ᠬᠢᠶ᠎ᠠ ᠪᠠᠭᠰᠢ ᠲᠤᠭᠤᠷᠢᠭ ᠤᠨ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠬᠠᠢ ᠤᠷᠮᠠᠰᠢᠭᠤᠯᠬᠤ ᠠᠷᠭ᠎ᠠ ᠬᠡᠮᠵᠢᠶ᠎ᠡ ︵︽ᠮᠥᠩᠭᠦᠨ ᠭᠦᠢᠯᠭᠡᠭᠡᠨ ᠤ ᠵᠢᠷᠭᠤᠭᠠᠨ ᠵᠤᠷᠪᠤᠰ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/4/26
                        ᠣᠷᠳᠣᠰ ᠬᠢᠶ᠎ᠠ ᠵᠠᠰᠠᠭ ᠲᠠᠷᠬᠠᠭᠠᠭᠰᠠᠨ 〔2022〕 32 ᠳ᠋ᠤᠭᠠᠷ ᠲᠣᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄        ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠢᠶ᠎ᠠ ᠪᠠᠭᠰᠢ ᠲᠣᠭᠤᠷᠢᠭ ᠤᠨ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠬᠠᠢ ᠤᠷᠮᠠᠰᠢᠭᠤᠯᠬᠤ ᠠᠷᠭ᠎ᠠ ᠬᠡᠮᠵᠢᠶ᠎ᠡ ︵︿ᠮᠥᠩᠭᠦᠨ ᠭᠦᠢᠯᠭᠡᠭᠡᠨ ᠤ ᠵᠢᠷᠭᠤᠭᠠᠨ ᠵᠤᠷᠪᠤᠰ﹀ ᠭᠡᠵᠦ ᠲᠣᠪᠴᠢᠯᠠᠨ᠎ᠠ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                                 ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ                                                  ᠠᠷᠠᠳ ᠤᠨ ᠵᠠᠰᠠᠭ ᠤᠨ ᠣᠷᠳᠣᠨ                                                        2022 ᠣᠨ ᠤ 3 ᠰᠠᠷ᠎ᠠ ᠶᠢᠨ 25                               ᠬᠢᠶ᠎ᠠ ᠪᠠᠭᠰᠢ ᠲᠣᠭᠤᠷᠢᠭ ᠤᠨ ᠣᠲᠣ ᠦᠶ᠎ᠡ ᠶᠢᠨ ᠮᠥᠩᠭᠦᠨ ᠭᠦᠢᠯᠭᠡᠭᠡᠨ ᠤ                             ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ                             ᠲᠤᠬᠠᠢ ᠤᠷᠮᠠᠰᠢᠭᠤᠯᠬᠤ ᠠᠷᠭ᠎ᠠ ᠬᠡᠮᠵᠢᠶ᠎ᠡ ︵︽ᠮᠥᠩᠭᠦᠨ ᠭᠦᠢᠯᠭᠡᠭᠡᠨ ᠤ                             ᠵᠢᠷᠭᠤᠭᠠᠨ ᠵᠤᠷᠪᠤᠰ︾ ᠭᠡᠵᠦ ᠲᠣᠪᠴᠢᠯᠠᠨ᠎ᠠ︶        ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠮᠥᠩᠭᠦᠨ ᠭᠦᠢᠯᠭᠡᠭᠡᠨ ᠤ ᠪᠣᠳᠠᠲᠤ ᠴᠣᠭᠴᠠᠳᠣ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠦᠭᠡ᠂ ︽ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠯᠡᠭᠤᠯᠤᠯᠳᠠ ᠪᠦᠷᠢᠯᠳᠦᠭᠦᠯᠬᠦ ᠲᠤᠬᠠᠢ ᠳᠣᠮᠳᠠᠳᠣ ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠪ ᠲᠠᠷᠬᠠᠭᠠᠭᠰᠠᠨ ﹇2019﹈ 13 ᠳ᠋ᠤᠭᠠᠷ ᠲᠣᠭᠠᠲᠤ︶ ᠂ ︽ᠥᠪᠡᠷᠲᠡᠭᠡᠨ ᠵᠠᠰᠠᠬᠤ ᠣᠷᠣᠨ ᠤ 〈ᠠᠷᠪᠠᠨ ᠳᠥᠷᠪᠡᠳᠦᠭᠡᠷ ᠲᠠᠪᠤᠨ ᠵᠢᠯ〉 ᠤᠨ ᠮᠥᠩᠭᠦᠨ ᠭᠦᠢᠯᠭᠡᠭᠡᠨ ᠤ ᠬᠥᠭᠵᠢᠯᠲᠡ ᠬᠢᠭᠡᠳ ᠥᠭᠡᠷᠡᠴᠢᠯᠡᠯᠲᠡ ᠶᠢᠨ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 48 ᠳ᠋ᠤᠭᠠᠷ ᠲᠣᠭᠠᠲᠤ︶ ᠂ ︽ᠣᠷᠳᠣᠰ ᠬᠤᠲᠠ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠬᠦᠬᠦ ᠶᠢ ᠠᠬᠢᠭᠤᠯᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2021﹈ 306 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠢᠶ᠎ᠠ ᠪᠠᠭᠰᠢ ᠲᠣᠭᠤᠷᠢᠭ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨᠴᠠᠭᠠᠶᠢᠯᠠᠨ ᠳᠣᠣᠷᠠᠬᠢ ᠵᠢᠷᠭᠤᠭᠠᠨ ᠵᠤᠷᠪᠤᠰ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠪᠠ᠃        ᠨᠢᠭᠡᠳᠦᠭᠡᠷ ᠵᠤᠷᠪᠤᠰ    ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠴᠤᠭᠯᠠᠷᠠᠬᠤ ᠶᠢ ᠵᠣᠷᠢᠭᠵᠢᠭᠤᠯᠬᠤ        ︵ᠨᠢᠭᠡ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠠᠩᠬᠢ ᠶᠢᠨ ᠪᠠᠶᠢᠭᠤᠯᠤᠮᠵᠢ᠂ ᠬᠠᠤᠯᠢ ᠶᠢᠨ ᠡᠷᠬᠡᠲᠡᠨ ᠤ ᠪᠠᠶᠢᠭᠤᠯᠤᠮᠵᠢ ᠨᠢ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠲᠡᠭᠡᠨ 2000 ᠲᠦᠮᠡᠨ ᠲᠥᠭᠦᠷᠢᠭ ᠠᠴᠠ ᠬᠡᠲᠦᠷᠡᠬᠦ ᠦᠭᠡᠢ︔ ᠨᠢᠭᠡᠳᠦᠭᠡᠷ ᠳᠡᠰ ︵ᠥᠪᠡᠷᠲᠡᠭᠡᠨ ᠵᠠᠰᠠᠬᠤ ᠣᠷᠣᠨ ᠤ ᠳᠡᠰ︶  ᠤᠨ ᠬᠤᠪᠢᠶᠠᠷᠢ ᠪᠠᠩᠬᠢ ᠳᠤ ᠰᠢᠭᠤᠳ 1000 ᠲᠦᠮᠡᠨ ᠲᠥᠭᠦᠷᠢᠭ ᠱᠠᠩᠨᠠᠵᠤ᠂ ᠬᠤᠶᠠᠳᠤᠭᠠᠷ ᠳᠡᠰ ︵ᠬᠤᠳᠠ ᠶᠢᠨ ᠳᠡᠰ︶ ᠤᠨ ᠬᠤᠪᠢᠶᠠᠷᠢ ᠪᠠᠩᠬᠢ  ᠳᠤ ᠰᠢᠭᠤᠳ 100 ᠲᠦᠮᠡᠨ ᠲᠥᠭᠦᠷᠢᠭ  ᠱᠠᠩᠨᠠᠨ᠂ ᠰᠠᠯᠪᠤᠷᠢ ᠪᠠᠩᠬᠢ ︵ᠬᠤᠰᠢᠭᠤ ᠲᠤᠭᠤᠷᠢᠭ ᠤᠨ ᠳᠡᠰ︶  ᠳᠤ ᠰᠢᠭᠤᠳ 10 ᠲᠦᠮᠡᠨ ᠲᠥᠭᠦᠷᠢᠭ ᠱᠠᠩᠨᠠᠨ᠎ᠠ᠃ ᠲᠤᠰᠠᠭᠠᠷ ᠳᠠᠩᠰᠠᠯᠠᠭᠤᠯᠤᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠦᠬᠦ ᠤᠯᠤᠰ ᠤᠨ ᠴᠢᠨᠠᠷᠲᠠᠢ ᠶᠡᠷᠦᠩᠬᠡᠢ ᠬᠡᠯᠲᠡᠰ ᠲᠤ ᠬᠠᠷᠢᠶᠠᠯᠠᠭᠳᠠᠬᠤ ᠮᠥᠩᠭᠦᠨ ᠭᠦᠢᠯᠭᠡᠭᠡᠨ ᠤ ᠲᠦᠬᠦᠷ ᠦᠢᠯᠡᠴᠢᠯᠡᠭᠡᠨ ᠤ ᠪᠠᠶᠢᠭᠤᠯᠤᠮᠵᠢ ᠳᠤ ᠂  ᠵᠢᠱᠢᠶᠡᠯᠡᠪᠡᠯ ᠢᠲᠡᠭᠡᠮᠵᠢ ᠶᠢᠨ ᠺᠠᠷᠲ ᠤᠨ ᠲᠥᠪ᠂ ᠫᠢᠶᠣᠣ ᠪᠠᠷᠢᠮᠲᠠ ᠶᠢ ᠰᠢᠢᠳᠪᠦᠷᠢᠯᠡᠬᠦ ᠲᠥᠪ᠂  ᠵᠠᠷᠤᠴᠠᠭᠤᠯᠭ᠎ᠠ ᠶᠢᠨ ᠳ᠋ᠦᠩᠨᠡᠨ ᠪᠤᠳᠤᠬᠤ ᠲᠥᠪ᠂ ᠮᠡᠳᠡᠭᠡ ᠵᠠᠩᠭᠢ ᠶᠢᠨ ᠮᠡᠷᠭᠡᠵᠢᠯ ᠤᠨ ᠲᠥᠪ᠂ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠲᠥᠪ᠂ ᠰᠤᠳᠤᠯᠤᠨ ᠨᠡᠭᠡᠭᠡᠬᠦ ᠲᠥᠪ ᠵᠡᠷᠭᠡ᠂ 200 ᠲᠦᠮᠡᠨ ᠲᠥᠭᠦᠷᠢᠭ  ᠤᠨ ᠨᠤᠳᠤᠭᠯᠠᠭᠰᠠᠨ ᠤ ᠱᠠᠩᠨᠠᠯ ᠥᠭᠬᠦᠨ᠎ᠡ᠃        ︵ᠬᠤᠶᠠᠷ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠳᠠᠭᠠᠳᠬᠠᠯ ᠤᠨ ᠪᠠᠶᠢᠭᠤᠯᠤᠮᠵᠢ᠂ ᠬᠠᠤᠯᠢ ᠶᠢᠨ ᠡᠷᠬᠡᠲᠡᠨ ᠤ ᠪᠠᠶᠢᠭᠤᠯᠤᠮᠵᠢ ᠨᠢ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠬᠦ ᠦᠭᠡᠢ︔ ᠲᠤᠰᠠᠭᠠᠷ ᠳᠠᠩᠰᠠᠯᠠᠭᠤᠯᠤᠭᠰᠠᠨ ᠰᠠᠯᠪᠤᠷᠢ ᠪᠠᠶᠢᠭᠤᠯᠤᠮᠵᠢ ᠨᠢ ᠱᠠᠩᠨᠠᠯ ᠤᠨ ᠡᠮᠦᠨᠡᠬᠢ ᠨᠢᠭᠡ ᠨᠢᠭᠲᠠᠯᠠᠨ ᠪᠤᠳᠤᠬᠤ ᠣᠨ ᠤ ᠳᠠᠭᠠᠳᠬᠠᠯ ᠤᠨ ᠰᠦᠢᠳᠬᠡᠯ ᠤᠨ ᠣᠷᠣᠯᠭ᠎ᠠ ᠶᠢᠨ 0.5% ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠬᠦ ᠦᠭᠡᠢ᠃ ᠲᠤᠰᠠᠭᠠᠷ ᠳᠠᠩᠰᠠᠯᠠᠭᠤᠯᠤᠨ ᠪᠠᠶᠢᠭᠤᠯᠤᠭᠰᠠᠨ ᠳᠠᠭᠠᠳᠬᠠᠯ ᠤᠨ ᠺᠣᠮᠫᠠᠨᠢ ᠶᠢᠨ ᠶᠡᠷᠦᠩᠬᠡᠢ ᠭᠡᠯᠳᠡᠰ ᠲᠤ ᠬᠠᠷᠢᠶᠠᠯᠠᠭᠳᠠᠬᠤ ᠳ᠋ᠢᠶᠠᠩᠬᠤᠸᠠ  ᠢᠶᠠᠷ  ᠪᠤᠷᠤᠯᠠᠭᠤᠯᠬᠤ ᠲᠥᠪ᠂ ᠳᠠᠭᠤᠳᠠᠬᠤ ᠲᠥᠪ᠂ ᠲᠥᠯᠥᠪᠦᠷᠢ ᠶᠢᠨ ᠡᠵᠡᠩᠨᠡᠯᠲᠡ ᠶᠢᠨ ᠲᠥᠪ ᠵᠡᠷᠭᠡ ᠳᠠᠭᠠᠳᠬᠠᠯ ᠤᠨ ᠳᠣᠰᠠᠯᠠᠬᠤ ᠲᠥᠪ ᠪᠠ ᠳᠠᠭᠠᠳᠬᠠᠯ ᠤᠨ ᠵᠠᠭᠤᠴᠢᠯᠠᠬᠤ ᠺᠣᠮᠫᠠᠨᠢ ᠳᠤ 100 ᠲᠦᠮᠡᠨ ᠲᠥᠭᠦᠷᠢᠭ ᠤᠨ  ᠨᠤᠳᠤᠭᠯᠠᠭᠰᠠᠨ ᠱᠠᠩᠨᠠᠯ ᠥᠭᠴᠦ᠂ ᠣᠨᠴᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠢ ᠨᠢ ︽ᠠᠰ ᠠᠰ ᠢᠶᠠᠷ ᠨᠢ ᠵᠥᠪᠯᠡᠬᠦ︾ ᠪᠠᠷ ᠱᠠᠩᠨᠠᠵᠤ ᠪᠣᠯᠣᠨ᠎ᠠ᠃        ︵ᠭᠤᠷᠪᠠ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ  ᠢᠳᠡᠭᠡᠮᠵᠢ ᠶᠢᠨ ᠺᠣᠮᠫᠠᠨᠢ᠂ ᠠᠵᠤ ᠠᠬᠤᠶᠢᠯᠠᠯ ᠤᠨ ᠪᠦᠯᠦᠭᠯᠡᠯ ᠤᠨ ᠡᠳ᠋ ᠤᠨ ᠶᠠᠪᠤᠳᠠᠯ ᠤᠨ ᠺᠣᠮᠫᠠᠨᠢ᠂ ᠮᠠᠰᠢᠨ ᠲᠡᠷᠭᠡᠨ ᠤ ᠮᠥᠩᠭᠦᠨ ᠭᠦᠢᠯᠭᠡᠭᠡᠨ ᠤ ᠺᠣᠮᠫᠠᠨᠢ᠂ ᠵᠤᠭᠤᠰᠣᠨ ᠤ ᠵᠠᠭᠤᠴᠢᠯᠠᠬᠤ ᠺᠣᠮᠫᠠᠨᠢ᠂ ᠬᠡᠷᠡᠭᠯᠡᠭᠡᠨ ᠤ ᠮᠥᠩᠭᠦᠨ ᠭᠦᠢᠯᠭᠡᠭᠡᠨ ᠤ ᠺᠣᠮᠫᠠᠨᠢ ᠵᠡᠷᠭᠡ ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠢ ᠬᠡᠯᠲᠡᠰ ᠪᠤᠶᠤ ᠲᠡᠭᠦᠨ ᠤ ᠬᠤᠪᠢᠶᠠᠷᠢ ᠺᠣᠮᠫᠠᠨᠢ ᠳᠤ᠂ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠳᠥᠷᠪᠡ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠲᠡᠮᠳᠡᠭᠲᠦ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ᠂ ᠢᠯᠡ ᠪᠠᠷ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠲᠡᠭᠦᠨ ᠤ ᠲᠤᠰᠬᠠᠢ ᠠᠵᠢᠯ ᠤᠨ ᠬᠤᠪᠢᠶᠠᠷᠢ ᠺᠣᠮᠫᠠᠨᠢ ᠵᠡᠷᠭᠡ ᠬᠠᠤᠯᠢ ᠶᠢᠨ ᠡᠷᠬᠡᠲᠡᠨ ᠤ ᠪᠠᠶᠢᠭᠤᠯᠤᠮᠵᠢ ᠳᠤ᠂ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠳᠡᠭᠡᠷ᠎ᠡ ᠳᠤᠷᠠᠳᠤᠭᠰᠠᠨ ᠪᠠᠶᠢᠭᠤᠯᠤᠮᠵᠢ ᠶᠢᠨ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠬᠤᠲᠠ ᠶᠢᠨ ᠳᠡᠰ ᠠᠴᠠ ᠳᠡᠭᠡᠭᠰᠢᠬᠢ ᠬᠤᠪᠢᠶᠠᠷᠢ ᠺᠣᠮᠫᠠᠨᠢ ᠳᠤ ᠭᠠᠭᠴᠠ ᠪᠠᠶᠢᠭᠤᠯᠤᠮᠵᠢ   ᠳᠤ 100 ᠲᠦᠮᠡᠨ ᠲᠥᠭᠦᠷᠢᠭ ᠤᠨ ᠨᠤᠳᠤᠭᠯᠠᠭᠰᠠᠨ ᠤ ᠱᠠᠩᠨᠠᠯ ᠥᠭᠴᠦ᠂ ᠡᠵᠡᠩᠨᠡᠯᠲᠡ ᠶᠢᠨ  ᠬᠡᠯᠳᠡᠰ ᠲᠤ 10 ᠲᠦᠮᠡᠨ ᠲᠥᠭᠦᠷᠢᠭ  ᠤᠨ ᠨᠤᠳᠤᠭᠯᠠᠭᠰᠠᠨ ᠤ ᠱᠠᠩᠨᠠᠯ ᠥᠭᠬᠦᠨ᠎ᠡ᠃        ︵ᠲᠠᠪᠤ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠠᠷᠠᠳ ᠤᠨ ᠪᠠᠩᠬᠢ ᠪᠠᠷ ᠵᠥᠪᠰᠢᠶᠡᠷᠡᠭᠦᠯᠦᠭᠰᠡᠨ ᠭᠤᠷᠪᠠᠳᠠᠭᠢ ᠡᠲᠡᠭᠡᠳ ᠤᠨ ᠵᠠᠷᠤᠴᠠᠭᠤᠯᠭ᠎ᠠ ᠶᠢᠨ ᠪᠠᠶᠢᠭᠤᠯᠤᠮᠵᠢ ᠳᠤ᠂ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠵᠢᠷᠭᠤᠭ᠎ᠠ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠵᠤ ᠵᠥᠪᠰᠢᠶᠡᠷᠡᠭᠰᠡᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ  ᠪᠡᠯᠡ  ᠤᠷᠤᠭᠤᠯᠤᠯᠳᠠ ᠶᠢᠨ ᠳᠠᠭᠠᠭᠠᠯᠲᠠ ᠶᠢᠨ ᠪᠠᠶᠢᠭᠤᠯᠤᠮᠵᠢ᠂ ᠳᠡᠨᠵᠢ ᠶᠢᠨ ᠠᠷᠠᠯᠵᠢᠶ᠎ᠡ᠂ ᠪᠡᠯᠡ ᠤᠷᠤᠭᠤᠯᠤᠯᠳᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠪᠠᠲᠤᠯᠠᠨ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠡᠷᠬᠡ ᠣᠯᠭᠤᠵᠤ ᠬᠢᠨᠠᠨ ᠬᠠᠮᠢᠶᠠᠷᠤᠭᠤᠯᠤᠭᠰᠠᠨ ᠮᠥᠩᠭᠦᠨ ᠭᠦᠢᠯᠭᠡᠭᠡᠨ ᠤ ᠰᠢᠨᠵᠢ ᠴᠢᠨᠠᠷ ᠪᠦᠬᠦᠢ ᠪᠤᠰᠤᠳ ᠡᠵᠡᠩᠨᠡᠯᠲᠡ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ᠂ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ᠬᠤᠶᠠᠳᠤᠭᠠᠷ ᠵᠤᠷᠪᠤᠰ    ᠮᠥᠩᠭᠦᠨ ᠭᠦᠢᠯᠭᠡᠭᠡᠨ ᠤ  ᠪᠠᠶᠢᠭᠤᠯᠤᠮᠵᠢ ᠶᠢᠨ ᠶᠡᠭᠡᠳᠬᠦ ᠶᠢ ᠳᠡᠮᠵᠢᠬᠦ        ︵ᠨᠢᠭᠡ︶ ᠨᠢᠭᠡᠳᠦᠭᠡᠷ ᠵᠤᠷᠪᠤᠰ ᠤᠨ ᠲᠣᠭᠲᠠᠭᠠᠯ ᠳᠤ ᠨᠡᠶᠢᠴᠡᠭᠰᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠡᠳᠦᠷ ᠠᠴᠠ ᠡᠬᠢᠯᠡᠨ 5 ᠵᠢᠯ ᠤᠨ ᠳᠣᠲᠣᠷ᠎ᠠ᠂ ᠨᠤᠳᠤᠭᠯᠠᠭᠰᠠᠨ ᠤ ᠱᠠᠩᠨᠠᠯ ᠢ ᠭᠥᠷᠳᠡᠭᠡᠳ ᠳᠡᠭᠡᠳᠦ ᠬᠢᠵᠠᠭᠠᠷ ᠲᠤ ᠬᠦᠷᠦᠭᠰᠡᠨ ᠦᠭᠡᠢ ᠪᠠᠶᠢᠪᠠᠯ᠂ ᠬᠠᠮᠢᠶ᠎ᠠ ᠪᠦᠬᠦᠢ ᠱᠠᠩᠨᠠᠬᠤ ᠠᠷᠭ᠎ᠠ ᠬᠡᠮᠵᠢᠶ᠎ᠡ ᠶᠢᠨ ᠬᠦᠴᠦᠨ ᠲᠠᠢ ᠬᠤᠭᠤᠴᠠᠭᠠᠨ ᠳᠤ ᠪᠡᠯᠡ ᠮᠥᠩᠭᠦ ᠪᠠᠨ ᠨᠡᠮᠡᠭᠳᠡᠭᠦᠯᠦᠭᠰᠡᠨ ᠪᠠᠶᠢᠪᠠᠯ᠂ ᠰᠢᠨ᠎ᠡ ᠪᠠᠷ ᠨᠡᠮᠡᠭᠳᠡᠭᠰᠡᠨ ᠬᠥᠷᠥᠩᠭᠡ ᠶᠢᠨ 1.5% ᠪᠠᠷ ᠱᠠᠩᠨᠠᠨ ᠬᠥᠬᠢᠭᠦᠯᠵᠦ᠂ ᠨᠡᠶᠢᠲᠡ ᠭᠥᠷᠳᠡᠭᠰᠡᠨ ᠱᠠᠩᠨᠠᠯ ᠢ ᠲᠣᠰ ᠪᠠᠶᠢᠭᠤᠯᠤᠮᠵᠢ ᠶᠢᠨ ᠬᠡᠯᠪᠡᠷᠢ ᠯᠦᠭᠡ ᠵᠣᠬᠢᠴᠠᠯᠳᠤᠭᠰᠠᠨ ᠨᠤᠳᠤᠭᠯᠠᠭᠰᠠᠨ ᠤ ᠱᠠᠩᠨᠠᠯ ᠤᠨ ᠳᠡᠭᠡᠳᠦ ᠬᠢᠵᠠᠭᠠᠷ ᠢᠶᠠᠷ ᠬᠢᠵᠠᠭᠠᠷ ᠪᠣᠯᠭᠠᠨ᠎ᠠ᠃ ᠱᠠᠩᠨᠠᠬᠤ ᠠᠷᠭ᠎ᠠ ᠬᠡᠮᠵᠢᠶ᠎ᠡ ᠶᠢ ᠨᠡᠶᠢᠲᠡᠯᠡᠬᠦ ᠠᠴᠠ ᠡᠮᠦᠨ᠎ᠡ ᠨᠢᠭᠡᠨᠲᠡ ᠣᠷᠣᠵᠤ ᠰᠠᠭᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭᠠᠨ ᠳᠤ ᠪᠡᠯᠡ ᠮᠥᠩᠭᠦ ᠪᠠᠨ ᠨᠡᠮᠡᠭᠳᠡᠭᠦᠯᠦᠭᠰᠡᠨ ᠪᠣᠯ ᠲᠣᠰ ᠵᠤᠷᠪᠤᠰ ᠤᠨ ᠱᠠᠩᠨᠠᠬᠤ ᠠᠷᠭ᠎ᠠ ᠬᠡᠮᠵᠢᠶ᠎ᠡ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃        ︵ᠬᠤᠶᠠᠷ︶ ᠡᠯ᠎ᠡ ᠪᠠᠩᠬᠢ ᠶᠢᠨ ᠪᠠᠶᠢᠭᠤᠯᠤᠮᠵᠢ ᠨᠢ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ ᠳᠡᠭᠡᠷ᠎ᠡ ᠨᠢᠭᠡ ᠵᠢᠯ ᠤᠨ ᠬᠢ ᠠᠴᠠ ᠨᠡᠮᠡᠭᠳᠡᠭᠰᠡᠨ ᠪᠠᠶᠢᠪᠠᠯ᠂ ᠰᠢᠨ᠎ᠡ ᠪᠠᠷ ᠨᠡᠮᠡᠭᠳᠡᠭᠰᠡᠨ ᠲᠤᠭ᠎ᠠ ᠶᠢᠨ 1‰ ᠶᠣᠰᠣᠭᠠᠷ ᠱᠠᠩᠨᠠᠨ ᠬᠥᠬᠢᠭᠦᠯᠵᠦ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠳᠦᠷᠡᠬᠦ ᠦᠭᠡᠢ᠃ ᠬᠠᠤᠯᠢ ᠶᠢᠨ ᠡᠷᠬᠡᠲᠡᠨ ᠪᠤᠰᠤ ᠪᠠᠶᠢᠭᠤᠯᠤᠮᠵᠢ ᠶᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠩᠬᠢ᠂ ᠤᠯᠤᠰ ᠤᠨ ᠥᠮᠴᠢᠯᠡᠯᠲᠦ ᠬᠤᠳᠠᠯᠳᠤᠭᠠᠨ ᠤ ᠪᠠᠩᠬᠢ᠂ ᠬᠤᠪᠢᠴᠠᠭ᠎ᠠ ᠳᠦᠷᠢᠮᠲᠦ ᠪᠠᠩᠬᠢ᠂ ᠬᠤᠲᠠ ᠶᠢᠨ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠭᠠᠴᠠᠭ᠎ᠠ ᠪᠠᠯᠭᠠᠰᠤᠨ ᠤ ᠪᠠᠩᠬᠢ ᠪᠠᠷ ᠲᠥᠷᠥᠯ ᠬᠤᠪᠢᠶᠠᠨ᠂ ᠲᠣᠰ ᠲᠣᠰ ᠨᠢᠭᠡᠳᠦᠭᠡᠷ ᠳᠡᠰ ︵ᠥᠪᠡᠷᠲᠡᠭᠡᠨ ᠵᠠᠰᠠᠬᠤ ᠣᠷᠣᠨ ᠤ ᠳᠡᠰ︶ ᠤᠨ ᠬᠤᠪᠢᠶᠠᠷᠢ ᠪᠠᠩᠬᠢ᠂ ᠬᠤᠶᠠᠳᠤᠭᠠᠷ ᠳᠡᠰ ︵ᠬᠤᠲᠠ ᠶᠢᠨ ᠳᠡᠰ︶ ᠤᠨ ᠬᠤᠪᠢᠶᠠᠷᠢ ᠪᠠᠩᠬᠢ᠂ ᠰᠠᠯᠪᠤᠷᠢ ᠪᠠᠩᠬᠢ ︵ᠬᠤᠰᠢᠭᠤ ᠲᠣᠭᠤᠷᠢᠭ ᠤᠨ ᠳᠡᠰ︶ ᠤᠨ ᠳᠡᠭᠡᠷ᠎ᠡ ᠨᠢᠭᠡ ᠵᠢᠯ ᠤᠨ ᠵᠢᠭᠡᠯᠡᠯᠭᠡ ᠶᠢᠨ ᠨᠡᠮᠡᠭᠳᠡᠯ ᠤᠨ ᠨᠣᠷᠮ᠎ᠠ ᠲᠠᠢ ᠬᠠᠷᠢᠴᠠᠭᠤᠯᠤᠨ ᠨᠡᠷ᠎ᠡ ᠵᠢᠭᠰᠠᠭᠠᠵᠤ᠂ ᠠᠳᠠᠯᠢ ᠲᠥᠷᠥᠯ ᠠᠳᠠᠯᠢ ᠳᠡᠰ ᠨᠢᠭᠡᠳᠦᠭᠡᠷ ᠲᠤ ᠵᠢᠭᠰᠠᠭᠠᠭᠳᠠᠭᠰᠠᠨ ᠪᠠᠶᠢᠪᠠᠯ᠂ ᠰᠢᠨ᠎ᠡ ᠪᠠᠷ ᠨᠡᠮᠡᠭᠳᠡᠭᠰᠡᠨ ᠲᠤᠭ᠎ᠠ ᠶᠢᠨ 1‰ ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠭᠤᠷᠪᠠ︶ ᠡᠯ᠎ᠡ ᠳᠠᠭᠠᠳᠬᠠᠯ ᠤᠨ ᠪᠠᠶᠢᠭᠤᠯᠤᠮᠵᠢ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠤᠨ ᠳᠣᠣᠷ᠎ᠠ᠂ ᠳᠠᠭᠠᠳᠬᠠᠯ ᠤᠨ ᠵᠠᠷᠤᠳᠠᠯ ᠤᠨ ᠣᠷᠣᠯᠭ᠎ᠠ ᠶᠢ ᠳᠡᠭᠡᠷ᠎ᠡ ᠨᠢᠭᠡ ᠵᠢᠯ ᠤᠨ ᠨᠡᠮᠡᠭᠳᠡᠯ ᠤᠨ ᠨᠤᠷᠮ᠎ᠠ ᠲᠠᠢ ᠬᠠᠷᠢᠴᠠᠭᠤᠯᠤᠨ ᠵᠢᠭᠰᠠᠭᠠᠵᠤ᠂ ᠨᠢᠭᠡᠳᠦᠭᠡᠷ ᠲᠤ ᠵᠢᠭᠰᠠᠭᠠᠭᠳᠠᠭᠰᠠᠨ ᠪᠣᠯ ᠳᠠᠭᠠᠳᠬᠠᠯ ᠤᠨ ᠵᠠᠷᠤᠳᠠᠯ ᠤᠨ ᠣᠷᠣᠯᠭ᠎ᠠ ᠶᠢᠨ ᠨᠡᠮᠡᠭᠳᠡᠯ ᠤᠨ ᠳᠣᠭᠠᠨ ᠤ 1‰ ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠳᠦᠷᠡᠭᠦᠯᠬᠦ ᠦᠭᠡᠢ᠃        ︵ᠳᠥᠷᠪᠡ︶ ᠵᠢᠵᠢᠭ ᠵᠢᠭᠡᠯᠡᠯᠭᠡ ᠶᠢᠨ ᠺᠣᠮᠫᠠᠨᠢ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠵᠢᠴᠢ ᠪᠤᠰᠤᠳ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠨ ᠶᠡᠬᠡᠳᠬᠦ ᠶᠢ ᠤᠷᠮᠠᠰᠢᠭᠤᠯᠵᠤ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ ᠠᠵᠢᠯ ᠲᠥᠷᠥᠯ ᠤᠨ ᠳᠣᠲᠣᠷᠠᠬᠢ ᠲᠤᠬᠠᠶᠢᠯᠠᠭᠰᠠᠨ ᠠᠵᠢᠯ ᠤᠨ ᠨᠡᠮᠡᠭᠳᠡᠯ ᠢᠶᠠᠷ ᠲᠡᠷᠢᠭᠦᠯᠡᠭᠰᠡᠨ ᠪᠠᠶᠢᠭᠤᠯᠤᠮᠵᠢ ᠶᠢ ᠠᠵᠤ ᠠᠬᠤᠢ ᠨᠡᠶᠢᠭᠡᠮ ᠤᠨ ᠬᠤᠪᠢ ᠨᠡᠮᠡᠷᠢ ᠪᠠᠷ ᠨᠢ ᠯᠠᠪᠯᠠᠯᠲᠠ ᠪᠣᠯᠭᠠᠵᠤ ᠱᠠᠩᠨᠠᠨ ᠬᠥᠬᠢᠭᠦᠯᠦᠨ᠎ᠡ᠃        ︵ᠲᠠᠪᠤ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠮᠥᠩᠭᠦᠨ ᠭᠦᠢᠯᠭᠡᠭᠡᠨ᠂ ᠣᠲᠣ ᠦᠶ᠎ᠡ ᠶᠢᠨ ᠡᠨᠧᠷᠭᠢ ᠶᠢᠨ ᠮᠥᠩᠭᠦᠨ ᠭᠦᠢᠯᠭᠡᠭᠡᠨ᠂ ᠵᠦᠢ ᠶᠣᠰᠣᠨ ᠤ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ᠂ ᠨᠡᠭᠡᠭᠡᠯᠲᠡᠲᠤ ᠮᠥᠩᠭᠦᠨ ᠭᠦᠢᠯᠭᠡᠭᠡᠨ ᠵᠡᠷᠭᠡ ᠬᠦᠷᠢᠶ᠎ᠡ ᠬᠡᠪᠴᠢᠶᠡᠨ ᠳᠤ ᠰᠢᠪᠲᠤᠯᠤᠯᠲᠠ ᠶᠢᠨ ᠴᠢᠨᠠᠷᠲᠠᠢ ᠰᠢᠨ᠎ᠡ ᠶᠢ ᠡᠭᠦᠳᠬᠦ ᠶᠢ ᠣᠯᠵᠤ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢᠶᠠᠷ ᠱᠠᠩᠨᠠᠯ  ᠥᠭᠭᠦᠨ᠎ᠡ᠃        ᠭᠤᠷᠪᠠᠳᠤᠭᠠᠷ  ᠵᠤᠷᠪᠤᠰ    ᠬᠤᠪᠢ ᠪᠠᠷ ᠢᠶᠠᠨ ᠵᠤᠭᠤᠰ ᠴᠤᠭᠯᠠᠭᠤᠯᠤᠭᠰᠠᠨ ᠰᠠᠭᠤᠷᠢ ᠮᠥᠩᠭᠦᠨ ᠤ ᠪᠡᠯᠡ ᠣᠷᠥᠭᠤᠯᠣᠯᠳᠠ ᠶᠢ ᠠᠬᠢᠭᠤᠯᠬᠤ        ︵ᠨᠢᠭᠡ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠬᠤᠪᠢ ᠪᠠᠷ ᠢᠶᠠᠨ ᠵᠤᠭᠤᠰ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠯᠲᠠ ᠵᠢᠴᠢ ᠲᠡᠭᠦᠨ ᠤ ᠲᠤᠰᠬᠠᠢ ᠬᠤᠪᠢᠶᠠᠷᠢ ᠺᠣᠮᠫᠠᠨᠢ ᠨᠢ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠦᠢᠯᠡᠰ ᠤᠨ ᠨᠡᠶᠢᠭᠡᠮᠯᠢᠭ ᠢᠶᠠᠷ ᠳᠠᠩᠰᠠᠯᠠᠭᠤᠯᠤᠭᠰᠠᠨ ᠪᠥᠭᠡᠳ ᠳᠠᠩᠰᠠᠯᠠᠭᠤᠯᠤᠭᠠᠳ ᠪᠦᠬᠦᠯᠢ ᠨᠢᠭᠡ ᠵᠢᠯ ᠪᠣᠯᠤᠭᠰᠠᠨ ᠪᠠᠶᠢᠪᠠᠯ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠯ ᠥᠭᠴᠦ᠂ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠬᠤᠶᠠᠷ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠰᠠᠭᠤᠷᠢ ᠮᠥᠩᠭᠦ ᠶᠢᠨ ᠬᠠᠮᠢᠶᠠᠷᠤᠭᠴᠢ ᠵᠢᠴᠢ ᠨᠠᠶᠢᠳᠠᠵᠤ ᠬᠠᠮᠢᠶᠡᠷᠣᠭᠤᠯᠬᠤ ᠪᠠᠩᠬᠢ  ᠨᠢ ᠴᠥᠮ ᠬᠢᠶ᠎ᠠ ᠪᠠᠭᠰᠢ ᠲᠣᠭᠤᠷᠢᠭ ᠲᠤ ᠪᠠᠶᠢᠪᠠᠯ᠂ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠦᠢᠯᠡᠰ ᠤᠨ ᠨᠡᠶᠢᠭᠡᠮᠯᠢᠭ ᠲᠤ ᠳᠠᠩᠰᠠᠯᠠᠭᠤᠯᠤᠭᠰᠠᠨ ᠤ ᠳᠠᠷᠠᠭ᠎ᠠ᠂ ᠪᠡᠯᠡ ᠭᠠᠷᠭᠠᠭᠰᠠᠨ ᠪᠤᠶᠤ ᠴᠤᠭᠯᠠᠭᠤᠯᠤᠭᠰᠠᠨ ᠬᠡᠪᠴᠢᠶ᠎ᠡ ︵ᠪᠣᠳᠠᠲᠠᠶᠢᠵᠢᠭᠤᠯᠤᠭᠰᠠᠨ ᠪᠡᠯᠡ ᠮᠥᠩᠭᠦ ᠠᠴᠠ ᠡᠯ᠎ᠡ ᠱᠠᠲᠤᠨ ᠤ ᠵᠠᠰᠠᠭ ᠤᠨ ᠣᠷᠳᠣᠨ ᠤ ᠪᠡᠯᠡ ᠭᠠᠷᠭᠠᠭᠰᠠᠨ ᠬᠤᠪᠢ ᠶᠢᠨ ᠲᠤᠭ᠎ᠠ ᠶᠢ ᠬᠠᠰᠤᠵᠤ ᠪᠤᠳᠤᠨ᠎ᠠ︶ ᠶᠢᠨ 0.2% ᠢᠶᠠᠷ ᠰᠠᠭᠤᠷᠢ ᠮᠥᠩᠭᠦᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠡᠯᠡ ᠴᠤᠭᠯᠠᠭᠤᠯᠤᠭᠰᠠᠨ ᠱᠠᠩᠨᠠᠯ ᠥᠭᠴᠦ᠂ ᠶᠡᠷᠦᠩᠬᠡᠢ ᠲᠤᠭ᠎ᠠ ᠶᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ         ︵ᠭᠤᠷᠪᠠ︶ ᠬᠢᠶ᠎ᠠ ᠪᠠᠭᠰᠢ ᠲᠣᠭᠤᠷᠢᠭ ᠲᠤ ᠳᠠᠩᠰᠠᠯᠠᠭᠤᠯᠤᠭᠰᠠᠨ ᠰᠠᠭᠤᠷᠢ ᠮᠥᠩᠭᠦ᠂ ᠲᠡᠭᠦᠨ ᠤ ᠨᠠᠶᠢᠳᠠᠵᠤ ᠬᠠᠮᠢᠶᠡᠷᠣᠭᠤᠯᠬᠤ ᠪᠠᠩᠬᠢ ᠨᠢ ᠴᠦ ᠬᠢᠶ᠎ᠠ ᠪᠠᠭᠰᠢ ᠲᠣᠭᠤᠷᠢᠭ ᠲᠤ ᠪᠠᠶᠢᠵᠤ᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠠᠷᠭ᠎ᠠ ᠮᠠᠶ᠋ᠢᠭ ᠢᠶᠠᠷ ᠣᠷᠳᠣᠰ ᠬᠤᠲᠠ ᠶᠢᠨ ᠬᠡᠪᠴᠢᠶᠡᠨ ᠳᠠᠬᠢ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠪᠠᠶᠢᠪᠠᠯ᠂ ᠪᠣᠳᠠᠲᠠᠢ ᠪᠡᠯᠡ ᠣᠷᠣᠭᠤᠯᠤᠭᠰᠠᠨ ᠳᠣᠭᠠᠨ ᠤ 1% ᠪᠠᠷ ᠰᠠᠭᠤᠷᠢ ᠮᠥᠩᠭᠦᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠡᠯᠡ ᠤᠷᠤᠭᠤᠯᠤᠭᠰᠠᠨ ᠱᠠᠩᠨᠠᠯ ᠥᠭᠴᠦ᠂ ᠬᠢᠶ᠎ᠠ ᠪᠠᠭᠰᠢ ᠲᠣᠭᠤᠷᠢᠭ ᠤᠨ ᠲᠣᠰ ᠭᠠᠵᠠᠷ ᠤᠨ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠲᠣᠰ ᠲᠥᠷᠥᠯ ᠤᠨ ᠱᠠᠩᠨᠠᠯ ᠢ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠣᠷᠳᠣᠰ ᠬᠤᠲᠠ ᠶᠢᠨ ᠳᠣᠲᠣᠷᠠᠬᠢ ᠪᠤᠰᠤᠳ ᠬᠤᠰᠢᠭᠤ ᠲᠣᠭᠤᠷᠢᠭ ᠤᠨ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠲᠣᠰ ᠲᠥᠷᠥᠯ ᠤᠨ ᠱᠠᠩᠨᠠᠯ ᠢ 50 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠰᠠᠭᠤᠷᠢ ᠮᠥᠩᠭᠦ ᠶᠢ ᠭᠠᠳᠠᠷ ᠣᠷᠣᠨ ᠤ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠤ ᠳᠠᠷᠠᠭ᠎ᠠ ᠲᠡᠭᠦᠨ ᠢ ᠬᠢᠶ᠎ᠠ ᠪᠠᠭᠰᠢ ᠲᠣᠭᠤᠷᠢᠭ ᠲᠤ ᠨᠡᠭᠦᠯᠭᠡᠨ ᠣᠷᠣᠭᠤᠯᠤᠭᠰᠠᠨ ᠪᠠᠶᠢᠪᠠᠯ᠂ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠢᠶᠠᠷ ᠦᠵᠡᠵᠦ ᠰᠠᠭᠤᠷᠢ ᠮᠥᠩᠭᠦᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠱᠠᠩᠨᠠᠯ ᠥᠭᠬᠦᠨ᠎ᠡ᠃        ︵ᠳᠥᠷᠪᠡ︶ ᠬᠢᠶ᠎ᠠ ᠪᠠᠭᠰᠢ ᠲᠣᠭᠤᠷᠢᠭ ᠤᠨ ᠵᠢᠭᠠᠨ ᠲᠣᠭᠲᠠᠭᠠᠭᠰᠠᠨ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠲᠤ ᠳᠠᠩᠰᠠᠯᠠᠭᠤᠯᠤᠭᠰᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠨᠢ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠠᠴᠠ ᠪᠣᠯᠵᠤ ᠪᠡᠯᠡ ᠣᠷᠣᠭᠤᠯᠤᠯᠲᠠ ᠶᠢᠨ ᠰᠢᠭᠤᠳ ᠬᠤᠬᠢᠷᠠᠯ ᠢ ᠪᠣᠶ ᠪᠣᠯᠭᠠᠭᠰᠠᠨ ᠪᠠᠶᠢᠪᠠᠯ᠂ ᠲᠡᠭᠦᠨ ᠤ ᠪᠣᠳᠠᠲᠠᠢ ᠪᠡᠯᠡ ᠣᠷᠣᠭᠤᠯᠤᠯᠲᠠ ᠶᠢᠨ ᠬᠤᠬᠢᠷᠠᠯ ᠤᠨ 20% ᠪᠠᠷ ᠲᠦᠭᠰᠢᠭᠦᠷᠢ ᠶᠢᠨ ᠨᠥᠬᠦᠪᠦᠷᠢ ᠥᠭᠴᠦ᠂ ᠲᠠᠩ ᠭᠠᠭᠴᠠ ᠲᠥᠷᠥᠯ ᠵᠦᠢᠯ ᠤᠨ ᠨᠥᠬᠦᠪᠦᠷᠢ ᠶᠢᠨ ᠲᠤᠭ᠎ᠠ ᠨᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠪᠠᠶᠢᠵᠤ᠂ ᠠᠳᠠᠯᠢ ᠨᠢᠭᠡᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠲᠦᠭᠰᠢᠭᠦᠷᠢ ᠶᠢᠨ ᠲᠤᠰᠠᠯᠠᠮᠵᠢ ᠶᠢᠨ ᠮᠥᠩᠭᠦ ᠶᠢᠨ ᠭᠤᠶᠤᠴᠢᠯᠠᠭᠰᠠᠨ ᠲᠤᠭ᠎ᠠ ᠨᠢ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠃        ︵ᠲᠠᠪᠤ︶ ᠬᠢᠶ᠎ᠠ ᠪᠠᠭᠰᠢ ᠲᠣᠭᠤᠷᠢᠭ ᠤᠨ ᠵᠢᠭᠠᠨ ᠲᠣᠭᠲᠠᠭᠠᠭᠰᠠᠨ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠤᠨ ᠰᠠᠭᠤᠷᠢ ᠮᠥᠩᠭᠦ ᠳᠤ ᠳᠠᠩᠰᠠᠯᠠᠭᠤᠯᠤᠭᠰᠠᠨ ᠬᠤᠪᠢ ᠣᠷᠣᠭᠤᠯᠤᠭᠴᠢ᠂ ᠬᠤᠷᠰᠢᠭᠴᠢ ᠢ ᠨᠥᠬᠦᠴᠡᠯ ᠳᠤ ᠨᠡᠶᠢᠴᠡᠬᠦ ᠪᠠᠷ ᠪᠠᠳᠣᠯᠠᠭᠰᠠᠨ ᠨᠢ᠂ ᠰᠠᠭᠤᠷᠢ ᠮᠥᠩᠭᠦ ᠶᠢᠨ ᠣᠷᠣᠰᠢᠨ  ᠳᠣᠭᠳᠠᠨᠢᠬᠤ ᠬᠤᠭᠤᠴᠠᠭᠠᠨ ᠳᠤ᠂ ᠪᠡᠶ᠎ᠡ ᠪᠠᠨ ᠳᠠᠭᠠᠭᠠᠵᠤ ᠮᠡᠳᠡᠭᠦᠯᠦᠭᠰᠡᠨ ᠰᠠᠭᠤᠷᠢᠨ ᠳᠡᠭᠡᠷ᠎ᠡ ᠬᠢᠶ᠎ᠠ ᠪᠠᠭᠰᠢ ᠲᠣᠭᠤᠷᠢᠭ ᠲᠤ ᠦᠵᠡᠭᠦᠯᠦᠭᠰᠡᠨ ᠠᠵᠤ ᠠᠬᠤᠢ ᠨᠡᠶᠢᠭᠡᠮ ᠤᠨ ᠬᠤᠪᠢ ᠨᠡᠮᠡᠷᠢ ᠪᠠᠷ ᠨᠢ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢᠶᠠᠷ ᠱᠠᠩᠨᠠᠯ ᠥᠭᠬᠦᠨ᠎ᠡ᠃        ᠳᠥᠷᠪᠡᠳᠦᠭᠡᠷ ᠵᠤᠷᠪᠤᠰ    ᠬᠥᠷᠥᠩᠭᠡ ᠶᠢᠨ ᠵᠠᠬ᠎ᠠ ᠳᠡᠯᠭᠡᠭᠦᠷ ᠤᠨ ᠬᠦᠭᠵᠢᠯᠳᠡ ᠶᠢ ᠠᠬᠢᠭᠤᠯᠬᠤ        ︵ᠨᠢᠭᠡ︶ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ ᠰᠲ᠋ᠣᠺ ᠢ ᠥᠭᠡᠷᠡᠴᠢᠯᠡᠨ ᠰᠠᠶᠢᠵᠢᠷᠠᠭᠤᠯᠵᠤ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠲᠥᠪ ︽ᠲᠢᠶᠠᠨ ᠵᠢᠶᠦ᠋ᠨ ᠳᠠᠯᠠᠪᠤᠷ︾   ᠲᠤ ᠣᠷᠣᠨ ᠫᠠᠶᠢᠰᠠ ᠡᠯᠭᠦᠭᠰᠡᠨ ᠢ ᠪᠡᠶᠡᠯᠡᠭᠦᠯᠦᠭᠰᠡᠨ  ᠳᠤ 30 ᠲᠦᠮᠡᠨ ᠲᠥᠭᠦᠷᠢᠭ ᠢᠶᠠᠷ ᠱᠠᠩᠨᠠᠨ᠎ᠠ᠃ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠂ ᠪᠥᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠷᠣᠭᠤᠯᠣᠭᠰᠠᠨ ᠬᠤᠪᠢ ᠶᠢ ᠰᠢᠯᠵᠢᠭᠦᠯᠬᠦ ᠰᠢᠰᠲ᠋ᠧᠮ ︵︽ᠰᠢᠨ᠎ᠡ ᠭᠤᠷᠪᠠᠨ ᠲᠠᠯᠠᠪᠤᠷ︾︶ ᠳᠤ ᠫᠠᠶᠢᠰᠠ ᠡᠯᠭᠦᠨ᠂ 100 ᠲᠦᠮᠡᠨ ᠲᠥᠭᠦᠷᠢᠭ ᠤᠨ ᠱᠠᠩᠨᠠᠯ ᠥᠭᠴᠦ᠂ ︽  ᠰᠢᠨ᠎ᠡ ᠭᠤᠷᠪᠠᠨ ᠲᠠᠯᠠᠪᠤᠷ︾ ᠤᠨ ᠳᠣᠲᠣᠷ᠎ᠠ ᠳᠡᠰ ᠳᠠᠪᠰᠢᠬᠤ ᠶᠢ ᠪᠡᠶᠡᠯᠡᠭᠦᠯᠦᠭᠰᠡᠨ ᠪᠠᠶᠢᠪᠠᠯ ᠳᠠᠬᠢᠨ ᠨᠢᠭᠡ ᠤᠳᠠᠭ᠎ᠠ ᠶᠢᠨ ᠴᠢᠨᠠᠷᠲᠠᠢ ᠪᠠᠷ 100 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ ᠬᠢᠶ᠎ᠠ ᠪᠠᠭᠰᠢ ᠲᠣᠭᠤᠷᠢᠭ ᠤᠨ ︽  ᠰᠢᠨ᠎ᠡ ᠭᠤᠷᠪᠠᠨ ᠲᠠᠯᠠᠪᠤᠷ︾   ᠲᠤ ᠫᠠᠶᠢᠰᠠ ᠡᠯᠭᠦᠭᠰᠡᠨ ᠺᠣᠮᠫᠠᠨᠢ ᠶᠢᠨ ᠲᠠᠯᠠᠪᠤᠷ ᠰᠣᠯᠢᠬᠤ ᠬᠢᠯᠢ ᠶᠢᠨ ᠳᠣᠲᠣᠨ᠎ᠠ ᠭᠠᠳᠠᠨᠠᠬᠢ ᠭᠤᠣᠯ ᠠᠷᠠᠯᠵᠢᠶᠠᠨ ᠤ ᠭᠠᠵᠠᠷ ︵ᠪᠡᠭᠡᠵᠢᠩ᠂ ᠱᠠᠩᠬᠠᠢ᠂ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠰᠢᠶᠠᠩᠭᠠᠩ ᠤᠨ ᠬᠠᠮᠲᠤᠷᠠᠭᠰᠠᠨ ᠠᠷᠠᠯᠵᠢᠶᠠᠨ ᠤ ᠭᠠᠵᠠᠷ᠂ ᠨᠢᠦ᠋ ᠶᠣᠷᠺ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠨᠠᠰᠳᠠᠺ ᠤᠨ  ᠲᠡᠮᠳᠡᠭᠲᠦ ᠶᠢᠨ ᠠᠷᠠᠯᠵᠢᠶᠠᠨ ᠤ ᠭᠠᠵᠠᠷ︶ ᠤᠨ ᠵᠠᠬ᠎ᠠ ᠳᠡᠯᠭᠡᠭᠦᠷ ᠲᠤ ᠭᠠᠷᠤᠭᠰᠠᠨ ᠳᠤ ᠳᠠᠬᠢᠨ 300 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ  ᠤᠨ ᠡᠮᠦᠨ᠎ᠡ ᠳᠤᠷᠠᠳᠤᠭᠰᠠᠨ ᠬᠢᠯᠢ ᠶᠢᠨ ᠳᠣᠲᠣᠨ᠎ᠠ ᠭᠠᠳᠠᠨᠠᠬᠢ ᠭᠤᠣᠯ ᠲᠡᠮᠳᠡᠭᠲᠦ ᠠᠷᠠᠯᠵᠢᠶᠠᠨ ᠤ ᠭᠠᠵᠠᠷ ᠲᠤ ᠰᠢᠭᠤᠳ ᠵᠠᠬ᠎ᠠ ᠳᠡᠯᠭᠡᠭᠦᠷ ᠲᠤ ᠭᠠᠷᠤᠭᠰᠠᠳ ᠲᠤ 500 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃  ᠬᠢᠶ᠎ᠠ ᠪᠠᠭᠰᠢ ᠲᠣᠭᠤᠷᠢᠭ ᠠᠴᠠ ᠭᠠᠳᠠᠨᠠᠬᠢ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠠᠩᠰᠠᠯᠠᠭᠤᠯᠤᠭᠰᠠᠨ ᠭᠠᠵᠠᠷ ᠢᠶᠠᠨ ᠬᠢᠶ᠎ᠠ ᠪᠠᠭᠰᠢ ᠲᠣᠭᠤᠷᠢᠭ ᠲᠤ ᠨᠡᠭᠦᠯᠭᠡᠨ ᠠᠪᠴᠢᠷᠠᠵᠤ ᠬᠡᠪ ᠤᠨ ᠶᠣᠰᠣᠭᠠᠷ ᠡᠵᠡᠩᠨᠡᠭᠰᠡᠨ ᠪᠥᠭᠡᠳ ᠬᠠᠤᠯᠢ ᠶᠣᠰᠣᠭᠠᠷ ᠲᠣᠰ ᠭᠠᠵᠠᠷ ᠲᠠᠭᠠᠨ ᠭᠠᠶᠢᠯᠢ ᠲᠤᠰᠢᠶᠠᠭᠰᠠᠨ ᠪᠠᠶᠢᠪᠠᠯ᠂ 500 ᠲᠦᠮᠡᠨ ᠲᠥᠭᠦᠷᠢᠭ ᠤᠨ ᠱᠠᠩᠨᠠᠯ  ᠥᠭᠭᠦᠨ᠎ᠡ᠃        ︵ᠬᠤᠶᠠᠷ︶ ᠰᠲ᠋ᠣᠺ ᠡᠵᠡᠮᠰᠢᠬᠦ ᠲᠠᠪᠴᠠᠩ ᠤᠨ ᠱᠠᠩᠨᠠᠯ ᠥᠭᠬᠦ᠂ ᠬᠢᠶ᠎ᠠ ᠪᠠᠭᠰᠢ ᠲᠣᠭᠤᠷᠢᠭ ᠤᠨ ᠵᠢᠭᠠᠨ ᠲᠣᠭᠲᠠᠭᠠᠭᠰᠠᠨ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠲᠤ ᠳᠠᠩᠰᠠᠯᠠᠭᠤᠯᠤᠭᠰᠠᠨ ᠠᠵᠢᠯᠲᠠᠨ ᠠᠵᠢᠯᠴᠢᠨ ᠤ ᠰᠲ᠋ᠣᠺ ᠡᠵᠡᠮᠰᠢᠬᠦ ᠲᠠᠪᠴᠠᠩ ᠳᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠤᠭᠰᠠᠨ ᠠᠴᠠ ᠪᠣᠯᠵᠤ ︽ᠰᠲ᠋ᠣᠺ ᠤᠨ ᠬᠡᠮᠵᠢᠶ᠎ᠡ ᠪᠠᠨ ᠪᠠᠭᠠᠰᠬᠠᠬᠤ᠂ ᠨᠡᠶᠢᠯᠡᠭᠦᠯᠦᠨ ᠠᠪᠬᠤ᠂ ᠳᠠᠬᠢᠨ ᠨᠡᠶᠢᠯᠡᠭᠦᠯᠬᠦ︾ ᠵᠡᠷᠭᠡ ᠵᠦᠢᠯᠡᠰ ᠭᠠᠷᠪᠠᠯ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠳᠤ ᠦᠵᠡᠭᠦᠯᠦᠭᠰᠡᠨ ᠬᠤᠪᠢ ᠨᠡᠮᠡᠷᠢ ᠪᠠᠷ ᠨᠢ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢᠶᠠᠷ ᠱᠠᠩᠨᠠᠯ ᠥᠭᠭᠦᠨ᠎ᠡ᠃        ︵ᠭᠤᠷᠪᠠ︶ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠤᠨ ᠰᠢᠭᠤᠳ ᠪᠡᠯᠡ  ᠣᠷᠣᠭᠤᠯᠬᠤ ᠶᠢ ᠠᠬᠢᠭᠤᠯᠵᠤ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠬᠤᠪᠢ ᠲᠣᠬᠢᠷᠠᠭᠤᠯᠬᠤ᠂ ᠨᠡᠮᠡᠵᠦ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠬᠢᠨ ᠪᠡᠯᠡ  ᠤᠷᠤᠭᠤᠯᠬᠤ ᠶᠢ ᠪᠡᠶᠡᠯᠡᠭᠦᠯᠦᠭᠰᠡᠨ ᠵᠢᠴᠢ ᠪᠣᠳᠠᠲᠤ ᠴᠣᠭᠴᠠ ᠶᠢᠨ ᠠᠵᠤ ᠠᠬᠤᠶᠢᠯᠠᠯ ᠨᠢ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠫᠢᠶᠣᠣ ᠪᠠᠷᠢᠮᠲᠠ ᠶᠢᠨ ᠪᠡᠯᠡ ᠤᠷᠤᠭᠤᠯᠬᠤ᠂ ᠰᠲ᠋ᠣᠺ ᠤᠨ ᠡᠷᠬᠡ ᠶᠢᠨ ᠪᠡᠯᠡ ᠤᠷᠤᠭᠤᠯᠬᠤ ︵IPO ᠪᠠᠭᠲᠠᠬᠤ ᠦᠭᠡᠢ︶᠂ ᠡᠳ᠋ ᠬᠥᠷᠥᠩᠭᠡ ᠶᠢᠨ ᠳᠡᠮᠳᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠭᠤᠳ ᠪᠡᠯᠡ ᠣᠷᠣᠭᠤᠯᠣᠭᠰᠠᠨ ᠪᠠᠶᠢᠪᠠᠯ᠂ ᠭᠤᠶᠤᠴᠢᠯᠠᠯ ᠢᠶᠠᠷ ᠪᠡᠯᠡ ᠣᠷᠣᠭᠤᠯᠣᠭᠰᠠᠨ ᠳᠣᠭᠠᠨ ᠤ 1% ᠶᠢᠨ ᠱᠠᠩᠨᠠᠯ ᠥᠭᠴᠦ᠂ ᠠᠵᠤ ᠠᠬᠤᠶᠢᠯᠠᠯ ᠨᠢᠭᠡᠪᠦᠷᠢ ᠶᠢᠨ ᠵᠢᠯ ᠪᠦᠷᠢ ᠶᠢᠨ ᠲᠣᠰ ᠵᠦᠢᠯ ᠤᠨ ᠱᠠᠩᠨᠠᠯ ᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠳᠥᠷᠪᠡ︶ ᠬᠥᠷᠥᠩᠭᠡ ᠪᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠵᠤ᠂ ᠳᠠᠩᠰᠠᠯᠠᠭᠤᠯᠤᠭᠰᠠᠨ ᠰᠠᠭᠤᠷᠢ ᠮᠥᠩᠭᠦ ᠶᠢ ᠠᠵᠤ ᠠᠬᠤᠶᠢᠯᠠᠯ ᠳᠤ ᠣᠷᠣᠭᠤᠯᠤᠭᠰᠠᠨ ᠤ ᠳᠠᠷᠠᠭ᠎ᠠ ᠪᠡᠯᠡ ᠣᠷᠣᠭᠤᠯᠤᠭᠰᠠᠨ ᠠᠵᠤ ᠠᠬᠤᠶᠢᠯᠠᠯ ᠪᠤᠶᠤ ᠲᠥᠷᠥᠯ ᠵᠦᠢᠯ ᠢ ᠬᠢᠶ᠎ᠠ ᠪᠠᠭᠰᠢ ᠲᠣᠭᠤᠷᠢᠭ ᠲᠤ ᠣᠷᠣᠭᠤᠯᠤᠭᠰᠠᠨ ᠪᠠᠶᠢᠪᠠᠯ᠂ ᠺᠣᠮᠫᠠᠨᠢ ᠳᠠᠩᠰᠠᠯᠠᠭᠤᠯᠤᠭᠠᠳ ᠪᠦᠷᠢᠨ ᠪᠦᠲᠦᠨ ᠨᠢᠭᠡ ᠨᠢᠭᠲᠠᠯᠠᠨ ᠪᠤᠳᠤᠬᠤ ᠣᠨ ᠪᠣᠯᠤᠭᠰᠠᠨ ᠤ ᠳᠠᠷᠠᠭ᠎ᠠ᠂ ᠰᠢᠨ᠎ᠡ ᠲᠥᠷᠥᠯ ᠵᠦᠢᠯ ᠤᠨ ᠲᠣᠰ ᠰᠠᠭᠤᠷᠢ ᠮᠥᠩᠭᠦ ᠳᠠᠬᠢ ᠪᠣᠳᠠᠲᠠᠢ ᠰᠲ᠋ᠣᠺ ᠤᠨ ᠡᠷᠬᠡ ᠶᠢᠨ ᠪᠡᠯᠡ ᠤᠷᠤᠭᠤᠯᠤᠭᠰᠠᠨ ᠳᠣᠭᠠᠨ ᠤ 1% ᠪᠠᠷ ᠰᠢᠨ᠎ᠡ ᠪᠠᠷ ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠳᠤ ᠱᠠᠩᠨᠠᠯ  ᠥᠭᠴᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ᠲᠠᠪᠤᠳᠤᠭᠠᠷ  ᠵᠣᠷᠪᠤᠰ    ᠮᠥᠩᠭᠦᠨ ᠭᠦᠢᠯᠭᠡᠭᠡᠨ ᠤ ᠴᠢᠳᠠᠪᠤᠷᠢᠲᠠᠨ ᠢ ᠤᠷᠤᠭᠤᠯᠬᠤ ᠬᠥᠮᠥᠵᠢᠭᠦᠯᠬᠦ        ︵ᠨᠢᠭᠡ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠤ ᠲᠤᠰᠢᠶᠠᠯ ᠡᠭᠦᠷᠭᠡᠯᠡᠭᠰᠡᠨ ᠪᠥᠭᠡᠳ ᠵᠢᠯ ᠤᠨ ᠴᠠᠯᠢᠩ ᠨᠢ ᠲᠣᠰ ᠬᠤᠲᠠ ᠶᠢᠨ ᠲᠦᠷᠦᠭᠦᠸ ᠵᠢᠯ ᠤᠨ ᠨᠡᠶᠢᠭᠡᠮ ᠤᠨ ᠳᠤᠮᠳᠠᠴᠢ ᠴᠠᠯᠢᠩ ᠤᠨ 6 ᠳᠠᠬᠢᠨ ᠵᠢᠴᠢ ᠲᠡᠭᠦᠨ ᠠᠴᠠ ᠳᠡᠭᠡᠭᠰᠢ ᠪᠣᠯᠤᠭᠰᠠᠨ ᠲᠣᠰ ᠪᠠᠶᠢᠭᠤᠯᠤᠮᠵᠢ ᠶᠢᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠳᠤ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ ᠬᠢᠶ᠎ᠠ ᠪᠠᠭᠰᠢ ᠲᠣᠭᠤᠷᠢᠭ ︵ᠬᠤᠲᠠ ᠶᠢᠨ ᠨᠡᠶᠢᠭᠡᠮ ᠤᠨ ᠪᠠᠲᠤᠯᠠᠭ᠎ᠠ ᠶᠢ ᠪᠠᠭᠲᠠᠭᠠᠨ᠎ᠠ︶ ᠲᠤ ᠵᠠᠯᠭᠠᠭ᠎ᠠ ᠪᠠᠷ 2 ᠵᠢᠯ ᠨᠡᠶᠢᠭᠡᠮ ᠤᠨ ᠳᠠᠭᠠᠳᠬᠠᠯ ᠲᠤᠰᠢᠶᠠᠭᠰᠠᠨ ᠤ ᠳᠠᠷᠠᠭ᠎ᠠ᠂ ᠨᠢᠭᠡ ᠤᠳᠠᠭ᠎ᠠ ᠶᠢᠨ ᠴᠢᠨᠠᠷᠲᠠᠢ ᠪᠠᠷ ᠬᠥᠮᠥᠨ ᠪᠦᠷᠢ ᠳᠤ 5 ᠲᠦᠮᠡᠨ ᠲᠥᠭᠦᠷᠢᠭ ᠤᠨ ᠱᠠᠩᠨᠠᠯ  ᠥᠭᠭᠦᠨ᠎ᠡ᠃        ︵ᠬᠤᠶᠠᠷ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠤ ᠠᠵᠢᠯᠯᠠᠵᠤ ᠪᠠᠶᠢᠭ᠎ᠠ ᠮᠥᠷᠲᠡᠭᠡᠨ CFA ︵ᠣᠨᠴᠠ ᠵᠥᠪᠰᠢᠶᠡᠷᠡᠯ ᠤᠨ ᠪᠦᠷᠢᠳᠬᠡᠯ ᠲᠠᠢ ᠮᠥᠩᠭᠦᠨ ᠭᠦᠢᠯᠭᠡᠭᠡᠨ ᠤ ᠵᠠᠳᠠᠯᠤᠭᠴᠢ︶ ᠶᠢᠨ ᠦᠨᠡᠮᠯᠡᠯ᠂ ACCA ︵ᠣᠯᠠᠨ ᠤᠯᠤᠰ ᠤᠨ ᠪᠦᠷᠢᠳᠬᠡᠯ ᠲᠠᠢ ᠨᠢᠭᠲᠠᠯᠠᠨ ᠪᠤᠳᠤᠭᠴᠢ︶ ᠶᠢᠨ ᠦᠨᠡᠮᠯᠡᠯ᠂ CPA ︵  ᠪᠦᠷᠢᠳᠬᠡᠯ ᠲᠠᠢ ᠨᠢᠭᠲᠠᠯᠠᠨ ᠪᠤᠳᠤᠭᠴᠢ︶ ᠶᠢᠨ ᠦᠨᠡᠮᠯᠡᠯ᠂ ᠳᠠᠭᠠᠳᠬᠠᠯ ᠤᠨ ᠨᠠᠷᠢᠨ ᠪᠤᠳᠤᠭᠠᠴᠢ ᠶᠢᠨ ᠦᠨᠡᠮᠯᠡᠯ᠂ ᠡᠰᠡᠬᠦᠯ᠎ᠡ ᠪᠠᠲᠤᠯᠠᠨ ᠲᠠᠨᠢᠯᠴᠠᠭᠤᠯᠤᠭᠴᠢ ᠶᠢᠨ ᠬᠢᠷᠢ ᠬᠡᠮ ᠤᠨ ᠰᠢᠯᠭᠠᠯᠲᠠ᠂ ᠬᠡᠷᠡᠭ ᠮᠡᠳᠡᠭᠴᠢᠳ ᠤᠨ ᠵᠥᠪᠯᠡᠯ  ᠤᠨ ᠨᠠᠷᠢᠨ ᠪᠢᠴᠢᠭᠡᠴᠢ ᠶᠢᠨ ᠬᠢᠷᠢ ᠬᠡᠮ ᠤᠨ ᠰᠢᠯᠭᠠᠯᠲᠠ ᠶᠢ ᠥᠩᠭᠡᠷᠡᠭᠡᠭᠰᠡᠨ ᠮᠥᠩᠭᠦᠨ ᠭᠦᠢᠯᠭᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ ᠬᠢᠶ᠎ᠠ ᠪᠠᠭᠰᠢ ᠲᠣᠭᠤᠷᠢᠭ ︵ᠬᠤᠲᠠ ᠶᠢᠨ ᠨᠡᠶᠢᠭᠡᠮ ᠤᠨ ᠪᠠᠲᠤᠯᠠᠭ᠎ᠠ ᠶᠢ ᠪᠠᠭᠲᠠᠭᠠᠨ᠎ᠠ︶ ᠲᠤ ᠵᠠᠯᠭᠠᠭ᠎ᠠ ᠪᠠᠷ 2 ᠵᠢᠯ ᠨᠡᠶᠢᠭᠡᠮ ᠤᠨ ᠳᠠᠭᠠᠳᠬᠠᠯ ᠲᠤᠰᠢᠶᠠᠭᠰᠠᠨ ᠤ ᠳᠠᠷᠠᠭ᠎ᠠ᠂ ᠬᠥᠮᠥᠨ ᠪᠦᠷᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃        ︵ᠭᠤᠷᠪᠠ︶ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠠᠵᠢᠯ ᠤᠨ ᠦᠢᠯᠡᠴᠢᠯᠡᠭᠡᠨ ᠤ ᠲᠥᠪ ᠲᠤ ᠪᠦᠬᠦᠯᠢ ᠨᠢᠭᠡ ᠵᠢᠯ ᠠᠵᠢᠯᠯᠠᠭᠰᠠᠨ ᠪᠥᠭᠡᠳ ᠬᠢᠶ᠎ᠠ ᠪᠠᠭᠰᠢ ᠲᠣᠭᠤᠷᠢᠭ ᠲᠤ ᠵᠠᠭᠤᠨ ᠬᠦᠮᠦᠨ ᠠᠴᠠ ᠳᠡᠭᠡᠭᠰᠢ ᠬᠡᠪᠴᠢᠶᠡᠲᠦ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠮᠥᠵᠢᠭᠦᠯᠦᠯ᠂ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠪᠤᠯᠪᠠᠰᠣᠷᠠᠯ᠂ ᠪᠡᠯᠡ ᠣᠷᠣᠭᠤᠯᠤᠭᠴᠢ ᠶᠢᠨ ᠬᠥᠮᠦᠵᠢᠯ᠂ ᠮᠥᠩᠭᠦᠨ ᠭᠦᠢᠯᠭᠡᠭᠡᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯᠯᠠᠭ᠎ᠠ ᠪᠠ ᠠᠵᠢᠯ ᠥᠷᠨᠢᠭᠦᠯᠦᠭᠰᠡᠨ ᠮᠥᠩᠭᠦᠨ ᠭᠦᠢᠯᠭᠡᠭᠡᠨ ᠤ ᠴᠢᠳᠠᠪᠤᠷᠢᠲᠠᠨ ᠳᠤ᠂ ᠨᠢᠭᠡ ᠤᠳᠠᠭ᠎ᠠ ᠶᠢᠨ ᠴᠢᠨᠠᠷᠲᠠᠢ ᠪᠠᠷ 1 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃        ︵ᠳᠥᠷᠪᠡ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠣᠷᠣᠭᠤᠯᠤᠨ ᠠᠪᠴᠢᠷᠠᠭᠰᠠᠨ ᠲᠤᠰᠬᠠᠢ ᠣᠷᠣᠨ ᠤ ᠳᠡᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠭᠡᠳᠦ ᠳᠡᠰ ᠤᠨ ᠴᠢᠳᠠᠪᠤᠷᠢᠲᠠᠨ᠂ ᠬᠤᠯᠪᠣᠭᠳᠠᠯ ᠪᠦᠬᠦᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ᠂ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭᠠᠨ ᠳᠤ ᠬᠤᠲᠠ ᠪᠤᠶᠤ ᠲᠣᠭᠤᠷᠢᠭ ᠤᠨ ᠬᠠᠩᠭᠠᠭᠰᠠᠨ ᠨᠡᠶᠢᠲᠡ ᠶᠢᠨ ᠪᠠᠶᠢᠷᠢ ︵ᠬᠠᠮᠤᠭ ᠤᠨ ᠥᠨᠳᠥᠷ ᠲᠡᠭᠡᠨ 300 ᠲᠡᠭᠰᠢ ᠳᠥᠷᠪᠡᠯᠵᠢᠨ ᠮᠧᠲᠷ ᠠᠴᠠ ᠬᠡᠲᠦᠷᠡᠵᠦ ᠪᠣᠯᠬᠤ ᠦᠭᠡᠢ︶ ᠶᠢ ᠰᠦᠢᠳᠬᠡᠯ ᠬᠤᠷᠢᠶᠠᠬᠤ ᠦᠭᠡᠢ ᠪᠠᠷ ᠬᠡᠷᠡᠭᠯᠡᠵᠦ᠂ ᠲᠣᠰ ᠠᠷᠭ᠎ᠠ ᠬᠡᠮᠵᠢᠶ᠎ᠡ ᠶᠢᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠵᠢᠯ ᠤᠳ  ᠲᠤ ᠬᠢᠶ᠎ᠠ ᠪᠠᠭᠰᠢ ᠲᠣᠭᠤᠷᠢᠭ ᠤᠨ ᠲᠣᠰ ᠭᠠᠵᠠᠷ ᠤᠨ ᠵᠠᠬ᠎ᠠ ᠳᠡᠯᠭᠡᠭᠦᠷ ᠤᠨ ᠭᠡᠷ ᠬᠥᠷᠥᠩᠭᠡ ᠶᠢᠨ ᠲᠦᠷᠢᠶᠡᠰᠦᠯᠡᠯ ᠤᠨ ᠦᠨ᠎ᠡ ᠬᠠᠩᠰᠢ ᠪᠠᠷ ᠬᠡᠷᠡᠭᠵᠢᠭᠦᠯᠦᠨ᠎ᠡ᠂ ᠲᠤᠬᠠᠢ ᠶᠢᠨ ᠦᠶ᠎ᠡ ᠳᠤ ᠬᠡᠷᠪᠡ ᠪᠤᠰᠤᠳ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠠᠢ ᠪᠣᠯ ᠲᠡᠭᠦᠨ ᠤ ᠶᠣᠰᠣᠭᠠᠷ ᠬᠡᠷᠡᠭᠵᠢᠭᠦᠯᠵᠦ ᠪᠣᠯᠣᠨ᠎ᠠ᠃        ︵ᠲᠠᠪᠤ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠣᠷᠣᠭᠤᠯᠤᠨ ᠠᠪᠴᠢᠷᠠᠭᠰᠠᠨ ᠬᠤᠲᠠ᠂ ᠲᠣᠭᠤᠷᠢᠭ ᠬᠤᠶᠠᠷ ᠳᠡᠰ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠣᠭᠲᠠᠭᠠᠯ ᠳᠤ ᠨᠡᠶᠢᠴᠡᠬᠦ ᠴᠢᠳᠠᠪᠤᠷᠢᠲᠠᠨ ᠳᠤ᠂ ᠣᠷᠣᠨ ᠰᠠᠭᠤᠴᠠ ᠶᠢᠨ ᠪᠠᠲᠤᠯᠠᠭ᠎ᠠ᠂ ᠬᠤᠯᠪᠣᠰᠤ ᠶᠢ ᠨᠢ ᠲᠥᠪᠬᠢᠨᠡᠭᠦᠯᠬᠦ᠂ ᠡᠷᠦᠬᠡ ᠠᠮᠠ ᠰᠢᠯᠵᠢᠭᠦᠯᠬᠦ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠵᠢᠴᠢ ᠪᠤᠰᠤᠳ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠠᠳᠠᠯᠢ ᠨᠥᠬᠦᠴᠡᠯ ᠤᠨ ᠳᠣᠣᠷ᠎ᠠ ᠬᠤᠲᠠ᠂ ᠲᠣᠭᠤᠷᠢᠭ ᠤᠨ ᠲᠤᠰᠬᠠᠢ ᠵᠦᠢᠯ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠤᠷᠢᠳᠠᠪᠠᠷ ᠬᠦᠷᠲᠡᠭᠡᠨ᠎ᠡ᠃        ᠵᠢᠷᠭᠤᠳᠤᠭᠠᠷ ᠵᠤᠷᠪᠤᠰ    ᠮᠥᠩᠭᠦᠨ ᠭᠦᠢᠯᠭᠡᠭᠡᠨ ᠤ ᠲᠦᠬᠦᠷ ᠦᠢᠯᠡᠴᠢᠯᠡᠭᠡ ᠶᠢ ᠳᠡᠭᠦᠯᠳᠡᠷᠵᠢᠭᠦᠯᠬᠦ        ︵ᠨᠢᠭᠡ︶ ᠬᠢᠶ᠎ᠠ ᠪᠠᠭᠰᠢ ᠳᠤ ᠳᠠᠩᠰᠠᠯᠠᠭᠤᠯᠤᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠳᠠᠩᠰᠠᠯᠠᠭᠤᠯᠬᠤ ᠶᠢ ᠬᠢᠨᠠᠨ ᠵᠥᠪᠰᠢᠶᠡᠷᠡᠬᠦ ᠂ ᠦᠢᠯᠡᠳᠪᠦᠷᠢ ᠬᠤᠳᠠᠯᠳᠣᠭᠠᠨ ᠤ  ᠪᠦᠷᠢᠳᠬᠡᠬᠦ ᠳᠤ ᠲᠥᠬᠦᠮ ᠦᠵᠡᠭᠦᠯᠵᠦ᠂ ᠳᠠᠭᠠᠭᠤᠯᠤᠨ ᠭᠦᠢᠴᠡᠳᠬᠡᠬᠦ᠂ ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠤᠨ ᠠᠯᠪᠠᠯᠠᠬᠤ ᠭᠡᠷ ᠪᠠᠶᠢᠰᠢᠩ ᠳᠣᠭᠳᠠᠭᠠᠬᠤ ᠶᠢ ᠵᠣᠬᠢᠴᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠯᠭᠡᠨ ᠣᠷᠣᠭᠤᠯᠤᠭᠰᠠᠨ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ᠂ ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠵᠡᠷᠭᠡ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠨᠢ ᠵᠢᠭᠠᠨ ᠲᠣᠭᠲᠠᠭᠠᠭᠰᠠᠨ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠲᠤ ᠣᠷᠣᠵᠤ ᠰᠠᠭᠤᠪᠠᠯ᠂ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢ ᠠᠪᠴᠤ᠂ ᠪᠠᠶᠢᠭᠤᠯᠤᠮᠵᠢ ᠶᠢᠨ ᠳᠡᠩᠰᠡᠯᠡᠵᠦ ᠬᠢᠨᠠᠨ ᠵᠥᠪᠰᠢᠶᠡᠷᠡᠬᠦ᠂ ᠦᠢᠯᠡᠳᠪᠦᠷᠢ ᠬᠤᠳᠠᠯᠳᠤᠭᠠᠨ ᠤ ᠪᠦᠷᠢᠳᠬᠡᠬᠦ  ᠳᠤ ᠰᠠᠭᠠᠳ ᠦᠭᠡᠢ ᠨᠡᠪᠲᠡᠷᠡᠬᠦ ᠵᠠᠮ ᠢ ᠬᠠᠩᠭᠠᠨ᠎ᠠ᠃        ︵ᠬᠤᠶᠠᠷ︶ ᠳᠡᠭᠡᠳᠦ ᠱᠠᠲᠤᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠨᠡᠶᠢᠴᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠤ ᠬᠠᠪᠰᠤᠷᠤᠨ ᠭᠦᠢᠴᠡᠳᠬᠡᠬᠦ᠂ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠪᠥᠬᠦ ᠬᠦᠴᠦᠨ ᠢᠶᠠᠷ ᠢᠶᠠᠨ ᠴᠢᠷᠮᠠᠶᠢᠨ  ᠤᠯᠤᠨ᠎ᠠ᠃ ᠲᠣᠰ ᠠᠷᠭ᠎ᠠ ᠬᠡᠮᠵᠢᠶ᠎ᠡ ᠶᠢ ᠨᠡᠶᠢᠲᠡᠯᠡᠬᠦ ᠠᠴᠠ ᠡᠮᠦᠨ᠎ᠡ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠯᠭᠡᠨ ᠣᠷᠣᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠡᠯ᠎ᠡ ᠵᠦᠢᠯ ᠤᠨ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠰ ᠠᠰ ᠢᠶᠠᠷ ᠨᠢ ᠵᠥᠪᠯᠡᠬᠦ︾ ᠵᠠᠷᠴᠢᠮ ᠶᠣᠰᠣᠭᠠᠷ ᠵᠣᠬᠢᠬᠤ ᠳᠡᠮᠵᠢᠯᠭᠡ ᠦᠵᠡᠭᠦᠯᠦᠨ᠎ᠡ᠃        ︵ᠭᠤᠷᠪᠠ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠥᠪᠡᠷ ᠢᠶᠠᠨ ᠠᠯᠪᠠᠨ ᠬᠡᠷᠡᠭᠯᠡᠭᠡᠨ ᠤ ᠭᠡᠷ ᠪᠠᠶᠢᠰᠢᠩ ᠪᠠᠷᠢᠭᠰᠠᠨ ᠪᠠᠶᠢᠪᠠᠯ᠂ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ︔ ᠬᠢᠶ᠎ᠠ ᠪᠠᠭᠰᠢ ᠲᠣᠭᠤᠷᠢᠭ ᠤᠨ ᠲᠥᠯᠦᠪᠵᠢᠭᠦᠯᠭᠡ ᠶᠢᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠤᠳᠠᠯᠳᠤᠨ ᠠᠪᠴᠤ ᠥᠪᠡᠷ ᠢᠶᠠᠨ ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠪᠤᠯᠭᠠᠪᠠᠯ᠂  ᠨᠢᠭᠡ ᠳᠡᠭᠰᠢ ᠲᠦᠷᠪᠡᠯᠵᠢᠨ ᠮᠧᠲᠷ ᠪᠦᠷᠢ ᠳᠤ 1000 ᠲᠥᠭᠦᠷᠢᠭ ᠤᠨ ᠨᠥᠬᠦᠪᠦᠷᠢ ᠮᠥᠩᠭᠦ ᠥᠭᠴᠦ᠂ ᠶᠡᠷᠦᠩᠬᠡᠢ ᠲᠤᠭ᠎ᠠ ᠶᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠠᠯᠪᠠᠨ ᠭᠡᠷ ᠲᠦᠷᠢᠶᠡᠰᠦᠯᠡᠬᠦ ᠳᠤ 300 ᠳᠡᠭᠰᠢ ᠲᠦᠷᠪᠡᠯᠵᠢᠨ ᠮᠧᠲᠷ ᠠᠴᠠ ᠳᠣᠷᠣᠭᠰᠢ ︵300 ᠳᠡᠭᠰᠢ ᠲᠦᠷᠪᠡᠯᠵᠢᠨ ᠮᠧᠲᠷ ᠠᠴᠠ ᠬᠡᠲᠦᠷᠡᠭᠰᠡᠨ ᠬᠡᠰᠡᠭ ᠢ ᠠᠵᠤ ᠠᠬᠤᠶᠢᠯᠠᠯ ᠥᠪᠡᠷ ᠢᠶᠠᠨ ᠡᠭᠦᠷᠭᠡᠯᠡᠨ᠎ᠡ︶ ᠪᠣᠯ ᠵᠢᠯ ᠤᠨ ᠲᠦᠷᠢᠶᠡᠰᠦᠨ ᠮᠥᠩᠭᠦ ᠪᠠᠷ ᠡᠮᠦᠨ᠎ᠡ 3 ᠵᠢᠯ ᠤᠨ 50% ᠶᠢᠨ ᠲᠦᠷᠢᠶᠡᠰᠦᠯᠡᠬᠦ ᠨᠥᠬᠦᠪᠦᠷᠢ ᠥᠭᠴᠦ᠂ ᠡᠷᠦᠬᠡ ᠪᠦᠷᠢ ᠳᠤ ᠨᠡᠶᠢᠲᠡ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠳᠥᠷᠪᠡ︶ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠤᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠲᠦᠷᠢᠶᠡᠰᠦᠯᠡᠨ ᠡᠵᠡᠩᠨᠡᠬᠦ ᠲᠠᠪᠴᠠᠩ ᠢ ᠵᠢᠭᠠᠨ ᠲᠣᠭᠲᠠᠭᠠᠵᠤ᠂ ᠣᠷᠣᠵᠤ ᠰᠠᠭᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ︽ᠭᠤᠷᠪᠠ ᠶᠢ ᠬᠡᠯᠲᠦᠷᠢᠭᠦᠯᠵᠦ ᠬᠤᠶᠠᠷ ᠢ ᠬᠠᠭᠠᠰ ᠢᠶᠠᠷ ᠬᠠᠰᠤᠬᠤ︾ ᠲᠥᠷᠥ ᠶᠢᠨ ᠪᠣᠳᠣᠯᠭ᠎ᠠ ︵ᠳᠠᠷᠤᠢ ᠡᠵᠡᠩᠨᠡᠯᠲᠡ ᠶᠢᠨ ᠲᠠᠪᠴᠠᠩ ᠤᠨ ᠡᠮᠦᠨ᠎ᠡ ᠭᠤᠷᠪᠠᠨ ᠵᠢᠯ ᠳᠤ ᠲᠦᠷᠢᠶᠡᠰᠦᠨ ᠮᠥᠩᠭᠦ ᠬᠡᠯᠲᠦᠷᠢᠭᠦᠯᠵᠦ ᠰᠡᠭᠦᠯ ᠤᠨ ᠬᠤᠶᠠᠷ ᠵᠢᠯ ᠳᠤ ᠬᠠᠭᠠᠰ ᠢᠶᠠᠷ ᠬᠠᠰᠤᠵᠤ ᠬᠤᠷᠢᠶᠠᠬᠤ︶ ᠶᠢ ᠬᠡᠷᠡᠭᠵᠢᠭᠦᠯᠦᠭᠰᠡᠨ ᠤᠷᠢᠲᠠᠯ ᠳᠣᠣᠷ᠎ᠠ᠂ ᠡᠮᠦᠨ᠎ᠡ ᠭᠤᠷᠪᠠᠨ ᠵᠢᠯ ᠤᠨ ᠲᠦᠷᠢᠶᠡᠰᠦᠨ ᠮᠥᠩᠭᠦ ᠶᠢᠨ 50%᠂ ᠰᠡᠭᠦᠯ ᠤᠨ ᠬᠤᠶᠠᠷ ᠵᠢᠯ ᠤᠨ 25% ᠮᠥᠷᠲᠡᠭᠡᠨ ᠡᠷᠦᠬᠡ ᠪᠦᠷᠢ ᠳᠤ ᠵᠢᠯ ᠪᠦᠷᠢ 10 ᠲᠦᠮᠡᠨ ᠲᠥᠭᠦᠷᠢᠭ ᠠᠴᠠ ᠥᠯᠥ ᠬᠡᠲᠦᠷᠡᠬᠦ ᠪᠠᠷᠢᠮᠵᠢᠶ᠎ᠠ ᠶᠢᠨ ᠨᠥᠬᠦᠪᠦᠷᠢ ᠥᠭᠴᠦ᠂ ᠡᠵᠡᠩᠨᠡᠯᠲᠡ ᠶᠢᠨ ᠲᠠᠪᠴᠠᠩ ᠤᠨ ᠨᠥᠬᠦᠪᠦᠷᠢ ᠥᠭᠴᠦ᠂ ᠵᠢᠯ ᠪᠦᠷᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠲᠠᠪᠤ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠬᠠᠮᠢᠶ᠎ᠠ ᠪᠦᠬᠦᠢ ᠬᠢᠷᠢ  ᠬᠡᠮ ᠣᠯᠣᠭᠰᠠᠨ ᠢᠲᠡᠭᠡᠮᠵᠢ ᠶᠢᠨ ᠺᠣᠮᠫᠠᠨᠢ᠂ ᠬᠥᠷᠥᠩᠭᠡ ᠢᠲᠡᠭᠡᠮᠵᠢ ︵ᠲᠠᠰ ᠲᠣᠭᠲᠠᠭᠠᠬᠤ︶  ᠶᠢᠨ ᠺᠣᠮᠫᠠᠨᠢ᠂ ᠡᠳ᠋ ᠬᠥᠷᠥᠩᠭᠡ ᠶᠢ ᠦᠨᠡᠯᠡᠨ ᠵᠢᠱᠢᠬᠦ ᠺᠣᠮᠫᠠᠨᠢ᠂ ᠡᠳ᠋ ᠤᠨ ᠶᠠᠪᠤᠳᠠᠯ ᠤᠨ ᠬᠢᠨᠠᠨ ᠪᠤᠳᠤᠬᠤ ᠺᠣᠮᠫᠠᠨᠢ ︵ᠭᠠᠵᠠᠷ ︶᠂ ᠬᠠᠤᠯᠢᠴᠢ ᠶᠢᠨ ᠠᠵᠢᠯ ᠤᠨ ᠭᠠᠵᠠᠷ᠂ ᠠᠯᠪᠠᠨ ᠭᠡᠷᠡᠴᠢᠯᠡᠭᠡᠨ ᠤ ᠭᠠᠵᠠᠷ ᠵᠡᠷᠭᠡ ᠮᠥᠩᠭᠦᠨ ᠭᠦᠢᠯᠭᠡᠭᠡᠨ ᠤ ᠬᠠᠮᠢᠶ᠎ᠠ ᠪᠦᠬᠦᠢ ᠲᠥᠬᠦᠷ ᠦᠢᠯᠡᠴᠢᠯᠡᠭᠡᠨ ᠤ ᠪᠠᠶᠢᠭᠤᠯᠤᠮᠵᠢ ᠳᠤ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠱᠠᠩᠨᠠᠯ ᠥᠭᠴᠦ᠂ ᠨᠢᠭᠡ ᠪᠠᠶᠢᠭᠤᠯᠤᠮᠵᠢ ᠳᠤ ᠥᠭᠬᠦ ᠲᠣᠰ ᠱᠠᠩᠨᠠᠯ ᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠵᠢᠷᠭᠤᠭ᠎ᠠ︶ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠳᠠᠩᠰᠠᠯᠠᠭᠤᠯᠬᠤ ᠪᠤᠶᠤ ᠨᠠᠶᠢᠳᠠᠵᠤ᠂ ᠬᠢᠶ᠎ᠠ ᠪᠠᠭᠰᠢ ᠲᠣᠭᠤᠷᠢᠭ ᠲᠤ ᠰᠡᠳᠦᠪ ᠤᠨ  ᠰᠣᠳᠣᠯᠣᠯᠳᠠ᠂ ᠮᠥᠩᠭᠦᠨ ᠭᠦᠢᠯᠭᠡᠭᠡᠨ ᠤ ᠦᠭᠦᠯᠡᠯ ᠤᠨ ᠲᠠᠪᠴᠠᠩ᠂ ᠡᠯ᠎ᠡ ᠲᠥᠷᠥᠯ ᠤᠨ ᠴᠤᠭᠯᠠᠭᠠᠨ᠂ ᠲᠥᠷᠥ ᠶᠢᠨ ᠪᠣᠳᠣᠯᠭ᠎ᠠ ᠨᠡᠶᠢᠲᠡᠯᠡᠬᠦ ᠬᠤᠷᠠᠯ᠂ ᠪᠡᠯᠡ ᠤᠷᠤᠭᠤᠯᠬᠤ ᠶᠢ ᠵᠠᠯᠭᠠᠯᠳᠣᠭᠤᠯᠬᠤ ᠬᠤᠷᠠᠯ ᠵᠢᠴᠢ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠨ ᠪᠣᠶᠢᠵᠢᠭᠤᠯᠬᠤ ᠵᠡᠷᠭᠡ ᠮᠥᠩᠭᠦᠨ ᠭᠦᠢᠯᠭᠡᠭᠡᠨ ᠤ ᠲᠤᠰᠬᠠᠢ ᠮᠡᠷᠭᠡᠵᠢᠯ ᠤᠨ ᠬᠤᠷᠠᠯ ᠤᠨ ᠠᠵᠢᠯᠯᠠᠭ᠎ᠠ ᠥᠷᠨᠢᠭᠦᠯᠦᠭᠰᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠥᠬᠦᠴᠡᠯ ᠳᠤ ᠨᠡᠶᠢᠴᠡᠨ᠎ᠡ ᠭᠡᠵᠦ ᠮᠠᠭᠠᠳᠯᠠᠨ ᠲᠣᠭᠲᠠᠭᠠᠭᠰᠠᠨ ᠪᠠᠶᠢᠪᠠᠯ᠂ ᠪᠣᠳᠠᠲᠠᠢ  ᠠᠵᠢᠯᠯᠠᠭᠠᠨ ᠤ ᠵᠠᠷᠤᠳᠠᠯ ︵ᠵᠠᠰᠠᠭ ᠤᠨ ᠣᠷᠳᠣᠨ ᠤ ᠳᠡᠮᠵᠢᠯᠭᠡ ᠶᠢᠨ ᠵᠠᠷᠤᠳᠠᠯ  ᠠᠴᠠ ᠪᠤᠰᠤᠳ ︶ ᠤᠨ 50% ᠪᠠᠷ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠲᠠᠯ᠎ᠠ ᠳᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠴᠦ᠂ ᠬᠠᠮᠤᠭ ᠤᠨ ᠥᠨᠳᠥᠷ ᠨᠥᠬᠦᠪᠦᠷᠢ ᠶᠢ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ᠂ ᠬᠤᠰᠢᠭᠤ ᠲᠣᠭᠤᠷᠢᠭ ᠤᠨ ᠲᠠᠰ ᠢᠶᠠᠷ ᠲᠥᠷᠥᠯ ᠬᠤᠪᠢᠶᠠᠵᠤ᠂ ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠳᠣᠯᠤᠭ᠎ᠠ︶ ᠪᠡᠯᠡ ᠤᠷᠤᠭᠤᠯᠬᠤ ᠳᠠᠭᠠᠭᠠᠯᠲᠠ ᠶᠢᠨ ᠺᠣᠮᠫᠠᠨᠢ ᠨᠢ ᠬᠢᠶ᠎ᠠ ᠪᠠᠭᠰᠢ ᠲᠣᠭᠤᠷᠢᠭ ᠤᠨ ᠲᠣᠰ ᠭᠠᠵᠠᠷ ᠤᠨ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠳᠠᠭᠠᠭᠠᠯᠲᠠ ᠬᠠᠩᠭᠠᠭᠰᠠᠨ ᠪᠠᠶᠢᠪᠠᠯ᠂ ᠳᠠᠭᠠᠭᠠᠯᠲᠠ ᠶᠢᠨ ᠲᠤᠭ᠎ᠠ ᠶᠢᠨ 1‰ ᠶᠣᠰᠣᠭᠠᠷ ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠨᠠᠢᠮᠠ︶ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ᠂ ᠠᠵᠢᠯ ᠲᠦᠷᠦᠯ ᠤᠨ ᠬᠢᠨ ᠤ ᠨᠡᠶᠢᠭᠡᠮᠯᠢᠭ ᠵᠡᠷᠭᠡ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠤᠶᠤ ᠬᠤᠪᠢ ᠬᠥᠮᠥᠨ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠨᠡᠭᠦᠵᠦ ᠣᠷᠣᠬᠤ ᠶᠠᠪᠤᠴᠠ ᠳᠤ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠦᠵᠡᠭᠦᠯᠦᠭᠰᠡᠨ ᠢᠶᠠᠷ ᠮᠠᠭᠠᠳᠯᠠᠨ ᠲᠣᠭᠲᠠᠭᠠᠬᠤ ᠪᠠᠷ ᠳᠠᠮᠵᠢᠭᠤᠯᠤᠨ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠠᠩᠰᠠᠯᠠᠭᠤᠯᠤᠭᠰᠠᠨ ᠪᠥᠭᠡᠳ ᠬᠡᠪ ᠤᠨ ᠡᠵᠡᠩᠨᠡᠯᠲᠡ ᠨᠢ ᠨᠢᠭᠡ ᠪᠦᠷᠢᠨ ᠪᠦᠲᠦᠨ ᠨᠢᠭᠲᠠᠯᠠᠨ ᠪᠤᠳᠤᠬᠤ ᠣᠨ ᠪᠣᠯᠤᠭᠰᠠᠨ ᠤ ᠲᠠᠷᠠᠭ᠎ᠠ᠂ ︽ᠠᠰ ᠠᠰ ᠢᠶᠠᠷ ᠨᠢ ᠵᠥᠪᠯᠡᠬᠦ︾ ᠪᠠᠷ ᠳᠠᠮᠵᠢᠭᠤᠯᠤᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠤᠶᠤ ᠬᠤᠪᠢ ᠬᠥᠮᠥᠨ ᠳᠤ ᠱᠠᠩᠨᠠᠯ ᠥᠭᠴᠦ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ᠲᠣᠰ ᠠᠷᠭ᠎ᠠ ᠬᠡᠮᠵᠢᠶ᠎ᠡ ᠳᠤ ᠬᠡᠯᠡᠵᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯ ᠴᠥᠮ ᠬᠢᠶ᠎ᠠ ᠪᠠᠭᠰᠢ ᠳᠤ ᠳᠠᠩᠰᠠᠯᠠᠭᠤᠯᠤᠭᠰᠠᠨ ᠬᠡᠪ ᠤᠨ ᠲᠣᠭᠲᠠᠭᠠᠯ ᠳᠤ ᠨᠠᠶᠢᠴᠡᠭᠰᠡᠨ ᠡᠵᠡᠩᠨᠡᠵᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ᠎ᠠ᠂ ᠵᠢᠭᠠᠵᠤ ᠪᠠᠶᠢᠭ᠎ᠠ ᠪᠡᠯᠡ ᠮᠥᠩᠭᠦᠨ ᠤ ᠵᠣᠭᠤᠰ ᠤᠨ ᠲᠥᠷᠥᠯ  ᠨᠢ ᠴᠥᠮ ᠠᠷᠠᠳ ᠤᠨ ᠵᠣᠭᠤᠰ ᠪᠣᠯᠣᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ  ᠨᠤᠳᠤᠭᠯᠠᠭᠰᠠᠨ ᠱᠠᠩᠨᠠᠯ ᠤᠨ ᠮᠥᠩᠭᠦ ᠪᠠᠨ ᠬᠠᠶᠠᠬᠤ ᠶᠢ ᠰᠣᠩᠭᠤᠭᠰᠠᠨ ᠪᠠᠶᠢᠪᠠᠯ᠂ ︽ᠠᠰ ᠠᠰ ᠢᠶᠠᠷ ᠨᠢ ᠵᠥᠪᠯᠡᠬᠦ︾ ᠪᠠᠷ ᠪᠤᠰᠤᠳ ᠵᠦᠢᠯᠡᠰ ᠢ ᠪᠣᠯᠵᠣᠨ ᠲᠣᠭᠲᠠᠵᠤ ᠪᠣᠯᠣᠨ᠎ᠠ᠃ ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠨᠤᠳᠤᠭᠯᠠᠭᠰᠠᠨ ᠱᠠᠩᠨᠠᠯ ᠢ ᠵᠢᠯ ᠪᠦᠷᠢ 20% ᠪᠠᠷ  ᠥᠭᠴᠦ᠂ ᠪᠤᠰᠤᠳ ᠱᠠᠩᠨᠠᠯ ᠪᠠ ᠨᠥᠬᠦᠪᠦᠷᠢ ᠶᠢ ᠨᠥᠬᠦᠴᠡᠯ ᠢ ᠬᠠᠩᠭᠠᠭᠰᠠᠨ ᠤ ᠳᠠᠷᠠᠭ᠎ᠠ ᠵᠢᠯ ᠳᠤᠨᠢ ᠨᠢᠭᠡ ᠤᠳᠠᠭ᠎ᠠ ᠶᠢᠨ ᠴᠢᠨᠠᠷᠲᠠᠢ ᠪᠠᠷ ᠥᠭᠬᠦᠨ᠎ᠡ᠃ ᠲᠣᠰ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠴᠠ ᠳᠤ᠂ ᠬᠢᠶ᠎ᠠ ᠪᠠᠭᠰᠢ ᠲᠣᠭᠤᠷᠢᠭ ᠤᠨ ᠠᠳᠠᠯᠢ ᠲᠥᠷᠥᠯ ᠤᠨ ᠪᠤᠰᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠥᠨᠳᠥᠷ  ᠢ ᠨᠢ ᠰᠣᠩᠭᠤᠵᠣ ᠥᠯᠥ ᠳᠠᠪᠬᠤᠷᠳᠠᠭᠤᠯᠬᠤ ᠵᠠᠷᠴᠢᠮ ᠢᠶᠠᠷ ᠬᠦᠷᠳᠡᠨ᠂ ᠬᠡᠷᠪᠡ ᠤᠯᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠣᠷᠳᠣᠰ ᠬᠤᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠯᠤᠭ᠎ᠠ ᠨᠢᠭᠡᠳᠦᠯ ᠦᠭᠡᠢ ᠭᠠᠵᠠᠷ ᠪᠠᠶᠢᠪᠠᠯ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠂ ᠵᠢᠱᠢᠶᠡᠯᠡᠪᠡᠯ ᠳᠠᠷᠤᠮᠠᠯᠯᠠᠨ ᠲᠠᠷᠬᠠᠭᠠᠭᠰᠠᠨ ᠨᠥᠬᠦᠪᠦᠷᠢ ᠲᠣᠭᠲᠠᠭᠠᠯ ᠢ ᠨᠥᠬᠦᠪᠦᠷᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠯ ᠪᠠ ᠨᠥᠬᠦᠪᠦᠷᠢ ᠶᠢ ᠬᠦᠷᠲᠡᠵᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠤᠳ ᠴᠥᠮ ᠠᠷᠭ᠎ᠠ ᠬᠡᠮᠵᠢᠶ᠎ᠡ ᠶᠢ ᠭᠥᠷᠳᠡᠬᠦ ᠠᠴᠠ ᠡᠬᠢᠯᠡᠨ 5 ᠵᠢᠯ ᠤᠨ ᠳᠣᠲᠣᠷ᠎ᠠ ᠬᠢᠶ᠎ᠠ ᠪᠠᠭᠰᠢ ᠠᠴᠠ ᠨᠡᠭᠦᠵᠦ ᠶᠠᠪᠤᠬᠤ ᠦᠭᠡᠢ᠂ ᠳᠠᠩᠰᠠᠯᠠᠭᠤᠯᠤᠭᠰᠠᠨ ᠬᠥᠷᠥᠩᠭᠡ ᠪᠠᠨ ᠬᠠᠰᠤᠵᠤ ᠦᠭᠡᠢ᠂ ᠬᠤᠪᠢ ᠬᠥᠮᠥᠨ ᠤ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠠᠷᠭ᠎ᠠ ᠬᠡᠮᠵᠢᠶ᠎ᠡ ᠡᠳ᠋ᠯᠡᠭᠰᠡᠨ ᠠᠴᠠ ᠡᠬᠢᠯᠡᠨ 5 ᠵᠢᠯ ᠤᠨ ᠳᠣᠲᠣᠷ᠎ᠠ ᠬᠢᠶ᠎ᠠ ᠪᠠᠭᠰᠢ ᠠᠴᠠ ᠨᠡᠭᠦᠵᠦ ᠶᠠᠪᠤᠬᠤ ᠦᠭᠡᠢ ᠭᠡᠵᠦ ᠪᠢᠴᠢᠭ ᠢᠶᠠᠷ ᠠᠮᠠᠯᠠᠬᠤ ᠬᠡᠷᠡᠭᠲᠡᠢ᠂ ᠬᠡᠷᠪᠡ ᠣᠨᠴᠠᠭᠠᠶ ᠰᠢᠯᠲᠠᠭᠠᠨ ᠠᠴᠠ ᠪᠣᠯᠵᠤ ᠡᠷᠬᠡᠪᠰᠢ ᠨᠡᠬᠦᠭᠦ ᠪᠤᠶᠤ ᠬᠥᠷᠥᠩᠭᠡ ᠪᠠᠨ ᠬᠠᠰᠤᠬᠤ ᠴᠢᠬᠤᠯᠠᠲᠠᠢ ᠪᠠᠶᠢᠪᠠᠯ᠂ ᠨᠢᠭᠡᠨᠲᠡ ᠭᠥᠷᠳᠡᠭᠰᠡᠨ ᠱᠠᠩᠨᠠᠯ ᠪᠠ ᠨᠥᠬᠦᠪᠦᠷᠢ ᠶᠢ ᠪᠤᠴᠠᠭᠠᠵᠤ ᠥᠭᠬᠦ ᠬᠡᠷᠡᠭᠲᠡᠢ᠃ ᠪᠣᠶ ᠪᠦᠬᠦᠢ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠨᠢ ᠴᠥᠮ ᠬᠠᠤᠯᠢ ᠲᠣᠭᠲᠠᠭᠠᠯ ᠳᠤ ᠨᠠᠶᠢᠴᠠᠨ ᠡᠵᠡᠩᠨᠡᠵᠦ᠂ ᠬᠠᠤᠯᠢ ᠶᠣᠰᠣᠭᠠᠷ ᠲᠣᠰ ᠭᠠᠵᠠᠷ ᠲᠠᠭᠠᠨ ᠭᠠᠶᠢᠯᠢ ᠲᠤᠰᠢᠶᠠᠬᠤ ᠬᠡᠷᠡᠭᠲᠡᠢ᠂ ᠬᠡᠷᠪᠡ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠠᠴᠠ ᠪᠣᠯᠵᠤ ᠵᠠᠰᠠᠭ ᠵᠠᠬᠢᠷᠭᠠᠨ ᠤ ᠰᠢᠳᠬᠡᠯ ᠣᠯᠣᠭᠰᠠᠨ ᠪᠤᠶᠤ ᠡᠷᠡᠭᠦᠦ ᠶᠢᠨ ᠬᠡᠷᠡᠭ ᠢᠶᠠᠷ ᠬᠡᠷᠡᠭ ᠪᠣᠯᠭᠠᠨ ᠪᠠᠶᠢᠴᠠᠭᠠᠭᠳᠠᠭᠰᠠᠨ ᠪᠠᠶᠢᠪᠠᠯ᠂ ᠨᠢᠭᠡᠨᠲᠡ ᠭᠥᠷᠳᠡᠭᠰᠡᠨ ᠱᠠᠩᠨᠠᠯ ᠪᠠ ᠨᠥᠬᠦᠪᠦᠷᠢ ᠶᠢ ᠪᠤᠴᠠᠭᠠᠵᠤ ᠥᠭᠬᠦ ᠬᠡᠷᠡᠭᠲᠡᠢ᠃  ᠱᠠᠩᠨᠠᠯ ᠪᠠ ᠨᠥᠬᠦᠪᠦᠷᠢ ᠥᠭᠬᠦ ᠶᠢ ᠭᠤᠶᠤᠴᠢᠯᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠪᠠ ᠬᠤᠪᠢ ᠬᠥᠮᠥᠨ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠵᠤ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠦᠨ ᠱᠠᠩᠨᠠᠯ ᠪᠠ ᠨᠥᠬᠦᠪᠦᠷᠢ ᠮᠡᠬᠡᠯᠡᠨ ᠠᠪᠤᠭᠰᠠᠨ ᠪᠠᠶᠢᠪᠠᠯ᠂ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠬᠤ ᠶᠢᠨ ᠬᠠᠮᠲᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠶᠣᠰᠣᠭᠠᠷ ᠰᠢᠢᠳᠪᠦᠷᠢᠯᠡᠨ᠎ᠡ᠃ ᠲᠣᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ 30 ᠡᠳᠦᠷ ᠤᠨ ᠳᠠᠷᠠᠭ᠎ᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃ ᠲᠣᠰ ᠠᠷᠭ᠎ᠠ ᠬᠡᠮᠵᠢᠶ᠎ᠡ ᠶᠢ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ 
ᠢᠷᠡᠯᠲᠡ᠄ ᠳᠣᠰ ᠰᠦᠯᠵᠢᠶ᠎ᠡ