ᠦᠢᠷ᠎ᠡ ᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠳᠠ ᠶᠢᠨ ᠰᠢᠭᠤᠳ ᠬᠠᠷᠢᠶ᠎ᠡ ᠤᠯᠤᠰ ᠤᠨ ᠦᠮᠴᠢᠯᠡᠯᠳᠤ ᠠᠵᠤ ᠠᠬᠤᠶᠢᠯᠡᠯ ᠳᠤ | ᠬᠦᠷᠵᠤ ᠪᠠᠶᠢᠴᠠᠭᠠᠨ ᠰᠤᠳᠤᠯᠤᠯᠳᠠ ᠬᠢᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠵᠠᠩ ᠸᠧᠢ | ᠪᠠᠶᠢᠴᠠᠭᠠᠨ ᠰᠤᠳᠤᠯᠤᠯᠳᠠ ᠳᠤ ᠤᠷᠤᠯᠴᠠᠪᠠ᠃ | ᠯᠢ ᠯᠢ ᠤᠷᠢᠳ ᠬᠤᠵᠢᠳ ᠬᠤᠳᠠ ᠶᠢᠨ ᠤᠯᠤᠰ ᠤᠨ ᠪᠡᠯᠡ ᠤᠷᠤᠭᠤᠯᠤᠯᠳᠠ ᠶᠢᠨ ᠪᠦᠯᠤᠭ᠍ᠯᠡᠯ᠂ ᠬᠤᠳᠠ ᠶᠢᠨ ᠬᠡᠯᠪᠡᠷᠢ ᠪᠠᠨ ᠬᠤᠪᠢᠴᠠᠭᠤᠯᠤᠨ ᠬᠦᠭᠵᠢᠬᠦᠯᠬᠦ | ᠺᠤᠮᠫᠠᠨᠢ᠂ ᠤᠷᠳᠤᠰ ᠡᠨᠧᠷᠬᠢ ᠶᠢᠨ ᠪᠡᠯᠡ ᠤᠷᠤᠭᠤᠯᠤᠯᠳᠠ ᠶᠢᠨ ᠪᠦᠯᠤᠭ᠍ᠯᠡᠯ᠂ ᠬᠤᠳᠠ ᠶᠢᠨ ᠰᠤᠶᠤᠯ ᠪᠡ ᠵᠤᠭᠠᠴᠠᠯ ᠤᠨ ᠪᠦᠯᠤᠭ᠍ᠯᠡᠯ᠂ ᠬᠤᠳᠠ ᠶᠢᠨ ᠤᠰᠤᠨ | ᠠᠰᠢᠭᠯᠠᠯᠳᠠ ᠶᠢᠨ ᠪᠡᠯᠡ ᠤᠷᠤᠭᠤᠯᠤᠯᠳᠠ ᠶᠢᠨ ᠪᠦᠯᠤᠭ᠍ᠯᠡᠯ ᠵᠢᠴᠢ ᠬᠤᠳᠠ ᠶᠢᠨ ᠤᠰᠤ ᠬᠠᠩᠭᠠᠵᠤ ᠤᠰᠤ ᠴᠡᠪᠡᠷᠰᠢᠬᠦᠯᠬᠦ ᠦᠢᠯᠡᠳᠪᠤᠷᠢ᠂ ᠤᠷᠳᠤᠰ ᠬᠤᠳᠠ ᠶᠢᠨ | ᠪᠡᠯᠡ ᠤᠷᠤᠭᠤᠯᠤᠯᠳᠠ ᠶᠢᠨ ᠪᠦᠯᠤᠭ᠍ᠯᠡᠯ ᠵᠢᠴᠢ ᠢᠤᠢ ᠴᠢᠨ ᠶᠤᠸᠠᠨ ᠬᠡᠷ ᠭᠠᠵᠠᠷ ᠬᠦᠷᠤᠩᠬᠡ ᠶᠢᠨ ᠲᠦᠷᠤᠯ ᠵᠤᠶᠢᠯ᠂ ᠬᠤᠳᠠ ᠶᠢᠨ ᠤᠯᠤᠰ ᠤᠨ ᠪᠡᠯᠡ | ᠤᠷᠤᠭᠤᠯᠤᠯᠳᠠ ᠶᠢᠨ ᠪᠦᠯᠤᠭ᠍ᠯᠡᠯ ᠤᠨ ᠳ᠋ᠦᠩᠱᠧᠩ ᠠᠴᠠ ᠦᠬᠠᠢ ᠬᠦᠷᠬᠦ ᠲᠠᠮᠤᠷ ᠵᠠᠮ ᠤᠨ ᠺᠤᠮᠫᠠᠨᠢ᠂ ᠬᠤᠳᠠ ᠶᠢᠨ ᠨᠢᠰᠬᠡᠯ ᠤᠨ ᠪᠠᠭᠤᠳᠠᠯ ᠤᠨ ᠪᠦᠯᠤᠭ᠍ᠯᠡᠯ ᠳᠤ | ᠬᠦᠷᠴᠤ ᠠᠵᠤ ᠠᠬᠤᠶᠢᠯᠠᠯ ᠤᠨ ᠡᠵᠡᠩᠨᠡᠯᠳᠠ ᠶᠢᠨ ᠪᠠᠶᠢᠳᠠᠯ ᠢ ᠨᠠᠷᠢᠨ ᠦᠢᠯᠡᠭᠠᠪᠠ᠃ ᠲᠡᠷᠡ ᠤᠯᠤᠰ ᠤᠨ ᠦᠮᠴᠢᠯᠠᠯᠳᠤ ᠠᠵᠤ ᠠᠬᠤᠶᠢᠯᠠᠯ ᠨᠢ ᠤᠯᠤᠰ ᠠᠷᠠᠳ ᠤᠨ | ᠠᠵᠤ ᠠᠬᠤᠢ ᠶᠢᠨ ᠬᠦᠭᠵᠢᠯᠳᠠ ᠲᠤᠮᠳᠠ ᠰᠠᠭᠤᠷᠢ ᠴᠢᠨᠠᠷᠳᠡᠢ᠂ ᠲᠤᠯᠭᠠᠭᠤᠷᠢᠯᠠᠬᠤ ᠴᠢᠨᠠᠷᠳᠡᠢ ᠦᠢᠯᠡᠳᠤᠯ ᠦᠵᠡᠬᠦᠯᠵᠤ ᠪᠤᠢ᠂ ᠤᠯᠤᠰ ᠤᠨ ᠦᠮᠴᠢᠯᠡᠯᠳᠤ ᠠᠵᠤ | ᠠᠬᠤᠶᠢᠯᠠᠯ ᠤᠨ ᠦᠬᠡᠷᠴᠢᠯᠠᠯᠳᠠ ᠶᠢ ᠴᠢᠨᠠᠭᠰᠢᠳᠠ ᠬᠦᠨᠵᠡᠬᠡᠶᠢᠷᠡᠬᠦᠯᠵᠤ᠂ ᠭᠤᠤᠯ ᠠᠵᠢᠯ ᠤᠨ ᠲᠤᠭᠤᠷᠢᠨ ᠳᠤ ᠪᠠᠶᠢᠷᠢ ᠲᠤᠭᠳᠠᠭᠠᠯᠳᠠ ᠪᠠᠨ ᠲᠤᠳᠤᠷᠬᠠᠶᠢᠯᠠᠨ᠂ | ᠲᠦᠪᠯᠡᠷᠡᠬᠦᠯᠤᠨ ᠬᠦᠴᠤᠯᠡᠵᠤ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠢ ᠲᠠᠰᠤᠷᠠᠯᠳᠠ ᠦᠬᠡᠢ ᠬᠦᠴᠤᠷᠬᠡᠭᠵᠢᠬᠦᠯᠤᠨ ᠪᠤᠵᠠᠭᠠᠶᠢᠷᠠᠭᠤᠯᠬᠤ ᠬᠡᠷᠡᠭᠳᠡᠢ᠃ ᠡᠬᠢ | ᠪᠠᠶᠠᠯᠢᠭ ᠢ ᠨᠠᠶᠢᠯᠡᠬᠦᠯᠬᠦ ᠶᠢ ᠴᠢᠩᠭᠠᠳᠬᠠᠨ᠂ ᠤᠯᠤᠰ ᠤᠨ ᠦᠮᠴᠢᠯᠡᠯᠳᠤ ᠡᠳ᠋ ᠬᠦᠷᠤᠩᠬᠡ ᠶᠢ ᠪᠤᠵᠠᠭᠠᠶᠢᠷᠠᠭᠤᠯᠵᠤ᠂ ᠦᠢᠯᠡᠳᠬᠦᠨ ᠤ ᠦᠷᠳᠡᠭ ᠤᠨ ᠭᠠᠶᠢᠯᠢ ᠶᠢᠨ | ᠤᠷᠤᠯᠭ᠎ᠠ ᠶᠢ ᠨᠡᠮᠡᠭᠳᠡᠬᠦᠯᠬᠦ ᠬᠡᠷᠡᠭᠳᠡᠢ᠃ ᠤᠯᠤᠰ᠂ ᠦᠪᠡᠷᠳᠡᠬᠡᠨ ᠵᠠᠰᠠᠬᠤ ᠤᠷᠤᠨ ᠤ ᠲᠦᠷᠤ ᠶᠢᠨ ᠪᠤᠳᠤᠯᠭ᠎ᠠ ᠶᠢᠨ ᠠᠵᠠ ᠲᠤᠬᠢᠶᠠᠯ ᠢ ᠡᠵᠡᠮᠳᠡᠵᠤ᠂ ᠬᠤᠯᠪᠤᠭᠳᠠᠯ | ᠪᠦᠬᠦᠢ ᠬᠦᠷᠢᠶ᠎ᠡ ᠴᠠᠷᠠᠭ᠎ᠠ ᠶᠢᠨ ᠨᠠᠬᠡᠬᠡᠯᠳᠠ ᠪᠦᠳᠤᠬᠡᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠨ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠠᠵᠤ | ᠠᠬᠤᠢ ᠶᠢᠨ ᠦᠷ᠎ᠡ ᠠᠰᠢᠭ ᠢ ᠲᠠᠰᠤᠷᠠᠯᠳᠠ ᠦᠬᠡᠢ ᠦᠷᠬᠡᠳᠬᠡᠬᠦ ᠬᠡᠷᠡᠭᠳᠡᠢ᠃ ᠤᠯᠤᠰ ᠤᠨ ᠦᠮᠴᠢᠯᠡᠯᠳᠤ ᠠᠵᠤ ᠠᠬᠤᠶᠢᠯᠡᠯ ᠤᠨ ᠲᠤᠯᠠᠭᠠᠭᠤᠷᠢᠯᠠᠬᠤ ᠦᠢᠯᠡᠳᠤᠯ ᠢ | ᠪᠠᠳᠠᠷᠠᠭᠤᠯᠵᠤ᠂ ᠴᠢᠬᠤᠯᠠ ᠡᠨᠧᠷᠬᠢ ᠶᠢᠨ ᠡᠬᠢ ᠪᠠᠶᠠᠯᠢᠭ ᠪᠠ ᠠᠷᠠᠳ ᠤᠨ ᠠᠮᠢᠳᠤᠷᠠᠯ ᠤᠨ ᠱᠠᠭᠠᠷᠳᠠᠯᠭ᠎ᠠ ᠶᠢ ᠬᠦᠴᠤᠳᠠᠢ ᠪᠠᠳᠤᠯᠠᠬᠤ ᠬᠡᠷᠡᠭᠳᠡᠢ᠃ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠨ ᠬᠢᠨ ᠤᠯᠤᠰ ᠤᠨ ᠦᠮᠴᠢᠯᠡᠯᠳᠤ ᠡᠳ᠋ ᠬᠦᠷᠤᠩᠬᠡ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠵᠢᠯᠤᠭᠤᠳᠬᠤ ᠬᠦᠴᠤᠯᠡᠴᠡ | ᠪᠠᠨ ᠨᠡᠮᠡᠭᠳᠡᠬᠦᠯᠤᠨ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠢ ᠬᠠᠪᠰᠤᠷᠤᠨ ᠬᠦᠭᠵᠢᠯᠳᠠ ᠶᠢᠨ ᠰᠡᠳᠬᠢᠴᠡ᠂ ᠵᠤᠬᠢᠶᠠᠨ ᠪᠠᠶᠢᠭᠤᠯᠤᠯᠳᠠ ᠶᠢᠨ ᠪᠦᠳᠤᠴᠡ᠂ | ᠬᠠᠮᠢᠶᠠᠷᠤᠯᠳᠠ ᠶᠢᠨ ᠬᠡᠪ ᠵᠠᠭᠪᠤᠷ ᠢ ᠲᠡᠬᠦᠯᠳᠡᠷᠵᠢᠬᠦᠯᠵᠤ᠂ ᠤᠯᠤᠰ ᠤᠨ ᠦᠮᠴᠢᠯᠡᠯᠳᠤ ᠠᠵᠤ ᠠᠬᠤᠶᠢᠯᠡᠯ ᠤᠨ ᠡᠷᠡᠬᠦᠯ ᠬᠦᠭᠵᠢᠯᠳᠠ ᠶᠢ ᠠᠬᠢᠭᠤᠯᠬᠤ ᠬᠡᠷᠡᠭᠳᠡᠢ ᠬᠡᠪᠡ᠃ | |