ᠬᠢᠶ᠎ᠠ ᠪᠠᠭᠰᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/5/17
   ᠨᠢᠭᠡ᠂ ᠤᠳᠤᠷᠢᠳᠬᠤ ᠪᠠᠭ   ᠵᠠᠩ     ᠶᠦᠩ    ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ    ᠲᠣᠪᠴᠢᠶᠠᠨ ᠳᠠᠷᠤᠭ᠎ᠠ   ᠦ᠋ ᠮᠢᠨ ᠵᠢᠶᠠᠨ    ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ    ᠳᠡᠳ᠋ ᠲᠣᠪᠴᠢᠶᠠᠨ ᠳᠠᠷᠤᠭ᠎ᠠ   ᠯᠢ ᠭᠦᠸᠧ ᠫᠢᠩ    ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ   ᠳᠡᠳ᠋ ᠲᠣᠪᠴᠢᠶᠠᠨ ᠳᠠᠷᠤᠭ᠎ᠠ   ᠰᠤ᠋   ᠬᠤᠩ      ᠲᠦᠷ ᠴᠠᠭ ᠲᠤᠰᠢᠶᠠᠯ ᠡᠭᠦᠷᠭᠡᠯᠡᠬᠦ ᠳᠡᠳ᠋ ᠲᠣᠪᠴᠢᠶᠠᠨ ᠳᠠᠷᠤᠭ᠎ᠠ   ᠯᠢ ᠬᠤᠩ ᠮᠧᠶ       ᠳᠡᠳ᠋ ᠰᠠᠯᠠᠭᠠᠨ‌‍ᠲ᠋ᠡᠰ ᠤᠨ ᠤᠳᠤᠷᠢᠳᠬᠤ ᠺᠠᠳ᠋ᠷ   ᠸᠠᠩ ᠯᠢ ᠫᠢᠩ   ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠥᠪ ᠤᠨ ᠡᠷᠬᠢᠯᠡᠭᠴᠢ   ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ   ︵ᠨᠢᠭᠡ︶ ᠶᠡᠷᠦᠩᠬᠡᠶᠢᠯᠡᠭᠰᠡᠨ ᠠᠯᠪᠠᠨ ᠭᠡᠷ   ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠵᠦ᠂ ᠨᠠᠷᠢᠨ ᠪᠢᠴᠢᠭᠡᠴᠢ᠂ ᠬᠤᠷᠠᠯ ᠢ ᠵᠣᠬᠢᠶᠠᠨ ᠪᠠᠶᠢᠭᠤᠯᠬᠤ᠂ ᠤᠬᠠᠭᠤᠯᠬᠤ᠂ ᠰᠤᠷᠤᠯᠴᠠᠬᠤ᠂ ᠨᠢᠭᠤᠴᠠ ᠶᠢ ᠬᠠᠮᠠᠭᠠᠯᠠᠬᠤ᠂ ᠢᠯᠡ  ᠵᠠᠰᠠᠭ᠂ ᠨᠠᠮ ᠤᠨ ᠰᠤᠷᠲᠠᠯ ᠴᠢᠬᠡᠴᠢ  ᠵᠠᠰᠠᠭ  ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠩᠰᠠ ᠡᠪᠬᠡᠮᠡᠯ ᠤᠨ ᠬᠠᠮᠢᠶᠠᠷᠤᠯᠲᠠ᠂ ᠪᠠᠶᠢᠭᠤᠯᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃ ᠲᠣᠪᠴᠢᠶ᠎ᠠ ᠶᠢᠨ ᠳᠣᠲᠣᠭᠠᠳᠤ ᠶᠢᠨ  ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠵᠤ᠂ ᠠᠵᠢᠯᠲᠠᠨ ᠤ ᠶᠠᠪᠤᠳᠠᠯ᠂ ᠭᠥᠯᠢᠶᠡᠨ ᠠᠪᠬᠤ᠂ ᠲᠠᠮᠠᠭ᠎ᠠ᠂ ᠲᠡᠷᠭᠡ ᠬᠥᠰᠬᠡ ᠵᠡᠷᠭᠡ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠲᠤᠤᠱᠯᠠᠭᠤᠯᠤᠨ ᠬᠡᠷᠡᠭᠵᠢᠭᠦᠯᠦᠨ᠎ᠡ᠃ᠪᠠᠶᠢᠭᠤᠯᠭ᠎ᠠ ᠪᠠ  ᠬᠠᠷᠢᠶᠠᠯᠠᠭᠳᠠᠬᠤ  ᠠᠵᠢᠯ ᠦᠢᠯᠡᠰ ᠤᠨ  ᠨᠢᠭᠡᠴᠡ ᠶᠢᠨ  ᠺᠠᠳ᠋ᠷ ᠤᠨ ᠠᠵᠢᠯᠲᠠᠨ ᠤ ᠶᠠᠪᠤᠳᠠᠯ᠂ ᠵᠢᠯ ᠤᠨ ᠡᠴᠦᠰ ᠤᠨ ᠬᠢᠨᠠᠨ ᠰᠢᠯᠭᠠᠯᠲᠠ ᠵᠡᠷᠭᠡ ᠠᠵᠢᠯ ᠢ ᠬᠠᠷᠢᠭᠤᠴᠠᠨ᠎ᠠ᠃ᠡᠯ᠎ᠡ ᠲᠥᠷᠥᠯ ᠤᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ᠂ ᠬᠡᠷᠡᠭᠯᠡᠯᠲᠡ᠂ ᠲᠠᠩᠰᠠ ᠮᠡᠳᠡᠭᠦᠯᠬᠦ᠂ ᠲᠥᠰᠥᠪ ᠪᠠ ᠲᠥᠰᠥᠪ ᠤᠨ ᠭᠦᠢᠴᠡᠳᠬᠡᠯ ᠵᠢᠴᠢ ᠡᠳᠦᠷ ᠲᠤᠲᠤᠮ ᠤᠨ ᠨᠢᠭᠲᠠᠯᠠᠨ ᠪᠤᠳᠤᠬᠤ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠣᠨ ᠲᠣᠭᠤᠷᠢᠭ ᠤᠨ ᠡᠳ᠋ ᠤᠨ ᠵᠠᠰᠠᠭ  ᠠᠴᠠ ᠰᠠᠯᠭᠠᠨ ᠥᠭᠬᠦ  ᠶᠢ ᠵᠣᠬᠢᠴᠠᠭᠤᠯᠤᠨ ᠭᠦᠢᠴᠡᠳᠬᠡᠬᠦ ᠶᠢ ᠬᠠᠷᠢᠭᠤᠴᠠᠨ᠎ᠠ᠃  ᠲᠣᠪᠴᠢᠶ᠎ᠠ ᠶᠢᠨ ᠪᠠᠶᠢᠭᠤᠯᠭ᠎ᠠ ᠵᠢᠴᠢ   ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠪᠠ ᠵᠠᠰᠠᠭ ᠤᠨ ᠣᠷᠳᠣᠨ ᠤ  ᠬᠤᠳᠠᠯᠳᠤᠨ ᠠᠪᠬᠤ  ᠠᠵᠢᠯ ᠢ ᠬᠢᠨᠠᠨ  ᠬᠠᠮᠢᠶᠠᠷᠬᠤ ᠶᠢ ᠬᠠᠷᠢᠭᠤᠴᠠᠨ᠎ᠠ᠃ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠢᠶᠠᠨ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠨᠢᠭᠲᠠᠯᠠᠨ ᠪᠤᠳᠤᠬᠤ ᠠᠵᠢᠯ ᠢ ᠵᠢᠯᠤᠭᠤᠳᠬᠤ ᠪᠠ  ᠬᠢᠨᠠᠯᠲᠠ ᠲᠠᠯᠪᠢᠬᠤ ᠶᠢ ᠬᠠᠷᠢᠭᠤᠴᠠᠵᠤ᠂  ᠪᠠᠶᠢᠭᠤᠯᠭ᠎ᠠ ᠶᠢᠨ ᠢᠶᠠᠨ ᠪᠣᠶ ᠪᠦᠬᠦᠢ ᠭᠡᠷᠡᠴᠢ ᠦᠨᠡᠮᠯᠡᠯ ᠤᠨ   ᠤᠨ ᠤ ᠪᠠᠶᠢᠴᠠᠭᠠᠯᠲᠠ᠂ ᠬᠢᠨᠠᠨ ᠬᠠᠷᠭᠤᠭᠤᠯᠤᠯᠲᠠ ᠶᠢ ᠬᠠᠷᠢᠭᠤᠴᠠᠨ᠎ᠠ᠃ ᠳᠣᠲᠣᠭᠠᠳᠤ ᠶᠢᠨ ᠬᠢᠨᠠᠨ ᠪᠣᠳᠣᠬᠤ ᠵᠡᠷᠭᠡ ᠠᠵᠢᠯ ᠢ ᠬᠠᠷᠢᠭᠤᠴᠠᠨ᠎ᠠ᠃     ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ  ᠠᠯᠪᠠᠨ ᠭᠡᠷ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶     ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠱᠠᠲᠤᠨ ᠤ ᠬᠥᠳᠡᠭᠡ ᠲᠣᠰᠬᠤᠨ ᠤ ᠠᠵᠢᠯ ᠤᠨ ᠲᠤᠬᠠᠢ ᠴᠢᠭᠯᠡᠯᠲᠡ᠂ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠥᠬᠦ  ᠲᠤᠭᠤᠷᠢᠭ ᠤᠨ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠰᠠᠨᠠᠯ ᠢ ᠰᠤᠳᠤᠯᠤᠨ ᠳᠤᠷᠠᠳᠴᠤ᠂ ᠬᠠᠮᠢᠶ᠎ᠠ ᠪᠦᠬᠦᠢ ᠴᠢᠬᠤᠯᠠ ᠲᠥᠷᠥ ᠶᠢᠨ ᠪᠣᠳᠣᠯᠭ᠎ᠠ ᠶᠢ  ᠨᠤᠤᠷᠠᠭᠯᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠬᠠᠮᠢᠶ᠎ᠠ ᠪᠦᠬᠦᠢ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠵᠣᠬᠢᠶᠠᠨ ᠪᠠᠶᠢᠭᠤᠯᠤᠨ ᠡᠯ᠎ᠡ ᠵᠦᠢᠯ ᠤᠨ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ ᠵᠢᠴᠢ ᠵᠠᠷᠭᠤ ᠬᠦᠯᠢᠶᠡᠬᠦ ᠠᠵᠢᠯ ᠢ ᠳᠠᠭᠠᠭᠠᠨ ᠭᠦᠢᠴᠡᠳᠬᠡᠨ᠎ᠡ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ  ᠶᠢ ᠪᠤᠯᠪᠠᠰᠤᠷᠠᠭᠤᠯᠬᠤ  ᠶᠢ ᠬᠠᠷᠢᠭᠤᠴᠠᠨ᠎ᠠ᠃  ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠢᠨᠠᠨ ᠵᠢᠯᠤᠭᠤᠳᠴᠤ᠂ ᠬᠥᠳᠡᠭᠡ ᠲᠣᠰᠬᠤᠨ ᠤ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠠ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ  ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ ᠃ᠪᠥᠬᠦ  ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ  ᠦᠢᠯᠡᠰᠵᠢᠯᠲᠡ ᠶᠢᠨ ᠲᠥᠷᠥᠯ ᠵᠦᠢᠯ ᠢ ᠨᠤᠲᠠᠯᠠᠬᠤ᠂ ᠵᠣᠬᠢᠴᠠᠭᠤᠯᠬᠤ᠂ ᠭᠤᠶᠤᠴᠢᠯᠠᠨ ᠮᠡᠳᠡᠭᠦᠯᠬᠦ᠂ ᠵᠢᠯᠤᠭᠤᠳᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠢᠴᠢ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠥᠳᠡᠭᠡ ᠲᠣᠰᠬᠤᠨ ᠤ ᠲᠦᠷᠦ ᠶᠢᠨ ᠪᠣᠳᠣᠯᠭ᠎ᠠ ᠪᠠ ︽ᠮᠠᠯᠵᠢᠯ  ᠲᠠᠷᠢᠶᠠᠯᠠᠩ᠂  ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ   ᠲᠤᠳᠤᠯᠠᠨ  ᠬᠥᠳᠡᠭᠡ ᠲᠣᠰᠬᠤᠨ ᠤ ᠴᠢᠬᠤᠯᠠ  ᠶᠡᠭᠡ ᠰᠡᠳᠦᠪ  ᠤᠨ ᠪᠠᠶᠢᠴᠠᠭᠠᠨ ᠰᠤᠳᠤᠯᠬᠤ ᠵᠢᠴᠢ ᠬᠥᠳᠡᠭᠡ ᠲᠣᠰᠬᠤᠨ ᠤ ᠥᠭᠡᠷᠡᠴᠢᠯᠡᠯᠲᠡ ᠬᠢᠭᠡᠳ ᠴᠢᠬᠤᠯᠠ  ᠶᠡᠭᠡ  ᠲᠦᠷᠦᠯ ᠵᠦᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ ᠠᠮᠢᠲᠠᠨ᠂ ᠤᠷᠭᠤᠮᠠᠯ  ᠤᠨ ᠬᠢᠵᠢᠭ  ᠤᠨ ᠪᠠᠶᠢᠳᠠᠯ  ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠲᠤᠭᠤᠷᠢᠭ ᠤᠨ   ᠬᠦᠨᠳᠦ ᠶᠡᠭᠡ  ᠠᠮᠢᠲᠠᠨ᠂ ᠤᠷᠭᠤᠮᠠᠯ  ᠤᠨ ᠬᠢᠵᠢᠭ ᠡᠪᠡᠳᠴᠢᠨ  ᠢ ᠬᠢᠵᠠᠭᠠᠷᠯᠠᠬᠤ ᠪᠠ ᠠᠷᠢᠯᠭᠠᠬᠤ ᠠᠵᠢᠯ  ᠢ ᠬᠠᠷᠢᠭᠤᠴᠠᠨ᠎ᠠ᠃  ᠲᠠᠷᠢᠶᠠᠯᠠᠩ  ᠮᠠᠯᠵᠢᠯ ᠤᠨ  ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ  ᠬᠡᠮᠵᠢᠵᠦ ᠰᠢᠯᠭᠠᠨ ᠪᠠᠶᠢᠴᠠᠭᠠᠬᠤ ᠪᠠ ︽ᠭᠤᠷᠪᠠᠨ ᠪᠦᠲᠦᠭᠡᠭᠳᠡᠬᠦᠨ ᠬᠤᠶᠠᠷ ᠪᠠᠷᠢᠮᠵᠢᠶ᠎ᠠ︾ ᠶᠢᠨ ᠠᠵᠢᠯ ᠢ ᠬᠢᠨᠠᠨ ᠬᠠᠮᠢᠶᠠᠷᠤᠨ᠎ᠠ᠃ ᠠᠮᠢᠲᠠᠨ ᠤ ᠪᠦᠲᠦᠭᠡᠭᠳᠡᠬᠦᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠮᠢᠲᠠᠨ ᠤ ᠢᠯᠭᠠᠬᠤ ᠲᠡᠮᠳᠡᠭ ᠵᠢᠴᠢ ᠬᠢᠵᠢᠭ ᠡᠪᠡᠳᠴᠢᠨ ᠢ ᠮᠥᠷᠳᠡᠵᠦ ᠪᠣᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠮᠠᠯ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮ ᠪᠠ ᠡᠩᠨᠡᠭᠡ ᠶᠢᠨ ᠪᠠᠶᠢᠭᠤᠯᠤᠯᠲᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠮᠠᠯ ᠡᠮᠨᠡᠯᠭᠡ ᠶᠢᠨ ᠠᠵᠢᠯ ᠲᠥᠷᠥᠯ ᠤᠨ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ᠂  ᠳᠤᠰᠬᠠᠶᠢᠵᠢᠭᠰᠠᠨ ᠮᠠᠯ  ᠤᠨ ᠡᠮᠴᠢ ᠶᠢᠨ ᠪᠣᠯᠪᠠᠰᠤᠷᠠᠭᠤᠯᠤᠯ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠬᠦ᠂ ᠠᠮᠢᠳᠤ ᠪᠣᠳᠠᠰ ᠤᠨ ᠠᠮᠤᠷ ᠲᠦᠪᠰᠢᠨ᠂ ᠮᠠᠯ ᠡᠮᠨᠡᠯᠭᠡ ᠶᠢᠨ ᠡᠮᠨᠡᠯᠭᠡ ᠶᠢᠨ ᠶᠠᠪᠤᠳᠠᠯ᠂ ᠮᠠᠯ  ᠤᠨ ᠡᠮ  ᠤᠨ ᠶᠠᠪᠤᠳᠠᠯ  ᠤᠨ ᠠᠵᠢᠯ ᠲᠥᠷᠥᠯ  ᠤᠨ ᠬᠠᠮᠢᠶᠠᠷᠤᠯᠲᠠ ᠵᠡᠷᠭᠡ ᠠᠵᠢᠯ  ᠢ ᠬᠠᠷᠢᠭᠤᠴᠠᠵᠤ᠂ ᠮᠠᠯ ᠤᠨ ᠡᠮ ᠪᠣᠯᠣᠨ ᠪᠠᠭᠠᠵᠢ ᠬᠡᠷᠡᠭᠰᠡᠯ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠡᠭᠦᠷᠭᠡᠯᠡᠨ᠎ᠡ᠃ᠲᠠᠷᠢᠶᠠᠯᠠᠩ ᠤᠨ  ᠮᠠᠰᠢᠨ ᠤ ᠪᠦᠲᠦᠭᠡᠭᠳᠡᠬᠦᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠰᠢᠯᠭᠠᠨ ᠪᠠᠶᠢᠴᠠᠭᠠᠬᠤ᠂ ᠵᠠᠭᠠᠯᠳᠤᠬᠤ ᠪᠠ ᠲᠠᠷᠢᠶᠠᠯᠠᠩ ᠤᠨ ᠮᠠᠰᠢᠨ  ᠬᠤᠳᠠᠯᠳᠤᠨ ᠠᠪᠬᠤ ᠳᠤ ᠨᠥᠬᠦᠪᠦᠷᠢ ᠥᠭᠬᠦ ᠶᠢ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠪᠥᠬᠦ  ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ  ᠤ ᠠᠶᠦᠯᠬᠦᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ  ᠢ  ᠬᠠᠷᠢᠭᠤᠴᠠᠨ᠎ᠠ᠃     ᠤᠰᠤᠨ ᠠᠰᠢᠭᠯᠠᠯᠲᠠ ᠶᠢᠨ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠪᠠᠬᠢᠵᠢᠭᠦᠯᠬᠦ   ᠢᠨᠵᠧᠨᠧᠷᠢᠩ  ᠵᠡᠷᠭᠡ ᠲᠥᠷᠥᠯ ᠵᠦᠢᠯ ᠳᠤ ᠬᠢᠨᠠᠯᠲᠠ ᠲᠠᠯᠪᠢᠵᠤ ᠬᠠᠮᠢᠶᠠᠷᠬᠤ ᠪᠠ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ ᠵᠢᠴᠢ ᠵᠠᠷᠭᠤ ᠬᠦᠯᠢᠶᠡᠬᠦ ᠠᠵᠢᠯ ᠢ ᠳᠠᠭᠠᠭᠠᠨ ᠭᠦᠢᠴᠡᠳᠬᠡᠨ᠎ᠡ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠬᠢᠬᠦ ᠶᠢ ᠬᠠᠷᠢᠭᠤᠴᠠᠨ᠎ᠠ᠃ ᠪᠥᠬᠦ  ᠲᠤᠭᠤᠷᠢᠭ ᠤᠨ ᠤᠰᠤᠨ ᠤ ᠡᠬᠢ ᠪᠠᠶᠠᠯᠢᠭ ᠢ ᠬᠠᠮᠢᠶᠠᠷᠬᠤ᠂ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠢ ᠶᠢᠨ ᠬᠠᠮᠠᠭᠠᠯᠠᠯᠲᠠ ᠶᠢ ᠬᠢᠨᠠᠵᠤ ᠬᠠᠮᠢᠶᠠᠷᠬᠤ᠂ ᠶᠡᠷᠦᠩᠬᠡᠶᠢᠯᠡᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠢ ᠶᠢ ᠬᠠᠮᠠᠭᠠᠯᠠᠬᠤ ᠠᠵᠤ ᠠᠬᠤᠢ ᠶᠢᠨ ᠠᠵᠤ ᠦᠢᠯᠡᠰ ᠢ ᠵᠠᠰᠠᠵᠤ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠠᠵᠤ ᠦᠢᠯᠡᠰᠵᠢᠯᠲᠡ ᠶᠢᠨ ᠠᠵᠢᠯ ᠢ  ᠬᠦᠭᠵᠢᠭᠦᠯᠦᠨ᠎ᠡ ᠃ ᠤᠰᠤᠨ ᠠᠰᠢᠭᠯᠠᠯᠲᠠ᠂ ᠤᠰᠤᠨ ᠤ ᠬᠠᠮᠠᠭᠠᠯᠠᠯᠲᠠ ᠶᠢᠨ ᠪᠡᠯᠡ ᠮᠥᠩᠭᠦ ᠶᠢᠨ ᠬᠠᠮᠢᠶᠠᠷᠤᠯᠲᠠ᠂ ᠬᠢᠨᠠᠯᠲᠠ ᠶᠢ ᠬᠠᠷᠢᠭᠤᠴᠠᠨ᠎ᠠ᠃ ᠬᠥᠷᠥᠰᠥ ᠰᠢᠷᠣᠢ ᠶᠢ ᠬᠠᠮᠠᠭᠠᠯᠠᠬᠤ  ᠨᠦᠬᠦᠪᠦᠷᠢ  ᠶᠢᠨ ᠰᠦᠢᠳᠬᠡᠯ ᠲᠠᠲᠠᠪᠤᠷᠢᠯᠠᠬᠤ ᠶᠢ ᠬᠠᠷᠢᠭᠤᠴᠠᠨ᠎ᠠ᠃ ᠤᠰᠤ ᠭᠠᠩ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃     ᠲᠤᠭᠤᠷᠢᠭ ᠤᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠴᠢᠬᠤᠯᠠ ᠭᠤᠣᠯ ᠮᠥᠷᠡᠨ ᠂ ᠨᠠᠭᠤᠷ  ᠴᠦᠬᠦᠷᠦᠮ  ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠢ ᠰᠢᠮᠳᠠᠭᠤᠯᠤᠨ ᠵᠢᠯᠤᠭᠤᠳᠴᠤ᠂ ᠭᠤᠣᠯ ᠮᠥᠷᠡᠨ᠂ ᠨᠠᠭᠤᠷ ᠲᠣᠭᠤᠷᠢᠮ ᠵᠡᠷᠭᠡ  ᠭᠤᠤᠯ  ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠤᠰᠤᠨ  ᠤ ᠴᠠᠷᠠᠭ᠎ᠠ  ᠵᠢᠴᠢ ᠡᠷᠭᠢ ᠶᠢᠨ ᠱᠤᠭᠤᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ ᠵᠢᠯᠤᠭᠤᠳᠴᠤ᠂ ᠪᠦᠬᠦ  ᠲᠤᠭᠤᠷᠢᠭ ᠤᠨ ᠭᠤᠣᠯ ᠮᠥᠷᠡᠨ᠂ ᠤᠰᠤᠨ ᠴᠥᠭᠦᠷᠥᠮ᠂ ᠠᠭᠤᠯᠠᠨ ᠦᠶᠡᠷ ᠤᠨ ᠭᠤᠤ ᠶᠢ ᠵᠠᠰᠠᠬᠤ ᠪᠠ ᠨᠡᠭᠡᠭᠡᠨ ᠠᠰᠢᠭᠯᠠᠬᠤ ᠶᠢ ᠵᠢᠯᠣᠭᠤᠳᠤᠨ᠎ᠠ᠃ ᠭᠤᠣᠯ ᠤᠨ ᠵᠠᠮ ᠤᠨ ᠰᠧᠺᠦ᠋ᠨ᠋ᠳ᠋ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠢᠯᠣᠭᠤᠳᠤᠨ᠎ᠠ᠃    ᠪᠥᠬᠦ  ᠲᠤᠭᠤᠷᠢᠭ ᠤᠨ ᠶᠠᠳᠠᠭᠤ ᠶᠢ ᠲᠡᠳᠬᠦᠬᠦ ᠪᠠ ᠠᠮᠢ ᠠᠬᠤᠢ ᠶᠢᠨ  ᠨᠡᠭᠦᠳᠡᠯ ᠠᠷᠠᠳ ᠤᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠢ ᠲᠥᠯᠥᠪᠵᠢᠭᠦᠯᠬᠦ᠂ ᠨᠤᠲᠠᠯᠠᠬᠤ᠂ ᠰᠢᠭᠰᠢᠨ ᠰᠣᠩᠭᠤᠬᠤ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠠᠵᠢᠯ ᠵᠢᠴᠢ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠬᠤ᠂ ᠬᠡᠷᠡᠭᠯᠡᠬᠦ᠂ ᠬᠢᠨᠠᠨ ᠬᠠᠷᠭᠤᠭᠤᠯᠬᠤ᠂ ᠬᠢᠨᠠᠯᠲᠠ ᠲᠠᠯᠪᠢᠬᠤ ᠪᠠ ᠬᠠᠮᠢᠶ᠎ᠠ ᠪᠦᠬᠦᠢ ᠶᠠᠳᠠᠭᠤ ᠶᠢ ᠲᠡᠳᠬᠦᠬᠦ ᠲᠥᠷᠥᠯ ᠵᠦᠢᠯ ᠢ ᠬᠠᠮᠢᠶᠠᠷᠬᠤ ᠶᠢ ᠬᠠᠷᠢᠭᠤᠴᠠᠨ᠎ᠠ᠃ ᠪᠥᠬᠦ  ᠲᠤᠭᠤᠷᠢᠭ ᠤᠨ ᠶᠠᠳᠠᠭᠤ ᠶᠢ  ᠳᠡᠳᠬᠦᠬᠦ ᠨᠡᠭᠡᠭᠡᠨ ᠬᠥᠭᠵᠢᠭᠦᠯᠬᠦ ᠲᠤᠭ᠎ᠠ ᠪᠦᠷᠢᠳᠬᠡᠯ ᠬᠢᠭᠡᠳ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠪᠥᠬᠦ  ᠲᠤᠭᠤᠷᠢᠭ ᠤᠨ ᠶᠠᠳᠠᠭᠤ ᠶᠢ  ᠲᠡᠳᠬᠦᠬᠦ  ᠨᠡᠭᠡᠭᠡᠨ ᠬᠥᠭᠵᠢᠭᠦᠯᠬᠦ ᠠᠵᠢᠯ ᠢ ᠲᠣᠬᠢᠷᠠᠭᠤᠯᠬᠤ᠂ ᠵᠢᠯᠤᠭᠤᠳᠬᠤ᠂ ᠰᠢᠮᠳᠠᠭᠤᠯᠬᠤ᠂ ᠪᠠᠶᠢᠴᠠᠭᠠᠨ ᠰᠢᠯᠭᠠᠬᠤ᠂ ᠠᠳᠠᠯᠢᠳᠬᠠᠨ ᠰᠢᠯᠭᠠᠷᠠᠭᠤᠯᠬᠤ᠂ ᠳ᠋ᠦᠩᠨᠡᠬᠦ ᠵᠡᠷᠭᠡ ᠶᠢ ᠬᠠᠷᠢᠭᠤᠴᠠᠨ᠎ᠠ᠃ ᠠᠮᠢ ᠠᠬᠤᠢ ᠶᠢᠨ  ᠨᠡᠭᠦᠳᠡᠯ ᠠᠷᠠᠳ ᠤᠨ ᠲᠥᠷᠥ ᠶᠢᠨ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ ᠶᠢ ᠬᠠᠷᠢᠭᠤᠴᠠᠨ᠎ᠠ᠃ ᠠᠮᠢ ᠠᠬᠤᠢ ᠶᠢᠨ ᠨᠡᠭᠦᠳᠡᠯ ᠠᠷᠠᠳ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠡᠯᠡ ᠮᠥᠩᠭᠦ ᠭᠤᠶᠤᠴᠢᠯᠠᠬᠤ᠂ ᠲᠣᠭᠠᠴᠠᠭ᠎ᠠ ᠬᠢᠬᠦ᠂ ᠣᠯᠭᠤᠬᠤ ᠶᠢ ᠬᠠᠷᠢᠭᠤᠴᠠᠨ᠎ᠠ᠃ ᠬᠥᠳᠡᠭᠡ ᠲᠣᠰᠬᠤᠨ  ᠤ ᠭᠠᠵᠠᠷ ᠣᠷᠣᠨ  ᠤ ᠣᠷᠴᠢᠨ ᠲᠣᠭᠤᠷᠢᠨ  ᠤ ᠡᠷᠡᠭᠦᠯ ᠬᠠᠮᠠᠭᠠᠯᠠᠯ  ᠢ ᠶᠡᠷᠦᠩᠬᠡᠶᠢᠯᠡᠨ ᠵᠠᠰᠠᠬᠤ ᠠᠵᠢᠯ ᠲᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃    ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ  ᠳᠤᠪᠴᠢᠶᠠᠨ  ᠪᠠᠶᠢᠭᠤᠯᠭ᠎ᠠ ᠶᠢᠨ ᠭᠤᠶᠤᠴᠢᠯᠠᠯ  ᠢᠶᠠᠷ ᠵᠠᠰᠠᠭ ᠵᠠᠬᠢᠷᠭᠠᠨ ᠤ ᠵᠥᠪᠰᠢᠶᠡᠷᠡᠯ ᠣᠯᠬᠤ᠂ ᠨᠤᠲᠠᠯᠠᠬᠤ᠂ ᠱᠠᠩᠨᠠᠬᠤ᠂ ᠥᠭᠬᠦ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠳᠠᠮᠵᠢᠭᠤᠯᠤᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡᠨ ᠤ ᠲᠥᠷᠥᠯ ᠵᠡᠷᠭᠡ ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠵᠣᠬᠢᠴᠠᠭᠤᠯᠬᠤ᠂ ᠬᠠᠮᠢᠶᠠᠷᠬᠤ᠂ ᠰᠢᠪᠠᠳᠠᠨ ᠬᠢᠯᠭᠡᠬᠦ  ᠶᠢᠨ ᠠᠷᠤ ᠲᠠᠯ᠎ᠠ ᠶᠢᠨ ᠳᠡᠮᠵᠢᠯᠭᠡ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠰᠦᠯᠵᠢᠶᠡᠨ  ᠳᠡᠭᠡᠷ᠎ᠡ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠭᠦᠢᠴᠡᠳᠬᠡᠬᠦ ᠶᠢ ᠬᠠᠷᠢᠭᠤᠴᠠᠨ᠎ᠠ᠃ ᠳᠤᠪᠴᠢᠶᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠡᠷᠬᠡ ᠲᠤᠰᠢᠶᠠᠯ᠂  ᠵᠠᠭᠤᠴᠢ ᠦᠢᠯᠡᠴᠢᠯᠡᠭᠡᠨ ᠤ ᠨᠠᠷᠢᠨ ᠲᠠᠩᠰᠠ ᠶᠢ ᠢᠯᠡ ᠪᠣᠯᠭᠠᠬᠤ ᠶᠢ ᠬᠥᠳᠡᠯᠦᠩᠭᠦᠢ ᠪᠠᠷ ᠡᠮᠬᠢᠯᠡᠨ ᠳᠢᠭᠯᠡᠵᠦ᠂ ᠳᠤᠪᠴᠢᠶᠠᠨ ᠪᠠᠶᠢᠭᠤᠯᠭ᠎ᠠ ᠶᠢᠨ ︽  ᠶᠠᠪᠤᠴᠠ ᠶᠢ  ᠳᠤᠪᠴᠢᠯᠠᠨ   ᠦᠢᠯᠡᠴᠢᠯᠡᠭᠡ ᠶᠢ ᠰᠢᠯᠢᠳᠡᠭᠵᠢᠭᠦᠯᠬᠦ︾᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠢ ᠡᠭᠦᠷᠭᠡᠯᠡᠨ᠎ᠡ᠃    ᠠᠯᠪᠠᠨ ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 2 ᠳ᠋ᠤᠭᠠᠷ ᠠᠰᠠᠷ    ᠤᠲᠠᠰᠤ᠄ 0477 ︱ 8595982    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ 9᠄ 00 ︱ 12᠄ 00 ︱ 14᠄ 00 ︱ 17᠄ 30  
ᠢᠷᠡᠯᠲᠡ᠄ ᠲᠤᠰ ᠰᠦᠯᠵᠢᠶ᠎ᠡ