2022 ᠤᠨ ᠤ  ᠬᠤᠶᠠᠳᠤᠭᠠᠷ ᠰᠠᠷ᠎ᠠ ᠶᠢᠨ ᠬᠢᠶ᠎ᠠ ᠪᠠᠭᠰᠢ ᠲᠤᠭᠤᠷᠢᠭ ᠤᠨ ᠠᠷᠠᠳ ᠤᠨ ᠵᠠᠰᠠᠭ  ᠤᠨ ᠤᠷᠳᠤᠨ ᠤ  ᠲᠤᠮᠤ ᠠᠵᠢᠯ    ᠶᠠᠪᠤᠳᠠᠯ ᠤᠨ ᠲᠡᠮᠲᠡᠭᠯᠡᠯ
ᠨᠡᠶᠢᠲᠡᠯᠡᠭᠰᠡᠨ ᠴᠠᠭ᠄
2022/6/29
     2  ᠳ᠋ᠤᠭᠠᠷ ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠣᠳᠣᠬᠠᠨ ᠤ ᠪᠠ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ ᠳᠠᠬᠢᠨ ᠨᠠᠶᠢᠳᠠᠪᠤᠷᠢᠵᠢᠭᠤᠯᠪᠠ᠃     2 ᠳ᠋ᠤᠭᠠᠷ ᠰᠠᠷ᠎ᠠ ᠶᠢᠨ 21 ᠤ ᠡᠳᠦᠷ᠂  ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ 2022 ᠣᠨ ᠤ ᠠᠩᠬᠠᠳᠤᠭᠠᠷ ᠤᠳᠠᠭᠠᠨ ᠤ ᠪᠥᠭᠡᠮ ᠬᠦᠴᠢᠯ ᠤᠨ  ᠰᠢᠯᠭᠠᠨ ᠪᠠᠶᠢᠴᠠᠭᠠᠬᠤ ᠰᠣᠷᠢᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ᠲᠣᠭᠤᠷᠢᠭ ᠤᠨ ᠤᠳᠤᠷᠢᠳᠤᠯᠭ᠎ᠠ ᠺᠠᠩ ᠫᠢᠩ᠂ ᠮᠥᠴᠢᠷ᠂ ᠯᠢ ᠬᠠᠢ ᠮᠢᠨ᠂ ᠳ᠋ᠦ᠋ ᠵᠢᠶᠠ ᠪᠢᠨ᠂ ᠰᠦᠨ ᠷᠦᠩ ᠬᠤᠷᠠᠯ ᠳᠤ ᠣᠷᠣᠯᠴᠠᠵᠠᠢ᠃ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ᠂ ᠡᠯ᠎ᠡ ᠵᠡᠭᠡᠯᠢ ᠭᠤᠳᠤᠮᠵᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ᠬᠤᠷᠠᠯ ᠳᠡᠭᠡᠷ᠎ᠡ᠂ ᠺᠠᠩ ᠫᠢᠩ  ᠪᠦᠭᠡᠮ ᠬᠦᠴᠢᠯ  ᠤᠨ ᠰᠢᠯᠭᠠᠨ ᠪᠠᠶᠢᠴᠠᠭᠠᠬᠤ ᠰᠣᠷᠢᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠰᠦᠨ ᠷᠦᠩ ᠪᠦᠭᠡᠮ ᠬᠦᠴᠢᠯ  ᠤᠨ ᠰᠢᠯᠭᠠᠨ ᠪᠠᠶᠢᠴᠠᠭᠠᠬᠤ ᠰᠣᠷᠢᠯᠲᠠ ᠶᠢᠨ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠵᠡᠢ᠃     2 ᠳ᠋ᠤᠭᠠᠷ ᠰᠠᠷ᠎ᠠ ᠶᠢᠨ 22 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠩᠬᠠᠳᠤᠭᠠᠷ ᠤᠳᠠᠭᠠᠨ ᠤ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ 2022 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     2 ᠳ᠋ᠤᠭᠠᠷ ᠰᠠᠷ᠎ᠠ ᠶᠢᠨ 25 ᠤ ᠡᠳᠦᠷ᠂ ᠬᠢᠶ᠎ᠠ ᠪᠠᠭᠰᠢ ᠲᠣᠭᠤᠷᠢᠭ ᠤᠨ ︽ᠰᠢᠪᠲᠤᠯᠤᠯᠲᠠ ᠬᠢᠵᠦ᠂ ᠪᠡᠷᠬᠡ ᠶᠢ ᠬᠦᠴᠦᠯᠡᠨ ᠰᠢᠢᠳᠪᠦᠷᠢᠯᠡᠬᠦ︾ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠬᠢᠶ᠎ᠠ ᠪᠠᠭᠰᠢ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ  ᠠᠬᠢᠭᠤᠯᠤᠨ᠎ᠠ ᠃ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠺᠠᠩ ᠫᠢᠩ ᠬᠤᠷᠠᠯ ᠡᠷᠭᠢᠯᠡᠭᠰᠡᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠢ᠃ᠲᠣᠭᠤᠷᠢᠭ ᠤᠨ ᠤᠳᠤᠷᠢᠳᠤᠯᠭ᠎ᠠ ᠸᠠᠩ ᠷᠦᠢ ᠰᠢᠶᠠᠩ᠂ ᠯᠢ ᠬᠠᠢ ᠮᠢᠨ᠂ ᠳ᠋ᠦ᠋ ᠵᠢᠶᠠ ᠪᠢᠨ᠂ ᠰᠦᠨ ᠷᠦᠩ᠂ ᠾᠧ ᠹᠧᠢ ᠬᠤᠷᠠᠯ ᠳᠤ ᠣᠷᠣᠯᠴᠠᠪᠠ᠃     2 ᠳ᠋ᠤᠭᠠᠷ ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠡᠩ ᠤᠨ ᠨᠠᠮ ᠤᠨ ᠭᠡᠰᠢᠭᠦᠨ ᠤ ᠬᠤᠪᠢ ᠪᠠᠷ ᠪᠠᠶᠢᠭ᠎ᠠ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ᠲᠣᠭᠤᠷᠢᠭ ᠤᠨ ᠤᠳᠤᠷᠢᠳᠤᠯᠭ᠎ᠠ ᠺᠠᠩ ᠫᠢᠩ᠂ ᠯᠢ ᠬᠠᠢ ᠮᠢᠨ᠂ ᠳ᠋ᠦ᠋ ᠵᠢᠶᠠ ᠪᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂  ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠭᠤᠤ ᠪᠥᠸᠧ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
ᠢᠷᠡᠯᠲᠡ᠄ ᠲᠤᠰ ᠰᠦᠯᠵᠢᠶ᠎ᠡ