ᠡᠶᠢᠮᠦ ᠢᠳᠡᠭᠡᠨ ᠬᠡᠦᠬᠡᠳ ᠤᠨ ᠬᠠᠷᠠᠭ᠎ᠠ ᠶᠢ ᠮᠠᠭᠤᠲᠠᠭᠤᠯᠤᠨ᠎ᠠ
ᠨᠡᠶᠢᠲᠡᠯᠡᠭᠰᠡᠨ ᠴᠠᠭ᠄
2022/6/21
        ᠣᠶᠢᠷ᠎ᠠ ᠬᠠᠷᠠᠭ᠎ᠠ ᠶᠢᠨ ᠲᠤᠬᠠᠢ ᠵᠠᠷᠢᠮ ᠭᠡᠷ ᠤᠨ ᠠᠬᠠᠮᠠᠳ ᠢᠳᠡᠭᠡᠨ ᠤᠮᠳᠠᠭᠠᠨ ᠨᠢ ᠨᠢᠳᠦᠨ ᠤ ᠬᠠᠷᠠᠭ᠎ᠠ ᠶᠢ ᠨᠥᠯᠦᠭᠡᠯᠡᠨ᠎ᠡ ᠤᠤ ᠭᠡᠵᠣ ᠠᠰᠠᠭᠤᠳᠠᠭ᠃ ᠢᠳᠡᠭᠡᠨ ᠤᠮᠳᠠᠭᠠᠨ ᠨᠢ ᠨᠢᠳᠦᠨ ᠤ ᠬᠠᠷᠠᠭᠠᠨ ᠤ ᠡᠷᠡᠭᠦᠯ ᠮᠡᠨᠳᠦ ᠲᠠᠢ ᠦᠨᠡᠭᠡᠷ ᠬᠤᠯᠪᠣᠭ᠎ᠠ ᠲᠠᠢ ᠪᠠᠶᠢᠳᠠᠭ᠃ ᠲᠡᠭᠡᠪᠡᠯ ᠢᠳᠡᠭᠡᠨ ᠤᠮᠳᠠᠭᠠᠨ ᠢ ᠲᠣᠬᠢᠷᠠᠮᠵᠢᠲᠠᠢ ᠲᠣᠬᠢᠷᠠᠭᠤᠯᠬᠤ ᠪᠠᠷ ᠳᠠᠮᠵᠢᠨ ᠬᠡᠦᠬᠡᠳ ᠤᠨ ᠨᠢᠳᠦᠨ ᠤ ᠬᠠᠷᠠᠭ᠎ᠠ ᠶᠢ ᠰᠠᠶᠢᠵᠢᠷᠠᠭᠤᠯᠬᠤ ᠠᠷᠭ᠎ᠠ ᠪᠠᠶᠢᠨ᠎ᠠ ᠤᠤ︖ ᠲᠠ ᠪᠦᠬᠦᠨ ᠳᠤ ᠬᠡᠳᠦᠨ ᠵᠦᠢᠯ ᠢ ᠲᠠᠨᠢᠯᠴᠠᠭᠤᠯᠤᠶ᠎ᠡ᠃        ᠭᠠᠷᠠᠭ ᠪᠣᠯᠭᠠᠨ 1 — 2 ᠤᠳᠠᠭ᠎ᠠ ᠠᠮᠢᠲᠠᠨ ᠤ ᠡᠯᠢᠭᠡ ᠢᠳᠡᠭᠦᠯᠵᠦ᠂ ᠬᠦᠨ ᠥᠩᠭᠡ ᠲᠠᠢ ᠨᠣᠭᠤᠭ᠎ᠠ ᠵᠢᠮᠢᠰ ᠢᠯᠡᠭᠦᠦ ᠢᠳᠡᠭᠦᠯᠬᠦ ᠬᠡᠷᠡᠭᠲᠡᠢ᠃             ᠺᠠᠯᠽ᠂ ᠰᠧᠯᠧᠨ᠂ ᠴᠠᠶᠢᠷ᠂ ᠵᠡᠰ᠂ ᠨᠠᠪᠴᠢᠨ ᠤ ᠰᠢᠷ᠎ᠠ ᠡᠳ᠋᠂ ᠸᠢᠲ᠋ᠠᠮᠢᠨ A᠂ ᠸᠢᠲ᠋ᠠᠮᠢᠨ B1 ᠵᠡᠷᠭᠡ ᠰᠢᠮ᠎ᠡ ᠲᠡᠵᠢᠭᠡᠯ ᠤᠨ ᠡᠳ᠋ ᠨᠢ ᠨᠢᠳᠦᠨ ᠤ ᠬᠠᠷᠠᠭ᠎ᠠ ᠶᠢ ᠬᠠᠮᠠᠭᠠᠯᠠᠬᠤ ᠦᠢᠯᠡᠳᠦᠯ ᠲᠠᠢ ᠪᠠᠶᠢᠵᠤ᠂ ᠨᠢᠳᠦᠨ ᠤ ᠬᠠᠷᠠᠭ᠎ᠠ ᠶᠢ ᠰᠠᠶᠢᠵᠢᠷᠠᠭᠤᠯᠬᠤ ᠳᠤ ᠠᠰᠢᠭᠲᠠᠢ ᠪᠠᠶᠢᠳᠠᠭ᠃ ᠬᠡᠦᠬᠡᠳ ᠳᠡᠭᠡᠨ᠂ ᠡᠳᠡᠭᠡᠷ ᠰᠢᠮ᠎ᠡ ᠲᠡᠵᠢᠭᠡᠯ ᠡᠯᠪᠡᠭ ᠠᠭᠤᠯᠳᠠᠭ ᠨᠣᠭᠤᠭ᠎ᠠ᠂ ᠭᠦᠨ ᠥᠩᠭᠡ ᠶᠢᠨ ᠨᠣᠭᠤᠭ᠎ᠠ ᠵᠢᠮᠢᠰ᠂ ᠪᠦᠳᠦᠭᠦᠯᠢᠭ ᠠᠮᠣ᠂ ᠴᠠᠭᠠᠨ ᠢᠳᠡᠭᠡ ᠵᠡᠷᠭᠡ ᠶᠢ ᠢᠯᠡᠭᠦᠦ ᠢᠳᠡᠭᠦᠯᠵᠣ᠂ ᠭᠠᠷᠠᠭ ᠪᠣᠯᠭᠠᠨ 1 — 2 ᠤᠳᠠᠭ᠎ᠠ ᠠᠮᠢᠲᠠᠨ ᠤ ᠡᠯᠢᠭᠡ ᠢᠳᠡᠭᠦᠯᠦᠨ᠎ᠡ᠃             ᠰᠢᠬᠢᠷᠯᠢᠭ ᠢᠳᠡᠭᠡᠨ ᠪᠠᠭ᠎ᠠ ᠢᠳᠡᠭᠦᠯᠵᠦ᠂ ᠰᠢᠬᠢᠷ ᠠᠭᠤᠯᠣᠭᠰᠠᠨ ᠤᠮᠳᠠᠭᠠᠨ ᠪᠠᠭ᠎ᠠ ᠤᠤᠭᠤᠯᠭᠠᠬᠤ ᠬᠡᠷᠡᠭᠲᠡᠢ᠃            ᠰᠢᠬᠢᠷᠯᠢᠭ ᠢᠳᠡᠭᠡᠨ ᠳᠠᠬᠢ ᠰᠢᠬᠢᠷ ᠨᠢ ᠬᠦᠮᠦᠨ ᠤ ᠪᠡᠶ᠎ᠡ ᠳᠤ ᠰᠣᠯᠢᠯᠴᠠᠭ᠎ᠠ ᠬᠢᠬᠦ ᠦᠶ᠎ᠡ ᠳᠤ ᠶᠡᠭᠡ ᠬᠡᠮᠵᠢᠶᠡᠨ ᠤ ᠸᠢᠲᠮᠢᠨ B1 ᠶᠢ ᠬᠡᠷᠡᠭᠯᠡᠳᠡᠭ᠃ ᠬᠡᠷᠪᠡ ᠰᠢᠬᠢᠷᠯᠢᠭ ᠢᠳᠡᠭᠡᠨ ᠢ ᠶᠡᠭᠡ ᠬᠡᠮᠵᠢᠶ᠎ᠡ ᠪᠠᠷ ᠢᠳᠡᠪᠡᠯ ᠨᠢᠳᠦ ᠬᠢᠯᠪᠠᠷᠬᠠᠨ ᠶᠠᠳᠠᠷᠠᠵᠣ᠂ ᠬᠠᠷᠠᠭᠠᠨ ᠮᠡᠳᠡᠷᠡᠯ ︽ᠰᠢᠮ᠎ᠡ ᠲᠡᠵᠢᠭᠡᠯ ᠳᠤᠲᠠᠭᠳᠠᠬᠤ︾ ᠠᠴᠠ ᠪᠣᠯᠵᠣ ᠬᠠᠷᠠᠭ᠎ᠠ ᠮᠠᠭᠤᠳᠠᠬᠤ ᠪᠣᠯᠣᠨ᠎ᠠ᠃ ᠰᠢᠬᠢᠷᠯᠢᠭ ᠢᠳᠡᠭᠡᠨ ᠨᠢ ᠺᠠᠯᠽ ᠶᠢ ᠬᠤᠷᠣᠭᠳᠠᠭᠤᠯᠤᠨ᠎ᠠ᠃ ᠺᠠᠯᠽ ᠳᠤᠲᠠᠪᠠᠯ ᠨᠢᠳᠦᠨ ᠤ ᠪᠣᠯᠴᠢᠩ ᠰᠤᠯᠠᠷᠠᠵᠣ᠂ ᠡᠭᠦᠨ ᠤ ᠤᠯᠠᠮ ᠢᠶᠠᠷ ᠣᠶᠢᠷ᠎ᠠ ᠬᠠᠷᠠᠭ᠎ᠠ ᠲᠠᠢ ᠪᠣᠯᠳᠠᠭ᠃ ᠰᠢᠬᠢᠷᠯᠢᠭ ᠢᠳᠡᠭᠡᠨ ᠨᠢ ᠪᠠᠰᠠ ᠨᠢᠳᠦᠨ ᠤ ᠲᠠᠯᠠᠰᠯᠢᠭ ᠪᠡᠶ᠎ᠡ ᠶᠢ ᠨᠥᠯᠦᠭᠡᠯᠡᠨ᠎ᠡ᠃ ᠰᠢᠬᠢᠷᠯᠢᠭ ᠢᠳᠡᠭᠡᠨ ᠠᠷᠪᠢᠨ ᠢᠳᠡᠪᠡᠯ ᠬᠥᠮᠥᠨ ᠤ ᠪᠡᠶ᠎ᠡ ᠳᠠᠬᠢ ᠴᠢᠰᠦᠨ ᠰᠢᠬᠢᠷ ᠤᠨ ᠬᠡᠮᠵᠢᠶ᠎ᠡ ᠥᠨᠳᠦᠷ ᠪᠣᠯᠵᠣ᠂ ᠴᠢᠰᠦᠨ ᠡᠭᠡᠳᠡᠩ ᠤᠨ ᠨᠡᠪᠴᠢᠯᠲᠡ ᠶᠢᠨ ᠳᠠᠷᠣᠯᠲᠠ ᠳᠡᠭᠡᠭᠰᠢᠯᠡᠵᠣ᠂ ᠪᠡᠶ᠎ᠡ ᠶᠢᠨ ᠰᠢᠩᠭᠡᠨ ᠤ ᠨᠡᠪᠴᠢᠯᠲᠡ ᠶᠢᠨ ᠳᠠᠷᠣᠯᠲᠠ ᠳᠣᠭᠤᠭᠰᠢᠯᠠᠵᠣ᠂ ᠨᠢᠳᠦᠨ ᠤ ᠳᠠᠷᠣᠯᠲᠠ ᠶᠢ ᠶᠡᠬᠡᠰᠬᠡᠵᠣ᠂ ᠲᠠᠯᠠᠰᠯᠢᠭ ᠪᠡᠶ᠎ᠡ ᠪᠦᠯᠲᠡᠶᠢᠵᠣ᠂ ᠣᠶᠢᠷ᠎ᠠ ᠬᠠᠷᠠᠭ᠎ᠠ ᠶᠢ ᠡᠭᠦᠰᠭᠡᠵᠣ ᠮᠡᠳᠡᠨ᠎ᠡ᠃            ᠡᠶᠢᠮᠦ ᠠᠴᠠ ᠬᠡᠦᠬᠡᠳ ᠲᠤ ᠰᠢᠬᠢᠷ ᠠᠭᠤᠯᠤᠭᠰᠠᠨ ᠤᠮᠳᠠᠭᠠᠨ ᠪᠠᠭ᠎ᠠ ᠤᠤᠭᠤᠯᠭᠠᠵᠤ᠂ ᠰᠢᠬᠢᠷᠯᠢᠭ ᠢᠳᠡᠭᠡ᠂ ᠰᠢᠬᠢᠷ ᠵᠢᠮᠢᠰ ᠵᠡᠷᠭᠡ ᠰᠢᠬᠢᠷ ᠤᠨ ᠠᠭᠤᠯᠤᠭᠳᠠᠴᠠ ᠨᠡᠯᠢᠶᠡᠳ ᠥᠨᠳᠥᠷ ᠰᠢᠬᠢᠷᠯᠢᠭ ᠢᠳᠡᠭᠡᠨ ᠪᠠᠭ᠎ᠠ ᠢᠳᠡᠭᠦᠯᠬᠦ ᠬᠡᠷᠡᠭᠲᠡᠢ᠃ ᠬᠠᠲᠠᠭᠤ ᠰᠢᠭ᠋ ᠵᠦᠢᠯ ᠢᠳᠡᠭᠦᠯᠵᠣ ᠨᠢᠳᠦᠨ ᠤ ᠪᠣᠯᠴᠢᠩ ᠢ ᠴᠢᠩᠭᠠᠷᠠᠭᠤᠯᠬᠤ ᠨᠢ ᠴᠢᠬᠤᠯᠠ᠃ ᠵᠠᠵᠢᠯᠬᠤ ᠨᠢ ᠬᠡᠦᠬᠡᠳ ᠤᠨ ᠨᠢᠭᠤᠷ ᠤᠨ ᠪᠤᠯᠴᠢᠩ ᠤᠨ ᠬᠥᠳᠡᠯᠭᠡᠭᠡᠨ ᠢ ᠠᠬᠢᠭᠤᠯᠵᠤ ᠂ ᠢᠯᠠᠩᠭᠤᠶ᠎ᠠ ᠨᠢᠳᠦᠨ ᠤ ᠪᠣᠯᠴᠢᠩ ᠤᠨ ᠬᠥᠳᠡᠯᠭᠡᠭᠡᠨ ᠢ ᠨᠡᠮᠡᠭᠳᠡᠭᠦᠯᠳᠡᠭ ᠶᠤᠮ᠃ 
2022-06-16-11dc3bc6e1-f209-45b3-93af-656440185191_proc.jpg
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ