ᠦᠦᠰᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/30
     6 ᠰᠠᠷ᠎ᠠ ᠶᠢᠨ 28 ᠤ ᠡᠳᠦᠷ᠂ ᠦᠦᠰᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠬᠤᠷᠠᠯ ᠢ ᠡᠷᠬᠢᠯᠡᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠢᠶᠣᠣ ᡁᠢ ᠺᠤᠸᠠᠨ᠂ ᠸᠠᠩ ᠭᠠᠩ᠂ ᠾᠧ ᠤᠯᠠᠭᠠᠨ᠂ ᠹᠠᠨ ᠺᠦᠨ ᠬᠤᠷᠠᠯ ᠳᠤ ᠣᠷᠣᠯᠴᠠᠪᠠ᠃ ᠬᠤᠰᠢᠭᠤ‌ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠡᠷ᠎ᠡ ᠳᠤᠷᠠᠳᠤᠭᠳᠠᠭᠰᠠᠨ‌ᠬᠤᠰᠢᠭᠤ ᠳᠡᠳ᠋ ᠳᠠᠷᠤᠭ᠎ᠠ ᠮᠠ ᠯᠢ ᠵᠢᠶᠧ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠬᠤᠸ ᠢᠦᠢ ᠯᠢᠨ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢᠦ ᠴᠢᠶᠠᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ‌ᠵᠥ᠋ᠪᠯᠡᠯ ᠤᠨ ᠠᠯᠪᠠᠨ ᠭᠡᠷ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠥᠰ ᠬᠤᠷᠠᠯ ᠳᠤ ᠰᠤᠯᠠ ᠣᠷᠣᠯᠴᠠᠪᠠ᠃   
1.jpg    
                ᠲᠣᠰ ᠤᠳᠠᠭᠠᠨ ᠤ ᠬᠤᠷᠠᠯ ᠳᠤ ᠣᠷᠤᠯᠴᠠᠬᠤ ᠶᠣᠰᠣᠲᠠᠢ ᠪᠠᠶᠢᠩᠭᠤ ᠶᠢᠨ ᠬᠤᠷᠢᠶᠠᠨ ᠤ ᠪᠦᠷᠢᠯᠳᠦᠭᠦᠨ 28 ᠬᠥᠮᠥᠨ ᠪᠠᠶᠢᠵᠤ᠂ ᠪᠣᠳᠠᠲᠠᠢ 24 ᠬᠥᠮᠥᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠣᠭᠠᠨ ᠳᠤ ᠨᠡᠶᠢᠴᠡᠪᠡ᠃            ᠬᠤᠷᠠᠯ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ ︽2020 ᠣᠨ ᠤ ᠦᠦᠰᠢᠨ ᠬᠤᠰᠢᠭᠤᠨ ᠤ ᠲᠤᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠵᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃ ︽ᠦᠦᠰᠢᠨ ᠬᠤᠰᠢᠭᠤᠨ ᠤ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠦᠯᠡᠳᠡᠪᠦᠷᠢ ᠪᠡᠯᠡ ᠮᠥᠩᠭᠦ ᠶᠢ ᠬᠡᠷᠡᠭᠯᠡᠬᠦ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠯᠡᠯᠭᠡ︾᠂ ︽ᠮᠠ ᠯᠢ ᠵᠢᠶᠧ ᠨᠥᠬᠦᠷ ᠢ ᠲᠤᠰᠢᠶᠠᠯ ᠳᠤ ᠲᠣᠮᠢᠯᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠯᠡᠯᠭᠡ︾᠂ ︽ᠵᠠᠩ ᠬᠠᠢ ᠹᠧᠩ ᠵᠡᠷᠭᠡ ᠨᠥᠬᠦᠷ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠨᠢ ᠪᠠᠭᠤᠯᠭᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠯᠡᠯᠭᠡ︾᠂ ︽ᠯᠢ ᠯᠢ ᠵᠡᠷᠭᠡ ᠨᠥᠬᠦᠷ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠵᠥᠪᠯᠡᠯᠭᠡ︾ ᠶᠢ ᠪᠠᠲᠤᠯᠠᠪᠠ᠃ ᠪᠤᠶᠠᠨᠮᠠᠨᠳᠤᠬᠤ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠥᠰ ᠲᠤ ᠲᠣᠮᠢᠯᠠᠯᠲᠠ ᠶᠢᠨ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠺᠠᠳ᠋ᠷ ᠦᠨᠳᠦᠰᠦᠨ ᠬᠠᠤᠯᠢ ᠳᠤ ᠲᠠᠩᠭᠠᠷᠢᠭᠯᠠᠪᠠ᠃            ᠡᠯ᠎ᠡ ᠵᠦᠢᠯ ᠤᠨ ᠵᠥᠪᠯᠡᠬᠦ ᠵᠦᠢᠯ ᠢᠶᠠᠨ ᠪᠡᠶᠡᠯᠡᠭᠦᠯᠦᠭᠰᠡᠨ ᠤ ᠳᠠᠷᠠᠭ᠎ᠠ᠂ ᠪᠤᠶᠠᠨᠮᠠᠨᠳᠤᠬᠤ ᠶᠠᠷᠢᠶ᠎ᠠ ᠲᠠᠯᠪᠢᠵᠤ ᠮᠠᠨ ᠤ ᠬᠤᠰᠢᠭᠤᠨ ᠤ ᠬᠢᠨᠠᠨ ᠪᠤᠳᠤᠬᠤ ᠠᠵᠢᠯ ᠤᠨ ᠲᠤᠬᠠᠢ ᠵᠠᠰᠠᠭ ᠤᠨ ᠣᠷᠳᠣᠨ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠢᠴᠡᠳ ᠨᠤᠲᠠᠯᠠᠵᠠᠢ᠃ ᠲᠡᠷᠡ ᠵᠢᠭᠠᠬᠤ ᠳᠠᠭᠠᠨ᠂ ᠣᠶᠢᠷ᠎ᠠ ᠶᠢᠨ ᠵᠢᠯ ᠤᠳ ᠲᠤ ᠬᠤᠰᠢᠭᠤ ᠬᠢᠨᠠᠨ ᠪᠤᠳᠤᠬᠤ ᠲᠣᠪᠴᠢᠶ᠎ᠠ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠵᠠᠰᠠᠭ ᠤᠨ ᠣᠷᠳᠣᠨ ᠤ ︽ᠵᠣᠭᠤᠰᠤᠨ ᠴᠦᠩᠬᠦ︾ ᠶᠢ ᠰᠠᠶᠢᠲᠤᠷ ᠬᠠᠮᠢᠶᠠᠷᠬᠤ ᠳᠤ ᠴᠢᠬᠤᠯᠠ ᠦᠢᠯᠡᠳᠦᠯ ᠦᠵᠡᠭᠦᠯᠪᠡ᠃ ᠬᠤᠰᠢᠭᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠨᠡᠯᠢᠶᠡᠳ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ ᠪᠠᠨ ᠬᠢᠨᠠᠯᠲᠠ ᠲᠠᠯᠪᠢᠬᠤ ᠪᠠ ᠮᠥᠷᠳᠡᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠡᠷᠡᠭᠯᠡᠵᠦ ᠲᠥᠰᠥᠪ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ ᠬᠢᠨᠠᠨ ᠪᠤᠳᠤᠵᠤ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠶᠢ ᠲᠥᠰᠥᠪ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠴᠢᠬᠤᠯᠠ‌ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ᠃ ᠬᠢᠨᠠᠨ ᠪᠤᠳᠤᠵᠤ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠵᠠᠰᠠᠭ ‍ᠤᠨ‌ᠣᠷᠳᠣᠨ ᠤ ᠲᠥᠰᠥᠪ ᠤᠨ ᠬᠠᠮᠢᠶᠠᠷᠤᠯᠲᠠ ᠶᠢᠨ ᠠᠵᠢᠯ ᠲᠠᠢ ᠤᠶᠠᠯᠳᠤᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠭᠡᠯ ᠢ ᠴᠠᠭ ᠲᠤᠬᠠᠢ ᠳᠤᠨᠢ ᠲᠥᠰᠥᠪ ᠢ ᠨᠠᠶᠢᠷᠠᠭᠤᠯᠤᠨ ᠲᠣᠭᠲᠠᠭᠠᠬᠤ ᠠᠵᠢᠯ ᠳᠤ ᠬᠡᠷᠡᠭᠯᠡᠵᠦ ᠬᠠᠮᠢᠶ᠎ᠠ ᠪᠦᠬᠦᠢ ᠳᠦᠷᠢᠮ ᠢ ᠪᠠᠶᠢᠭᠤᠯᠤᠨ ᠪᠦᠷᠢᠨᠰᠢᠭᠦᠯᠵᠦ ᠡᠳ᠋ ᠤᠨ ᠵᠠᠰᠠᠭ ‍ᠤᠨ‌‍ᠲ᠋ᠥ᠋ᠰᠥᠪ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃             ᠪᠤᠶᠠᠨᠮᠠᠨᠳᠤᠬᠤ ᠪᠠᠰᠠ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠠᠶᠢᠨ᠎ᠠ᠃ ᠲᠡᠷᠡ ᠴᠢᠬᠤᠯᠠᠴᠢᠯᠠᠬᠤ ᠳᠠᠭᠠᠨ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠨᠥᠬᠦᠳ ᠰᠢᠨ᠎ᠡ ᠮᠡᠳᠡᠯᠭᠡ ᠶᠢ ᠰᠤᠷᠤᠯᠴᠠᠬᠤ᠂ ᠰᠢᠨ᠎ᠡ ᠴᠢᠳᠠᠪᠤᠷᠢ ᠶᠢ ᠡᠵᠡᠮᠰᠢᠬᠦ ᠤᠬᠠᠮᠰᠠᠷᠲᠤ ᠴᠢᠨᠠᠷ ᠪᠣᠯᠣᠨ ᠪᠠᠴᠢᠮ ᠲᠤᠯᠭᠠᠮ ᠰᠡᠳᠬᠢᠯᠭᠡ ᠪᠠᠨ ᠦᠨᠡᠨᠬᠦ ᠴᠢᠩᠭᠠᠳᠬᠠᠵᠤ ᠰᠤᠷᠤᠯᠴᠠᠬᠤ ᠶᠢ ᠤᠯᠤᠰ ᠲᠦᠷᠦ ᠶᠢᠨ ᠬᠠᠷᠢᠭᠤᠴᠠᠯᠭ᠎ᠠ᠂ᠤᠬᠠᠮᠰᠠᠷᠲᠤ ᠬᠥᠭᠡᠭᠡᠴᠡᠯᠳᠦᠯ ᠪᠣᠯᠭᠠᠵᠤ ᠰᠤᠷᠤᠯᠴᠠᠯᠭ᠎ᠠ ᠶᠢᠨ ᠳᠤᠮᠳᠠ ᠲᠠᠨᠢᠯᠲᠠ ᠪᠠᠨ ᠨᠡᠮᠡᠭᠳᠡᠭᠦᠯᠵᠦ ᠦᠢᠯᠡᠳᠦᠯᠭᠡ ᠶᠢᠨ ᠳᠤᠮᠳᠠ ᠡᠷᠳᠡᠮ ᠴᠢᠳᠠᠪᠤᠷᠢ ᠪᠠᠨ‌‍ᠲ᠋ᠠᠪᠲᠠᠨ ᠪᠣᠯᠪᠠᠰᠤᠷᠠᠭᠤᠯᠬᠤ ᠬᠡᠷᠡᠭᠲᠡᠢ᠃ ᠡᠷᠬᠡ ᠪᠣᠯ ᠬᠠᠷᠢᠭᠤᠴᠠᠯᠭ᠎ᠠ᠂ ᠠᠵᠢᠯ ᠤᠨ ᠪᠠᠶᠢᠷᠢ ᠪᠣᠯ ᠡᠭᠦᠷᠭᠡ ᠮᠥᠨ ᠭᠡᠳᠡᠭ ᠢ ᠪᠠᠲᠤ ᠴᠡᠭᠡᠵᠢᠯᠡᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠵᠢᠨ‌‍ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠡᠴᠡᠭᠯᠡᠨ ᠵᠢᠮᠢᠰᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠲᠣᠯᠣᠭᠠᠶᠢᠯᠠᠨ ᠬᠠᠤᠯᠢ ᠵᠢ‌‍ᠰᠤᠷᠴᠤ ᠬᠠᠤᠯᠢ ᠶᠢ ᠬᠡᠷᠡᠭᠯᠡᠵᠦ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ‌ᠠᠷᠭ᠎ᠠ ᠮᠠᠶ᠋ᠢᠭ ᠢ ᠬᠡᠷᠡᠭᠯᠡᠨ ᠠᠰᠠᠭᠤᠳᠠᠯ ᠢ ᠰᠢᠢᠳᠪᠦᠷᠢᠯᠡᠵᠦ ᠵᠥᠷᠢᠴᠡᠯ ᠢ ᠨᠠᠮᠳᠠᠭᠤᠯᠤᠨ ᠠᠵᠢᠯ ᠢᠶᠠᠨ ᠠᠬᠢᠭᠤᠯᠬᠤ ᠬᠡᠷᠡᠭᠲᠡᠢ᠃ ᠴᠠᠭ ᠢᠮᠠᠭᠲᠠ ᠰᠠᠬᠢᠯᠭ᠎ᠠ ᠪᠠᠲᠤ ᠶᠣᠰᠣ ᠳᠦᠷᠢᠮ ᠢ ᠲᠡᠷᠢᠭᠦᠨ ᠳᠤ ᠲᠠᠯᠪᠢᠵᠤ᠂ ᠠᠰᠪᠤᠷ ᠴᠠᠭᠠᠪᠤᠷ ᠲᠥᠪ ᠴᠢᠬᠡᠴᠢ ᠬᠥᠮᠥᠨ ᠪᠣᠯᠵᠤ ᠨᠠᠷᠢᠨ ᠬᠢᠨᠠᠮᠠᠭᠠᠢ ᠲᠥᠪ ᠭᠤᠣᠯᠴᠢ ᠪᠠᠷ ᠤᠴᠢᠷ ᠶᠠᠪᠤᠳᠠᠯ ᠢ‌‍ᠰᠢᠢᠳᠪᠦᠷᠢᠯᠡᠵᠦ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷᠴᠤᠳ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠭᠡᠵᠡᠢ᠃                                           ᠰᠤᠷᠪᠤᠯᠵᠢᠯᠠᠬᠴᠢ᠄ ᠯᠤᠨᠳᠤᠨᠬᠤᠸᠠᠷ   ᠸᠠᠩ ᠨᠠ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ