ᠣᠷᠳᠣᠰ ᠠᠴᠠ ᠬᠥᠬᠡᠬᠤᠲᠠ ᠳᠤ ᠬᠦᠷᠬᠦ ᠰᠢᠨ᠎ᠡ ᠵᠠᠮ ᠳᠡᠪᠢᠰᠦᠨ᠎ᠡ
ᠨᠡᠶᠢᠲᠡᠯᠡᠭᠰᠡᠨ ᠴᠠᠭ᠄
2022/7/13
        ᠣᠶᠢᠷ᠎ᠠ ᠳᠤ᠂ ᠣᠷᠳᠣᠰ ᠬᠤᠲᠠ ᠶᠢᠨ ᠵᠠᠮ ᠨᠡᠪᠲᠡᠷᠡᠯᠭᠡ ᠠᠴᠢᠶ᠎ᠠ ᠵᠥᠭᠡᠭᠡᠪᠦᠷᠢ ᠶᠢᠨ ᠲᠣᠪᠴᠢᠶ᠎ᠠ S27 ᠬᠥᠬᠡᠬᠤᠲᠠ ᠠᠴᠠ ᠣᠷᠳᠣᠰ ᠬᠥᠷᠬᠦ ᠬᠤᠷᠳᠤᠨ ᠤ ᠵᠠᠮ ᠤᠨ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠷᠢᠯᠴᠠᠬᠤ ᠬᠤᠷᠠᠯ ᠬᠢᠵᠠᠢ᠂ ᠡᠨᠡ ᠨᠢ ᠲᠣᠰ ᠲᠥᠷᠥᠯ ᠵᠦᠢᠯ ᠪᠠᠯᠠ ᠣᠷᠣᠭᠤᠯᠵᠤ ᠬᠤᠳᠠᠯᠳᠤᠭᠠᠴᠢᠨ ᠤᠷᠢᠬᠤ ᠱᠠᠲᠤᠨ ᠳᠤ ᠠᠯᠪᠠᠨ ᠶᠣᠰᠣ ᠪᠠᠷ ᠤᠷᠤᠭᠰᠠᠨ ᠢ ᠬᠠᠷᠠᠭᠤᠯᠵᠤ ᠪᠠᠶᠢᠨ᠎ᠠ ᠃            ᠲᠣᠰ ᠲᠥᠷᠥᠯ ᠵᠦᠢᠯ ᠨᠢ ᠣᠷᠳᠣᠰ ᠪᠣᠯᠤᠨ ᠬᠥᠬᠡᠬᠤᠲᠠ ᠬᠤᠶᠠᠷ ᠬᠤᠲᠠ ᠶᠢᠨ ᠬᠤᠭᠤᠷᠣᠨᠳᠣ ᠶᠠᠪᠤᠵᠤ ᠰᠠᠭᠤᠬᠤ ᠳᠤ ᠬᠠᠮᠤᠭ ᠤᠨ ᠳᠥᠭᠦᠮ ᠳᠥᠲᠡ᠂ ᠰᠢᠭᠤᠳ ᠰᠢᠯᠦᠭᠤᠨ ᠬᠤᠷᠳᠤᠨ ᠤ ᠵᠠᠮ ᠢ ᠪᠠᠶᠢᠭᠤᠯᠵᠤ᠂ ᠬᠤᠶᠠᠷ ᠬᠤᠲᠠ ᠶᠢᠨ ᠬᠤᠭᠤᠷᠣᠨᠳᠣᠬᠢ ᠬᠠᠷᠢᠯᠴᠠᠭ᠎ᠠ ᠶᠢ ᠴᠢᠩᠭᠠᠳᠬᠠᠬᠤ ᠳᠤ ᠠᠰᠢᠭᠲᠠᠶ ᠶᠤᠮ᠃           ᠲᠥᠷᠥᠯ ᠵᠦᠢᠯ ᠨᠢ ᠬᠥᠬᠡᠬᠤᠲᠠ ᠪᠤᠭᠤᠲᠤ ᠤᠷᠳᠤᠰ ᠲᠡᠮᠡᠭᠡᠲᠦ ᠶᠢᠨ ᠬᠤᠲᠠ ᠶᠢᠨ ᠰᠦᠷᠦᠭᠵᠢᠯ ᠪᠦᠷᠢᠯᠳᠤᠬᠦ ᠪᠣᠯᠤᠨ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠠᠬᠢᠴᠠ ᠶᠢ ᠲᠦᠷᠭᠡᠳᠬᠡᠵᠤ ᠣᠷᠳᠣᠰ ᠬᠤᠲᠠ ᠶᠢᠨ ᠵᠠᠰᠠᠮᠠᠯ ᠵᠠᠮ ᠤᠨ ᠲᠣᠣᠷ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠠᠳᠠᠭᠰᠢ ᠭᠠᠷᠭᠠᠬᠤ ᠠᠴᠢᠶ᠎ᠠ ᠵᠦᠭᠡᠭᠡᠪᠦᠷᠢ ᠶᠢᠨ ᠭᠤᠣᠯ ᠵᠠᠮ ᠱᠤᠭᠤᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ᠂ ᠣᠷᠳᠣᠰ ᠬᠤᠲᠠ ᠳᠠᠬᠢ ᠳᠡᠭᠡᠳᠦ ᠲᠠᠰ ᠤᠨ ᠵᠠᠰᠠᠮᠠᠯ ᠵᠠᠮ ᠤᠨ ᠲᠣᠣᠷ ᠰᠦᠯᠵᠢᠶ᠎ᠡ ᠶᠢᠨ ᠬᠠᠮᠤᠷᠬᠤ ᠬᠡᠪᠴᠢᠶ᠎ᠡ ᠶᠢ ᠴᠢᠨᠠᠭᠰᠢᠳᠠ ᠦᠷᠭᠡᠳᠭᠡᠵᠦ᠂ ᠬᠤᠷᠳᠤᠨ ᠤ ᠵᠠᠮ ᠤᠨ ᠪᠦᠬᠦᠯᠢ ᠴᠣᠭᠴᠠ ᠶᠢᠨ ᠳᠠᠭᠠᠭᠠᠬᠤ ᠴᠢᠳᠠᠪᠤᠷᠢ᠂ ᠦᠢᠯᠡᠴᠢᠯᠡᠭᠡᠨ ᠤ ᠬᠢᠷᠢ ᠬᠡᠮᠵᠢᠶ᠎ᠡ ᠵᠡᠷᠭᠡ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃   
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ