠭᠠᠬᠤ ᠬᠡᠷᠡᠭᠲᠡᠢ᠃        ᠬᠤᠷᠢᠨ ᠬᠤᠶᠠᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠲᠦᠷᠢᠶᠡᠰᠦᠯᠡᠭᠦᠯᠵᠦ ᠵᠢᠭᠡᠯᠡᠭᠦᠯᠬᠦ ᠭᠡᠷ᠎ᠡ ᠲᠣᠭᠲᠠᠭᠰᠠᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ ᠠᠷᠠᠯᠵᠢᠶᠠᠯᠠᠭᠰᠠᠨ ᠦᠷ᠎ᠡ ᠳ᠋ᠦᠩ ᠤᠨ ᠪᠢᠴᠢᠭ ᠮᠠᠲ᠋ᠧᠷᠢᠶᠠᠯ ᠪᠣᠯᠣᠨ ᠭᠡᠷ᠎ᠡ ᠶᠢᠨ ᠬᠠᠭᠤᠯᠪᠤᠷᠢ ᠳᠡᠪᠲᠡᠷ ᠵᠡᠷᠭᠡ ᠮᠠᠲ᠋ᠧᠷᠢᠶᠠᠯ ᠢᠶᠠᠨ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃        ᠬᠤᠷᠢᠨ ᠭᠤᠷᠪᠠᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ ᠳᠤ ᠤᠷᠢᠳᠠᠪᠠᠷ ᠲᠦᠷᠢᠶᠡᠰᠦᠨ ᠮᠥᠩᠭᠦ ᠬᠤᠷᠢᠶᠠᠵᠤ᠂ ᠳᠠᠷᠠᠭ᠎ᠠ ᠨᠢ ᠲᠤᠰᠢᠶᠠᠨ ᠥᠭᠴᠦ ᠬᠡᠷᠡᠭᠯᠡᠭᠦᠯᠬᠦ ᠬᠡᠯᠪᠡᠷᠢ ᠶᠢ ᠬᠡᠷᠡᠭᠯᠡᠨ᠎ᠡ᠃ ᠲᠦᠷᠢᠶᠡᠰᠦᠨ ᠮᠥᠩᠭᠦ ᠶᠢ ᠵᠢᠯ ᠢᠶᠠᠷ ᠬᠤᠪᠢᠶᠠᠬᠤ ᠪᠤᠶᠤ ᠨᠢᠭᠡ ᠤᠳᠠᠭ᠎ᠠ ᠶᠢᠨ ᠴᠢᠨᠠᠷᠲᠠᠢ ᠪᠠᠷ ᠬᠤᠷᠢᠶᠠᠵᠤ᠂ ᠡᠳ᠋ ᠬᠥᠷᠥᠩᠭᠡ ᠶᠢᠨ ᠲᠦᠷᠢᠶᠡᠰᠦᠯᠡᠬᠦ ᠬᠤᠭᠤᠴᠠᠭ᠎ᠠ ᠨᠢ ᠨᠢᠭᠡ ᠵᠢᠯ ᠤᠨ ᠳᠣᠲᠣᠷ᠎ᠠ ︵ᠨᠢᠭᠡ ᠵᠢᠯ ᠪᠠᠭᠲᠠᠨ᠎ᠠ︶ ᠪᠠᠶᠢᠪᠠᠯ᠂ ᠲᠦᠷᠢᠶᠡᠰᠦᠨ ᠮᠥᠩᠭᠦ ᠶᠢ ᠡᠳ᠋ ᠬᠥᠷᠥᠩᠭᠡ ᠶᠢ ᠲᠦᠷᠢᠶᠡᠰᠦᠯᠡᠭᠴᠢ ᠳᠤ ᠲᠤᠰᠢᠶᠠᠬᠤ ᠠᠴᠠ ᠡᠮᠦᠨ᠎ᠡ ᠨᠢᠭᠡ ᠤᠳᠠᠭ᠎ᠠ ᠶᠢᠨ ᠴᠢᠨᠠᠷᠲᠠᠢ ᠪᠠᠷ ᠬᠤᠷᠢᠶᠠᠵᠤ ᠠᠪᠤᠨ᠎ᠠ︔ ᠡᠳ᠋ ᠬᠥᠷᠥᠩᠭᠡ ᠶᠢ ᠲᠦᠷᠢᠶᠡᠰᠦᠯᠡᠭᠦᠯᠬᠦ ᠬᠤᠭᠤᠴᠠᠭ᠎ᠠ ᠨᠢ ᠨᠢᠭᠡ ᠵᠢᠯ ᠠᠴᠠ ᠳᠡᠭᠡᠭᠰᠢ ᠪᠠᠶᠢᠪᠠᠯ᠂ ᠲᠦᠷᠢᠶᠡᠰᠦᠨ ᠮᠥᠩᠭᠦ ᠶᠢ ᠵᠢᠯ ᠬᠤᠪᠢᠶᠠᠨ ᠬᠤᠷᠢᠶᠠᠵᠤ ᠪᠣᠯᠣᠨ᠎ᠠ᠃        ᠬᠤᠷᠢᠨ ᠳᠥᠷᠪᠡᠳᠦᠭᠡᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠦᠷᠢᠶᠡᠰᠦᠯᠡᠭᠦᠯᠦᠭᠰᠡᠨ ᠣᠷᠣᠯᠭ᠎ᠠ ᠳᠤ᠂ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠵᠦ᠂ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠨᠢ ᠲᠦᠷᠢᠶᠡᠰᠦᠯᠡᠭᠦᠯᠦᠭᠰᠡᠨ ᠣᠷᠣᠯᠭ᠎ᠠ ᠶᠢ ᠣᠯᠣᠭᠰᠠᠨ 30 ᠡᠳᠦᠷ ᠤᠨ ᠳᠣᠲᠣᠷ᠎ᠠ᠂ ᠬᠠᠮᠢᠶ᠎ᠠ ᠪᠦᠬᠦᠢ ᠭᠠᠶᠢᠯᠢ ᠰᠦᠢᠳᠬᠡᠯ ᠢ ᠬᠠᠰᠤᠭᠰᠠᠨ ᠤ ᠳᠠᠷᠠᠭ᠎ᠠ᠂ ᠲᠤᠭ᠎ᠠ ᠶᠣᠰᠣᠭᠠᠷ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠢ᠃        ᠲᠠᠪᠤᠳᠤᠭᠠᠷ ᠪᠦᠯᠦᠭ    ᠬᠢᠨᠠᠯᠲᠠ ᠲᠠᠯᠪᠢᠵᠤ ᠪᠠᠶᠢᠴᠠᠭᠠᠬᠤ ᠵᠢᠴᠢ ᠬᠠᠤᠯᠢ ᠶᠢᠨ ᠬᠠᠷᠢᠭᠤᠴᠠᠯᠭ᠎ᠠ        ᠬᠤᠷᠢᠨ ᠲᠠᠪᠤᠳᠤᠭᠠᠷ ᠵᠦᠢᠯ    ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠠᠶᠢᠳᠠᠯ ᠨᠢ ᠡᠳ᠋ ᠤᠨ ᠵᠠᠰᠠᠭ᠂ ᠬᠢᠨᠠᠨ ᠪᠤᠳᠤᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠳᠠᠯᠪᠢᠵᠤ ᠪᠠᠶᠢᠴᠠᠭᠠᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃        ᠬᠤᠷᠢᠨ ᠵᠢᠷᠭᠤᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠤᠰᠬᠠᠢ ᠵᠦᠢᠯ ᠤᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃        ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠤ ᠳᠠᠷᠠᠭ᠎ᠠ ᠪᠠᠶᠢᠴᠠᠭᠠᠬᠤ ᠳᠦᠷᠢᠮ ᠢ ᠪᠠᠶᠢᠭᠤᠯᠵᠤ᠂ ᠬᠠᠷᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠃        ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠪᠠᠷ ᠭᠤᠶᠤᠴᠢᠯᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠠᠰᠢᠭᠳᠤ ᠴᠢᠨᠠᠷ᠂ ᠣᠨᠣᠪᠴᠢᠲᠤ ᠴᠢᠨᠠᠷ ᠲᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃        ᠬᠤᠷᠢᠨ ᠳᠣᠯᠣᠳᠤᠭᠠᠷ ᠵᠦᠢᠯ    ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠡᠳ᠋ ᠬᠥᠷᠥᠩᠭᠡ ᠲᠦᠷᠢᠶᠡᠰᠦᠯᠡᠭᠦᠯᠬᠦ᠂ ᠵᠢᠭᠡᠯᠡᠭᠦᠯᠬᠦ ᠳᠤ ᠲᠤᠰᠬᠠᠢ ᠵᠦᠢᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠦᠷᠢᠶᠡᠰᠦᠯᠡᠭᠦᠯᠬᠦ᠂ ᠵᠢᠭᠡᠯᠡᠭᠦᠯᠬᠦ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ ᠪᠠᠶᠢᠭᠤᠯᠤᠨ᠂ ᠲᠦᠷᠢᠶᠡᠰᠦᠯᠡᠭᠦᠯᠬᠦ᠂ ᠵᠢᠭᠡᠯᠡᠭᠦᠯᠬᠦ ᠬᠠᠮᠢᠶᠠᠷᠤᠯᠲᠠ ᠶᠢᠨ ᠳᠦᠷᠢᠮ ᠢ  ᠳᠡᠭᠦᠯᠳᠡᠷᠵᠢᠭᠦᠯᠵᠦ᠂ ᠡᠳ᠋ ᠬᠥᠷᠥᠩᠭᠡ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠤ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃        ᠬᠤᠷᠢᠨ ᠨᠠᠢᠮᠠᠳᠤᠭᠠᠷ ᠵᠦᠢᠯ    ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠵᠦ ᠵᠢᠭᠡᠯᠡᠭᠦᠯᠬᠦ ᠶᠠᠪᠤᠴᠠ ᠳᠤ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠬᠢᠵᠦ ᠪᠣᠯᠬᠤ ᠦᠭᠡᠢ᠄        ︵ᠨᠢᠭᠡ︶ ᠲᠣᠭᠲᠠᠭᠠᠭᠰᠠᠨ ᠶᠠᠪᠤᠴᠠ ᠶᠣᠰᠣᠭᠠᠷ ᠮᠡᠳᠡᠭᠦᠯᠦᠭᠰᠡᠨ ᠦᠭᠡᠢ ᠪᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠳᠤᠷ᠎ᠠ ᠪᠠᠷ ᠢᠶᠠᠨ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ︔        ︵ᠬᠤᠶᠠᠷ︶ ᠲᠣᠭᠲᠠᠭᠠᠯ ᠳᠤ ᠨᠡᠶᠢᠴᠡᠬᠦ ᠦᠭᠡᠢ ᠪᠤᠶᠤ ᠲᠣᠭᠲᠠᠭᠠᠭᠰᠠᠨ ᠬᠢᠨᠠᠨ ᠵᠥᠪᠰᠢᠶᠡᠷᠡᠬᠦ ᠡᠷᠬᠡ ᠮᠡᠳᠡᠯ ᠠᠴᠠ ᠳᠡᠭᠡᠭᠰᠢᠬᠢ ᠲᠦᠷᠢᠶᠡᠰᠦᠯᠡᠭᠦᠯᠬᠦ᠂ ᠵᠢᠭᠡᠯᠡᠭᠦᠯᠬᠦ ᠵᠦᠢᠯ ᠢ ᠬᠢᠨᠠᠨ ᠵᠥᠪᠰᠢᠶᠡᠷᠡᠬᠦ᡾︔        ︵ᠭᠤᠷᠪᠠ︶ ᠰᠥᠯᠪᠡᠭᠡᠯᠳᠦᠨ ᠭᠡᠮ ᠬᠢᠨ᠂ ᠳᠠᠯᠳᠠᠭᠤᠷ ᠦᠢᠯᠡᠳᠴᠦ᠂ ᠲᠣᠭᠲᠠᠭᠠᠯ ᠠᠴᠠ ᠵᠥᠷᠢᠴᠡᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠰᠢᠭᠯᠠᠵᠤ ᠲᠦᠷᠢᠶᠡᠰᠦᠯᠡᠭᠦᠯᠬᠦ᠂ ᠵᠢᠭᠡᠯᠡᠭᠦᠯᠬᠦ︔        ︵ᠳᠥᠷᠪᠡ︶ ᠲᠦᠷᠢᠶᠡᠰᠦᠯᠡᠭᠦᠯᠦᠭᠰᠡᠨ ᠣᠷᠣᠯᠭ᠎ᠠ ᠪᠠᠨ ᠨᠢᠭᠤᠨ ᠳᠠᠯᠳᠠᠯᠠᠭᠰᠠᠨ᠂ ᠰᠠᠭᠠᠲᠠᠭᠠᠭᠰᠠᠨ᠂ ᠨᠡᠭᠦᠯᠭᠡᠨ ᠬᠡᠷᠡᠭᠯᠡᠭᠰᠡᠨ᠂  ᠰᠢᠭᠤᠳ ᠬᠡᠷᠡᠭᠯᠡᠭᠰᠡᠨ︔        ︵ᠲᠠᠪᠤ︶ ᠲᠦᠷᠢᠶᠡᠰᠦᠯᠡᠭᠦᠯᠬᠦ ᠂ ᠵᠢᠭᠡᠯᠡᠭᠦᠯᠬᠦ ᠪᠠᠷ ᠪᠠᠶᠢᠭ᠎ᠠ ᠡᠳ᠋ ᠬᠥᠷᠥᠩᠭᠡ ᠶᠢ ᠵᠣᠷᠢᠭᠤᠳᠠ ᠰᠠᠯᠭᠠᠬᠤ︔        ︵ᠵᠢᠷᠭᠤᠭ᠎ᠠ︶ ᠲᠣᠭᠲᠠᠭᠠᠯ ᠶᠣᠰᠣᠭᠠᠷ ᠢᠯᠡ ᠪᠠᠷ ᠲᠦᠷᠢᠶᠡᠰᠦᠯᠡᠬᠦ ᠠᠷᠭ᠎ᠠ ᠮᠠᠶ᠋ᠢᠭ ᠢ  ᠭᠡᠷᠡᠭᠵᠢᠭᠦᠯᠦᠭᠰᠡᠨ ᠦᠭᠡᠢ ᠪᠤᠶᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠰᠠᠨ ᠦᠭᠡᠢ ᠪᠠᠷ ᠢᠯᠡ ᠪᠠᠷ ᠲᠦᠷᠢᠶᠡᠰᠦᠯᠡᠭᠰᠡᠨ︔        ︵ᠲᠤᠯᠤᠭ᠎ᠠ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠤᠰᠤᠳ ᠠᠵᠢᠯᠯᠠᠭ᠎ᠠ ᠃        ᠬᠤᠷᠢ ᠶᠢᠰᠦᠳᠦᠭᠡᠷ ᠵᠦᠢᠯ    ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾᠂ ︽ᠡᠳ᠋ ᠤᠨ ᠵᠠᠰᠠᠭ ᠤᠨ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠳᠬᠡᠨ ᠲᠣᠷᠭᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 427 ᠳ᠋ᠤᠭᠠᠷ ᠲᠣᠭᠠᠲᠤ︶᠂ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 738 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠵᠣᠬᠢᠬᠤ ᠬᠠᠷᠢᠭᠤᠴᠠᠯᠭ᠎ᠠ ᠨᠡᠬᠡᠮᠵᠢᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠰᠡᠵᠢᠭᠯᠡᠯᠲᠡᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ ᠪᠠ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ᠃          ᠵᠢᠷᠭᠤᠳᠤᠭᠠᠷ ᠪᠦᠯᠦᠭ       ᠳᠠᠭᠠᠯᠳᠣᠭᠤᠯᠣᠭᠰᠠᠨ ᠳᠦᠷᠢᠮ        ᠭᠤᠴᠢᠳᠤᠭᠠᠷ ᠵᠦᠢᠯ    ᠲᠤᠰ ᠠᠷᠭ᠎ᠠ ᠶᠢ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃        ᠭᠤᠴᠢᠨ ᠨᠢᠭᠡᠳᠦᠭᠡᠷ ᠵᠦᠢᠯ    ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  ᠳᠠᠭᠠᠯᠳᠤᠭᠤᠯᠤᠯ᠄ 1᠂ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ  ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ ᠭᠤᠶᠤᠴᠢᠯᠠᠯ ᠢ ᠬᠢᠨᠠᠨ  ᠵᠥᠪᠰᠢᠶᠡᠷᠡᠬᠦ  ᠬᠦᠰᠦᠨᠦᠭᠲᠦ        2᠂ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠵᠢᠭᠡᠯᠡᠭᠦᠯᠬᠦ ᠭᠤᠶᠤᠴᠢᠯᠠᠯ ᠢ ᠬᠢᠨᠠᠨ ᠵᠥᠪᠰᠢᠶᠡᠷᠡᠬᠦ   ᠬᠦᠰᠦᠨᠦᠭᠲᠦ        3᠂ ᠬᠢᠶ᠎ᠠ ᠪᠠᠭᠰᠢ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ ᠶᠢ ᠳᠠᠩᠰᠠᠯᠠᠬᠤ ᠭᠥᠰᠥᠨᠥᠭᠳᠦ        ᠨᠠᠷᠢᠨ ᠠᠭᠤᠯᠭ᠎ᠠ ᠶᠢ ᠳᠣᠣᠷᠠᠬᠢ ᠰᠦᠯᠵᠢᠶᠠᠨ ᠬᠠᠶᠠᠭ ᠢ ᠳᠣᠶ᠋ᠢᠵᠤ ᠦᠵᠡᠭᠡᠷᠡᠢ︕http://www.kbs.gov.cn/kbsxxgkml/gwhbgs/202203/t20220316_3163030.html 
ᠢᠷᠡᠯᠲᠡ᠄ ᠳᠣᠰ ᠰᠦᠯᠵᠢᠶ᠎ᠡ