| | | | | 7 ᠰᠠᠷ᠎ᠠ ᠶᠢᠨ 8 ᠤ ᠡᠳᠦᠷ᠂ ᠬᠢᠶ᠎ᠠ ᠪᠠᠭᠰᠢ ᠲᠣᠭᠤᠷᠢᠭ ᠤᠨ ᠸᠠᠺᠼᠢᠨ ᠤ ᠲᠠᠷᠢᠯᠭ᠎ᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠣᠷᠣᠯᠠᠭᠴᠢ ᠡᠷᠬᠢᠯᠡᠭᠴᠢ ᠠᠶᠤᠰᠢ ᠬᠤᠷᠠᠯ ᠳᠤ ᠣᠷᠣᠯᠴᠠᠵᠠᠢ᠃ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | ᠬᠤᠷᠠᠯ ᠠᠴᠠ ᠬᠢᠶ᠎ᠠ ᠪᠠᠭᠰᠢ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠠᠴᠠ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ | ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠵᠡᠢ᠃ | ᠸᠠᠩ ᠰᠢᠤᠸᠠᠢ ᠹᠧᠩ᠂ ᠤᠷᠴᠢᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠢ ᠪᠥᠭᠡᠳ ᠬᠦᠨᠳᠦ | ᠬᠡᠴᠡᠭᠦᠦ ᠪᠠᠶᠢᠨ᠎ᠠ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠬᠦ | ᠱᠤᠭᠤᠮ ᠢ ᠡᠷᠡᠰ ᠪᠠᠲᠤ ᠰᠠᠬᠢᠵᠤ᠂ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠬᠦ ᠬᠡᠷᠡᠭᠲᠡᠢ᠃ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ | ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠷᠢᠨ ᠬᠢᠨᠠᠮᠠᠭᠠᠢ ᠰᠤᠳᠤᠯᠤᠨ᠂ ᠪᠣᠯᠪᠠᠰᠤᠷᠠᠩᠭᠤᠢ ᠬᠡᠷᠡᠭᠯᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠴᠠᠲᠠᠢ ᠴᠢᠨᠠᠷ᠂ ᠬᠠᠨᠳᠤᠯᠭᠠᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠭᠤᠷᠪᠠᠳᠠᠭᠢ ᠡᠲᠡᠭᠡᠳ ᠤᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ ᠣᠨᠣᠪᠴᠢᠲᠠᠶ ᠪᠥᠭᠡᠳ ᠨᠠᠶᠢᠳᠠᠪᠤᠷᠢᠲᠠᠢ ᠪᠠᠶᠢᠬᠤ ᠶᠢ ᠦᠨᠡᠨᠬᠦ | ᠪᠠᠲᠤᠯᠠᠵᠤ᠂ ᠥᠯᠢᠭᠡᠷ ᠠᠪᠴᠤ ᠰᠢᠯᠭᠠᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ 80 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠠᠵᠢᠯ ᠢ ᠲᠦᠷᠭᠡᠪᠴᠢᠯᠡᠨ ᠠᠬᠢᠭᠤᠯᠵᠤ᠂ ᠨᠡᠶᠢᠭᠡᠮ ᠤᠨ ᠡᠭᠡᠯᠢᠯᠡᠭᠡ ᠶᠢᠨ ᠬᠠᠯᠬᠠᠪᠴᠢ ᠶᠢ ᠦᠨᠡᠨᠬᠦ | ᠪᠠᠬᠢᠵᠢᠭᠦᠯᠬᠦ ᠬᠡᠷᠡᠭᠲᠡᠢ᠃ ᠡᠭᠦᠨ ᠤ ᠵᠡᠷᠭᠡᠪᠡᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠵᠢᠶᠡᠳᠡ ᠬᠤᠪᠢᠷᠠᠭᠤᠯᠬᠤ ᠦᠭᠡᠢ ᠪᠠᠶᠢᠵᠤ | ᠪᠣᠯᠬᠤ ᠦᠭᠡᠢ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠲᠠᠭᠠᠨ ᠬᠤᠪᠢᠷᠠᠭᠤᠯᠵᠤ᠂ ︽ᠨᠢᠭᠡ ᠯᠡ ᠠᠳᠠᠯᠢ ᠪᠠᠷ ᠱᠠᠭᠠᠷᠳᠠᠬᠤ︾᠂ ᠱᠠᠲᠤ ᠱᠠᠲᠤ ᠪᠠᠷ | ᠱᠠᠭᠠᠷᠳᠠᠯᠭ᠎ᠠ ᠨᠡᠮᠡᠬᠦ ᠵᠡᠷᠭᠡ ᠠᠰᠠᠭᠤᠳᠠᠯ ᠠᠴᠠ ᠡᠷᠡᠰ ᠵᠠᠶᠢᠯᠠᠰᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ | ᠣᠨᠣᠪᠴᠢᠲᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ | ᠮᠠᠬᠠᠪᠤᠳ ᠤᠨ ᠡᠷᠡᠭᠦᠯ ᠴᠢᠭᠢᠷᠠᠭ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃ | | | |