2022 ᠤᠨ ᠤ ᠨᠢᠭᠡᠳᠦᠭᠡᠷ ᠰᠠᠷ᠎ᠠ ᠶᠢᠨ ᠬᠢᠶ᠎ᠠ ᠪᠠᠭᠰᠢ ᠲᠤᠭᠤᠷᠢᠭ ᠤᠨ ᠠᠷᠠᠳ ᠤᠨ ᠵᠠᠰᠠᠭ  ᠤᠨ ᠤᠷᠳᠤᠨ ᠤ  ᠲᠤᠮᠤ ᠠᠵᠢᠯ    ᠶᠠᠪᠤᠳᠠᠯ ᠤᠨ ᠲᠡᠮᠲᠡᠭᠯᠡᠯ
ᠨᠡᠶᠢᠲᠡᠯᠡᠭᠰᠡᠨ ᠴᠠᠭ᠄
2022/6/22
      1 ᠳ᠋ᠤᠭᠡᠷ ᠰᠠᠷ᠎ᠠ ᠶᠢᠨ 4 ᠤ ᠡᠳᠦᠷ᠂ ᠬᠢᠶ᠎ᠠ ᠪᠠᠭᠰᠢ ᠲᠣᠭᠤᠷᠢᠭ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠢ ᠰᠦᠯᠵᠢᠶᠡᠨ ᠳᠤ ᠣᠷᠣᠭᠤᠯᠬᠤ ᠡᠬᠢᠯᠡᠯᠲᠡ ᠶᠢᠨ ᠶᠣᠰᠣᠯᠠᠯ  ᠶᠠᠪᠤᠭᠳᠠᠭᠤᠯᠪᠠ᠃ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠰᠢᠰᠲ᠋ᠧᠮ ᠢ ᠰᠦᠯᠵᠢᠶᠡᠨ ᠳᠤ ᠣᠷᠣᠭᠤᠯᠤᠭᠰᠠᠨ ᠤ ᠳᠠᠷᠠᠭᠠᠬᠢ ᠠᠩᠬᠠᠳᠠᠭᠴᠢ ᠡᠯᠧᠺᠲᠷᠣᠨ ᠲᠣᠭᠠᠴᠠᠭ᠎ᠠ ᠬᠢᠬᠦ ᠲᠤᠬᠠᠶᠢᠯᠠᠭᠰᠠᠨ ᠠᠵᠢᠯ ᠢ ᠲᠤᠬᠠᠢ ᠶᠢᠨ ᠲᠠᠯᠠᠪᠤᠷ ᠲᠤᠨᠢ  ᠲᠤᠶ᠋ᠢᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠲᠣᠭᠤᠷᠢᠭ ᠤᠨ  ᠳᠠᠷᠤᠭ᠎ᠠ ᠺᠠᠩ ᠫᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      1 ᠳ᠋ᠤᠭᠡᠷ ᠰᠠᠷ᠎ᠠ ᠶᠢᠨ 7 ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠪᠥᠬᠦ ᠤᠯᠤᠰ ᠤᠨ ᠪᠣᠯᠪᠠᠰᠤᠨ ᠤ ᠬᠡᠪ ᠳᠠᠭᠤᠷᠢᠶᠠᠯ ᠪᠤᠯᠬᠤ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂   ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ  ᠱᠤ᠋ ᠸᠧᠢ ᠵᠢᠴᠢ  ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ᠸᠠᠩ ᠰᠢᠤᠸᠠᠢ  ᠹᠧᠩ ᠨᠠᠷ ᠤᠷᠢᠳ ᠬᠤᠵᠢᠳ ᠨᠢᠩ ᠰᠢᠨ ᠨᠡᠶᠢᠭᠡᠮ ᠲᠣᠭᠤᠷᠢᠭ᠂  ᠬᠤ᠋ ᠨᠧᠩ ᠬᠤᠳᠠᠯᠳᠤᠭᠠᠨ ᠤ ᠲᠠᠯᠠᠪᠠᠢ᠂ ᠣᠷᠳᠣᠰ ᠤᠨ ᠰᠣᠶᠣᠯ ᠤᠷᠠᠯᠢᠭ ᠤᠨ ᠲᠥᠪ᠂ ᠴᠢ ᠱᠦᠨ ᠶᠠᠪᠠᠭᠠᠨ ᠵᠡᠭᠡᠯᠢ ᠵᠡᠷᠭᠡ ᠭᠠᠵᠠᠷ ᠢᠶᠠᠷ ᠬᠦᠷᠴᠦ᠂ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠮᠬᠢ ᠳᠢᠭᠯᠢᠮ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠢ  ᠵᠢᠭᠠᠨ ᠵᠢᠯᠣᠭᠤᠳᠪᠠ᠃     1 ᠳ᠋ᠤᠭᠡᠷ ᠰᠠᠷ᠎ᠠ ᠶᠢᠨ 24 ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠴᠢᠩ ᠴᠦᠨ ᠱᠠᠨ ᠵᠡᠭᠡᠯᠢ ᠭᠤᠳᠤᠮᠵᠢ ᠪᠠ  ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂  ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂  ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠭᠦᠨᠵᠡᠭᠡᠶᠢᠷᠡᠨ᠂ ᠡᠮᠦᠨ᠎ᠡ ᠹᠷᠣᠨᠲ ᠤᠨ ᠺᠠᠳ᠋ᠷ ᠠᠵᠢᠯᠲᠠᠨ ᠠᠵᠢᠯᠴᠢᠨ ᠪᠠ ᠬᠦᠴᠢᠷᠳᠡᠯᠲᠡᠢ ᠭᠡᠷ ᠪᠦᠯᠢ᠂ ᠶᠣᠰᠣ ᠮᠣᠷᠠᠯ ᠤᠨ ᠵᠢᠱᠢᠶᠡᠴᠢ ᠵᠢᠴᠢ ᠠᠬᠠᠮᠠᠳ ᠨᠠᠮ ᠤᠨ ᠭᠡᠰᠢᠭᠦᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠮᠡᠨᠳᠦᠴᠢᠯᠡᠯ ᠪᠠ ᠰᠠᠶᠢᠨ ᠰᠠᠶᠢᠬᠠᠨ ᠢᠷᠦᠭᠡᠯ ᠳᠡᠪᠰᠢᠭᠦᠯᠪᠡ᠃      1 ᠳ᠋ᠤᠭᠡᠷ ᠰᠠᠷ᠎ᠠ ᠶᠢᠨ 26 ᠤ ᠡᠳᠦᠷ᠂  ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠲᠤᠰᠬᠠᠢ ᠳᠤᠭᠤᠶᠢᠯᠠᠩ ᠤᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠴᠠᠭᠠᠨ ᠰᠠᠷ᠎ᠠ ᠳᠠᠬᠢ ᠬᠢᠶ᠎ᠠ ᠪᠠᠭᠰᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
ᠢᠷᠡᠯᠲᠡ᠄ ᠲᠤᠰ ᠰᠦᠯᠵᠢᠶ᠎ᠡ