ᠳ᠋ᠦᠩᠱᠧᠩ ᠲᠣᠭᠤᠷᠢᠭ ︽ᠺᠣᠳ᠋ ᠳᠡᠭᠡᠷᠡᠬᠢ ᠣᠶᠤᠨᠴᠢ ᠠᠮᠢᠳᠤᠷᠠᠯ︾ ᠲᠠᠪᠴᠠᠩ ᠤᠨ ᠲᠦᠷᠦᠯ ᠵᠦᠢᠯ ᠤᠨ ᠲᠤᠰᠬᠠᠢ ᠰᠡᠳᠦᠪᠲᠦ ᠲᠣᠬᠢᠷᠠᠭᠤᠯᠭ᠎ᠠ  ᠶᠢᠨ ᠠᠬᠢᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/1
     6 ᠰᠠᠷ᠎ᠠ ᠶᠢᠨ 26  ᠤ ᠡᠳᠦᠷ᠂ ᠳ᠋ᠦᠩᠱᠧᠩ ᠲᠣᠭᠤᠷᠢᠭ ︽ᠺᠣᠳ᠋ ᠳᠡᠭᠡᠷᠡᠬᠢ ᠣᠶᠤᠨᠴᠢ ᠠᠮᠢᠳᠤᠷᠠᠯ︾ ᠲᠠᠪᠴᠠᠩ ᠤᠨ ᠲᠦᠷᠦᠯ ᠵᠦᠢᠯ ᠤᠨ ᠲᠤᠰᠬᠠᠢ ᠰᠡᠳᠦᠪᠲᠦ ᠲᠣᠬᠢᠷᠠᠭᠤᠯᠭ᠎ᠠ ᠶᠢᠨ ᠠᠬᠢᠭᠤᠯᠤᠯᠳᠠ ᠶᠢᠨ ᠬᠤᠷᠠᠯ ᠢ ᠬᠤᠷᠠᠯᠳᠤᠭᠤᠯᠵᠤ᠂ ︽ᠺᠣᠳ᠋ ᠳᠡᠭᠡᠷᠡᠬᠢ ᠣᠶᠤᠨᠴᠢ ᠠᠮᠢᠳᠤᠷᠠᠯ︾ ᠲᠠᠪᠴᠠᠩ ᠤᠨ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠲᠠᠬᠢᠨ ᠠᠬᠢᠭᠤᠯᠵᠤ᠂ ᠲᠠᠬᠢᠨ ᠨᠠᠶᠢᠳᠠᠪᠤᠷᠢᠵᠢᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠣᠷᠳᠣᠰ ᠬᠤᠲᠠ ᠶᠢᠨ ᠲᠣᠭᠠᠴᠢᠯᠠᠭᠰᠠᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠬᠤᠷᠠᠯ ᠳᠤ ᠣᠷᠣᠯᠴᠠᠵᠤ᠂ ᠲᠣᠭᠤᠷᠢᠭ ᠤᠨ︽ᠺᠣᠳ᠋ ᠳᠡᠭᠡᠷᠡᠬᠢ ᠣᠶᠤᠨᠴᠢ ᠠᠮᠢᠳᠤᠷᠠᠯ︾ ᠲᠠᠪᠴᠠᠩ ᠤᠨ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃           ᠬᠤᠷᠠᠯ ᠠᠴᠠ ᠳ᠋ᠦᠩᠱᠧᠩ ᠲᠣᠭᠤᠷᠢᠭ ᠤᠨ ︽ᠺᠣᠳ᠋ ᠳᠡᠭᠡᠷᠡᠬᠢ ᠣᠶᠤᠨᠴᠢ ᠠᠮᠢᠳᠤᠷᠠᠯ︾ ᠲᠠᠪᠴᠠᠩ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠳ᠋ᠦᠩᠱᠧᠩ ᠲᠣᠭᠤᠷᠢᠭ ᠲᠤ ᠨᠠᠷᠢᠯᠢᠭᠵᠢᠭᠤᠯᠤᠨ ᠣᠷᠣᠨᠵᠢᠭᠤᠯᠬᠤ ᠶᠢ ᠡᠷᠡᠰ ᠬᠦᠴᠦᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃          ᠬᠠᠨ ᠲᠤᠤ ᠶᠠᠷᠢᠶᠠᠨ ᠳᠠᠭᠠᠨ ᠪᠦᠬᠦ ᠲᠣᠭᠤᠷᠢᠭ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ︽ᠺᠣᠳ᠋ ᠳᠡᠭᠡᠷᠡᠬᠢ ᠣᠶᠤᠨᠴᠢ ᠠᠮᠢᠳᠤᠷᠠᠯ︾ ᠲᠠᠪᠴᠠᠩ ᠢ ᠭᠦᠨᠵᠡᠭᠡᠢ ᠲᠠᠨᠢᠵᠤ ᠳᠡᠯᠭᠡᠷᠡᠭᠦᠯᠦᠨ ᠬᠡᠷᠡᠭᠯᠡᠬᠦ ᠪᠣᠯ ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠰᠠᠭᠤᠷᠢᠯᠠᠨ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ︽ᠨᠢᠭᠡ ᠬᠥᠯᠭᠡ ᠰᠢᠲᠠᠷ᠎ᠠ︾  ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠨᠠᠩ ᠥᠨᠳᠥᠷ ᠵᠣᠭᠰᠣᠴᠠ᠂ ᠨᠠᠩ ᠪᠣᠳᠠᠲᠠᠢ ᠠᠷᠭ᠎ᠠ ᠬᠡᠮᠵᠢᠶ᠎ᠡ᠂ ᠨᠠᠩ ᠶᠡᠭᠡ ᠡᠷᠴᠢᠮ ᠢᠶᠠᠷ ︽ᠺᠣᠳ᠋ ᠳᠡᠭᠡᠷᠡᠬᠢ ᠣᠶᠤᠨᠴᠢ ᠠᠮᠢᠳᠤᠷᠠᠯ︾ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠳᠠᠬᠢᠨᠲᠠ ᠬᠠᠷᠭᠤᠭᠤᠯᠵᠤ᠂ ᠨᠡᠶᠢᠲᠡᠯᠢᠭ ᠲᠤᠷᠰᠢᠯᠭ᠎ᠠ ᠠᠷᠭ᠎ᠠ ᠶᠢ ᠭᠦᠨᠵᠡᠭᠡᠢ ᠰᠤᠷᠤᠯᠴᠠᠵᠤ᠂ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠬᠤᠳᠠ ᠶᠢᠨ ᠬᠡᠪᠴᠢᠶᠡᠨ ᠤ ᠵᠠᠰᠠᠯᠲᠠ᠂ ᠬᠤᠳᠠ ᠶᠢᠨ ᠬᠠᠮᠢᠶᠠᠷᠤᠯᠲᠠ ᠵᠢᠴᠢ ᠪᠦᠬᠦ ᠤᠯᠤᠰ ᠤᠨ ᠪᠣᠯᠪᠠᠰᠤᠨ ᠤ ᠨᠡᠶᠢᠲᠡᠯᠢᠭ ᠵᠢᠱᠢᠶ᠎ᠡ ᠪᠦᠬᠦᠢ ᠬᠤᠳᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠵᠤ᠂ ᠦᠢᠯᠡᠴᠢᠯᠡᠭᠡ ᠪᠣᠯᠣᠨ ᠵᠠᠰᠠᠯᠲᠠ ᠶᠢᠨ ︽ᠵᠡᠷᠭᠡᠪᠡᠷ ᠤᠷᠤᠭᠰᠢᠯᠠᠬᠤ︾ ᠶᠢ ᠪᠡᠶᠡᠯᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠢᠯ ᠤᠨ ᠠᠬᠢᠴᠠ ᠶᠢ ᠲᠦᠷᠭᠡᠳᠬᠡᠨ᠂ ︽ᠺᠣᠳ᠋ ᠳᠡᠭᠡᠷᠡᠬᠢ ᠣᠶᠤᠨᠴᠢ ᠠᠮᠢᠳᠤᠷᠠᠯ︾ ᠤᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠢ ᠴᠢᠩᠭ᠎ᠠ᠂ ᠪᠣᠳᠠᠲᠠᠢ᠂ ᠰᠠᠶᠢᠲᠤᠷ ᠠᠳᠬᠤᠵᠤ᠂ ᠵᠠᠰᠠᠭ ᠢ ᠬᠠᠷᠠᠭᠠᠯᠵᠠᠨ ᠠᠷᠠᠳ ᠲᠤ ᠠᠰᠢᠭ ᠬᠦᠷᠲᠡᠭᠡᠬᠦ᠂ ᠠᠵᠤ ᠠᠬᠤᠶᠢᠯᠠᠯ ᠢ ᠳᠡᠮᠵᠢᠨ ᠠᠵᠢᠯ ᠦᠢᠯᠡᠰ ᠢ ᠬᠥᠭᠵᠢᠭᠦᠯᠬᠦ ᠳᠤᠮᠳᠠᠬᠢ ᠲᠤᠭ᠎ᠠ ᠪᠠᠷᠢᠮᠲᠠ ᠶᠢᠨ ᠬᠥᠳᠡᠯᠭᠡᠭᠦ ᠦᠢᠯᠡᠳᠦᠯ ᠢ ᠦᠨᠡᠨᠬᠦ ᠪᠠᠳᠠᠷᠠᠭᠤᠯᠵᠤ᠂ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠲᠤᠭ᠎ᠠ ᠪᠠᠷᠢᠮᠲᠠ ᠶᠢᠨ ᠢᠳᠡᠪᠬᠢ ᠬᠦᠴᠦᠨ ᠣᠯᠭᠤᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ 
ᠢᠷᠡᠯᠲᠡ᠄ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ