ᠣᠷᠳᠣᠰ ᠬᠢᠶ᠎ᠠ ᠵᠠᠰᠠᠭ ᠲᠠᠷᠬᠠᠭᠠᠭᠰᠠᠨ 〔2022〕 32 ᠳ᠋ᠤᠭᠠᠷ ᠲᠣᠭᠠᠲᠤ | | | | | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠢᠶ᠎ᠠ ᠪᠠᠭᠰᠢ ᠲᠣᠭᠤᠷᠢᠭ ᠤᠨ ᠣᠲᠣ ᠦᠶ᠎ᠡ ᠶᠢᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠬᠠᠢ ᠤᠷᠮᠠᠰᠢᠭᠤᠯᠬᠤ ᠠᠷᠭ᠎ᠠ ᠬᠡᠮᠵᠢᠶ᠎ᠡ ︵︿ᠮᠥᠩᠭᠦᠨ | ᠭᠦᠢᠯᠭᠡᠭᠡᠨ ᠤ ᠵᠢᠷᠭᠤᠭᠠᠨ ᠵᠤᠷᠪᠤᠰ﹀ ᠭᠡᠵᠦ ᠲᠣᠪᠴᠢᠯᠠᠨ᠎ᠠ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠳᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | | | ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ | 2022 ᠣᠨ ᠤ 3 ᠰᠠᠷ᠎ᠠ ᠶᠢᠨ 25 | | | | | | | | ᠬᠢᠶ᠎ᠠ ᠪᠠᠭᠰᠢ ᠲᠣᠭᠤᠷᠢᠭ ᠤᠨ ᠣᠲᠣ ᠦᠶ᠎ᠡ ᠶᠢᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ | ᠲᠤᠬᠠᠢ ᠤᠷᠮᠠᠰᠢᠭᠤᠯᠬᠤ ᠠᠷᠭ᠎ᠠ ᠬᠡᠮᠵᠢᠶ᠎ᠡ ︵︽ᠮᠥᠩᠭᠦᠨ ᠭᠦᠢᠯᠭᠡᠭᠡᠨ ᠤ | ᠵᠢᠷᠭᠤᠭᠠᠨ ᠵᠤᠷᠪᠤᠰ︾ ᠭᠡᠵᠦ ᠲᠣᠪᠴᠢᠯᠠᠨ᠎ᠠ︶ | | | | | ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠂ ᠮᠥᠩᠭᠦᠨ ᠭᠦᠢᠯᠭᠡᠭᠡᠨ ᠤ ᠪᠣᠳᠠᠲᠤ ᠴᠣᠭᠴᠠᠳᠣ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠦᠭᠡ᠂ ︽ | ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠯᠡᠭᠤᠯᠤᠯᠳᠠ ᠪᠦᠷᠢᠯᠳᠦᠭᠦᠯᠬᠦ ᠲᠤᠬᠠᠢ ᠳᠣᠮᠳᠠᠳᠣ | ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠪ ᠲᠠᠷᠬᠠᠭᠠᠭᠰᠠᠨ ﹇2019﹈ | 13 ᠳ᠋ᠤᠭᠠᠷ ᠲᠣᠭᠠᠲᠤ︶ ᠂ ︽ᠥᠪᠡᠷᠲᠡᠭᠡᠨ ᠵᠠᠰᠠᠬᠤ ᠣᠷᠣᠨ ᠤ 〈ᠠᠷᠪᠠᠨ ᠳᠥᠷᠪᠡᠳᠦᠭᠡᠷ ᠲᠠᠪᠤᠨ ᠵᠢᠯ〉 ᠤᠨ ᠮᠥᠩᠭᠦᠨ ᠭᠦᠢᠯᠭᠡᠭᠡᠨ ᠤ ᠬᠥᠭᠵᠢᠯᠲᠡ ᠬᠢᠭᠡᠳ | ᠥᠭᠡᠷᠡᠴᠢᠯᠡᠯᠲᠡ ᠶᠢᠨ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 48 ᠳ᠋ᠤᠭᠠᠷ ᠲᠣᠭᠠᠲᠤ︶ ᠂ ︽ᠣᠷᠳᠣᠰ ᠬᠤᠲᠠ ᠶᠢᠨ | ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠬᠦᠬᠦ ᠶᠢ ᠠᠬᠢᠭᠤᠯᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ | ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ | ᠲᠠᠷᠬᠠᠭᠠᠭᠰᠠᠨ ﹇2021﹈ 306 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠢᠶ᠎ᠠ ᠪᠠᠭᠰᠢ ᠲᠣᠭᠤᠷᠢᠭ ᠤᠨ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨᠴᠠᠭᠠᠶᠢᠯᠠᠨ ᠳᠣᠣᠷᠠᠬᠢ ᠵᠢᠷᠭᠤᠭᠠᠨ ᠵᠤᠷᠪᠤᠰ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡᠳᠦᠭᠡᠷ ᠵᠤᠷᠪᠤᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠴᠤᠭᠯᠠᠷᠠᠬᠤ ᠶᠢ ᠵᠣᠷᠢᠭᠵᠢᠭᠤᠯᠬᠤ | ︵ᠨᠢᠭᠡ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠪᠠᠩᠬᠢ ᠶᠢᠨ ᠪᠠᠶᠢᠭᠤᠯᠤᠮᠵᠢ᠂ ᠬᠠᠤᠯᠢ ᠶᠢᠨ ᠡᠷᠬᠡᠲᠡᠨ ᠤ ᠪᠠᠶᠢᠭᠤᠯᠤᠮᠵᠢ ᠨᠢ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ | ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠲᠡᠭᠡᠨ 2000 ᠲᠦᠮᠡᠨ | ᠲᠥᠭᠦᠷᠢᠭ ᠠᠴᠠ ᠬᠡᠲᠦᠷᠡᠬᠦ ᠦᠭᠡᠢ︔ ᠨᠢᠭᠡᠳᠦᠭᠡᠷ ᠳᠡᠰ ︵ᠥᠪᠡᠷᠲᠡᠭᠡᠨ ᠵᠠᠰᠠᠬᠤ ᠣᠷᠣᠨ ᠤ ᠳᠡᠰ︶ ᠤᠨ ᠬᠤᠪᠢᠶᠠᠷᠢ ᠪᠠᠩᠬᠢ ᠳᠤ ᠰᠢᠭᠤᠳ 1000 ᠲᠦᠮᠡᠨ | ᠲᠥᠭᠦᠷᠢᠭ ᠱᠠᠩᠨᠠᠵᠤ᠂ ᠬᠤᠶᠠᠳᠤᠭᠠᠷ ᠳᠡᠰ ︵ᠬᠤᠳᠠ ᠶᠢᠨ ᠳᠡᠰ︶ ᠤᠨ ᠬᠤᠪᠢᠶᠠᠷᠢ ᠪᠠᠩᠬᠢ ᠳᠤ ᠰᠢᠭᠤᠳ 100 ᠲᠦᠮᠡᠨ ᠲᠥᠭᠦᠷᠢᠭ ᠱᠠᠩᠨᠠᠨ᠂ ᠰᠠᠯᠪᠤᠷᠢ | ᠪᠠᠩᠬᠢ ︵ᠬᠤᠰᠢᠭᠤ ᠲᠤᠭᠤᠷᠢᠭ ᠤᠨ ᠳᠡᠰ︶ ᠳᠤ ᠰᠢᠭᠤᠳ 10 ᠲᠦᠮᠡᠨ ᠲᠥᠭᠦᠷᠢᠭ ᠱᠠᠩᠨᠠᠨ᠎ᠠ᠃ ᠲᠤᠰᠠᠭᠠᠷ ᠳᠠᠩᠰᠠᠯᠠᠭᠤᠯᠤᠨ ᠪᠠᠶᠢᠭᠤᠯᠤᠭᠰᠠᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠪᠦᠬᠦ ᠤᠯᠤᠰ ᠤᠨ ᠴᠢᠨᠠᠷᠲᠠᠢ ᠶᠡᠷᠦᠩᠬᠡᠢ ᠬᠡᠯᠲᠡᠰ ᠲᠤ ᠬᠠᠷᠢᠶᠠᠯᠠᠭᠳᠠᠬᠤ ᠮᠥᠩᠭᠦᠨ ᠭᠦᠢᠯᠭᠡᠭᠡᠨ ᠤ ᠲᠦᠬᠦᠷ ᠦᠢᠯᠡᠴᠢᠯᠡᠭᠡᠨ ᠤ | ᠪᠠᠶᠢᠭᠤᠯᠤᠮᠵᠢ ᠳᠤ ᠂ ᠵᠢᠱᠢᠶᠡᠯᠡᠪᠡᠯ ᠢᠲᠡᠭᠡᠮᠵᠢ ᠶᠢᠨ ᠺᠠᠷᠲ ᠤᠨ ᠲᠥᠪ᠂ ᠫᠢᠶᠣᠣ ᠪᠠᠷᠢᠮᠲᠠ ᠶᠢ ᠰᠢᠢᠳᠪᠦᠷᠢᠯᠡᠬᠦ ᠲᠥᠪ᠂ ᠵᠠᠷᠤᠴᠠᠭᠤᠯᠭ᠎ᠠ ᠶᠢᠨ ᠳ᠋ᠦᠩᠨᠡᠨ ᠪᠤᠳᠤᠬᠤ | ᠲᠥᠪ᠂ ᠮᠡᠳᠡᠭᠡ ᠵᠠᠩᠭᠢ ᠶᠢᠨ ᠮᠡᠷᠭᠡᠵᠢᠯ ᠤᠨ ᠲᠥᠪ᠂ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠲᠥᠪ᠂ ᠰᠤᠳᠤᠯᠤᠨ ᠨᠡᠭᠡᠭᠡᠬᠦ ᠲᠥᠪ ᠵᠡᠷᠭᠡ᠂ 200 ᠲᠦᠮᠡᠨ | ᠲᠥᠭᠦᠷᠢᠭ ᠤᠨ ᠨᠤᠳᠤᠭᠯᠠᠭᠰᠠᠨ ᠤ ᠱᠠᠩᠨᠠᠯ ᠥᠭᠬᠦᠨ᠎ᠡ᠃ | ︵ᠬᠤᠶᠠᠷ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠳᠠᠭᠠᠳᠬᠠᠯ ᠤᠨ ᠪᠠᠶᠢᠭᠤᠯᠤᠮᠵᠢ᠂ ᠬᠠᠤᠯᠢ ᠶᠢᠨ ᠡᠷᠬᠡᠲᠡᠨ ᠤ ᠪᠠᠶᠢᠭᠤᠯᠤᠮᠵᠢ ᠨᠢ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ | ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠲᠡᠭᠡᠨ 1000 ᠲᠦᠮᠡᠨ | ᠲᠥᠭᠦᠷᠢᠭ ᠠᠴᠠ ᠬᠡᠲᠦᠷᠡᠬᠦ ᠦᠭᠡᠢ︔ ᠲᠤᠰᠠᠭᠠᠷ ᠳᠠᠩᠰᠠᠯᠠᠭᠤᠯᠤᠭᠰᠠᠨ ᠰᠠᠯᠪᠤᠷᠢ ᠪᠠᠶᠢᠭᠤᠯᠤᠮᠵᠢ ᠨᠢ ᠱᠠᠩᠨᠠᠯ ᠤᠨ ᠡᠮᠦᠨᠡᠬᠢ ᠨᠢᠭᠡ ᠨᠢᠭᠲᠠᠯᠠᠨ ᠪᠤᠳᠤᠬᠤ ᠣᠨ ᠤ | ᠳᠠᠭᠠᠳᠬᠠᠯ ᠤᠨ ᠰᠦᠢᠳᠬᠡᠯ ᠤᠨ ᠣᠷᠣᠯᠭ᠎ᠠ ᠶᠢᠨ 0.5% ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠬᠦ ᠦᠭᠡᠢ᠃ | ᠲᠤᠰᠠᠭᠠᠷ ᠳᠠᠩᠰᠠᠯᠠᠭᠤᠯᠤᠨ ᠪᠠᠶᠢᠭᠤᠯᠤᠭᠰᠠᠨ ᠳᠠᠭᠠᠳᠬᠠᠯ ᠤᠨ ᠺᠣᠮᠫᠠᠨᠢ ᠶᠢᠨ ᠶᠡᠷᠦᠩᠬᠡᠢ ᠭᠡᠯᠳᠡᠰ ᠲᠤ ᠬᠠᠷᠢᠶᠠᠯᠠᠭᠳᠠᠬᠤ ᠳ᠋ᠢᠶᠠᠩᠬᠤᠸᠠ ᠢᠶᠠᠷ ᠪᠤᠷᠤᠯᠠᠭᠤᠯᠬᠤ ᠲᠥᠪ᠂ | ᠳᠠᠭᠤᠳᠠᠬᠤ ᠲᠥᠪ᠂ ᠲᠥᠯᠥᠪᠦᠷᠢ ᠶᠢᠨ ᠡᠵᠡᠩᠨᠡᠯᠲᠡ ᠶᠢᠨ ᠲᠥᠪ ᠵᠡᠷᠭᠡ ᠳᠠᠭᠠᠳᠬᠠᠯ ᠤᠨ ᠳᠣᠰᠠᠯᠠᠬᠤ ᠲᠥᠪ ᠪᠠ ᠳᠠᠭᠠᠳᠬᠠᠯ ᠤᠨ ᠵᠠᠭᠤᠴᠢᠯᠠᠬᠤ ᠺᠣᠮᠫᠠᠨᠢ ᠳᠤ | 100 ᠲᠦᠮᠡᠨ ᠲᠥᠭᠦᠷᠢᠭ ᠤᠨ ᠨᠤᠳᠤᠭᠯᠠᠭᠰᠠᠨ ᠱᠠᠩᠨᠠᠯ ᠥᠭᠴᠦ᠂ ᠣᠨᠴᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠢ ᠨᠢ ︽ᠠᠰ ᠠᠰ ᠢᠶᠠᠷ ᠨᠢ ᠵᠥᠪᠯᠡᠬᠦ︾ | ᠪᠠᠷ ᠱᠠᠩᠨᠠᠵᠤ ᠪᠣᠯᠣᠨ᠎ᠠ᠃ | ︵ᠭᠤᠷᠪᠠ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠢᠳᠡᠭᠡᠮᠵᠢ ᠶᠢᠨ ᠺᠣᠮᠫᠠᠨᠢ᠂ ᠠᠵᠤ ᠠᠬᠤᠶᠢᠯᠠᠯ ᠤᠨ ᠪᠦᠯᠦᠭᠯᠡᠯ ᠤᠨ ᠡᠳ᠋ ᠤᠨ ᠶᠠᠪᠤᠳᠠᠯ ᠤᠨ ᠺᠣᠮᠫᠠᠨᠢ᠂ ᠮᠠᠰᠢᠨ ᠲᠡᠷᠭᠡᠨ ᠤ ᠮᠥᠩᠭᠦᠨ | ᠭᠦᠢᠯᠭᠡᠭᠡᠨ ᠤ ᠺᠣᠮᠫᠠᠨᠢ᠂ ᠵᠤᠭᠤᠰᠣᠨ ᠤ ᠵᠠᠭᠤᠴᠢᠯᠠᠬᠤ ᠺᠣᠮᠫᠠᠨᠢ᠂ ᠬᠡᠷᠡᠭᠯᠡᠭᠡᠨ ᠤ ᠮᠥᠩᠭᠦᠨ ᠭᠦᠢᠯᠭᠡᠭᠡᠨ ᠤ ᠺᠣᠮᠫᠠᠨᠢ ᠵᠡᠷᠭᠡ ᠪᠠᠩᠬᠢ ᠶᠢᠨ ᠪᠤᠰᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠢ ᠬᠡᠯᠲᠡᠰ ᠪᠤᠶᠤ ᠲᠡᠭᠦᠨ ᠤ ᠬᠤᠪᠢᠶᠠᠷᠢ ᠺᠣᠮᠫᠠᠨᠢ ᠳᠤ᠂ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ | ᠨᠤᠳᠤᠭᠯᠠᠭᠰᠠᠨ ᠤ ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ | ᠬᠡᠲᠦᠷᠡᠭᠦᠯᠬᠦ ᠦᠭᠡᠢ᠃ | ︵ᠳᠥᠷᠪᠡ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠲᠡᠮᠳᠡᠭᠲᠦ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ᠂ ᠢᠯᠡ ᠪᠠᠷ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠵᠢᠴᠢ ᠲᠡᠭᠦᠨ ᠤ ᠲᠤᠰᠬᠠᠢ ᠠᠵᠢᠯ ᠤᠨ ᠬᠤᠪᠢᠶᠠᠷᠢ ᠺᠣᠮᠫᠠᠨᠢ ᠵᠡᠷᠭᠡ ᠬᠠᠤᠯᠢ ᠶᠢᠨ ᠡᠷᠬᠡᠲᠡᠨ ᠤ ᠪᠠᠶᠢᠭᠤᠯᠤᠮᠵᠢ ᠳᠤ᠂ ᠲᠡᠭᠦᠨ ᠤ ᠠᠩᠬ᠎ᠠ ᠤᠳᠠᠭ᠎ᠠ | ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ | ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠳᠡᠭᠡᠷ᠎ᠡ ᠳᠤᠷᠠᠳᠤᠭᠰᠠᠨ ᠪᠠᠶᠢᠭᠤᠯᠤᠮᠵᠢ ᠶᠢᠨ ᠰᠢᠨ᠎ᠡ ᠪᠠᠷ ᠪᠠᠶᠢᠭᠤᠯᠤᠭᠰᠠᠨ ᠪᠤᠶᠤ | ᠨᠡᠭᠦᠵᠦ ᠣᠷᠣᠭᠰᠠᠨ ᠬᠤᠲᠠ ᠶᠢᠨ ᠳᠡᠰ ᠠᠴᠠ ᠳᠡᠭᠡᠭᠰᠢᠬᠢ ᠬᠤᠪᠢᠶᠠᠷᠢ ᠺᠣᠮᠫᠠᠨᠢ ᠳᠤ ᠭᠠᠭᠴᠠ ᠪᠠᠶᠢᠭᠤᠯᠤᠮᠵᠢ ᠳᠤ 100 ᠲᠦᠮᠡᠨ ᠲᠥᠭᠦᠷᠢᠭ ᠤᠨ | ᠨᠤᠳᠤᠭᠯᠠᠭᠰᠠᠨ ᠤ ᠱᠠᠩᠨᠠᠯ ᠥᠭᠴᠦ᠂ ᠡᠵᠡᠩᠨᠡᠯᠲᠡ ᠶᠢᠨ ᠬᠡᠯᠳᠡᠰ ᠲᠤ 10 ᠲᠦᠮᠡᠨ ᠲᠥᠭᠦᠷᠢᠭ ᠤᠨ ᠨᠤᠳᠤᠭᠯᠠᠭᠰᠠᠨ ᠤ ᠱᠠᠩᠨᠠᠯ ᠥᠭᠬᠦᠨ᠎ᠡ᠃ | ︵ᠲᠠᠪᠤ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠠᠷᠠᠳ ᠤᠨ ᠪᠠᠩᠬᠢ ᠪᠠᠷ ᠵᠥᠪᠰᠢᠶᠡᠷᠡᠭᠦᠯᠦᠭᠰᠡᠨ ᠭᠤᠷᠪᠠᠳᠠᠭᠢ ᠡᠲᠡᠭᠡᠳ ᠤᠨ | ᠵᠠᠷᠤᠴᠠᠭᠤᠯᠭ᠎ᠠ ᠶᠢᠨ ᠪᠠᠶᠢᠭᠤᠯᠤᠮᠵᠢ ᠳᠤ᠂ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ | ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠵᠢᠷᠭᠤᠭ᠎ᠠ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠵᠤ ᠵᠥᠪᠰᠢᠶᠡᠷᠡᠭᠰᠡᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠪᠡᠯᠡ | ᠤᠷᠤᠭᠤᠯᠤᠯᠳᠠ ᠶᠢᠨ ᠳᠠᠭᠠᠭᠠᠯᠲᠠ ᠶᠢᠨ ᠪᠠᠶᠢᠭᠤᠯᠤᠮᠵᠢ᠂ ᠳᠡᠨᠵᠢ ᠶᠢᠨ ᠠᠷᠠᠯᠵᠢᠶ᠎ᠡ᠂ ᠪᠡᠯᠡ ᠤᠷᠤᠭᠤᠯᠤᠯᠳᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ | ᠪᠠᠲᠤᠯᠠᠨ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ | ᠡᠷᠬᠡ ᠶᠢᠨ ᠵᠠᠬ᠎ᠠ ᠳᠡᠯᠭᠡᠭᠦᠷ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠡᠷᠬᠡ ᠣᠯᠭᠤᠵᠤ ᠬᠢᠨᠠᠨ ᠬᠠᠮᠢᠶᠠᠷᠤᠭᠤᠯᠤᠭᠰᠠᠨ ᠮᠥᠩᠭᠦᠨ ᠭᠦᠢᠯᠭᠡᠭᠡᠨ ᠤ ᠰᠢᠨᠵᠢ ᠴᠢᠨᠠᠷ ᠪᠦᠬᠦᠢ ᠪᠤᠰᠤᠳ | ᠡᠵᠡᠩᠨᠡᠯᠲᠡ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ᠂ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ | ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠬᠤᠶᠠᠳᠤᠭᠠᠷ ᠵᠤᠷᠪᠤᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠭᠡᠳᠬᠦ ᠶᠢ ᠳᠡᠮᠵᠢᠬᠦ | ︵ᠨᠢᠭᠡ︶ ᠨᠢᠭᠡᠳᠦᠭᠡᠷ ᠵᠤᠷᠪᠤᠰ ᠤᠨ ᠲᠣᠭᠲᠠᠭᠠᠯ ᠳᠤ ᠨᠡᠶᠢᠴᠡᠭᠰᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠢᠨᠠᠨ ᠬᠠᠮᠢᠶᠠᠷᠬᠤ ᠱᠠᠭᠠᠷᠳᠠᠯᠭ᠎ᠠ ᠳᠤ | ᠨᠡᠶᠢᠴᠡᠭᠰᠡᠨ ᠤᠷᠢᠲᠠᠯ ᠳᠣᠣᠷ᠎ᠠ᠂ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠡᠳᠦᠷ ᠠᠴᠠ ᠡᠬᠢᠯᠡᠨ 5 ᠵᠢᠯ ᠤᠨ ᠳᠣᠲᠣᠷ᠎ᠠ᠂ ᠨᠤᠳᠤᠭᠯᠠᠭᠰᠠᠨ ᠤ | ᠱᠠᠩᠨᠠᠯ ᠢ ᠭᠥᠷᠳᠡᠭᠡᠳ ᠳᠡᠭᠡᠳᠦ ᠬᠢᠵᠠᠭᠠᠷ ᠲᠤ ᠬᠦᠷᠦᠭᠰᠡᠨ ᠦᠭᠡᠢ ᠪᠠᠶᠢᠪᠠᠯ᠂ ᠬᠠᠮᠢᠶ᠎ᠠ ᠪᠦᠬᠦᠢ ᠱᠠᠩᠨᠠᠬᠤ ᠠᠷᠭ᠎ᠠ ᠬᠡᠮᠵᠢᠶ᠎ᠡ ᠶᠢᠨ ᠬᠦᠴᠦᠨ ᠲᠠᠢ ᠬᠤᠭᠤᠴᠠᠭᠠᠨ ᠳᠤ | ᠪᠡᠯᠡ ᠮᠥᠩᠭᠦ ᠪᠠᠨ ᠨᠡᠮᠡᠭᠳᠡᠭᠦᠯᠦᠭᠰᠡᠨ ᠪᠠᠶᠢᠪᠠᠯ᠂ ᠰᠢᠨ᠎ᠡ ᠪᠠᠷ ᠨᠡᠮᠡᠭᠳᠡᠭᠰᠡᠨ ᠬᠥᠷᠥᠩᠭᠡ ᠶᠢᠨ 1.5% ᠪᠠᠷ ᠱᠠᠩᠨᠠᠨ ᠬᠥᠬᠢᠭᠦᠯᠵᠦ᠂ ᠨᠡᠶᠢᠲᠡ ᠭᠥᠷᠳᠡᠭᠰᠡᠨ ᠱᠠᠩᠨᠠᠯ ᠢ | ᠲᠣᠰ ᠪᠠᠶᠢᠭᠤᠯᠤᠮᠵᠢ ᠶᠢᠨ ᠬᠡᠯᠪᠡᠷᠢ ᠯᠦᠭᠡ ᠵᠣᠬᠢᠴᠠᠯᠳᠤᠭᠰᠠᠨ ᠨᠤᠳᠤᠭᠯᠠᠭᠰᠠᠨ ᠤ ᠱᠠᠩᠨᠠᠯ ᠤᠨ ᠳᠡᠭᠡᠳᠦ ᠬᠢᠵᠠᠭᠠᠷ ᠢᠶᠠᠷ ᠬᠢᠵᠠᠭᠠᠷ ᠪᠣᠯᠭᠠᠨ᠎ᠠ᠃ ᠱᠠᠩᠨᠠᠬᠤ ᠠᠷᠭ᠎ᠠ | ᠬᠡᠮᠵᠢᠶ᠎ᠡ ᠶᠢ ᠨᠡᠶᠢᠲᠡᠯᠡᠬᠦ ᠠᠴᠠ ᠡᠮᠦᠨ᠎ᠡ ᠨᠢᠭᠡᠨᠲᠡ ᠣᠷᠣᠵᠤ ᠰᠠᠭᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠥᠷᠥ ᠶᠢᠨ ᠪᠣᠳᠣᠯᠭ᠎ᠠ ᠶᠢᠨ ᠬᠦᠴᠦᠨ ᠲᠠᠢ | ᠬᠤᠭᠤᠴᠠᠭᠠᠨ ᠳᠤ ᠪᠡᠯᠡ ᠮᠥᠩᠭᠦ ᠪᠠᠨ ᠨᠡᠮᠡᠭᠳᠡᠭᠦᠯᠦᠭᠰᠡᠨ ᠪᠣᠯ ᠲᠣᠰ ᠵᠤᠷᠪᠤᠰ ᠤᠨ ᠱᠠᠩᠨᠠᠬᠤ ᠠᠷᠭ᠎ᠠ ᠬᠡᠮᠵᠢᠶ᠎ᠡ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ︵ᠬᠤᠶᠠᠷ︶ ᠡᠯ᠎ᠡ ᠪᠠᠩᠬᠢ ᠶᠢᠨ ᠪᠠᠶᠢᠭᠤᠯᠤᠮᠵᠢ ᠨᠢ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠬᠠᠤᠯᠢ ᠶᠢᠨ ᠡᠷᠬᠡᠲᠡᠨ ᠤ | ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ ᠳᠡᠭᠡᠷ᠎ᠡ ᠨᠢᠭᠡ ᠵᠢᠯ ᠤᠨ ᠬᠢ ᠠᠴᠠ ᠨᠡᠮᠡᠭᠳᠡᠭᠰᠡᠨ ᠪᠠᠶᠢᠪᠠᠯ᠂ ᠰᠢᠨ᠎ᠡ ᠪᠠᠷ ᠨᠡᠮᠡᠭᠳᠡᠭᠰᠡᠨ ᠲᠤᠭ᠎ᠠ ᠶᠢᠨ | 1‰ ᠶᠣᠰᠣᠭᠠᠷ ᠱᠠᠩᠨᠠᠨ ᠬᠥᠬᠢᠭᠦᠯᠵᠦ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠳᠦᠷᠡᠬᠦ ᠦᠭᠡᠢ᠃ ᠬᠠᠤᠯᠢ ᠶᠢᠨ ᠡᠷᠬᠡᠲᠡᠨ ᠪᠤᠰᠤ | ᠪᠠᠶᠢᠭᠤᠯᠤᠮᠵᠢ ᠶᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠩᠬᠢ᠂ ᠤᠯᠤᠰ ᠤᠨ ᠥᠮᠴᠢᠯᠡᠯᠲᠦ ᠬᠤᠳᠠᠯᠳᠤᠭᠠᠨ ᠤ ᠪᠠᠩᠬᠢ᠂ ᠬᠤᠪᠢᠴᠠᠭ᠎ᠠ ᠳᠦᠷᠢᠮᠲᠦ ᠪᠠᠩᠬᠢ᠂ | ᠬᠤᠲᠠ ᠶᠢᠨ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ | ᠭᠠᠴᠠᠭ᠎ᠠ ᠪᠠᠯᠭᠠᠰᠤᠨ ᠤ ᠪᠠᠩᠬᠢ ᠪᠠᠷ ᠲᠥᠷᠥᠯ ᠬᠤᠪᠢᠶᠠᠨ᠂ ᠲᠣᠰ ᠲᠣᠰ ᠨᠢᠭᠡᠳᠦᠭᠡᠷ ᠳᠡᠰ ︵ᠥᠪᠡᠷᠲᠡᠭᠡᠨ ᠵᠠᠰᠠᠬᠤ ᠣᠷᠣᠨ ᠤ ᠳᠡᠰ︶ ᠤᠨ ᠬᠤᠪᠢᠶᠠᠷᠢ ᠪᠠᠩᠬᠢ᠂ | ᠬᠤᠶᠠᠳᠤᠭᠠᠷ ᠳᠡᠰ ︵ᠬᠤᠲᠠ ᠶᠢᠨ ᠳᠡᠰ︶ ᠤᠨ ᠬᠤᠪᠢᠶᠠᠷᠢ ᠪᠠᠩᠬᠢ᠂ ᠰᠠᠯᠪᠤᠷᠢ ᠪᠠᠩᠬᠢ ︵ᠬᠤᠰᠢᠭᠤ ᠲᠣᠭᠤᠷᠢᠭ ᠤᠨ ᠳᠡᠰ︶ ᠤᠨ ᠳᠡᠭᠡᠷ᠎ᠡ ᠨᠢᠭᠡ ᠵᠢᠯ ᠤᠨ | ᠵᠢᠭᠡᠯᠡᠯᠭᠡ ᠶᠢᠨ ᠨᠡᠮᠡᠭᠳᠡᠯ ᠤᠨ ᠨᠣᠷᠮ᠎ᠠ ᠲᠠᠢ ᠬᠠᠷᠢᠴᠠᠭᠤᠯᠤᠨ ᠨᠡᠷ᠎ᠡ ᠵᠢᠭᠰᠠᠭᠠᠵᠤ᠂ ᠠᠳᠠᠯᠢ ᠲᠥᠷᠥᠯ ᠠᠳᠠᠯᠢ ᠳᠡᠰ ᠨᠢᠭᠡᠳᠦᠭᠡᠷ ᠲᠤ ᠵᠢᠭᠰᠠᠭᠠᠭᠳᠠᠭᠰᠠᠨ ᠪᠠᠶᠢᠪᠠᠯ᠂ | ᠰᠢᠨ᠎ᠡ ᠪᠠᠷ ᠨᠡᠮᠡᠭᠳᠡᠭᠰᠡᠨ ᠲᠤᠭ᠎ᠠ ᠶᠢᠨ 1‰ ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠭᠤᠷᠪᠠ︶ ᠡᠯ᠎ᠡ ᠳᠠᠭᠠᠳᠬᠠᠯ ᠤᠨ ᠪᠠᠶᠢᠭᠤᠯᠤᠮᠵᠢ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠤᠨ ᠳᠣᠣᠷ᠎ᠠ᠂ ᠳᠠᠭᠠᠳᠬᠠᠯ ᠤᠨ | ᠵᠠᠷᠤᠳᠠᠯ ᠤᠨ ᠣᠷᠣᠯᠭ᠎ᠠ ᠶᠢ ᠳᠡᠭᠡᠷ᠎ᠡ ᠨᠢᠭᠡ ᠵᠢᠯ ᠤᠨ ᠨᠡᠮᠡᠭᠳᠡᠯ ᠤᠨ ᠨᠤᠷᠮ᠎ᠠ ᠲᠠᠢ ᠬᠠᠷᠢᠴᠠᠭᠤᠯᠤᠨ ᠵᠢᠭᠰᠠᠭᠠᠵᠤ᠂ ᠨᠢᠭᠡᠳᠦᠭᠡᠷ ᠲᠤ ᠵᠢᠭᠰᠠᠭᠠᠭᠳᠠᠭᠰᠠᠨ ᠪᠣᠯ | ᠳᠠᠭᠠᠳᠬᠠᠯ ᠤᠨ ᠵᠠᠷᠤᠳᠠᠯ ᠤᠨ ᠣᠷᠣᠯᠭ᠎ᠠ ᠶᠢᠨ ᠨᠡᠮᠡᠭᠳᠡᠯ ᠤᠨ ᠳᠣᠭᠠᠨ ᠤ 1‰ ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ | ᠬᠡᠳᠦᠷᠡᠭᠦᠯᠬᠦ ᠦᠭᠡᠢ᠃ | ︵ᠳᠥᠷᠪᠡ︶ ᠵᠢᠵᠢᠭ ᠵᠢᠭᠡᠯᠡᠯᠭᠡ ᠶᠢᠨ ᠺᠣᠮᠫᠠᠨᠢ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠵᠢᠴᠢ ᠪᠤᠰᠤᠳ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠨ ᠶᠡᠬᠡᠳᠬᠦ ᠶᠢ ᠤᠷᠮᠠᠰᠢᠭᠤᠯᠵᠤ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ | ᠠᠵᠢᠯ ᠲᠥᠷᠥᠯ ᠤᠨ ᠳᠣᠲᠣᠷᠠᠬᠢ ᠲᠤᠬᠠᠶᠢᠯᠠᠭᠰᠠᠨ ᠠᠵᠢᠯ ᠤᠨ ᠨᠡᠮᠡᠭᠳᠡᠯ ᠢᠶᠠᠷ ᠲᠡᠷᠢᠭᠦᠯᠡᠭᠰᠡᠨ ᠪᠠᠶᠢᠭᠤᠯᠤᠮᠵᠢ ᠶᠢ ᠠᠵᠤ ᠠᠬᠤᠢ ᠨᠡᠶᠢᠭᠡᠮ ᠤᠨ ᠬᠤᠪᠢ ᠨᠡᠮᠡᠷᠢ ᠪᠠᠷ ᠨᠢ | ᠯᠠᠪᠯᠠᠯᠲᠠ ᠪᠣᠯᠭᠠᠵᠤ ᠱᠠᠩᠨᠠᠨ ᠬᠥᠬᠢᠭᠦᠯᠦᠨ᠎ᠡ᠃ | ︵ᠲᠠᠪᠤ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠮᠥᠩᠭᠦᠨ ᠭᠦᠢᠯᠭᠡᠭᠡᠨ᠂ ᠣᠲᠣ ᠦᠶ᠎ᠡ ᠶᠢᠨ | ᠡᠨᠧᠷᠭᠢ ᠶᠢᠨ ᠮᠥᠩᠭᠦᠨ ᠭᠦᠢᠯᠭᠡᠭᠡᠨ᠂ ᠵᠦᠢ ᠶᠣᠰᠣᠨ ᠤ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ᠂ | ᠨᠡᠭᠡᠭᠡᠯᠲᠡᠲᠤ ᠮᠥᠩᠭᠦᠨ ᠭᠦᠢᠯᠭᠡᠭᠡᠨ ᠵᠡᠷᠭᠡ ᠬᠦᠷᠢᠶ᠎ᠡ ᠬᠡᠪᠴᠢᠶᠡᠨ ᠳᠤ ᠰᠢᠪᠲᠤᠯᠤᠯᠲᠠ ᠶᠢᠨ ᠴᠢᠨᠠᠷᠲᠠᠢ ᠰᠢᠨ᠎ᠡ ᠶᠢ ᠡᠭᠦᠳᠬᠦ ᠶᠢ ᠣᠯᠵᠤ᠂ ᠪᠡᠶ᠎ᠡ ᠪᠠᠨ ᠳᠠᠭᠠᠭᠠᠵᠤ | ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢᠶᠠᠷ ᠱᠠᠩᠨᠠᠯ ᠥᠭᠭᠦᠨ᠎ᠡ᠃ | ᠭᠤᠷᠪᠠᠳᠤᠭᠠᠷ ᠵᠤᠷᠪᠤᠰ ᠬᠤᠪᠢ ᠪᠠᠷ ᠢᠶᠠᠨ ᠵᠤᠭᠤᠰ ᠴᠤᠭᠯᠠᠭᠤᠯᠤᠭᠰᠠᠨ ᠰᠠᠭᠤᠷᠢ ᠮᠥᠩᠭᠦᠨ ᠤ ᠪᠡᠯᠡ ᠣᠷᠥᠭᠤᠯᠣᠯᠳᠠ ᠶᠢ ᠠᠬᠢᠭᠤᠯᠬᠤ | ︵ᠨᠢᠭᠡ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠬᠤᠪᠢ ᠪᠠᠷ ᠢᠶᠠᠨ ᠵᠤᠭᠤᠰ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠯᠲᠠ | ᠵᠢᠴᠢ ᠲᠡᠭᠦᠨ ᠤ ᠲᠤᠰᠬᠠᠢ ᠬᠤᠪᠢᠶᠠᠷᠢ ᠺᠣᠮᠫᠠᠨᠢ ᠨᠢ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠦᠢᠯᠡᠰ ᠤᠨ | ᠨᠡᠶᠢᠭᠡᠮᠯᠢᠭ ᠢᠶᠠᠷ ᠳᠠᠩᠰᠠᠯᠠᠭᠤᠯᠤᠭᠰᠠᠨ ᠪᠥᠭᠡᠳ ᠳᠠᠩᠰᠠᠯᠠᠭᠤᠯᠤᠭᠠᠳ ᠪᠦᠬᠦᠯᠢ ᠨᠢᠭᠡ ᠵᠢᠯ ᠪᠣᠯᠤᠭᠰᠠᠨ ᠪᠠᠶᠢᠪᠠᠯ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ | ᠨᠤᠳᠤᠭᠯᠠᠭᠰᠠᠨ ᠤ ᠱᠠᠩᠨᠠᠯ ᠥᠭᠴᠦ᠂ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠬᠤᠶᠠᠷ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠰᠠᠭᠤᠷᠢ ᠮᠥᠩᠭᠦ ᠶᠢᠨ ᠬᠠᠮᠢᠶᠠᠷᠤᠭᠴᠢ ᠵᠢᠴᠢ ᠨᠠᠶᠢᠳᠠᠵᠤ ᠬᠠᠮᠢᠶᠡᠷᠣᠭᠤᠯᠬᠤ ᠪᠠᠩᠬᠢ | ᠨᠢ ᠴᠥᠮ ᠬᠢᠶ᠎ᠠ ᠪᠠᠭᠰᠢ ᠲᠣᠭᠤᠷᠢᠭ ᠲᠤ ᠪᠠᠶᠢᠪᠠᠯ᠂ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠦᠢᠯᠡᠰ ᠤᠨ | ᠨᠡᠶᠢᠭᠡᠮᠯᠢᠭ ᠲᠤ ᠳᠠᠩᠰᠠᠯᠠᠭᠤᠯᠤᠭᠰᠠᠨ ᠤ ᠳᠠᠷᠠᠭ᠎ᠠ᠂ ᠪᠡᠯᠡ ᠭᠠᠷᠭᠠᠭᠰᠠᠨ ᠪᠤᠶᠤ ᠴᠤᠭᠯᠠᠭᠤᠯᠤᠭᠰᠠᠨ ᠬᠡᠪᠴᠢᠶ᠎ᠡ ︵ᠪᠣᠳᠠᠲᠠᠶᠢᠵᠢᠭᠤᠯᠤᠭᠰᠠᠨ ᠪᠡᠯᠡ ᠮᠥᠩᠭᠦ ᠠᠴᠠ ᠡᠯ᠎ᠡ | ᠱᠠᠲᠤᠨ ᠤ ᠵᠠᠰᠠᠭ ᠤᠨ ᠣᠷᠳᠣᠨ ᠤ ᠪᠡᠯᠡ ᠭᠠᠷᠭᠠᠭᠰᠠᠨ ᠬᠤᠪᠢ ᠶᠢᠨ ᠲᠤᠭ᠎ᠠ ᠶᠢ ᠬᠠᠰᠤᠵᠤ ᠪᠤᠳᠤᠨ᠎ᠠ︶ ᠶᠢᠨ 0.2% ᠢᠶᠠᠷ ᠰᠠᠭᠤᠷᠢ ᠮᠥᠩᠭᠦᠨ ᠤ | ᠬᠠᠮᠢᠶᠠᠷᠤᠯᠲᠠ ᠶᠢᠨ ᠪᠠᠶᠢᠭᠤᠯᠤᠮᠵᠢ ᠳᠤ ᠪᠡᠯᠡ ᠴᠤᠭᠯᠠᠭᠤᠯᠤᠭᠰᠠᠨ ᠱᠠᠩᠨᠠᠯ ᠥᠭᠴᠦ᠂ ᠶᠡᠷᠦᠩᠬᠡᠢ ᠲᠤᠭ᠎ᠠ ᠶᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ | ᠃ | ︵ᠭᠤᠷᠪᠠ︶ ᠬᠢᠶ᠎ᠠ ᠪᠠᠭᠰᠢ ᠲᠣᠭᠤᠷᠢᠭ ᠲᠤ ᠳᠠᠩᠰᠠᠯᠠᠭᠤᠯᠤᠭᠰᠠᠨ ᠰᠠᠭᠤᠷᠢ ᠮᠥᠩᠭᠦ᠂ ᠲᠡᠭᠦᠨ ᠤ ᠨᠠᠶᠢᠳᠠᠵᠤ ᠬᠠᠮᠢᠶᠡᠷᠣᠭᠤᠯᠬᠤ ᠪᠠᠩᠬᠢ ᠨᠢ ᠴᠦ ᠬᠢᠶ᠎ᠠ | ᠪᠠᠭᠰᠢ ᠲᠣᠭᠤᠷᠢᠭ ᠲᠤ ᠪᠠᠶᠢᠵᠤ᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠠᠷᠭ᠎ᠠ ᠮᠠᠶ᠋ᠢᠭ ᠢᠶᠠᠷ ᠣᠷᠳᠣᠰ ᠬᠤᠲᠠ ᠶᠢᠨ ᠬᠡᠪᠴᠢᠶᠡᠨ ᠳᠠᠬᠢ ᠠᠵᠤ ᠠᠬᠤᠶᠢᠯᠠᠯ ᠳᠤ | ᠪᠡᠯᠡ ᠣᠷᠣᠭᠤᠯᠤᠭᠰᠠᠨ ᠪᠠᠶᠢᠪᠠᠯ᠂ ᠪᠣᠳᠠᠲᠠᠢ ᠪᠡᠯᠡ ᠣᠷᠣᠭᠤᠯᠤᠭᠰᠠᠨ ᠳᠣᠭᠠᠨ ᠤ 1% ᠪᠠᠷ ᠰᠠᠭᠤᠷᠢ ᠮᠥᠩᠭᠦᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠡᠯᠡ | ᠤᠷᠤᠭᠤᠯᠤᠭᠰᠠᠨ ᠱᠠᠩᠨᠠᠯ ᠥᠭᠴᠦ᠂ ᠬᠢᠶ᠎ᠠ ᠪᠠᠭᠰᠢ ᠲᠣᠭᠤᠷᠢᠭ ᠤᠨ ᠲᠣᠰ ᠭᠠᠵᠠᠷ ᠤᠨ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠲᠣᠰ | ᠲᠥᠷᠥᠯ ᠤᠨ ᠱᠠᠩᠨᠠᠯ ᠢ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠣᠷᠳᠣᠰ ᠬᠤᠲᠠ ᠶᠢᠨ ᠳᠣᠲᠣᠷᠠᠬᠢ ᠪᠤᠰᠤᠳ ᠬᠤᠰᠢᠭᠤ ᠲᠣᠭᠤᠷᠢᠭ ᠤᠨ | ᠳᠠᠩᠰᠠᠯᠠᠭᠤᠯᠤᠭᠰᠠᠨ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠲᠣᠰ ᠲᠥᠷᠥᠯ ᠤᠨ ᠱᠠᠩᠨᠠᠯ ᠢ 50 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠰᠠᠭᠤᠷᠢ ᠮᠥᠩᠭᠦ ᠶᠢ ᠭᠠᠳᠠᠷ ᠣᠷᠣᠨ ᠤ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠤ ᠳᠠᠷᠠᠭ᠎ᠠ ᠲᠡᠭᠦᠨ ᠢ ᠬᠢᠶ᠎ᠠ ᠪᠠᠭᠰᠢ ᠲᠣᠭᠤᠷᠢᠭ ᠲᠤ ᠨᠡᠭᠦᠯᠭᠡᠨ | ᠣᠷᠣᠭᠤᠯᠤᠭᠰᠠᠨ ᠪᠠᠶᠢᠪᠠᠯ᠂ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠢᠶᠠᠷ ᠦᠵᠡᠵᠦ ᠰᠠᠭᠤᠷᠢ ᠮᠥᠩᠭᠦᠨ ᠤ | ᠬᠠᠮᠢᠶᠠᠷᠤᠯᠲᠠ ᠶᠢᠨ ᠪᠠᠶᠢᠭᠤᠯᠤᠮᠵᠢ ᠳᠤ ᠱᠠᠩᠨᠠᠯ ᠥᠭᠬᠦᠨ᠎ᠡ᠃ | ︵ᠳᠥᠷᠪᠡ︶ ᠬᠢᠶ᠎ᠠ ᠪᠠᠭᠰᠢ ᠲᠣᠭᠤᠷᠢᠭ ᠤᠨ ᠵᠢᠭᠠᠨ ᠲᠣᠭᠲᠠᠭᠠᠭᠰᠠᠨ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠲᠤ ᠳᠠᠩᠰᠠᠯᠠᠭᠤᠯᠤᠭᠰᠠᠨ | ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠨᠢ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠠᠴᠠ | ᠪᠣᠯᠵᠤ ᠪᠡᠯᠡ ᠣᠷᠣᠭᠤᠯᠤᠯᠲᠠ ᠶᠢᠨ ᠰᠢᠭᠤᠳ ᠬᠤᠬᠢᠷᠠᠯ ᠢ ᠪᠣᠶ ᠪᠣᠯᠭᠠᠭᠰᠠᠨ ᠪᠠᠶᠢᠪᠠᠯ᠂ ᠲᠡᠭᠦᠨ ᠤ ᠪᠣᠳᠠᠲᠠᠢ ᠪᠡᠯᠡ ᠣᠷᠣᠭᠤᠯᠤᠯᠲᠠ ᠶᠢᠨ ᠬᠤᠬᠢᠷᠠᠯ ᠤᠨ 20% ᠪᠠᠷ | ᠲᠦᠭᠰᠢᠭᠦᠷᠢ ᠶᠢᠨ ᠨᠥᠬᠦᠪᠦᠷᠢ ᠥᠭᠴᠦ᠂ ᠲᠠᠩ ᠭᠠᠭᠴᠠ ᠲᠥᠷᠥᠯ ᠵᠦᠢᠯ ᠤᠨ ᠨᠥᠬᠦᠪᠦᠷᠢ ᠶᠢᠨ ᠲᠤᠭ᠎ᠠ ᠨᠢ ᠬᠠᠮᠤᠭ ᠤᠨ ᠥᠨᠳᠥᠷ ᠲᠡᠭᠡᠨ 100 ᠲᠦᠮᠡᠨ | ᠲᠥᠭᠦᠷᠢᠭ ᠪᠠᠶᠢᠵᠤ᠂ ᠠᠳᠠᠯᠢ ᠨᠢᠭᠡᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠲᠦᠭᠰᠢᠭᠦᠷᠢ ᠶᠢᠨ ᠲᠤᠰᠠᠯᠠᠮᠵᠢ ᠶᠢᠨ ᠮᠥᠩᠭᠦ ᠶᠢᠨ | ᠭᠤᠶᠤᠴᠢᠯᠠᠭᠰᠠᠨ ᠲᠤᠭ᠎ᠠ ᠨᠢ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠃ | ︵ᠲᠠᠪᠤ︶ ᠬᠢᠶ᠎ᠠ ᠪᠠᠭᠰᠢ ᠲᠣᠭᠤᠷᠢᠭ ᠤᠨ ᠵᠢᠭᠠᠨ ᠲᠣᠭᠲᠠᠭᠠᠭᠰᠠᠨ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠤᠨ ᠰᠠᠭᠤᠷᠢ ᠮᠥᠩᠭᠦ ᠳᠤ | ᠳᠠᠩᠰᠠᠯᠠᠭᠤᠯᠤᠭᠰᠠᠨ ᠬᠤᠪᠢ ᠣᠷᠣᠭᠤᠯᠤᠭᠴᠢ᠂ ᠬᠤᠷᠰᠢᠭᠴᠢ ᠢ ᠨᠥᠬᠦᠴᠡᠯ ᠳᠤ ᠨᠡᠶᠢᠴᠡᠬᠦ ᠪᠠᠷ ᠪᠠᠳᠣᠯᠠᠭᠰᠠᠨ ᠨᠢ᠂ ᠰᠠᠭᠤᠷᠢ ᠮᠥᠩᠭᠦ ᠶᠢᠨ ᠣᠷᠣᠰᠢᠨ ᠳᠣᠭᠳᠠᠨᠢᠬᠤ | ᠬᠤᠭᠤᠴᠠᠭᠠᠨ ᠳᠤ᠂ ᠪᠡᠶ᠎ᠡ ᠪᠠᠨ ᠳᠠᠭᠠᠭᠠᠵᠤ ᠮᠡᠳᠡᠭᠦᠯᠦᠭᠰᠡᠨ ᠰᠠᠭᠤᠷᠢᠨ ᠳᠡᠭᠡᠷ᠎ᠡ ᠬᠢᠶ᠎ᠠ ᠪᠠᠭᠰᠢ ᠲᠣᠭᠤᠷᠢᠭ ᠲᠤ ᠦᠵᠡᠭᠦᠯᠦᠭᠰᠡᠨ ᠠᠵᠤ ᠠᠬᠤᠢ ᠨᠡᠶᠢᠭᠡᠮ ᠤᠨ ᠬᠤᠪᠢ | ᠨᠡᠮᠡᠷᠢ ᠪᠠᠷ ᠨᠢ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢᠶᠠᠷ ᠱᠠᠩᠨᠠᠯ ᠥᠭᠬᠦᠨ᠎ᠡ᠃ | ᠳᠥᠷᠪᠡᠳᠦᠭᠡᠷ ᠵᠤᠷᠪᠤᠰ ᠬᠥᠷᠥᠩᠭᠡ ᠶᠢᠨ ᠵᠠᠬ᠎ᠠ ᠳᠡᠯᠭᠡᠭᠦᠷ ᠤᠨ ᠬᠦᠭᠵᠢᠯᠳᠡ ᠶᠢ ᠠᠬᠢᠭᠤᠯᠬᠤ | ︵ᠨᠢᠭᠡ︶ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ ᠰᠲ᠋ᠣᠺ ᠢ | ᠥᠭᠡᠷᠡᠴᠢᠯᠡᠨ ᠰᠠᠶᠢᠵᠢᠷᠠᠭᠤᠯᠵᠤ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠲᠥᠪ ︽ᠲᠢᠶᠠᠨ ᠵᠢᠶᠦ᠋ᠨ ᠳᠠᠯᠠᠪᠤᠷ︾ ᠲᠤ ᠣᠷᠣᠨ ᠫᠠᠶᠢᠰᠠ | ᠡᠯᠭᠦᠭᠰᠡᠨ ᠢ ᠪᠡᠶᠡᠯᠡᠭᠦᠯᠦᠭᠰᠡᠨ ᠳᠤ 30 ᠲᠦᠮᠡᠨ ᠲᠥᠭᠦᠷᠢᠭ ᠢᠶᠠᠷ ᠱᠠᠩᠨᠠᠨ᠎ᠠ᠃ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠂ ᠪᠥᠬᠦ ᠤᠯᠤᠰ ᠤᠨ ᠳᠤᠮᠳᠠ | ᠵᠢᠵᠢᠭ ᠠᠵᠤ ᠠᠬᠤᠶᠢᠯᠠᠯ ᠤᠨ ᠣᠷᠣᠭᠤᠯᠣᠭᠰᠠᠨ ᠬᠤᠪᠢ ᠶᠢ ᠰᠢᠯᠵᠢᠭᠦᠯᠬᠦ ᠰᠢᠰᠲ᠋ᠧᠮ ︵︽ᠰᠢᠨ᠎ᠡ ᠭᠤᠷᠪᠠᠨ ᠲᠠᠯᠠᠪᠤᠷ︾︶ ᠳᠤ ᠫᠠᠶᠢᠰᠠ ᠡᠯᠭᠦᠨ᠂ 100 ᠲᠦᠮᠡᠨ | ᠲᠥᠭᠦᠷᠢᠭ ᠤᠨ ᠱᠠᠩᠨᠠᠯ ᠥᠭᠴᠦ᠂ ︽ ᠰᠢᠨ᠎ᠡ ᠭᠤᠷᠪᠠᠨ ᠲᠠᠯᠠᠪᠤᠷ︾ ᠤᠨ ᠳᠣᠲᠣᠷ᠎ᠠ ᠳᠡᠰ ᠳᠠᠪᠰᠢᠬᠤ ᠶᠢ ᠪᠡᠶᠡᠯᠡᠭᠦᠯᠦᠭᠰᠡᠨ ᠪᠠᠶᠢᠪᠠᠯ ᠳᠠᠬᠢᠨ ᠨᠢᠭᠡ ᠤᠳᠠᠭ᠎ᠠ ᠶᠢᠨ | ᠴᠢᠨᠠᠷᠲᠠᠢ ᠪᠠᠷ 100 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ ᠬᠢᠶ᠎ᠠ ᠪᠠᠭᠰᠢ ᠲᠣᠭᠤᠷᠢᠭ ᠤᠨ ︽ ᠰᠢᠨ᠎ᠡ ᠭᠤᠷᠪᠠᠨ ᠲᠠᠯᠠᠪᠤᠷ︾ ᠲᠤ ᠫᠠᠶᠢᠰᠠ ᠡᠯᠭᠦᠭᠰᠡᠨ | ᠺᠣᠮᠫᠠᠨᠢ ᠶᠢᠨ ᠲᠠᠯᠠᠪᠤᠷ ᠰᠣᠯᠢᠬᠤ ᠬᠢᠯᠢ ᠶᠢᠨ ᠳᠣᠲᠣᠨ᠎ᠠ ᠭᠠᠳᠠᠨᠠᠬᠢ ᠭᠤᠣᠯ ᠠᠷᠠᠯᠵᠢᠶᠠᠨ ᠤ ᠭᠠᠵᠠᠷ ︵ᠪᠡᠭᠡᠵᠢᠩ᠂ ᠱᠠᠩᠬᠠᠢ᠂ ᠱᠧᠨᠵᠧᠨ ᠤ ᠲᠡᠮᠳᠡᠭᠲᠦ ᠶᠢᠨ | ᠠᠷᠠᠯᠵᠢᠶᠠᠨ ᠤ ᠭᠠᠵᠠᠷ᠂ ᠰᠢᠶᠠᠩᠭᠠᠩ ᠤᠨ ᠬᠠᠮᠲᠤᠷᠠᠭᠰᠠᠨ ᠠᠷᠠᠯᠵᠢᠶᠠᠨ ᠤ ᠭᠠᠵᠠᠷ᠂ ᠨᠢᠦ᠋ ᠶᠣᠷᠺ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠨᠠᠰᠳᠠᠺ ᠤᠨ | ᠲᠡᠮᠳᠡᠭᠲᠦ ᠶᠢᠨ ᠠᠷᠠᠯᠵᠢᠶᠠᠨ ᠤ ᠭᠠᠵᠠᠷ︶ ᠤᠨ ᠵᠠᠬ᠎ᠠ ᠳᠡᠯᠭᠡᠭᠦᠷ ᠲᠤ ᠭᠠᠷᠤᠭᠰᠠᠨ ᠳᠤ ᠳᠠᠬᠢᠨ 300 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ ᠬᠢᠶ᠎ᠠ ᠪᠠᠭᠰᠢ | ᠲᠣᠭᠤᠷᠢᠭ ᠤᠨ ᠠᠵᠤ ᠠᠬᠤᠶᠢᠯᠠᠯ ᠤᠨ ᠡᠮᠦᠨ᠎ᠡ ᠳᠤᠷᠠᠳᠤᠭᠰᠠᠨ ᠬᠢᠯᠢ ᠶᠢᠨ ᠳᠣᠲᠣᠨ᠎ᠠ ᠭᠠᠳᠠᠨᠠᠬᠢ ᠭᠤᠣᠯ ᠲᠡᠮᠳᠡᠭᠲᠦ ᠠᠷᠠᠯᠵᠢᠶᠠᠨ ᠤ ᠭᠠᠵᠠᠷ ᠲᠤ ᠰᠢᠭᠤᠳ ᠵᠠᠬ᠎ᠠ | ᠳᠡᠯᠭᠡᠭᠦᠷ ᠲᠤ ᠭᠠᠷᠤᠭᠰᠠᠳ ᠲᠤ 500 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ ᠬᠢᠶ᠎ᠠ ᠪᠠᠭᠰᠢ ᠲᠣᠭᠤᠷᠢᠭ ᠠᠴᠠ ᠭᠠᠳᠠᠨᠠᠬᠢ ᠰᠲ᠋ᠣᠺ ᠢᠶᠠᠨ ᠵᠠᠬ᠎ᠠ | ᠳᠡᠯᠭᠡᠭᠦᠷ ᠲᠤ ᠭᠠᠷᠭᠠᠭᠰᠠᠨ ᠺᠣᠮᠫᠠᠨᠢ ᠳᠠᠩᠰᠠᠯᠠᠭᠤᠯᠤᠭᠰᠠᠨ ᠭᠠᠵᠠᠷ ᠢᠶᠠᠨ ᠬᠢᠶ᠎ᠠ ᠪᠠᠭᠰᠢ ᠲᠣᠭᠤᠷᠢᠭ ᠲᠤ ᠨᠡᠭᠦᠯᠭᠡᠨ ᠠᠪᠴᠢᠷᠠᠵᠤ ᠬᠡᠪ ᠤᠨ ᠶᠣᠰᠣᠭᠠᠷ ᠡᠵᠡᠩᠨᠡᠭᠰᠡᠨ | ᠪᠥᠭᠡᠳ ᠬᠠᠤᠯᠢ ᠶᠣᠰᠣᠭᠠᠷ ᠲᠣᠰ ᠭᠠᠵᠠᠷ ᠲᠠᠭᠠᠨ ᠭᠠᠶᠢᠯᠢ ᠲᠤᠰᠢᠶᠠᠭᠰᠠᠨ ᠪᠠᠶᠢᠪᠠᠯ᠂ 500 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ | ︵ᠬᠤᠶᠠᠷ︶ ᠰᠲ᠋ᠣᠺ ᠡᠵᠡᠮᠰᠢᠬᠦ ᠲᠠᠪᠴᠠᠩ ᠤᠨ ᠱᠠᠩᠨᠠᠯ ᠥᠭᠬᠦ᠂ ᠬᠢᠶ᠎ᠠ ᠪᠠᠭᠰᠢ ᠲᠣᠭᠤᠷᠢᠭ ᠤᠨ ᠵᠢᠭᠠᠨ ᠲᠣᠭᠲᠠᠭᠠᠭᠰᠠᠨ ᠮᠥᠩᠭᠦᠨ ᠭᠦᠢᠯᠭᠡᠭᠡᠨ ᠤ | ᠴᠤᠭᠯᠠᠷᠠᠯ ᠤᠨ ᠲᠣᠭᠤᠷᠢᠭ ᠲᠤ ᠳᠠᠩᠰᠠᠯᠠᠭᠤᠯᠤᠭᠰᠠᠨ ᠠᠵᠢᠯᠲᠠᠨ ᠠᠵᠢᠯᠴᠢᠨ ᠤ ᠰᠲ᠋ᠣᠺ ᠡᠵᠡᠮᠰᠢᠬᠦ ᠲᠠᠪᠴᠠᠩ ᠳᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠭᠠᠷᠤᠭᠰᠠᠨ ᠠᠴᠠ ᠪᠣᠯᠵᠤ ︽ᠰᠲ᠋ᠣᠺ ᠤᠨ ᠬᠡᠮᠵᠢᠶ᠎ᠡ ᠪᠠᠨ ᠪᠠᠭᠠᠰᠬᠠᠬᠤ᠂ ᠨᠡᠶᠢᠯᠡᠭᠦᠯᠦᠨ ᠠᠪᠬᠤ᠂ ᠳᠠᠬᠢᠨ ᠨᠡᠶᠢᠯᠡᠭᠦᠯᠬᠦ︾ ᠵᠡᠷᠭᠡ ᠵᠦᠢᠯᠡᠰ ᠭᠠᠷᠪᠠᠯ᠂ ᠪᠡᠶ᠎ᠡ ᠪᠠᠨ | ᠳᠠᠭᠠᠭᠠᠵᠤ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠳᠤ ᠦᠵᠡᠭᠦᠯᠦᠭᠰᠡᠨ ᠬᠤᠪᠢ ᠨᠡᠮᠡᠷᠢ ᠪᠠᠷ ᠨᠢ ︽ | ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢᠶᠠᠷ ᠱᠠᠩᠨᠠᠯ ᠥᠭᠭᠦᠨ᠎ᠡ᠃ | ︵ᠭᠤᠷᠪᠠ︶ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠤᠨ ᠰᠢᠭᠤᠳ ᠪᠡᠯᠡ ᠣᠷᠣᠭᠤᠯᠬᠤ ᠶᠢ ᠠᠬᠢᠭᠤᠯᠵᠤ᠂ ᠰᠲ᠋ᠣᠺ ᠢᠶᠠᠨ ᠵᠠᠬ᠎ᠠ ᠳᠡᠯᠭᠡᠭᠦᠷ ᠲᠤ | ᠭᠠᠷᠭᠠᠭᠰᠠᠨ ᠺᠣᠮᠫᠠᠨᠢ ᠶᠢᠨ ᠬᠤᠪᠢ ᠲᠣᠬᠢᠷᠠᠭᠤᠯᠬᠤ᠂ ᠨᠡᠮᠡᠵᠦ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠬᠢᠨ ᠪᠡᠯᠡ ᠤᠷᠤᠭᠤᠯᠬᠤ ᠶᠢ ᠪᠡᠶᠡᠯᠡᠭᠦᠯᠦᠭᠰᠡᠨ ᠵᠢᠴᠢ | ᠪᠣᠳᠠᠲᠤ ᠴᠣᠭᠴᠠ ᠶᠢᠨ ᠠᠵᠤ ᠠᠬᠤᠶᠢᠯᠠᠯ ᠨᠢ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠫᠢᠶᠣᠣ ᠪᠠᠷᠢᠮᠲᠠ ᠶᠢᠨ ᠪᠡᠯᠡ ᠤᠷᠤᠭᠤᠯᠬᠤ᠂ ᠰᠲ᠋ᠣᠺ ᠤᠨ ᠡᠷᠬᠡ ᠶᠢᠨ | ᠪᠡᠯᠡ ᠤᠷᠤᠭᠤᠯᠬᠤ ︵IPO ᠪᠠᠭᠲᠠᠬᠤ ᠦᠭᠡᠢ︶᠂ ᠡᠳ᠋ ᠬᠥᠷᠥᠩᠭᠡ ᠶᠢᠨ ᠳᠡᠮᠳᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠭᠤᠳ ᠪᠡᠯᠡ ᠣᠷᠣᠭᠤᠯᠣᠭᠰᠠᠨ | ᠪᠠᠶᠢᠪᠠᠯ᠂ ᠭᠤᠶᠤᠴᠢᠯᠠᠯ ᠢᠶᠠᠷ ᠪᠡᠯᠡ ᠣᠷᠣᠭᠤᠯᠣᠭᠰᠠᠨ ᠳᠣᠭᠠᠨ ᠤ 1% ᠶᠢᠨ ᠱᠠᠩᠨᠠᠯ ᠥᠭᠴᠦ᠂ ᠠᠵᠤ ᠠᠬᠤᠶᠢᠯᠠᠯ ᠨᠢᠭᠡᠪᠦᠷᠢ ᠶᠢᠨ ᠵᠢᠯ ᠪᠦᠷᠢ ᠶᠢᠨ ᠲᠣᠰ | ᠵᠦᠢᠯ ᠤᠨ ᠱᠠᠩᠨᠠᠯ ᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠳᠥᠷᠪᠡ︶ ᠬᠥᠷᠥᠩᠭᠡ ᠪᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠵᠤ᠂ ᠳᠠᠩᠰᠠᠯᠠᠭᠤᠯᠤᠭᠰᠠᠨ ᠰᠠᠭᠤᠷᠢ ᠮᠥᠩᠭᠦ ᠶᠢ ᠠᠵᠤ ᠠᠬᠤᠶᠢᠯᠠᠯ ᠳᠤ | ᠣᠷᠣᠭᠤᠯᠤᠭᠰᠠᠨ ᠤ ᠳᠠᠷᠠᠭ᠎ᠠ ᠪᠡᠯᠡ ᠣᠷᠣᠭᠤᠯᠤᠭᠰᠠᠨ ᠠᠵᠤ ᠠᠬᠤᠶᠢᠯᠠᠯ ᠪᠤᠶᠤ ᠲᠥᠷᠥᠯ ᠵᠦᠢᠯ ᠢ ᠬᠢᠶ᠎ᠠ ᠪᠠᠭᠰᠢ ᠲᠣᠭᠤᠷᠢᠭ ᠲᠤ ᠣᠷᠣᠭᠤᠯᠤᠭᠰᠠᠨ ᠪᠠᠶᠢᠪᠠᠯ᠂ | ᠺᠣᠮᠫᠠᠨᠢ ᠳᠠᠩᠰᠠᠯᠠᠭᠤᠯᠤᠭᠠᠳ ᠪᠦᠷᠢᠨ ᠪᠦᠲᠦᠨ ᠨᠢᠭᠡ ᠨᠢᠭᠲᠠᠯᠠᠨ ᠪᠤᠳᠤᠬᠤ ᠣᠨ ᠪᠣᠯᠤᠭᠰᠠᠨ ᠤ ᠳᠠᠷᠠᠭ᠎ᠠ᠂ ᠰᠢᠨ᠎ᠡ ᠲᠥᠷᠥᠯ ᠵᠦᠢᠯ ᠤᠨ ᠲᠣᠰ ᠰᠠᠭᠤᠷᠢ | ᠮᠥᠩᠭᠦ ᠳᠠᠬᠢ ᠪᠣᠳᠠᠲᠠᠢ ᠰᠲ᠋ᠣᠺ ᠤᠨ ᠡᠷᠬᠡ ᠶᠢᠨ ᠪᠡᠯᠡ ᠤᠷᠤᠭᠤᠯᠤᠭᠰᠠᠨ ᠳᠣᠭᠠᠨ ᠤ 1% ᠪᠠᠷ ᠰᠢᠨ᠎ᠡ ᠪᠠᠷ ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠳᠤ | ᠱᠠᠩᠨᠠᠯ ᠥᠭᠴᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠲᠠᠪᠤᠳᠤᠭᠠᠷ ᠵᠣᠷᠪᠤᠰ ᠮᠥᠩᠭᠦᠨ ᠭᠦᠢᠯᠭᠡᠭᠡᠨ ᠤ ᠴᠢᠳᠠᠪᠤᠷᠢᠲᠠᠨ ᠢ ᠤᠷᠤᠭᠤᠯᠬᠤ ᠬᠥᠮᠥᠵᠢᠭᠦᠯᠬᠦ | ︵ᠨᠢᠭᠡ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠤ | ᠲᠤᠰᠢᠶᠠᠯ ᠡᠭᠦᠷᠭᠡᠯᠡᠭᠰᠡᠨ ᠪᠥᠭᠡᠳ ᠵᠢᠯ ᠤᠨ ᠴᠠᠯᠢᠩ ᠨᠢ ᠲᠣᠰ ᠬᠤᠲᠠ ᠶᠢᠨ ᠲᠦᠷᠦᠭᠦᠸ ᠵᠢᠯ ᠤᠨ ᠨᠡᠶᠢᠭᠡᠮ ᠤᠨ ᠳᠤᠮᠳᠠᠴᠢ ᠴᠠᠯᠢᠩ ᠤᠨ 6 ᠳᠠᠬᠢᠨ ᠵᠢᠴᠢ | ᠲᠡᠭᠦᠨ ᠠᠴᠠ ᠳᠡᠭᠡᠭᠰᠢ ᠪᠣᠯᠤᠭᠰᠠᠨ ᠲᠣᠰ ᠪᠠᠶᠢᠭᠤᠯᠤᠮᠵᠢ ᠶᠢᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠳᠤ᠂ ᠲᠥᠷᠥ ᠶᠢᠨ ᠪᠣᠳᠣᠯᠭ᠎ᠠ ᠶᠢ | ᠨᠡᠶᠢᠲᠡᠯᠡᠭᠰᠡᠨ ᠤ ᠳᠠᠷᠠᠭ᠎ᠠ ᠬᠢᠶ᠎ᠠ ᠪᠠᠭᠰᠢ ᠲᠣᠭᠤᠷᠢᠭ ︵ᠬᠤᠲᠠ ᠶᠢᠨ ᠨᠡᠶᠢᠭᠡᠮ ᠤᠨ ᠪᠠᠲᠤᠯᠠᠭ᠎ᠠ ᠶᠢ ᠪᠠᠭᠲᠠᠭᠠᠨ᠎ᠠ︶ ᠲᠤ ᠵᠠᠯᠭᠠᠭ᠎ᠠ ᠪᠠᠷ 2 ᠵᠢᠯ ᠨᠡᠶᠢᠭᠡᠮ ᠤᠨ | ᠳᠠᠭᠠᠳᠬᠠᠯ ᠲᠤᠰᠢᠶᠠᠭᠰᠠᠨ ᠤ ᠳᠠᠷᠠᠭ᠎ᠠ᠂ ᠨᠢᠭᠡ ᠤᠳᠠᠭ᠎ᠠ ᠶᠢᠨ ᠴᠢᠨᠠᠷᠲᠠᠢ ᠪᠠᠷ ᠬᠥᠮᠥᠨ ᠪᠦᠷᠢ ᠳᠤ 5 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ | ︵ᠬᠤᠶᠠᠷ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠤ | ᠠᠵᠢᠯᠯᠠᠵᠤ ᠪᠠᠶᠢᠭ᠎ᠠ ᠮᠥᠷᠲᠡᠭᠡᠨ CFA ︵ᠣᠨᠴᠠ ᠵᠥᠪᠰᠢᠶᠡᠷᠡᠯ ᠤᠨ ᠪᠦᠷᠢᠳᠬᠡᠯ ᠲᠠᠢ ᠮᠥᠩᠭᠦᠨ ᠭᠦᠢᠯᠭᠡᠭᠡᠨ ᠤ ᠵᠠᠳᠠᠯᠤᠭᠴᠢ︶ ᠶᠢᠨ ᠦᠨᠡᠮᠯᠡᠯ᠂ ACCA ︵ | ᠣᠯᠠᠨ ᠤᠯᠤᠰ ᠤᠨ ᠪᠦᠷᠢᠳᠬᠡᠯ ᠲᠠᠢ ᠨᠢᠭᠲᠠᠯᠠᠨ ᠪᠤᠳᠤᠭᠴᠢ︶ ᠶᠢᠨ ᠦᠨᠡᠮᠯᠡᠯ᠂ CPA ︵ ᠪᠦᠷᠢᠳᠬᠡᠯ ᠲᠠᠢ ᠨᠢᠭᠲᠠᠯᠠᠨ ᠪᠤᠳᠤᠭᠴᠢ︶ ᠶᠢᠨ ᠦᠨᠡᠮᠯᠡᠯ᠂ | ᠳᠠᠭᠠᠳᠬᠠᠯ ᠤᠨ ᠨᠠᠷᠢᠨ ᠪᠤᠳᠤᠭᠠᠴᠢ ᠶᠢᠨ ᠦᠨᠡᠮᠯᠡᠯ᠂ ᠡᠰᠡᠬᠦᠯ᠎ᠡ ᠪᠠᠲᠤᠯᠠᠨ ᠲᠠᠨᠢᠯᠴᠠᠭᠤᠯᠤᠭᠴᠢ ᠶᠢᠨ ᠬᠢᠷᠢ ᠬᠡᠮ ᠤᠨ ᠰᠢᠯᠭᠠᠯᠲᠠ᠂ ᠬᠡᠷᠡᠭ ᠮᠡᠳᠡᠭᠴᠢᠳ ᠤᠨ ᠵᠥᠪᠯᠡᠯ | ᠤᠨ ᠨᠠᠷᠢᠨ ᠪᠢᠴᠢᠭᠡᠴᠢ ᠶᠢᠨ ᠬᠢᠷᠢ ᠬᠡᠮ ᠤᠨ ᠰᠢᠯᠭᠠᠯᠲᠠ ᠶᠢ ᠥᠩᠭᠡᠷᠡᠭᠡᠭᠰᠡᠨ ᠮᠥᠩᠭᠦᠨ ᠭᠦᠢᠯᠭᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤ᠂ ᠲᠥᠷᠥ ᠶᠢᠨ | ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ ᠬᠢᠶ᠎ᠠ ᠪᠠᠭᠰᠢ ᠲᠣᠭᠤᠷᠢᠭ ︵ᠬᠤᠲᠠ ᠶᠢᠨ ᠨᠡᠶᠢᠭᠡᠮ ᠤᠨ ᠪᠠᠲᠤᠯᠠᠭ᠎ᠠ ᠶᠢ ᠪᠠᠭᠲᠠᠭᠠᠨ᠎ᠠ︶ ᠲᠤ ᠵᠠᠯᠭᠠᠭ᠎ᠠ ᠪᠠᠷ 2 ᠵᠢᠯ | ᠨᠡᠶᠢᠭᠡᠮ ᠤᠨ ᠳᠠᠭᠠᠳᠬᠠᠯ ᠲᠤᠰᠢᠶᠠᠭᠰᠠᠨ ᠤ ᠳᠠᠷᠠᠭ᠎ᠠ᠂ ᠬᠥᠮᠥᠨ ᠪᠦᠷᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ | ︵ᠭᠤᠷᠪᠠ︶ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠠᠵᠢᠯ ᠤᠨ | ᠦᠢᠯᠡᠴᠢᠯᠡᠭᠡᠨ ᠤ ᠲᠥᠪ ᠲᠤ ᠪᠦᠬᠦᠯᠢ ᠨᠢᠭᠡ ᠵᠢᠯ ᠠᠵᠢᠯᠯᠠᠭᠰᠠᠨ ᠪᠥᠭᠡᠳ ᠬᠢᠶ᠎ᠠ ᠪᠠᠭᠰᠢ ᠲᠣᠭᠤᠷᠢᠭ ᠲᠤ ᠵᠠᠭᠤᠨ ᠬᠦᠮᠦᠨ ᠠᠴᠠ ᠳᠡᠭᠡᠭᠰᠢ ᠬᠡᠪᠴᠢᠶᠡᠲᠦ | ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠮᠥᠵᠢᠭᠦᠯᠦᠯ᠂ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠪᠤᠯᠪᠠᠰᠣᠷᠠᠯ᠂ ᠪᠡᠯᠡ ᠣᠷᠣᠭᠤᠯᠤᠭᠴᠢ ᠶᠢᠨ ᠬᠥᠮᠦᠵᠢᠯ᠂ | ᠮᠥᠩᠭᠦᠨ ᠭᠦᠢᠯᠭᠡᠭᠡᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯᠯᠠᠭ᠎ᠠ ᠪᠠ ᠠᠵᠢᠯ ᠥᠷᠨᠢᠭᠦᠯᠦᠭᠰᠡᠨ ᠮᠥᠩᠭᠦᠨ ᠭᠦᠢᠯᠭᠡᠭᠡᠨ ᠤ | ᠴᠢᠳᠠᠪᠤᠷᠢᠲᠠᠨ ᠳᠤ᠂ ᠨᠢᠭᠡ ᠤᠳᠠᠭ᠎ᠠ ᠶᠢᠨ ᠴᠢᠨᠠᠷᠲᠠᠢ ᠪᠠᠷ 1 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ | ︵ᠳᠥᠷᠪᠡ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ | ᠺᠣᠮᠫᠠᠨᠢ ᠶᠢᠨ ᠣᠷᠣᠭᠤᠯᠤᠨ ᠠᠪᠴᠢᠷᠠᠭᠰᠠᠨ ᠲᠤᠰᠬᠠᠢ ᠣᠷᠣᠨ ᠤ ᠳᠡᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠭᠡᠳᠦ ᠳᠡᠰ ᠤᠨ ᠴᠢᠳᠠᠪᠤᠷᠢᠲᠠᠨ᠂ | ᠬᠤᠯᠪᠣᠭᠳᠠᠯ ᠪᠦᠬᠦᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ᠂ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭᠠᠨ ᠳᠤ | ᠬᠤᠲᠠ ᠪᠤᠶᠤ ᠲᠣᠭᠤᠷᠢᠭ ᠤᠨ ᠬᠠᠩᠭᠠᠭᠰᠠᠨ ᠨᠡᠶᠢᠲᠡ ᠶᠢᠨ ᠪᠠᠶᠢᠷᠢ ︵ᠬᠠᠮᠤᠭ ᠤᠨ ᠥᠨᠳᠥᠷ ᠲᠡᠭᠡᠨ 300 ᠲᠡᠭᠰᠢ ᠳᠥᠷᠪᠡᠯᠵᠢᠨ ᠮᠧᠲᠷ ᠠᠴᠠ ᠬᠡᠲᠦᠷᠡᠵᠦ ᠪᠣᠯᠬᠤ | ᠦᠭᠡᠢ︶ ᠶᠢ ᠰᠦᠢᠳᠬᠡᠯ ᠬᠤᠷᠢᠶᠠᠬᠤ ᠦᠭᠡᠢ ᠪᠠᠷ ᠬᠡᠷᠡᠭᠯᠡᠵᠦ᠂ ᠲᠣᠰ ᠠᠷᠭ᠎ᠠ ᠬᠡᠮᠵᠢᠶ᠎ᠡ ᠶᠢᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠵᠢᠯ ᠤᠳ | ᠲᠤ ᠬᠢᠶ᠎ᠠ ᠪᠠᠭᠰᠢ ᠲᠣᠭᠤᠷᠢᠭ ᠤᠨ ᠲᠣᠰ ᠭᠠᠵᠠᠷ ᠤᠨ ᠵᠠᠬ᠎ᠠ ᠳᠡᠯᠭᠡᠭᠦᠷ ᠤᠨ ᠭᠡᠷ ᠬᠥᠷᠥᠩᠭᠡ ᠶᠢᠨ ᠲᠦᠷᠢᠶᠡᠰᠦᠯᠡᠯ ᠤᠨ ᠦᠨ᠎ᠡ ᠬᠠᠩᠰᠢ ᠪᠠᠷ ᠬᠡᠷᠡᠭᠵᠢᠭᠦᠯᠦᠨ᠎ᠡ᠂ | ᠲᠤᠬᠠᠢ ᠶᠢᠨ ᠦᠶ᠎ᠡ ᠳᠤ ᠬᠡᠷᠪᠡ ᠪᠤᠰᠤᠳ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠠᠢ ᠪᠣᠯ ᠲᠡᠭᠦᠨ ᠤ ᠶᠣᠰᠣᠭᠠᠷ ᠬᠡᠷᠡᠭᠵᠢᠭᠦᠯᠵᠦ ᠪᠣᠯᠣᠨ᠎ᠠ᠃ | | ︵ᠲᠠᠪᠤ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ | ᠣᠷᠣᠭᠤᠯᠤᠨ ᠠᠪᠴᠢᠷᠠᠭᠰᠠᠨ ᠬᠤᠲᠠ᠂ ᠲᠣᠭᠤᠷᠢᠭ ᠬᠤᠶᠠᠷ ᠳᠡᠰ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠣᠭᠲᠠᠭᠠᠯ ᠳᠤ | ᠨᠡᠶᠢᠴᠡᠬᠦ ᠴᠢᠳᠠᠪᠤᠷᠢᠲᠠᠨ ᠳᠤ᠂ ᠣᠷᠣᠨ ᠰᠠᠭᠤᠴᠠ ᠶᠢᠨ ᠪᠠᠲᠤᠯᠠᠭ᠎ᠠ᠂ ᠬᠤᠯᠪᠣᠰᠤ ᠶᠢ ᠨᠢ ᠲᠥᠪᠬᠢᠨᠡᠭᠦᠯᠬᠦ᠂ ᠡᠷᠦᠬᠡ ᠠᠮᠠ ᠰᠢᠯᠵᠢᠭᠦᠯᠬᠦ᠂ ᠦᠷ᠎ᠡ ᠬᠡᠦᠬᠡᠳ ᠤᠨ | ᠰᠤᠷᠭᠠᠭᠤᠯᠢ ᠳᠤ ᠣᠷᠣᠬᠤ ᠵᠢᠴᠢ ᠪᠤᠰᠤᠳ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠠᠳᠠᠯᠢ ᠨᠥᠬᠦᠴᠡᠯ ᠤᠨ ᠳᠣᠣᠷ᠎ᠠ ᠬᠤᠲᠠ᠂ ᠲᠣᠭᠤᠷᠢᠭ ᠤᠨ | ᠲᠤᠰᠬᠠᠢ ᠵᠦᠢᠯ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠤᠷᠢᠳᠠᠪᠠᠷ ᠬᠦᠷᠲᠡᠭᠡᠨ᠎ᠡ᠃ | ᠵᠢᠷᠭᠤᠳᠤᠭᠠᠷ ᠵᠤᠷᠪᠤᠰ ᠮᠥᠩᠭᠦᠨ ᠭᠦᠢᠯᠭᠡᠭᠡᠨ ᠤ ᠲᠦᠬᠦᠷ ᠦᠢᠯᠡᠴᠢᠯᠡᠭᠡ ᠶᠢ ᠳᠡᠭᠦᠯᠳᠡᠷᠵᠢᠭᠦᠯᠬᠦ | ︵ᠨᠢᠭᠡ︶ ᠬᠢᠶ᠎ᠠ ᠪᠠᠭᠰᠢ ᠳᠤ ᠳᠠᠩᠰᠠᠯᠠᠭᠤᠯᠤᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠳᠠᠩᠰᠠᠯᠠᠭᠤᠯᠬᠤ ᠶᠢ ᠬᠢᠨᠠᠨ ᠵᠥᠪᠰᠢᠶᠡᠷᠡᠬᠦ | ᠂ ᠦᠢᠯᠡᠳᠪᠦᠷᠢ ᠬᠤᠳᠠᠯᠳᠣᠭᠠᠨ ᠤ ᠪᠦᠷᠢᠳᠬᠡᠬᠦ ᠳᠤ ᠲᠥᠬᠦᠮ ᠦᠵᠡᠭᠦᠯᠵᠦ᠂ ᠳᠠᠭᠠᠭᠤᠯᠤᠨ ᠭᠦᠢᠴᠡᠳᠬᠡᠬᠦ᠂ ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ | ᠦᠢᠯᠡᠴᠢᠯᠡᠭᠡ ᠬᠠᠩᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠤᠨ ᠠᠯᠪᠠᠯᠠᠬᠤ ᠭᠡᠷ ᠪᠠᠶᠢᠰᠢᠩ ᠳᠣᠭᠳᠠᠭᠠᠬᠤ ᠶᠢ ᠵᠣᠬᠢᠴᠠᠭᠤᠯᠤᠨ᠎ᠠ᠃ | ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠯᠭᠡᠨ ᠣᠷᠣᠭᠤᠯᠤᠭᠰᠠᠨ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦ᠂ ᠰᠠᠭᠤᠷᠢ ᠮᠥᠩᠭᠦᠨ ᠤ | ᠬᠠᠮᠢᠶᠠᠷᠤᠯᠲᠠ ᠶᠢᠨ ᠺᠣᠮᠫᠠᠨᠢ᠂ ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠵᠡᠷᠭᠡ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠨᠢ | ᠵᠢᠭᠠᠨ ᠲᠣᠭᠲᠠᠭᠠᠭᠰᠠᠨ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠲᠤ ᠣᠷᠣᠵᠤ ᠰᠠᠭᠤᠪᠠᠯ᠂ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢ | ᠠᠪᠴᠤ᠂ ᠪᠠᠶᠢᠭᠤᠯᠤᠮᠵᠢ ᠶᠢᠨ ᠳᠡᠩᠰᠡᠯᠡᠵᠦ ᠬᠢᠨᠠᠨ ᠵᠥᠪᠰᠢᠶᠡᠷᠡᠬᠦ᠂ ᠦᠢᠯᠡᠳᠪᠦᠷᠢ ᠬᠤᠳᠠᠯᠳᠤᠭᠠᠨ ᠤ ᠪᠦᠷᠢᠳᠬᠡᠬᠦ ᠳᠤ ᠰᠠᠭᠠᠳ ᠦᠭᠡᠢ ᠨᠡᠪᠲᠡᠷᠡᠬᠦ ᠵᠠᠮ ᠢ | ᠬᠠᠩᠭᠠᠨ᠎ᠠ᠃ | ︵ᠬᠤᠶᠠᠷ︶ ᠳᠡᠭᠡᠳᠦ ᠱᠠᠲᠤᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠨᠡᠶᠢᠴᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ | ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠤ ᠬᠠᠪᠰᠤᠷᠤᠨ ᠭᠦᠢᠴᠡᠳᠬᠡᠬᠦ᠂ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠤᠯᠤᠨ᠎ᠠ᠃ ᠲᠣᠰ ᠠᠷᠭ᠎ᠠ ᠬᠡᠮᠵᠢᠶ᠎ᠡ ᠶᠢ ᠨᠡᠶᠢᠲᠡᠯᠡᠬᠦ ᠠᠴᠠ | ᠡᠮᠦᠨ᠎ᠡ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠯᠭᠡᠨ ᠣᠷᠣᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠡᠯ᠎ᠡ ᠵᠦᠢᠯ ᠤᠨ ᠦᠢᠯᠡᠴᠢᠯᠡᠭᠡ ᠶᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠠᠰ ᠠᠰ ᠢᠶᠠᠷ ᠨᠢ ᠵᠥᠪᠯᠡᠬᠦ︾ ᠵᠠᠷᠴᠢᠮ ᠶᠣᠰᠣᠭᠠᠷ ᠵᠣᠬᠢᠬᠤ ᠳᠡᠮᠵᠢᠯᠭᠡ ᠦᠵᠡᠭᠦᠯᠦᠨ᠎ᠡ᠃ | ︵ᠭᠤᠷᠪᠠ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠥᠪᠡᠷ ᠢᠶᠠᠨ | ᠠᠯᠪᠠᠨ ᠬᠡᠷᠡᠭᠯᠡᠭᠡᠨ ᠤ ᠭᠡᠷ ᠪᠠᠶᠢᠰᠢᠩ ᠪᠠᠷᠢᠭᠰᠠᠨ ᠪᠠᠶᠢᠪᠠᠯ᠂ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ︔ ᠬᠢᠶ᠎ᠠ ᠪᠠᠭᠰᠢ | ᠲᠣᠭᠤᠷᠢᠭ ᠤᠨ ᠲᠥᠯᠦᠪᠵᠢᠭᠦᠯᠭᠡ ᠶᠢᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠤᠳᠠᠯᠳᠤᠨ ᠠᠪᠴᠤ ᠥᠪᠡᠷ ᠢᠶᠠᠨ ᠬᠡᠷᠡᠭᠯᠡᠬᠦ ᠠᠯᠪᠠᠨ | ᠬᠡᠷᠡᠭᠯᠡᠭᠡᠨ ᠤ ᠭᠡᠷ ᠪᠠᠶᠢᠰᠢᠩ ᠪᠤᠯᠭᠠᠪᠠᠯ᠂ ᠨᠢᠭᠡ ᠳᠡᠭᠰᠢ ᠲᠦᠷᠪᠡᠯᠵᠢᠨ ᠮᠧᠲᠷ ᠪᠦᠷᠢ ᠳᠤ 1000 ᠲᠥᠭᠦᠷᠢᠭ ᠤᠨ ᠨᠥᠬᠦᠪᠦᠷᠢ ᠮᠥᠩᠭᠦ ᠥᠭᠴᠦ᠂ ᠶᠡᠷᠦᠩᠬᠡᠢ | ᠲᠤᠭ᠎ᠠ ᠶᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠠᠯᠪᠠᠨ ᠭᠡᠷ ᠲᠦᠷᠢᠶᠡᠰᠦᠯᠡᠬᠦ ᠳᠤ 300 ᠳᠡᠭᠰᠢ ᠲᠦᠷᠪᠡᠯᠵᠢᠨ ᠮᠧᠲᠷ ᠠᠴᠠ ᠳᠣᠷᠣᠭᠰᠢ ︵ | 300 ᠳᠡᠭᠰᠢ ᠲᠦᠷᠪᠡᠯᠵᠢᠨ ᠮᠧᠲᠷ ᠠᠴᠠ ᠬᠡᠲᠦᠷᠡᠭᠰᠡᠨ ᠬᠡᠰᠡᠭ ᠢ ᠠᠵᠤ ᠠᠬᠤᠶᠢᠯᠠᠯ ᠥᠪᠡᠷ ᠢᠶᠠᠨ ᠡᠭᠦᠷᠭᠡᠯᠡᠨ᠎ᠡ︶ ᠪᠣᠯ ᠵᠢᠯ ᠤᠨ ᠲᠦᠷᠢᠶᠡᠰᠦᠨ ᠮᠥᠩᠭᠦ ᠪᠠᠷ | ᠡᠮᠦᠨ᠎ᠡ 3 ᠵᠢᠯ ᠤᠨ 50% ᠶᠢᠨ ᠲᠦᠷᠢᠶᠡᠰᠦᠯᠡᠬᠦ ᠨᠥᠬᠦᠪᠦᠷᠢ ᠥᠭᠴᠦ᠂ ᠡᠷᠦᠬᠡ ᠪᠦᠷᠢ ᠳᠤ ᠨᠡᠶᠢᠲᠡ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠳᠥᠷᠪᠡ︶ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠤᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠲᠦᠷᠢᠶᠡᠰᠦᠯᠡᠨ ᠡᠵᠡᠩᠨᠡᠬᠦ ᠲᠠᠪᠴᠠᠩ ᠢ | ᠵᠢᠭᠠᠨ ᠲᠣᠭᠲᠠᠭᠠᠵᠤ᠂ ᠣᠷᠣᠵᠤ ᠰᠠᠭᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ︽ᠭᠤᠷᠪᠠ ᠶᠢ ᠬᠡᠯᠲᠦᠷᠢᠭᠦᠯᠵᠦ ᠬᠤᠶᠠᠷ ᠢ ᠬᠠᠭᠠᠰ ᠢᠶᠠᠷ ᠬᠠᠰᠤᠬᠤ︾ | ᠲᠥᠷᠥ ᠶᠢᠨ ᠪᠣᠳᠣᠯᠭ᠎ᠠ ︵ᠳᠠᠷᠤᠢ ᠡᠵᠡᠩᠨᠡᠯᠲᠡ ᠶᠢᠨ ᠲᠠᠪᠴᠠᠩ ᠤᠨ ᠡᠮᠦᠨ᠎ᠡ ᠭᠤᠷᠪᠠᠨ ᠵᠢᠯ ᠳᠤ ᠲᠦᠷᠢᠶᠡᠰᠦᠨ ᠮᠥᠩᠭᠦ ᠬᠡᠯᠲᠦᠷᠢᠭᠦᠯᠵᠦ ᠰᠡᠭᠦᠯ ᠤᠨ ᠬᠤᠶᠠᠷ | ᠵᠢᠯ ᠳᠤ ᠬᠠᠭᠠᠰ ᠢᠶᠠᠷ ᠬᠠᠰᠤᠵᠤ ᠬᠤᠷᠢᠶᠠᠬᠤ︶ ᠶᠢ ᠬᠡᠷᠡᠭᠵᠢᠭᠦᠯᠦᠭᠰᠡᠨ ᠤᠷᠢᠲᠠᠯ ᠳᠣᠣᠷ᠎ᠠ᠂ ᠡᠮᠦᠨ᠎ᠡ ᠭᠤᠷᠪᠠᠨ ᠵᠢᠯ ᠤᠨ ᠲᠦᠷᠢᠶᠡᠰᠦᠨ ᠮᠥᠩᠭᠦ ᠶᠢᠨ 50%᠂ | ᠰᠡᠭᠦᠯ ᠤᠨ ᠬᠤᠶᠠᠷ ᠵᠢᠯ ᠤᠨ 25% ᠮᠥᠷᠲᠡᠭᠡᠨ ᠡᠷᠦᠬᠡ ᠪᠦᠷᠢ ᠳᠤ ᠵᠢᠯ ᠪᠦᠷᠢ 10 ᠲᠦᠮᠡᠨ ᠲᠥᠭᠦᠷᠢᠭ ᠠᠴᠠ ᠥᠯᠥ ᠬᠡᠲᠦᠷᠡᠬᠦ ᠪᠠᠷᠢᠮᠵᠢᠶ᠎ᠠ ᠶᠢᠨ ᠨᠥᠬᠦᠪᠦᠷᠢ | ᠥᠭᠴᠦ᠂ ᠡᠵᠡᠩᠨᠡᠯᠲᠡ ᠶᠢᠨ ᠲᠠᠪᠴᠠᠩ ᠤᠨ ᠨᠥᠬᠦᠪᠦᠷᠢ ᠥᠭᠴᠦ᠂ ᠵᠢᠯ ᠪᠦᠷᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠭᠦᠯᠬᠦ | ᠦᠭᠡᠢ᠃ | ︵ᠲᠠᠪᠤ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠬᠠᠮᠢᠶ᠎ᠠ ᠪᠦᠬᠦᠢ ᠬᠢᠷᠢ ᠬᠡᠮ ᠣᠯᠣᠭᠰᠠᠨ ᠢᠲᠡᠭᠡᠮᠵᠢ ᠶᠢᠨ ᠺᠣᠮᠫᠠᠨᠢ᠂ ᠬᠥᠷᠥᠩᠭᠡ | ᠢᠲᠡᠭᠡᠮᠵᠢ ︵ᠲᠠᠰ ᠲᠣᠭᠲᠠᠭᠠᠬᠤ︶ ᠶᠢᠨ ᠺᠣᠮᠫᠠᠨᠢ᠂ ᠡᠳ᠋ ᠬᠥᠷᠥᠩᠭᠡ ᠶᠢ ᠦᠨᠡᠯᠡᠨ ᠵᠢᠱᠢᠬᠦ ᠺᠣᠮᠫᠠᠨᠢ᠂ ᠡᠳ᠋ ᠤᠨ ᠶᠠᠪᠤᠳᠠᠯ ᠤᠨ ᠬᠢᠨᠠᠨ ᠪᠤᠳᠤᠬᠤ ᠺᠣᠮᠫᠠᠨᠢ ︵ᠭᠠᠵᠠᠷ | ︶᠂ ᠬᠠᠤᠯᠢᠴᠢ ᠶᠢᠨ ᠠᠵᠢᠯ ᠤᠨ ᠭᠠᠵᠠᠷ᠂ ᠠᠯᠪᠠᠨ ᠭᠡᠷᠡᠴᠢᠯᠡᠭᠡᠨ ᠤ ᠭᠠᠵᠠᠷ ᠵᠡᠷᠭᠡ ᠮᠥᠩᠭᠦᠨ ᠭᠦᠢᠯᠭᠡᠭᠡᠨ ᠤ ᠬᠠᠮᠢᠶ᠎ᠠ ᠪᠦᠬᠦᠢ ᠲᠥᠬᠦᠷ ᠦᠢᠯᠡᠴᠢᠯᠡᠭᠡᠨ ᠤ | ᠪᠠᠶᠢᠭᠤᠯᠤᠮᠵᠢ ᠳᠤ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠱᠠᠩᠨᠠᠯ ᠥᠭᠴᠦ᠂ ᠨᠢᠭᠡ ᠪᠠᠶᠢᠭᠤᠯᠤᠮᠵᠢ ᠳᠤ ᠥᠭᠬᠦ ᠲᠣᠰ ᠱᠠᠩᠨᠠᠯ ᠢ | ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠵᠢᠷᠭᠤᠭ᠎ᠠ︶ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠳᠠᠩᠰᠠᠯᠠᠭᠤᠯᠬᠤ ᠪᠤᠶᠤ ᠨᠠᠶᠢᠳᠠᠵᠤ᠂ ᠬᠢᠶ᠎ᠠ | ᠪᠠᠭᠰᠢ ᠲᠣᠭᠤᠷᠢᠭ ᠲᠤ ᠰᠡᠳᠦᠪ ᠤᠨ ᠰᠣᠳᠣᠯᠣᠯᠳᠠ᠂ ᠮᠥᠩᠭᠦᠨ ᠭᠦᠢᠯᠭᠡᠭᠡᠨ ᠤ ᠦᠭᠦᠯᠡᠯ ᠤᠨ ᠲᠠᠪᠴᠠᠩ᠂ ᠡᠯ᠎ᠡ ᠲᠥᠷᠥᠯ ᠤᠨ ᠴᠤᠭᠯᠠᠭᠠᠨ᠂ ᠲᠥᠷᠥ ᠶᠢᠨ | ᠪᠣᠳᠣᠯᠭ᠎ᠠ ᠨᠡᠶᠢᠲᠡᠯᠡᠬᠦ ᠬᠤᠷᠠᠯ᠂ ᠪᠡᠯᠡ ᠤᠷᠤᠭᠤᠯᠬᠤ ᠶᠢ ᠵᠠᠯᠭᠠᠯᠳᠣᠭᠤᠯᠬᠤ ᠬᠤᠷᠠᠯ ᠵᠢᠴᠢ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠨ ᠪᠣᠶᠢᠵᠢᠭᠤᠯᠬᠤ ᠵᠡᠷᠭᠡ | ᠮᠥᠩᠭᠦᠨ ᠭᠦᠢᠯᠭᠡᠭᠡᠨ ᠤ ᠲᠤᠰᠬᠠᠢ ᠮᠡᠷᠭᠡᠵᠢᠯ ᠤᠨ ᠬᠤᠷᠠᠯ ᠤᠨ ᠠᠵᠢᠯᠯᠠᠭ᠎ᠠ ᠥᠷᠨᠢᠭᠦᠯᠦᠭᠰᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠥᠬᠦᠴᠡᠯ ᠳᠤ | ᠨᠡᠶᠢᠴᠡᠨ᠎ᠡ ᠭᠡᠵᠦ ᠮᠠᠭᠠᠳᠯᠠᠨ ᠲᠣᠭᠲᠠᠭᠠᠭᠰᠠᠨ ᠪᠠᠶᠢᠪᠠᠯ᠂ ᠪᠣᠳᠠᠲᠠᠢ ᠠᠵᠢᠯᠯᠠᠭᠠᠨ ᠤ ᠵᠠᠷᠤᠳᠠᠯ ︵ᠵᠠᠰᠠᠭ ᠤᠨ ᠣᠷᠳᠣᠨ ᠤ ᠳᠡᠮᠵᠢᠯᠭᠡ ᠶᠢᠨ ᠵᠠᠷᠤᠳᠠᠯ ᠠᠴᠠ ᠪᠤᠰᠤᠳ | ︶ ᠤᠨ 50% ᠪᠠᠷ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠲᠠᠯ᠎ᠠ ᠳᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠴᠦ᠂ ᠬᠠᠮᠤᠭ ᠤᠨ ᠥᠨᠳᠥᠷ | ᠨᠥᠬᠦᠪᠦᠷᠢ ᠶᠢ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ᠂ ᠬᠤᠰᠢᠭᠤ ᠲᠣᠭᠤᠷᠢᠭ ᠤᠨ ᠲᠠᠰ ᠢᠶᠠᠷ ᠲᠥᠷᠥᠯ ᠬᠤᠪᠢᠶᠠᠵᠤ᠂ | ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠳᠣᠯᠤᠭ᠎ᠠ︶ ᠪᠡᠯᠡ ᠤᠷᠤᠭᠤᠯᠬᠤ ᠳᠠᠭᠠᠭᠠᠯᠲᠠ ᠶᠢᠨ ᠺᠣᠮᠫᠠᠨᠢ ᠨᠢ ᠬᠢᠶ᠎ᠠ ᠪᠠᠭᠰᠢ ᠲᠣᠭᠤᠷᠢᠭ ᠤᠨ ᠲᠣᠰ ᠭᠠᠵᠠᠷ ᠤᠨ ᠳᠠᠩᠰᠠᠯᠠᠭᠤᠯᠤᠭᠰᠠᠨ ᠠᠵᠤ | ᠠᠬᠤᠶᠢᠯᠠᠯ ᠳᠤ ᠳᠠᠭᠠᠭᠠᠯᠲᠠ ᠬᠠᠩᠭᠠᠭᠰᠠᠨ ᠪᠠᠶᠢᠪᠠᠯ᠂ ᠳᠠᠭᠠᠭᠠᠯᠲᠠ ᠶᠢᠨ ᠲᠤᠭ᠎ᠠ ᠶᠢᠨ 1‰ ᠶᠣᠰᠣᠭᠠᠷ ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ | 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠨᠠᠢᠮᠠ︶ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ᠂ ᠠᠵᠢᠯ ᠲᠦᠷᠦᠯ ᠤᠨ ᠬᠢᠨ ᠤ ᠨᠡᠶᠢᠭᠡᠮᠯᠢᠭ ᠵᠡᠷᠭᠡ ᠭᠤᠷᠪᠠᠳᠠᠭᠢ ᠡᠲᠡᠭᠡᠳ ᠤᠨ | ᠪᠠᠶᠢᠭᠤᠯᠤᠮᠵᠢ ᠪᠤᠶᠤ ᠬᠤᠪᠢ ᠬᠥᠮᠥᠨ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠨᠡᠭᠦᠵᠦ ᠣᠷᠣᠬᠤ ᠶᠠᠪᠤᠴᠠ ᠳᠤ ᠵᠠᠩᠭᠢᠯᠠᠭ᠎ᠠ ᠶᠢᠨ ᠴᠢᠨᠠᠷᠲᠠᠢ | ᠦᠢᠯᠡᠳᠦᠯ ᠦᠵᠡᠭᠦᠯᠦᠭᠰᠡᠨ ᠢᠶᠠᠷ ᠮᠠᠭᠠᠳᠯᠠᠨ ᠲᠣᠭᠲᠠᠭᠠᠬᠤ ᠪᠠᠷ ᠳᠠᠮᠵᠢᠭᠤᠯᠤᠨ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠠᠩᠰᠠᠯᠠᠭᠤᠯᠤᠭᠰᠠᠨ | ᠪᠥᠭᠡᠳ ᠬᠡᠪ ᠤᠨ ᠡᠵᠡᠩᠨᠡᠯᠲᠡ ᠨᠢ ᠨᠢᠭᠡ ᠪᠦᠷᠢᠨ ᠪᠦᠲᠦᠨ ᠨᠢᠭᠲᠠᠯᠠᠨ ᠪᠤᠳᠤᠬᠤ ᠣᠨ ᠪᠣᠯᠤᠭᠰᠠᠨ ᠤ ᠲᠠᠷᠠᠭ᠎ᠠ᠂ ︽ᠠᠰ ᠠᠰ ᠢᠶᠠᠷ ᠨᠢ ᠵᠥᠪᠯᠡᠬᠦ︾ ᠪᠠᠷ | ᠳᠠᠮᠵᠢᠭᠤᠯᠤᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠤᠶᠤ ᠬᠤᠪᠢ ᠬᠥᠮᠥᠨ ᠳᠤ ᠱᠠᠩᠨᠠᠯ ᠥᠭᠴᠦ᠂ ᠬᠠᠮᠤᠭ ᠤᠨ ᠥᠨᠳᠥᠷ ᠲᠡᠭᠡᠨ 500 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠃ | ᠲᠣᠰ ᠠᠷᠭ᠎ᠠ ᠬᠡᠮᠵᠢᠶ᠎ᠡ ᠳᠤ ᠬᠡᠯᠡᠵᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯ ᠴᠥᠮ ᠬᠢᠶ᠎ᠠ ᠪᠠᠭᠰᠢ ᠳᠤ ᠳᠠᠩᠰᠠᠯᠠᠭᠤᠯᠤᠭᠰᠠᠨ ᠬᠡᠪ ᠤᠨ | ᠲᠣᠭᠲᠠᠭᠠᠯ ᠳᠤ ᠨᠠᠶᠢᠴᠡᠭᠰᠡᠨ ᠡᠵᠡᠩᠨᠡᠵᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ᠎ᠠ᠂ ᠵᠢᠭᠠᠵᠤ ᠪᠠᠶᠢᠭ᠎ᠠ ᠪᠡᠯᠡ ᠮᠥᠩᠭᠦᠨ ᠤ ᠵᠣᠭᠤᠰ ᠤᠨ ᠲᠥᠷᠥᠯ | ᠨᠢ ᠴᠥᠮ ᠠᠷᠠᠳ ᠤᠨ ᠵᠣᠭᠤᠰ ᠪᠣᠯᠣᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠨᠤᠳᠤᠭᠯᠠᠭᠰᠠᠨ ᠱᠠᠩᠨᠠᠯ ᠤᠨ ᠮᠥᠩᠭᠦ ᠪᠠᠨ ᠬᠠᠶᠠᠬᠤ ᠶᠢ ᠰᠣᠩᠭᠤᠭᠰᠠᠨ | ᠪᠠᠶᠢᠪᠠᠯ᠂ ︽ᠠᠰ ᠠᠰ ᠢᠶᠠᠷ ᠨᠢ ᠵᠥᠪᠯᠡᠬᠦ︾ ᠪᠠᠷ ᠪᠤᠰᠤᠳ ᠵᠦᠢᠯᠡᠰ ᠢ ᠪᠣᠯᠵᠣᠨ ᠲᠣᠭᠲᠠᠵᠤ ᠪᠣᠯᠣᠨ᠎ᠠ᠃ ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ | ᠨᠤᠳᠤᠭᠯᠠᠭᠰᠠᠨ ᠱᠠᠩᠨᠠᠯ ᠢ ᠵᠢᠯ ᠪᠦᠷᠢ 20% ᠪᠠᠷ ᠥᠭᠴᠦ᠂ ᠪᠤᠰᠤᠳ ᠱᠠᠩᠨᠠᠯ ᠪᠠ ᠨᠥᠬᠦᠪᠦᠷᠢ ᠶᠢ ᠨᠥᠬᠦᠴᠡᠯ ᠢ ᠬᠠᠩᠭᠠᠭᠰᠠᠨ ᠤ ᠳᠠᠷᠠᠭ᠎ᠠ ᠵᠢᠯ ᠳᠤᠨᠢ ᠨᠢᠭᠡ | ᠤᠳᠠᠭ᠎ᠠ ᠶᠢᠨ ᠴᠢᠨᠠᠷᠲᠠᠢ ᠪᠠᠷ ᠥᠭᠬᠦᠨ᠎ᠡ᠃ ᠲᠣᠰ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠴᠠ ᠳᠤ᠂ ᠬᠢᠶ᠎ᠠ ᠪᠠᠭᠰᠢ ᠲᠣᠭᠤᠷᠢᠭ ᠤᠨ ᠠᠳᠠᠯᠢ ᠲᠥᠷᠥᠯ ᠤᠨ ᠪᠤᠰᠤᠳ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠥᠨᠳᠥᠷ ᠢ ᠨᠢ ᠰᠣᠩᠭᠤᠵᠣ ᠥᠯᠥ ᠳᠠᠪᠬᠤᠷᠳᠠᠭᠤᠯᠬᠤ ᠵᠠᠷᠴᠢᠮ ᠢᠶᠠᠷ ᠬᠦᠷᠳᠡᠨ᠂ ᠬᠡᠷᠪᠡ ᠤᠯᠤᠰ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠣᠷᠳᠣᠰ ᠬᠤᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠯᠤᠭ᠎ᠠ | ᠨᠢᠭᠡᠳᠦᠯ ᠦᠭᠡᠢ ᠭᠠᠵᠠᠷ ᠪᠠᠶᠢᠪᠠᠯ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠂ ᠵᠢᠱᠢᠶᠡᠯᠡᠪᠡᠯ ᠳᠠᠷᠤᠮᠠᠯᠯᠠᠨ ᠲᠠᠷᠬᠠᠭᠠᠭᠰᠠᠨ | ᠨᠥᠬᠦᠪᠦᠷᠢ ᠲᠣᠭᠲᠠᠭᠠᠯ ᠢ ᠨᠥᠬᠦᠪᠦᠷᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠯ ᠪᠠ ᠨᠥᠬᠦᠪᠦᠷᠢ ᠶᠢ | ᠬᠦᠷᠲᠡᠵᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠤᠳ ᠴᠥᠮ ᠠᠷᠭ᠎ᠠ ᠬᠡᠮᠵᠢᠶ᠎ᠡ ᠶᠢ ᠭᠥᠷᠳᠡᠬᠦ ᠠᠴᠠ ᠡᠬᠢᠯᠡᠨ 5 ᠵᠢᠯ ᠤᠨ | ᠳᠣᠲᠣᠷ᠎ᠠ ᠬᠢᠶ᠎ᠠ ᠪᠠᠭᠰᠢ ᠠᠴᠠ ᠨᠡᠭᠦᠵᠦ ᠶᠠᠪᠤᠬᠤ ᠦᠭᠡᠢ᠂ ᠳᠠᠩᠰᠠᠯᠠᠭᠤᠯᠤᠭᠰᠠᠨ ᠬᠥᠷᠥᠩᠭᠡ ᠪᠠᠨ ᠬᠠᠰᠤᠵᠤ ᠦᠭᠡᠢ᠂ ᠬᠤᠪᠢ ᠬᠥᠮᠥᠨ ᠤ ᠨᠡᠶᠢᠭᠡᠮ ᠤᠨ | ᠳᠠᠭᠠᠳᠬᠠᠯ ᠤᠨ ᠬᠠᠷᠢᠴᠠᠭ᠎ᠠ ᠶᠢ ᠠᠷᠭ᠎ᠠ ᠬᠡᠮᠵᠢᠶ᠎ᠡ ᠡᠳ᠋ᠯᠡᠭᠰᠡᠨ ᠠᠴᠠ ᠡᠬᠢᠯᠡᠨ 5 ᠵᠢᠯ ᠤᠨ ᠳᠣᠲᠣᠷ᠎ᠠ ᠬᠢᠶ᠎ᠠ ᠪᠠᠭᠰᠢ ᠠᠴᠠ ᠨᠡᠭᠦᠵᠦ ᠶᠠᠪᠤᠬᠤ ᠦᠭᠡᠢ ᠭᠡᠵᠦ | ᠪᠢᠴᠢᠭ ᠢᠶᠠᠷ ᠠᠮᠠᠯᠠᠬᠤ ᠬᠡᠷᠡᠭᠲᠡᠢ᠂ ᠬᠡᠷᠪᠡ ᠣᠨᠴᠠᠭᠠᠶ ᠰᠢᠯᠲᠠᠭᠠᠨ ᠠᠴᠠ ᠪᠣᠯᠵᠤ ᠡᠷᠬᠡᠪᠰᠢ ᠨᠡᠬᠦᠭᠦ ᠪᠤᠶᠤ ᠬᠥᠷᠥᠩᠭᠡ ᠪᠠᠨ ᠬᠠᠰᠤᠬᠤ ᠴᠢᠬᠤᠯᠠᠲᠠᠢ ᠪᠠᠶᠢᠪᠠᠯ᠂ | ᠨᠢᠭᠡᠨᠲᠡ ᠭᠥᠷᠳᠡᠭᠰᠡᠨ ᠱᠠᠩᠨᠠᠯ ᠪᠠ ᠨᠥᠬᠦᠪᠦᠷᠢ ᠶᠢ ᠪᠤᠴᠠᠭᠠᠵᠤ ᠥᠭᠬᠦ ᠬᠡᠷᠡᠭᠲᠡᠢ᠃ ᠪᠣᠶ ᠪᠦᠬᠦᠢ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ | ᠠᠬᠤᠶᠢᠯᠠᠯ ᠨᠢ ᠴᠥᠮ ᠬᠠᠤᠯᠢ ᠲᠣᠭᠲᠠᠭᠠᠯ ᠳᠤ ᠨᠠᠶᠢᠴᠠᠨ ᠡᠵᠡᠩᠨᠡᠵᠦ᠂ ᠬᠠᠤᠯᠢ ᠶᠣᠰᠣᠭᠠᠷ ᠲᠣᠰ ᠭᠠᠵᠠᠷ ᠲᠠᠭᠠᠨ ᠭᠠᠶᠢᠯᠢ ᠲᠤᠰᠢᠶᠠᠬᠤ ᠬᠡᠷᠡᠭᠲᠡᠢ᠂ ᠬᠡᠷᠪᠡ ᠬᠠᠮᠢᠶ᠎ᠠ | ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠠᠴᠠ ᠪᠣᠯᠵᠤ ᠵᠠᠰᠠᠭ ᠵᠠᠬᠢᠷᠭᠠᠨ ᠤ | ᠰᠢᠳᠬᠡᠯ ᠣᠯᠣᠭᠰᠠᠨ ᠪᠤᠶᠤ ᠡᠷᠡᠭᠦᠦ ᠶᠢᠨ ᠬᠡᠷᠡᠭ ᠢᠶᠠᠷ ᠬᠡᠷᠡᠭ ᠪᠣᠯᠭᠠᠨ ᠪᠠᠶᠢᠴᠠᠭᠠᠭᠳᠠᠭᠰᠠᠨ ᠪᠠᠶᠢᠪᠠᠯ᠂ ᠨᠢᠭᠡᠨᠲᠡ ᠭᠥᠷᠳᠡᠭᠰᠡᠨ ᠱᠠᠩᠨᠠᠯ ᠪᠠ ᠨᠥᠬᠦᠪᠦᠷᠢ ᠶᠢ | ᠪᠤᠴᠠᠭᠠᠵᠤ ᠥᠭᠬᠦ ᠬᠡᠷᠡᠭᠲᠡᠢ᠃ ᠱᠠᠩᠨᠠᠯ ᠪᠠ ᠨᠥᠬᠦᠪᠦᠷᠢ ᠥᠭᠬᠦ ᠶᠢ ᠭᠤᠶᠤᠴᠢᠯᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠪᠠ ᠬᠤᠪᠢ | ᠬᠥᠮᠥᠨ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠵᠤ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠦᠨ ᠱᠠᠩᠨᠠᠯ ᠪᠠ ᠨᠥᠬᠦᠪᠦᠷᠢ | ᠮᠡᠬᠡᠯᠡᠨ ᠠᠪᠤᠭᠰᠠᠨ ᠪᠠᠶᠢᠪᠠᠯ᠂ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠬᠤ ᠶᠢᠨ ᠬᠠᠮᠲᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠶᠣᠰᠣᠭᠠᠷ | ᠰᠢᠢᠳᠪᠦᠷᠢᠯᠡᠨ᠎ᠡ᠃ ᠲᠣᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ 30 ᠡᠳᠦᠷ ᠤᠨ ᠳᠠᠷᠠᠭ᠎ᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ | ᠪᠣᠯᠣᠨ᠎ᠠ᠃ ᠲᠣᠰ ᠠᠷᠭ᠎ᠠ ᠬᠡᠮᠵᠢᠶ᠎ᠡ ᠶᠢ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ | ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | | | | | | | |