6G ᠬᠦᠷᠴᠦ ᠢᠷᠠᠯ᠎ᠠ
ᠨᠡᠶᠢᠲᠡᠯᠡᠭᠰᠡᠨ ᠴᠠᠭ᠄
2022/6/30
        6 ᠳ᠋ᠣᠭᠠᠷ ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠺᠣᠮᠫᠠᠨᠢ ︽6G ᠰᠦᠯᠵᠢᠶᠡᠨ ᠤ ᠪᠦᠲᠦᠴᠡ ᠶᠢᠨ ᠮᠡᠷᠭᠡᠵᠢᠯ ᠤᠨ ᠴᠠᠭᠠᠨ ᠭᠠᠲᠠᠷᠲᠤ ᠪᠢᠴᠢᠭ︾ ᠢ ᠨᠡᠶᠢᠲᠡᠯᠡᠪᠡ᠃ ᠡᠨᠡ ᠨᠢ ᠮᠥᠨ ᠴᠦ ᠠᠵᠢᠯ ᠲᠥᠷᠥᠯ ᠤᠨ ᠬᠢᠨ ᠤ 6G ᠰᠦᠯᠵᠢᠶᠡᠨ ᠤ ᠪᠦᠲᠦᠴᠡ ᠶᠢᠨ ᠵᠢᠷᠤᠭ ᠲᠥᠯᠥᠪᠯᠡᠭᠡ ᠶᠢ ᠠᠩᠬ᠎ᠠ ᠤᠳᠠᠭ᠎ᠠ ᠰᠢᠰᠲ᠋ᠧᠮᠵᠢᠭᠦᠯᠦᠨ ᠨᠡᠶᠢᠲᠡᠯᠡᠵᠦ ᠪᠠᠶᠢᠭ᠎ᠠ ᠶᠠᠪᠤᠳᠠᠯ ᠪᠣᠯᠤᠨ᠎ᠠ᠃            ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ ᠳᠡᠳ᠋ ᠶᠡᠷᠦᠩᠬᠡᠶ ᠵᠠᠬᠢᠷᠤᠯ ᠭᠤᠣ ᠲᠦᠩ ᠴᠢᠩ ᠬᠡᠯᠡᠬᠦ ᠳᠡᠭᠡᠨ᠄ 6G ᠮᠡᠷᠭᠡᠵᠢᠯ ᠨᠢ ᠣᠭᠲᠠᠷᠭᠤᠢ ᠪᠠ ᠭᠠᠵᠠᠷ ᠢ ᠨᠢᠭᠡ ᠴᠤᠭᠴᠠᠵᠢᠭᠤᠯᠤᠭᠰᠠᠨ᠂ ᠣᠶᠣᠨᠯᠢᠭ᠂ ᠠᠮᠤᠷ ᠲᠦᠪᠰᠢᠨ᠂ ᠡᠬᠢ ᠪᠠᠶᠠᠯᠢᠭ ᠲᠤ ᠭᠠᠮᠲᠠᠢ ᠰᠦᠯᠵᠢᠶ᠎ᠡ ᠶᠢ ᠪᠠᠶᠢᠭᠤᠯᠵᠤ᠂ ᠳᠡᠳ᠋ ᠮᠢᠯᠢᠰᠧᠺᠦ᠋ᠨᠳ᠋ ᠲᠠᠰ ᠤᠨ ᠳᠠᠮᠵᠢᠭᠤᠯᠬᠤ ᠴᠠᠭ ᠢ ᠤᠷᠲᠤᠳᠬᠠᠬᠤ ᠲᠦᠢᠯ ᠤᠨ ᠰᠠᠶᠢᠨ ᠴᠢᠳᠠᠮᠵᠢ ᠲᠠᠢ ᠪᠥᠭᠡᠳ ᠬᠤᠯᠪᠣᠬᠤ᠂ ᠪᠤᠳᠤᠬᠤ᠂ AI ︵ᠵᠣᠬᠢᠶᠠᠮᠠᠯ ᠣᠶᠤᠨ ᠴᠢᠳᠠᠪᠤᠷᠢ︶ ᠵᠡᠷᠭᠡ ᠶᠡᠷᠦᠩᠬᠡᠶᠢᠯᠡᠭᠰᠡᠨ ᠴᠢᠳᠠᠪᠤᠷᠢ ᠶᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡ ᠶᠢ ᠪᠣᠶ ᠪᠣᠯᠭᠠᠨ᠎ᠠ ᠭᠡᠵᠡᠢ᠃        ᠲᠤᠰᠬᠠᠶ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠳᠠᠭᠠᠭᠤᠯᠢ ᠣᠳᠣᠨ ᠤ ᠢᠨᠲ᠋ᠧᠷ ᠰᠦᠯᠵᠢᠶᠡᠨ ᠤ ᠴᠢᠮᠡᠭᠡ ᠬᠤᠯᠪᠣᠭ᠎ᠠ ᠵᠡᠷᠭᠡ ᠮᠡᠷᠭᠡᠵᠢᠯ ᠳᠤ ᠲᠦᠰᠢᠭᠯᠡᠨ᠂ ᠤᠳᠤ ᠪᠤᠶᠢᠳᠠ ᠪᠥᠭᠯᠡᠭᠦᠦ ᠭᠠᠵᠠᠷ ᠣᠷᠣᠨ᠂ ᠲᠡᠯᠡᠶ ᠲᠠᠩᠭᠢᠰ ᠵᠡᠷᠭᠡ ᠭᠠᠵᠠᠷ ᠣᠷᠣᠨ ᠳᠤ 5G ᠰᠦᠯᠵᠢᠶᠡᠨ ᠤ ᠳᠣᠬᠢᠶ᠎ᠠ ᠬᠦᠷᠬᠦ ᠥᠬᠡᠶ ᠪᠠᠶᠢᠬᠤ ᠠᠰᠠᠭᠤᠳᠠᠯ ᠢ 6G ᠰᠦᠯᠵᠢᠶ᠎ᠡ ᠨᠥᠬᠦᠪᠥᠷᠢᠯᠡᠬᠦ ᠪᠣᠯᠤᠮᠵᠢ ᠲᠠᠢ ᠪᠠᠶᠢᠨ᠎ᠠ ᠭᠡᠵᠡᠢ᠃            ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠦ᠋ ᠾᠧ ᠴᠢᠤᠸᠠᠨ ᠬᠡᠯᠡᠬᠦ ᠳᠡᠭᠡᠨ᠄ ᠡᠬᠢᠨ ᠤ ᠬᠤᠭᠤᠴᠠᠭᠠᠨ ᠳᠤ ᠭᠤᠣᠯᠳᠠᠭᠤ ᠵᠠᠷᠢᠮ ᠬᠡᠷᠡᠭᠴᠡᠭᠡ ᠶᠢᠨ ᠲᠤᠬᠠᠢ ᠰᠤᠳᠤᠯᠭ᠎ᠠ ᠪᠠ ᠮᠡᠷᠭᠡᠵᠢᠯ ᠤᠨ ᠬᠦᠭᠵᠢᠯ ᠤᠨ ᠴᠢᠭᠯᠡᠯ ᠤᠨ ᠲᠤᠬᠠᠢ ᠬᠠᠶᠢᠨ ᠰᠢᠨᠵᠢᠯᠡᠯᠲᠡ ᠬᠢᠬᠦ ᠴᠢᠬᠤᠯᠠᠲᠠᠢ ᠪᠠᠶᠢᠨ᠎ᠠ᠃ 2023 ᠣᠨ᠂ 2024 ᠣᠨ ᠪᠣᠯᠵᠣ ᠪᠠᠶᠢᠭᠠᠳ ᠪᠠᠷᠢᠮᠵᠢᠶ᠎ᠠ ᠶᠢ ᠵᠢᠩᠬᠢᠨᠢ ᠪᠠᠷ ᠲᠣᠭᠲᠠᠭᠠᠬᠤ ᠪᠣᠯᠣᠨ᠎ᠠ᠃ ᠬᠡᠳᠦ᠋ᠢᠪᠡᠷ 2030 ᠣᠨ ᠪᠣᠯᠬᠤ ᠳᠤ 8 ᠵᠢᠯ ᠤᠨ ᠴᠠᠭ ᠪᠠᠶᠢᠬᠤ ᠪᠣᠯᠪᠠᠴᠤ ᠦᠨᠡᠨ ᠳᠡᠭᠡᠨ ᠪᠦᠬᠦ᠋ᠢᠯᠡ ᠲᠣᠬᠢᠷᠠᠭᠤᠯᠤᠯᠲᠠ ᠳᠤ ᠠᠪᠴᠤ ᠬᠡᠯᠡᠪᠡᠯ ᠪᠠᠰᠠ ᠨᠡᠯᠢᠶᠡᠳ ᠪᠠᠴᠢᠮ ᠶᠤᠮ ᠭᠡᠵᠡᠢ᠃ 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ