ᠲᠦᠷᠦᠬᠦᠭᠡᠨ᠂ ᠤᠯᠤᠰ ᠤᠨ ᠡᠮᠴᠢᠯᠡᠬᠡᠨ ᠤ ᠪᠠᠲᠣᠯᠠᠭ᠎ᠠ ᠶᠢᠨ ᠲᠣᠪᠴᠢᠶ᠎ᠠ ᠠᠴᠠ ︽ᠤᠯᠤᠰ ᠤᠨ ᠡᠮᠴᠢᠯᠡᠬᠡᠨ ᠤ ᠪᠠᠳᠣᠯᠠᠭ᠎ᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠣᠳᠠᠯ ᠤᠨ ᠶᠡᠷᠦᠩᠬᠡᠢ ᠲᠣᠪᠴᠢᠶ᠎ᠠ ᠶᠢᠨ 2022 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠬᠡᠨ ᠤ ᠪᠠᠳᠣᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠨᠡᠶᠢᠲᠡᠯᠡᠪᠡ᠃ | ︽ᠮᠡᠳᠡᠭᠳᠡᠯ︾ ᠳᠤ᠂ ᠡᠮᠴᠢᠯᠡᠬᠡᠨ ᠤ ᠵᠠᠷᠤᠳᠠᠯ ᠤᠨ ᠨᠡᠮᠡᠭᠳᠡᠯ ᠪᠠ ᠦᠨᠳᠦᠰᠦᠨ ᠡᠮᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠭᠤᠯᠤᠨ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠬᠡᠨ ᠤ ᠳᠠᠭᠠᠳᠬᠠᠯ ᠤᠨ ᠡᠷᠬᠡ ᠠᠰᠢᠭ ᠢ ᠦᠨᠨᠡᠬᠦ ᠪᠠᠲᠤᠯᠠᠬᠤ ᠶᠢᠨ ᠲᠥᠯᠥᠭᠡ᠂ 2022 ᠣᠨ | ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠡᠬᠦᠨ ᠳᠤ᠂ ᠡᠯ᠎ᠡ ᠱᠠᠲᠤᠨ ᠤ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠡᠮᠴᠢᠯᠡᠬᠡᠨ ᠤ ᠳᠠᠭᠠᠳᠬᠠᠯ ᠳᠤ ᠣᠷᠣᠯᠴᠠᠵᠤ | ᠰᠦᠢᠳᠭᠡᠯ ᠲᠤᠰᠢᠶᠠᠬᠤ ᠳᠤ ᠨᠥᠬᠦᠪᠥᠷᠢ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠡᠳ᠋ ᠤᠨ | ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 30 ᠲᠥᠭᠦᠷᠢᠭ ᠦᠰᠭᠡᠵᠦ᠂ ᠬᠥᠮᠦᠨ ᠪᠦᠷᠢ ᠶᠢᠨ ᠪᠠᠷᠢᠮᠵᠢᠶ᠎ᠠ ᠶᠢ ᠵᠢᠯ ᠳᠤ 610 ᠲᠥᠭᠦᠷᠢᠭ ᠠᠴᠠ ᠳᠣᠤᠷ᠎ᠠ | ᠪᠠᠶᠢᠯᠭᠠᠬᠤ ᠪᠣᠯᠬᠤ ᠦᠬᠡᠢ᠂ ᠡᠬᠦᠨ ᠤ ᠬᠠᠮᠲᠣ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢ ᠴᠦ 30 ᠲᠥᠭᠦᠷᠢᠭ ᠦᠰᠭᠡᠵᠦ᠂ ᠬᠥᠮᠦᠨ ᠪᠦᠷᠢ ᠶᠢᠨ | ᠰᠦᠢᠳᠭᠡᠯ ᠲᠣᠰᠢᠶᠠᠬᠤ ᠪᠠᠷᠢᠮᠵᠢᠶ᠎ᠠ ᠶᠢ ᠵᠢᠯ ᠳᠤ 350 ᠲᠥᠭᠦᠷᠢᠭ ᠲᠤ ᠬᠦᠷᠭᠡᠨ᠎ᠡ ᠭᠡᠵᠦ ᠲᠣᠭᠲᠠᠭᠠᠪᠠ᠃ |