2021 ᠣᠨ ᠤ  ᠠᠷᠪᠠᠳᠤᠭᠠᠷ ᠰᠠᠷ᠎ᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/4/8
    10 ᠰᠠᠷ᠎ᠠ ᠶᠢᠨ 20 ᠤ ᠡᠳᠦᠷ᠂  ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠡᠯ᠎ᠡ ᠲᠤᠰᠬᠠᠢ ᠳᠤᠭᠤᠶᠢᠯᠠᠩ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠷᠢᠯᠠᠭᠤᠯᠪᠠ᠃ᠸᠠᠩ ᠰᠢᠤᠸᠠᠢ ᠹᠧᠩ ᠂ ᠣᠳᠣᠬᠠᠨ ᠳᠤ ᠬᠢᠵᠢᠭ ᠤᠨ ᠪᠠᠶᠢᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠵᠤ᠂  ᠳᠠᠮᠵᠢᠭᠤᠯᠬᠤ  ᠬᠦᠴᠦᠨ ᠴᠢᠩᠭ᠎ᠠ᠂ ᠳᠠᠮᠵᠢᠭᠤᠯᠬᠤ ᠬᠡᠯᠬᠢᠶ᠎ᠡ ᠪᠤᠳᠤᠯᠢᠶᠠᠨᠲᠠᠢ᠂ ᠲᠠᠷᠬᠠᠬᠤ ᠬᠤᠷᠳᠤᠴᠠ ᠲᠦᠷᠭᠡᠨ ᠪᠠᠶᠢᠬᠤ ᠣᠨᠴᠠᠯᠢᠭ ᠢᠯᠡᠷᠡᠵᠦ ᠪᠠᠶᠢᠨ᠎ᠠ᠃ᠬᠢᠶ᠎ᠠ ᠪᠠᠭᠰᠢ ᠲᠣᠭᠤᠷᠢᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠦᠵᠡᠯ  ᠰᠠᠨᠠᠭ᠎ᠠ ᠪᠠᠨ ᠴᠢᠩᠭᠠᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠦᠳᠲᠡᠷ ᠲᠦᠷᠭᠡᠨ ᠬᠥᠳᠡᠯᠦᠯᠴᠡᠵᠦ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠵᠦ᠂ ᠬᠦᠴᠦᠲᠡᠢ ᠪᠦᠲᠦᠮᠵᠢᠲᠡᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    10 ᠰᠠᠷ᠎ᠠ ᠶᠢᠨ 27 ᠤ ᠡᠳᠦᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷᠠᠯᠵᠢᠨ ᠰᠢᠰᠲ᠋ᠧᠮ ᠤᠨ ᠪᠠᠶᠢᠭᠤᠯᠤᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠯᠢᠦ ᠵᠢᠶᠦ᠋ᠨ  ᠵᠢᠶᠧ᠂  ᠠᠯᠳ᠋ᠬᠠᠤᠷᠭᠢᠯ᠂ ᠲᠢᠶᠠᠨ ᠱᠧᠩ ᠬᠤᠸᠠ᠂ ᠵᠠᠩ ᠫᠢᠩ᠂  ᠤᠯᠠᠭᠠᠨᠲᠤᠶᠠᠭ᠎ᠠ ᠂ ᠺᠠᠩ ᠫᠢᠩ᠂ ᠸᠠᠩ ᠵᠢᠶᠣᠣ᠂ᠶᠠᠩ  ᠱᠤ᠋ ᠸᠧᠢ᠂ ᠼᠦᠢ ᠬᠤᠤ ᠵᠡᠷᠭᠡ ᠲᠣᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠢᠶᠠᠨ ᠱᠧᠩ ᠬᠤᠸᠠ ᠬᠤᠷᠠᠯ ᠡᠷᠭᠢᠯᠡᠪᠡ᠃ ᠲᠤᠤᠷᠠᠯᠵᠢᠨ ᠰᠢᠰᠲ᠋ᠧᠮ ᠤᠨ ᠡᠯ᠎ᠡ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ᠸᠠᠩ ᠰᠢᠤᠸᠠᠢ ᠹᠧᠩ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠳᠤᠲᠠᠭᠤᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂  ᠲᠠᠶᠢᠪᠤᠰᠢᠷᠠᠬᠤ ᠪᠤᠳᠤᠯ᠂ ᠭᠤᠷᠢᠳᠠᠬᠤ  ᠪᠤᠳᠤᠯ᠂ ᠰᠤᠯᠠᠷᠠᠬᠤ  ᠰᠡᠳᠬᠢᠬᠦᠢ  ᠶᠢ ᠡᠷᠡᠰ ᠲᠡᠪᠴᠢᠵᠦ᠂ ᠪᠦᠬᠦ ᠬᠦᠴᠦᠨ ᠢᠶᠠᠷ ᠢᠶᠠᠨ ᠳᠤᠲᠠᠭᠳᠠᠯ ᠢᠶᠠᠨ ᠪᠠᠶᠢᠴᠠᠭᠠᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠦᠨ᠎ᠡ  ᠭᠡᠵᠦ ᠵᠢᠭᠠᠵᠤ ᠭᠠᠷᠭᠠᠪᠠ᠃ 
ᠢᠷᠡᠯᠲᠡ᠄ ᠲᠤᠰ ᠰᠦᠯᠵᠢᠶ᠎ᠡ