ᠬᠢᠶ᠎ᠠ ᠪᠠᠭᠰᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/5/17
        ᠨᠢᠭᠡ᠂ ᠤᠳᠤᠷᠢᠳᠬᠤ ᠪᠠᠭ       ᠵᠠᠩ     ᠶᠦᠩ    ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ    ᠲᠣᠪᠴᠢᠶᠠᠨ ᠳᠠᠷᠤᠭ᠎ᠠ       ᠦ᠋ ᠮᠢᠨ ᠵᠢᠶᠠᠨ    ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ    ᠳᠡᠳ᠋ ᠲᠣᠪᠴᠢᠶᠠᠨ ᠳᠠᠷᠤᠭ᠎ᠠ       ᠯᠢ ᠭᠦᠸᠧ ᠫᠢᠩ    ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ   ᠳᠡᠳ᠋ ᠲᠣᠪᠴᠢᠶᠠᠨ ᠳᠠᠷᠤᠭ᠎ᠠ       ᠰᠤ᠋   ᠬᠤᠩ      ᠲᠦᠷ ᠴᠠᠭ ᠲᠤᠰᠢᠶᠠᠯ ᠡᠭᠦᠷᠭᠡᠯᠡᠬᠦ ᠳᠡᠳ᠋ ᠲᠣᠪᠴᠢᠶᠠᠨ ᠳᠠᠷᠤᠭ᠎ᠠ       ᠯᠢ ᠬᠤᠩ ᠮᠧᠶ       ᠳᠡᠳ᠋ ᠰᠠᠯᠠᠭᠠᠨ‌‍ᠲ᠋ᠡᠰ ᠤᠨ ᠤᠳᠤᠷᠢᠳᠬᠤ ᠺᠠᠳ᠋ᠷ       ᠸᠠᠩ ᠯᠢ ᠫᠢᠩ   ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠥᠪ ᠤᠨ ᠡᠷᠬᠢᠯᠡᠭᠴᠢ       ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ        ︵ᠨᠢᠭᠡ︶ ᠶᠡᠷᠦᠩᠬᠡᠶᠢᠯᠡᠭᠰᠡᠨ ᠠᠯᠪᠠᠨ ᠭᠡᠷ       ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠵᠦ᠂ ᠨᠠᠷᠢᠨ ᠪᠢᠴᠢᠭᠡᠴᠢ᠂ ᠬᠤᠷᠠᠯ ᠢ ᠵᠣᠬᠢᠶᠠᠨ ᠪᠠᠶᠢᠭᠤᠯᠬᠤ᠂ ᠤᠬᠠᠭᠤᠯᠬᠤ᠂ ᠰᠤᠷᠤᠯᠴᠠᠬᠤ᠂ ᠨᠢᠭᠤᠴᠠ ᠶᠢ ᠬᠠᠮᠠᠭᠠᠯᠠᠬᠤ᠂ ᠢᠯᠡ  ᠵᠠᠰᠠᠭ᠂ ᠨᠠᠮ ᠤᠨ ᠰᠤᠷᠲᠠᠯ ᠴᠢᠬᠡᠴᠢ  ᠵᠠᠰᠠᠭ  ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠩᠰᠠ ᠡᠪᠬᠡᠮᠡᠯ ᠤᠨ ᠬᠠᠮᠢᠶᠠᠷᠤᠯᠲᠠ᠂ ᠪᠠᠶᠢᠭᠤᠯᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃ ᠲᠣᠪᠴᠢᠶ᠎ᠠ ᠶᠢᠨ ᠳᠣᠲᠣᠭᠠᠳᠤ ᠶᠢᠨ  ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠵᠤ᠂ ᠠᠵᠢᠯᠲᠠᠨ ᠤ ᠶᠠᠪᠤᠳᠠᠯ᠂ ᠭᠥᠯᠢᠶᠡᠨ ᠠᠪᠬᠤ᠂ ᠲᠠᠮᠠᠭ᠎ᠠ᠂ ᠲᠡᠷᠭᠡ ᠬᠥᠰᠬᠡ ᠵᠡᠷᠭᠡ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠲᠤᠤᠱᠯᠠᠭᠤᠯᠤᠨ ᠬᠡᠷᠡᠭᠵᠢᠭᠦᠯᠦᠨ᠎ᠡ᠃ᠪᠠᠶᠢᠭᠤᠯᠭ᠎ᠠ ᠪᠠ  ᠬᠠᠷᠢᠶᠠᠯᠠᠭᠳᠠᠬᠤ  ᠠᠵᠢᠯ ᠦᠢᠯᠡᠰ ᠤᠨ  ᠨᠢᠭᠡᠴᠡ ᠶᠢᠨ  ᠺᠠᠳ᠋ᠷ ᠤᠨ ᠠᠵᠢᠯᠲᠠᠨ ᠤ ᠶᠠᠪᠤᠳᠠᠯ᠂ ᠵᠢᠯ ᠤᠨ ᠡᠴᠦᠰ ᠤᠨ ᠬᠢᠨᠠᠨ ᠰᠢᠯᠭᠠᠯᠲᠠ ᠵᠡᠷᠭᠡ ᠠᠵᠢᠯ ᠢ ᠬᠠᠷᠢᠭᠤᠴᠠᠨ᠎ᠠ᠃ᠡᠯ᠎ᠡ ᠲᠥᠷᠥᠯ ᠤᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ᠂ ᠬᠡᠷᠡᠭᠯᠡᠯᠲᠡ᠂ ᠲᠠᠩᠰᠠ ᠮᠡᠳᠡᠭᠦᠯᠬᠦ᠂ ᠲᠥᠰᠥᠪ ᠪᠠ ᠲᠥᠰᠥᠪ ᠤᠨ ᠭᠦᠢᠴᠡᠳᠬᠡᠯ ᠵᠢᠴᠢ ᠡᠳᠦᠷ ᠲᠤᠲᠤᠮ ᠤᠨ ᠨᠢᠭᠲᠠᠯᠠᠨ ᠪᠤᠳᠤᠬᠤ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠣᠨ ᠲᠣᠭᠤᠷᠢᠭ ᠤᠨ ᠡᠳ᠋ ᠤᠨ ᠵᠠᠰᠠᠭ  ᠠᠴᠠ ᠰᠠᠯᠭᠠᠨ ᠥᠭᠬᠦ  ᠶᠢ ᠵᠣᠬᠢᠴᠠᠭᠤᠯᠤᠨ ᠭᠦᠢᠴᠡᠳᠬᠡᠬᠦ ᠶᠢ ᠬᠠᠷᠢᠭᠤᠴᠠᠨ᠎ᠠ᠃  ᠲᠣᠪᠴᠢᠶ᠎ᠠ ᠶᠢᠨ ᠪᠠᠶᠢᠭᠤᠯᠭ᠎ᠠ ᠵᠢᠴᠢ   ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠪᠠ ᠵᠠᠰᠠᠭ ᠤᠨ ᠣᠷᠳᠣᠨ ᠤ  ᠬᠤᠳᠠᠯᠳᠤᠨ ᠠᠪᠬᠤ  ᠠᠵᠢᠯ ᠢ ᠬᠢᠨᠠᠨ  ᠬᠠᠮᠢᠶᠠᠷᠬᠤ ᠶᠢ ᠬᠠᠷᠢᠭᠤᠴᠠᠨ᠎ᠠ᠃ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠢᠶᠠᠨ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠨᠢᠭᠲᠠᠯᠠᠨ ᠪᠤᠳᠤᠬᠤ ᠠᠵᠢᠯ ᠢ ᠵᠢᠯᠤᠭᠤᠳᠬᠤ ᠪᠠ  ᠬᠢᠨᠠᠯᠲᠠ ᠲᠠᠯᠪᠢᠬᠤ ᠶᠢ ᠬᠠᠷᠢᠭᠤᠴᠠᠵᠤ᠂  ᠪᠠᠶᠢᠭᠤᠯᠭ᠎ᠠ ᠶᠢᠨ ᠢᠶᠠᠨ ᠪᠣᠶ ᠪᠦᠬᠦᠢ ᠭᠡᠷᠡᠴᠢ ᠦᠨᠡᠮᠯᠡᠯ ᠤᠨ   ᠤᠨ ᠤ ᠪᠠᠶᠢᠴᠠᠭᠠᠯᠲᠠ᠂ ᠬᠢᠨᠠᠨ ᠬᠠᠷᠭᠤᠭᠤᠯᠤᠯᠲᠠ ᠶᠢ ᠬᠠᠷᠢᠭᠤᠴᠠᠨ᠎ᠠ᠃ ᠳᠣᠲᠣᠭᠠᠳᠤ ᠶᠢᠨ ᠬᠢᠨᠠᠨ ᠪᠣᠳᠣᠬᠤ ᠵᠡᠷᠭᠡ ᠠᠵᠢᠯ ᠢ ᠬᠠᠷᠢᠭᠤᠴᠠᠨ᠎ᠠ᠃       ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ  ᠠᠯᠪᠠᠨ ᠭᠡᠷ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶       ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠱᠠᠲᠤᠨ ᠤ ᠬᠥᠳᠡᠭᠡ ᠲᠣᠰᠬᠤᠨ ᠤ ᠠᠵᠢᠯ ᠤᠨ ᠲᠤᠬᠠᠢ ᠴᠢᠭᠯᠡᠯᠲᠡ᠂ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠥᠬᠦ  ᠲᠤᠭᠤᠷᠢᠭ ᠤᠨ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠰᠠᠨᠠᠯ ᠢ ᠰᠤᠳᠤᠯᠤᠨ ᠳᠤᠷᠠᠳᠴᠤ᠂ ᠬᠠᠮᠢᠶ᠎ᠠ ᠪᠦᠬᠦᠢ ᠴᠢᠬᠤᠯᠠ ᠲᠥᠷᠥ ᠶᠢᠨ ᠪᠣᠳᠣᠯᠭ᠎ᠠ ᠶᠢ  ᠨᠤᠤᠷᠠᠭᠯᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠬᠠᠮᠢᠶ᠎ᠠ ᠪᠦᠬᠦᠢ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠵᠣᠬᠢᠶᠠᠨ ᠪᠠᠶᠢᠭᠤᠯᠤᠨ ᠡᠯ᠎ᠡ ᠵᠦᠢᠯ ᠤᠨ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ ᠵᠢᠴᠢ ᠵᠠᠷᠭᠤ ᠬᠦᠯᠢᠶᠡᠬᠦ ᠠᠵᠢᠯ ᠢ ᠳᠠᠭᠠᠭᠠᠨ ᠭᠦᠢᠴᠡᠳᠬᠡᠨ᠎ᠡ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ  ᠶᠢ ᠪᠤᠯᠪᠠᠰᠤᠷᠠᠭᠤᠯᠬᠤ  ᠶᠢ ᠬᠠᠷᠢᠭᠤᠴᠠᠨ᠎ᠠ᠃  ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠢᠨᠠᠨ ᠵᠢᠯᠤᠭᠤᠳᠴᠤ᠂ ᠬᠥᠳᠡᠭᠡ ᠲᠣᠰᠬᠤᠨ ᠤ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠠ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ  ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ ᠃ᠪᠥᠬᠦ  ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ  ᠦᠢᠯᠡᠰᠵᠢᠯᠲᠡ ᠶᠢᠨ ᠲᠥᠷᠥᠯ ᠵᠦᠢᠯ ᠢ ᠨᠤᠲᠠᠯᠠᠬᠤ᠂ ᠵᠣᠬᠢᠴᠠᠭᠤᠯᠬᠤ᠂ ᠭᠤᠶᠤᠴᠢᠯᠠᠨ ᠮᠡᠳᠡᠭᠦᠯᠬᠦ᠂ ᠵᠢᠯᠤᠭᠤᠳᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠢᠴᠢ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠥᠳᠡᠭᠡ ᠲᠣᠰᠬᠤᠨ ᠤ ᠲᠦᠷᠦ ᠶᠢᠨ ᠪᠣᠳᠣᠯᠭ᠎ᠠ ᠪᠠ ︽ᠮᠠᠯᠵᠢᠯ  ᠲᠠᠷᠢᠶᠠᠯᠠᠩ᠂  ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ   ᠲᠤᠳᠤᠯᠠᠨ  ᠬᠥᠳᠡᠭᠡ ᠲᠣᠰᠬᠤᠨ ᠤ ᠴᠢᠬᠤᠯᠠ  ᠶᠡᠭᠡ ᠰᠡᠳᠦᠪ  ᠤᠨ ᠪᠠᠶᠢᠴᠠᠭᠠᠨ ᠰᠤᠳᠤᠯᠬᠤ ᠵᠢᠴᠢ ᠬᠥᠳᠡᠭᠡ ᠲᠣᠰᠬᠤᠨ ᠤ ᠥᠭᠡᠷᠡᠴᠢᠯᠡᠯᠲᠡ ᠬᠢᠭᠡᠳ ᠴᠢᠬᠤᠯᠠ  ᠶᠡᠭᠡ  ᠲᠦᠷᠦᠯ ᠵᠦᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ ᠠᠮᠢᠲᠠᠨ᠂ ᠤᠷᠭᠤᠮᠠᠯ ᠟ ᠤᠨ ᠬᠢᠵᠢᠭ ᠟ ᠤᠨ ᠪᠠᠶᠢᠳᠠᠯ ᠟ ᠤᠨ ᠬᠠᠮᠢᠶᠠᠷᠤᠯᠲᠠ ᠶᠢᠨ ᠠᠵᠢᠯ ᠟ ᠢ ᠬᠠᠷᠢᠭᠤᠴᠠᠵᠤ᠂ ᠪᠥᠬᠦ ᠲᠤᠭᠤᠷᠢᠭ ᠤᠨ   ᠬᠦᠨᠳᠦ ᠶᠡᠭᠡ  ᠠᠮᠢᠲᠠᠨ᠂ ᠤᠷᠭᠤᠮᠠᠯ ᠟ ᠤᠨ ᠬᠢᠵᠢᠭ ᠡᠪᠡᠳᠴᠢᠨ ᠟ ᠢ ᠬᠢᠵᠠᠭᠠᠷᠯᠠᠬᠤ ᠪᠠ ᠠᠷᠢᠯᠭᠠᠬᠤ ᠠᠵᠢᠯ ᠟ ᠢ ᠬᠠᠷᠢᠭᠤᠴᠠᠨ᠎ᠠ᡾᠃  ᠲᠠᠷᠢᠶᠠᠯᠠᠩ  ᠮᠠᠯᠵᠢᠯ ᠤᠨ  ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ  ᠬᠡᠮᠵᠢᠵᠦ ᠰᠢᠯᠭᠠᠨ ᠪᠠᠶᠢᠴᠠᠭᠠᠬᠤ ᠪᠠ ︽ᠭᠤᠷᠪᠠᠨ ᠪᠦᠲᠦᠭᠡᠭᠳᠡᠬᠦᠨ ᠬᠤᠶᠠᠷ ᠪᠠᠷᠢᠮᠵᠢᠶ᠎ᠠ︾ ᠶᠢᠨ ᠠᠵᠢᠯ ᠢ ᠬᠢᠨᠠᠨ ᠬᠠᠮᠢᠶᠠᠷᠤᠨ᠎ᠠ᠃ ᠠᠮᠢᠲᠠᠨ ᠤ ᠪᠦᠲᠦᠭᠡᠭᠳᠡᠬᠦᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠮᠢᠲᠠᠨ ᠤ ᠢᠯᠭᠠᠬᠤ ᠲᠡᠮᠳᠡᠭ ᠵᠢᠴᠢ ᠬᠢᠵᠢᠭ ᠡᠪᠡᠳᠴᠢᠨ ᠢ ᠮᠥᠷᠳᠡᠵᠦ ᠪᠣᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠮᠠᠯ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮ ᠪᠠ ᠡᠩᠨᠡᠭᠡ ᠶᠢᠨ ᠪᠠᠶᠢᠭᠤᠯᠤᠯᠲᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠮᠠᠯ ᠡᠮᠨᠡᠯᠭᠡ ᠶᠢᠨ ᠠᠵᠢᠯ ᠲᠥᠷᠥᠯ ᠤᠨ ᠲᠥᠷᠥᠯ ᠵᠦᠢᠯ ᠟ ᠤᠨ ᠪᠦᠲᠦᠭᠡᠨ ᠪᠠᠶᠢᠭᠤᠯᠤᠯᠲᠠ᠂  ᠳᠤᠰᠬᠠᠶᠢᠵᠢᠭᠰᠠᠨ ᠮᠠᠯ  ᠤᠨ ᠡᠮᠴᠢ ᠶᠢᠨ ᠪᠣᠯᠪᠠᠰᠤᠷᠠᠭᠤᠯᠤᠯ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠬᠦ᠂ ᠠᠮᠢᠳᠤ ᠪᠣᠳᠠᠰ ᠤᠨ ᠠᠮᠤᠷ ᠲᠦᠪᠰᠢᠨ᠂ ᠮᠠᠯ ᠡᠮᠨᠡᠯᠭᠡ ᠶᠢᠨ ᠡᠮᠨᠡᠯᠭᠡ ᠶᠢᠨ ᠶᠠᠪᠤᠳᠠᠯ᠂ ᠮᠠᠯ ᠟  ᠤᠨ ᠡᠮ ᠟ ᠤᠨ ᠶᠠᠪᠤᠳᠠᠯ ᠤᠨ ᠠᠵᠢᠯ ᠲᠥᠷᠥᠯ ᠟ ᠤᠨ ᠬᠠᠮᠢᠶᠠᠷᠤᠯᠲᠠ ᠵᠡᠷᠭᠡ ᠠᠵᠢᠯ ᠟ ᠢ ᠬᠠᠷᠢᠭᠤᠴᠠᠵᠤ᠂ ᠮᠠᠯ ᠤᠨ ᠡᠮ ᠪᠣᠯᠣᠨ ᠪᠠᠭᠠᠵᠢ ᠬᠡᠷᠡᠭᠰᠡᠯ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠡᠭᠦᠷᠭᠡᠯᠡᠨ᠎ᠡ᠃ᠲᠠᠷᠢᠶᠠᠯᠠᠩ ᠤᠨ  ᠮᠠᠰᠢᠨ ᠤ ᠪᠦᠲᠦᠭᠡᠭᠳᠡᠬᠦᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠰᠢᠯᠭᠠᠨ ᠪᠠᠶᠢᠴᠠᠭᠠᠬᠤ᠂ ᠵᠠᠭᠠᠯᠳᠤᠬᠤ ᠪᠠ ᠲᠠᠷᠢᠶᠠᠯᠠᠩ ᠤᠨ ᠮᠠᠰᠢᠨ  ᠬᠤᠳᠠᠯᠳᠤᠨ ᠠᠪᠬᠤ ᠳᠤ ᠨᠥᠬᠦᠪᠦᠷᠢ ᠥᠭᠬᠦ ᠶᠢ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠪᠥᠬᠦ  ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠟ ᠤ ᠠᠶᠦᠯᠬᠦᠢ ᠦᠢᠯᠡᠳᠪᠦᠷᠢᠯᠡᠯ ᠟ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠟ ᠢ  ᠬᠠᠷᠢᠭᠤᠴᠠᠨ᠎ᠠ᠃       ᠤᠰᠤᠨ ᠠᠰᠢᠭᠯᠠᠯᠲᠠ ᠶᠢᠨ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠪᠠᠬᠢᠵᠢᠭᠦᠯᠬᠦ   ᠢᠨᠵᠧᠨᠧᠷᠢᠩ  ᠵᠡᠷᠭᠡ ᠲᠥᠷᠥᠯ ᠵᠦᠢᠯ ᠳᠤ ᠬᠢᠨᠠᠯᠲᠠ ᠲᠠᠯᠪᠢᠵᠤ ᠬᠠᠮᠢᠶᠠᠷᠬᠤ ᠪᠠ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ ᠵᠢᠴᠢ ᠵᠠᠷᠭᠤ ᠬᠦᠯᠢᠶᠡᠬᠦ ᠠᠵᠢᠯ ᠢ ᠳᠠᠭᠠᠭᠠᠨ ᠭᠦᠢᠴᠡᠳᠬᠡᠨ᠎ᠡ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠬᠢᠬᠦ ᠶᠢ ᠬᠠᠷᠢᠭᠤᠴᠠᠨ᠎ᠠ᠃ ᠪᠥᠬᠦ  ᠲᠤᠭᠤᠷᠢᠭ ᠤᠨ ᠤᠰᠤᠨ ᠤ ᠡᠬᠢ ᠪᠠᠶᠠᠯᠢᠭ ᠢ ᠬᠠᠮᠢᠶᠠᠷᠬᠤ᠂ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠢ ᠶᠢᠨ ᠬᠠᠮᠠᠭᠠᠯᠠᠯᠲᠠ ᠶᠢ ᠬᠢᠨᠠᠵᠤ ᠬᠠᠮᠢᠶᠠᠷᠬᠤ᠂ ᠶᠡᠷᠦᠩᠬᠡᠶᠢᠯᠡᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠢ ᠶᠢ ᠬᠠᠮᠠᠭᠠᠯᠠᠬᠤ ᠠᠵᠤ ᠠᠬᠤᠢ ᠶᠢᠨ ᠠᠵᠤ ᠦᠢᠯᠡᠰ ᠢ ᠵᠠᠰᠠᠵᠤ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠠᠵᠤ ᠦᠢᠯᠡᠰᠵᠢᠯᠲᠡ ᠶᠢᠨ ᠠᠵᠢᠯ ᠢ  ᠬᠦᠭᠵᠢᠭᠦᠯᠦᠨ᠎ᠡ ᠃ ᠤᠰᠤᠨ ᠠᠰᠢᠭᠯᠠᠯᠲᠠ᠂ ᠤᠰᠤᠨ ᠤ ᠬᠠᠮᠠᠭᠠᠯᠠᠯᠲᠠ ᠶᠢᠨ ᠪᠡᠯᠡ ᠮᠥᠩᠭᠦ ᠶᠢᠨ ᠬᠠᠮᠢᠶᠠᠷᠤᠯᠲᠠ᠂ ᠬᠢᠨᠠᠯᠲᠠ ᠶᠢ ᠬᠠᠷᠢᠭᠤᠴᠠᠨ᠎ᠠ᠃ ᠬᠥᠷᠥᠰᠥ ᠰᠢᠷᠣᠢ ᠶᠢ ᠬᠠᠮᠠᠭᠠᠯᠠᠬᠤ  ᠨᠦᠬᠦᠪᠦᠷᠢ  ᠶᠢᠨ ᠰᠦᠢᠳᠬᠡᠯ ᠲᠠᠲᠠᠪᠤᠷᠢᠯᠠᠬᠤ ᠶᠢ ᠬᠠᠷᠢᠭᠤᠴᠠᠨ᠎ᠠ᠃ ᠤᠰᠤ ᠭᠠᠩ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃       ᠲᠤᠭᠤᠷᠢᠭ ᠤᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠴᠢᠬᠤᠯᠠ ᠭᠤᠣᠯ ᠮᠥᠷᠡᠨ᠂ ᠨᠠᠭᠤᠷ  ᠴᠦᠬᠦᠷᠦᠮ  ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠢ ᠰᠢᠮᠳᠠᠭᠤᠯᠤᠨ ᠵᠢᠯᠤᠭᠤᠳᠴᠤ᠂ ᠭᠤᠣᠯ ᠮᠥᠷᠡᠨ᠂ ᠨᠠᠭᠤᠷ ᠲᠣᠭᠤᠷᠢᠮ ᠵᠡᠷᠭᠡ  ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠤᠰᠤᠨ  ᠤ ᠴᠠᠷᠠᠭ᠎ᠠ  ᠵᠢᠴᠢ ᠡᠷᠭᠢ ᠶᠢᠨ ᠱᠤᠭᠤᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ ᠵᠢᠯᠤᠭᠤᠳᠴᠤ᠂ ᠪᠦᠬᠦ  ᠲᠤᠭᠤᠷᠢᠭ ᠤᠨ ᠭᠤᠣᠯ ᠮᠥᠷᠡᠨ᠂ ᠤᠰᠤᠨ ᠴᠥᠭᠦᠷᠥᠮ᠂ ᠠᠭᠤᠯᠠᠨ ᠦᠶᠡᠷ ᠤᠨ ᠭᠤᠤ ᠶᠢ ᠵᠠᠰᠠᠬᠤ ᠪᠠ ᠨᠡᠭᠡᠭᠡᠨ ᠠᠰᠢᠭᠯᠠᠬᠤ ᠶᠢ ᠵᠢᠯᠣᠭᠤᠳᠤᠨ᠎ᠠ᠃ ᠭᠤᠣᠯ ᠤᠨ ᠵᠠᠮ ᠤᠨ ᠰᠧᠺᠦ᠋ᠨ᠋ᠳ᠋ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠢᠯᠣᠭᠤᠳᠤᠨ᠎ᠠ᠃       ᠪᠥᠬᠦ  ᠲᠤᠭᠤᠷᠢᠭ ᠤᠨ ᠶᠠᠳᠠᠭᠤ ᠶᠢ ᠲᠡᠳᠬᠦᠬᠦ ᠪᠠ ᠠᠮᠢ ᠠᠬᠤᠢ ᠶᠢᠨ  ᠨᠡᠭᠦᠳᠡᠯ ᠠᠷᠠᠳ ᠤᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠢ ᠲᠥᠯᠥᠪᠵᠢᠭᠦᠯᠬᠦ᠂ ᠨᠤᠲᠠᠯᠠᠬᠤ᠂ ᠰᠢᠭᠰᠢᠨ ᠰᠣᠩᠭᠤᠬᠤ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠠᠵᠢᠯ ᠵᠢᠴᠢ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠬᠤ᠂ ᠬᠡᠷᠡᠭᠯᠡᠬᠦ᠂ ᠬᠢᠨᠠᠨ ᠬᠠᠷᠭᠤᠭᠤᠯᠬᠤ᠂ ᠬᠢᠨᠠᠯᠲᠠ ᠲᠠᠯᠪᠢᠬᠤ ᠪᠠ ᠬᠠᠮᠢᠶ᠎ᠠ ᠪᠦᠬᠦᠢ ᠶᠠᠳᠠᠭᠤ ᠶᠢ ᠲᠡᠳᠬᠦᠬᠦ ᠲᠥᠷᠥᠯ ᠵᠦᠢᠯ ᠢ ᠬᠠᠮᠢᠶᠠᠷᠬᠤ ᠶᠢ ᠬᠠᠷᠢᠭᠤᠴᠠᠨ᠎ᠠ᠃ ᠪᠥᠬᠦ  ᠲᠤᠭᠤᠷᠢᠭ ᠤᠨ ᠶᠠᠳᠠᠭᠤ ᠶᠢ  ᠳᠡᠳᠬᠦᠬᠦ ᠨᠡᠭᠡᠭᠡᠨ ᠬᠥᠭᠵᠢᠭᠦᠯᠬᠦ ᠲᠤᠭ᠎ᠠ ᠪᠦᠷᠢᠳᠬᠡᠯ ᠬᠢᠭᠡᠳ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠪᠥᠬᠦ  ᠲᠤᠭᠤᠷᠢᠭ ᠤᠨ ᠶᠠᠳᠠᠭᠤ ᠶᠢ  ᠲᠡᠳᠬᠦᠬᠦ  ᠨᠡᠭᠡᠭᠡᠨ ᠬᠥᠭᠵᠢᠭᠦᠯᠬᠦ ᠠᠵᠢᠯ ᠢ ᠲᠣᠬᠢᠷᠠᠭᠤᠯᠬᠤ᠂ ᠵᠢᠯᠤᠭᠤᠳᠬᠤ᠂ ᠰᠢᠮᠳᠠᠭᠤᠯᠬᠤ᠂ ᠪᠠᠶᠢᠴᠠᠭᠠᠨ ᠰᠢᠯᠭᠠᠬᠤ᠂ ᠠᠳᠠᠯᠢᠳᠬᠠᠨ ᠰᠢᠯᠭᠠᠷᠠᠭᠤᠯᠬᠤ᠂ ᠳ᠋ᠦᠩᠨᠡᠬᠦ ᠵᠡᠷᠭᠡ ᠶᠢ ᠬᠠᠷᠢᠭᠤᠴᠠᠨ᠎ᠠ᠃ ᠠᠮᠢ ᠠᠬᠤᠢ ᠶᠢᠨ  ᠨᠡᠭᠦᠳᠡᠯ ᠠᠷᠠᠳ ᠤᠨ ᠲᠥᠷᠥ ᠶᠢᠨ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ ᠶᠢ ᠬᠠᠷᠢᠭᠤᠴᠠᠨ᠎ᠠ᠃ ᠠᠮᠢ ᠠᠬᠤᠢ ᠶᠢᠨ ᠨᠡᠭᠦᠳᠡᠯ ᠠᠷᠠᠳ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠡᠯᠡ ᠮᠥᠩᠭᠦ ᠭᠤᠶᠤᠴᠢᠯᠠᠬᠤ᠂ ᠲᠣᠭᠠᠴᠠᠭ᠎ᠠ ᠬᠢᠬᠦ᠂ ᠣᠯᠭᠤᠬᠤ ᠶᠢ ᠬᠠᠷᠢᠭᠤᠴᠠᠨ᠎ᠠ᠃ ᠬᠥᠳᠡᠭᠡ ᠲᠣᠰᠬᠤᠨ  ᠤ ᠭᠠᠵᠠᠷ ᠣᠷᠣᠨ ᠟ ᠤ ᠣᠷᠴᠢᠨ ᠲᠣᠭᠤᠷᠢᠨ ᠟ ᠤ ᠡᠷᠡᠭᠦᠯ ᠬᠠᠮᠠᠭᠠᠯᠠᠯ ᠟ ᠢ ᠶᠡᠷᠦᠩᠬᠡᠶᠢᠯᠡᠨ ᠵᠠᠰᠠᠬᠤ ᠠᠵᠢᠯ ᠟ ᠲᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃       ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ  ᠳᠤᠪᠴᠢᠶᠠᠨ  ᠪᠠᠶᠢᠭᠤᠯᠭ᠎ᠠ ᠶᠢᠨ ᠭᠤᠶᠤᠴᠢᠯᠠᠯ  ᠢᠶᠠᠷ ᠵᠠᠰᠠᠭ ᠵᠠᠬᠢᠷᠭᠠᠨ ᠤ ᠵᠥᠪᠰᠢᠶᠡᠷᠡᠯ ᠣᠯᠬᠤ ᠂ ᠨᠤᠲᠠᠯᠠᠬᠤ᠂ ᠱᠠᠩᠨᠠᠬᠤ᠂ ᠥᠭᠬᠦ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠳᠠᠮᠵᠢᠭᠤᠯᠤᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡᠨ ᠤ ᠲᠥᠷᠥᠯ ᠵᠡᠷᠭᠡ ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠵᠣᠬᠢᠴᠠᠭᠤᠯᠬᠤ᠂ ᠬᠠᠮᠢᠶᠠᠷᠬᠤ᠂ ᠰᠢᠪᠠᠳᠠᠨ ᠬᠢᠯᠭᠡᠬᠦ  ᠶᠢᠨ ᠠᠷᠤ ᠲᠠᠯ᠎ᠠ ᠶᠢᠨ ᠳᠡᠮᠵᠢᠯᠭᠡ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠰᠦᠯᠵᠢᠶᠡᠨ  ᠳᠡᠭᠡᠷ᠎ᠡ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠭᠦᠢᠴᠡᠳᠬᠡᠬᠦ ᠶᠢ ᠬᠠᠷᠢᠭᠤᠴᠠᠨ᠎ᠠ᠃ ᠳᠤᠪᠴᠢᠶᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠡᠷᠬᠡ ᠲᠤᠰᠢᠶᠠᠯ᠂  ᠵᠠᠭᠤᠴᠢ ᠦᠢᠯᠡᠴᠢᠯᠡᠭᠡᠨ ᠤ ᠨᠠᠷᠢᠨ ᠲᠠᠩᠰᠠ ᠶᠢ ᠢᠯᠡ ᠪᠣᠯᠭᠠᠬᠤ ᠶᠢ ᠬᠥᠳᠡᠯᠦᠩᠭᠦᠢ ᠪᠠᠷ ᠡᠮᠬᠢᠯᠡᠨ ᠳᠢᠭᠯᠡᠵᠦ᠂ ᠳᠤᠪᠴᠢᠶᠠᠨ ᠪᠠᠶᠢᠭᠤᠯᠭ᠎ᠠ ᠶᠢᠨ ︽  ᠶᠠᠪᠤᠴᠠ ᠶᠢ  ᠳᠤᠪᠴᠢᠯᠠᠨ   ᠦᠢᠯᠡᠴᠢᠯᠡᠭᠡ ᠶᠢ ᠰᠢᠯᠢᠳᠡᠭᠵᠢᠭᠦᠯᠬᠦ︾᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠢ ᠡᠭᠦᠷᠭᠡᠯᠡᠨ᠎ᠡ᠃       ᠠᠯᠪᠠᠨ ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 2 ᠳ᠋ᠤᠭᠠᠷ ᠠᠰᠠᠷ       ᠤᠲᠠᠰᠤ᠄ 0477 ︱ 8595982       ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ 9᠄ 00 ︱ 12᠄ 00 ︱ 14᠄ 00 ︱ 17᠄ 30  
ᠢᠷᠡᠯᠲᠡ᠄ ᠳᠣᠰ ᠰᠦᠯᠵᠢᠶ᠎ᠡ