ᠮᠠᠨ ᠤ ᠬᠤᠳᠠ ᠶᠢᠨ 3 ᠰᠤᠷᠭᠠᠭᠤᠯᠢ ᠦᠪᠤᠷ ᠮᠤᠩᠭᠤᠯ ᠤᠨ ︿ᠠᠷᠪᠡᠨ ᠰᠤᠳᠤᠨ ᠪᠤᠯᠪᠠᠰᠤᠨ ᠰᠤᠷᠭᠠᠭᠤᠯᠢ﹀ ᠪᠠᠷ ᠦᠨᠡᠯᠡᠭᠳᠡᠯ᠎ᠡ
ᠨᠡᠶᠢᠲᠡᠯᠡᠭᠰᠡᠨ ᠴᠠᠭ᠄
2022/7/18
        ᠦᠢᠷ᠎ᠠ ᠶᠢᠨ ᠡᠳᠤᠷ᠂  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠶᠤᠨ ᠰᠠᠨᠠᠭᠠᠨ ᠤ ᠪᠤᠯᠪᠠᠰᠤᠨ ᠤ ᠪᠠᠶᠢᠭᠤᠯᠤᠯᠳᠡ  ᠶᠢᠨ ᠠᠯᠪᠡᠨ ᠭᠡᠷ᠂  ᠦᠪᠤᠷ ᠮᠤᠩᠭᠤᠯ ᠤᠨ ᠷᠠᠳᠢᠤ᠋ ᠲᠧᠯᠸᠢᠰ ᠬᠤᠷᠢᠶ᠎ᠠ ᠠᠴᠠ ᠬᠠᠮᠳᠤᠷᠠᠨ ᠡᠷᠬᠢᠯᠡᠭᠰᠡᠨ ᠦᠪᠤᠷ ᠮᠤᠩᠭᠤᠯ ᠤᠨ ︿ᠠᠷᠪᠡᠨ ᠰᠤᠳᠤᠨ ᠪᠤᠯᠪᠠᠰᠤᠨ ᠰᠤᠷᠭᠠᠭᠤᠯᠢ﹀ ᠶᠢ ᠡᠭᠦᠳᠤᠨ ᠪᠠᠶᠢᠭᠤᠯᠬᠤ ᠠᠵᠢᠯ ᠤᠨ ᠰᠢᠯᠭᠠᠷᠠᠭᠤᠯᠤᠯᠳᠡ ᠶᠢᠨ ᠠᠵᠢᠯᠯᠠᠭ᠎ᠠ ᠶᠠᠪᠤᠬᠳᠠᠪᠠ᠃  ᠮᠠᠨ ᠤ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠲᠦᠷᠪᠡᠳᠦᠭᠡᠷ ᠪᠠᠭ᠎ᠠ ᠰᠤᠷᠭᠠᠭᠤᠯᠢ᠂  ᠬᠢᠶ᠎ᠠ ᠪᠠᠭᠰᠢ ᠲᠤᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ᠂  ᠳ᠋ᠦᠡᠭᠱᠸᠡᠭ ᠲᠤᠭᠤᠷᠢᠭ ᠤᠨ ᠨᠢᠭᠡᠳᠦᠭᠡᠷ ᠲᠤᠮᠳᠠᠳᠤ ᠰᠤᠷᠭᠠᠭᠤᠯᠢ ︿ᠠᠷᠪᠡᠨ ᠰᠤᠳᠤᠨ ᠪᠤᠯᠪᠠᠰᠤᠨ ᠰᠤᠷᠭᠠᠭᠤᠯᠢ﹀ ᠪᠠᠷ ᠦᠨᠡᠯᠡᠭᠳᠡᠪᠡ᠃              ᠲᠤᠰ ᠤᠳᠠᠭᠠᠨ ᠤ ᠰᠢᠯᠭᠠᠷᠠᠭᠤᠯᠤᠯᠳᠡ ᠳᠤ ᠨᠡᠶᠢᠳᠡ 112 ᠰᠤᠷᠭᠠᠭᠤᠯᠢ ᠤᠷᠤᠯᠴᠠᠵᠤ᠂  ᠠᠵᠢᠯᠯᠠᠭ᠎ᠠ ᠨᠢ ᠬᠡᠷᠡᠭ ᠤᠨ ᠵᠢᠱᠢᠶ᠎ᠡ ᠶᠢ ᠴᠤᠬᠯᠠᠭᠤᠯᠬᠤ᠂  ᠤᠬᠠᠭᠤᠯᠤᠨ ᠲᠦᠭᠡᠮᠡᠯᠵᠢᠭᠦᠯᠬᠦ᠂  ᠤᠯᠡᠨ ᠲᠦᠮᠡᠨ ᠤᠷᠤᠯᠴᠠᠨ ᠪᠢᠯᠧᠲ ᠦᠭᠬᠦ ᠵᠡᠷᠭᠡ ᠭᠤᠬᠴᠤᠭ᠎ᠠ ᠪᠠᠷ ᠶᠠᠪᠤᠬᠳᠠᠪᠠ᠃   ᠡᠯ᠎ᠡ ᠭᠠᠵᠠᠷ ᠤᠨ ᠬᠢᠨ ᠦᠷᠭᠡᠨ ᠢᠶᠠᠷ ᠤᠬᠠᠭᠤᠯᠭ᠎ᠠ ᠬᠢᠵᠤ᠂  ᠤᠯᠡᠨ ᠲᠦᠮᠡᠨ ᠢᠳᠡᠪᠬᠢᠳᠠᠢ ᠤᠷᠤᠯᠴᠠᠨ᠂  ᠨᠢᠭᠡ ᠰᠠᠷ᠎ᠠ ᠶᠢᠨ ᠬᠤᠭᠤᠴᠠᠭᠠᠨ  ᠳᠤ ᠨᠡᠶᠢᠳᠡ 50.07 ᠲᠦᠮᠡᠨ ᠬᠦᠮᠤᠨ ᠨᠡᠶᠢᠳᠡᠯᠢᠭ ᠵᠢᠱᠢᠶ᠎ᠡ ᠶᠢ ᠰᠢᠯᠭᠠᠷᠠᠭᠤᠯᠬᠤ ᠪᠢᠯᠧᠲ ᠦᠭᠬᠦ ᠳᠤ ᠤᠷᠤᠯᠴᠠᠵᠤ᠂  ᠨᠡᠶᠢᠳᠡ ᠪᠢᠯᠧᠲ ᠦᠭᠭᠦᠭᠰᠡᠨ  ᠲᠤᠭ᠎ᠠ ᠨᠢ 69.16 ᠲᠦᠮᠨ ᠳᠤ ᠬᠦᠷᠴᠠᠢ᠃  ᠬᠢᠶ᠎ᠠ ᠪᠠᠭᠰᠢ ᠲᠤᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠲᠡᠪᠰᠢᠭᠦᠯᠦᠭᠰᠡᠨ ︿ᠰᠠᠶᠢᠨ ᠰᠠᠶᠢᠬᠠᠨ ᠢ ᠦᠨᠡᠨ ᠬᠦ ᠡᠷᠬᠢᠮᠯᠡᠨ᠂  ᠪᠤᠯᠪᠠᠰᠤᠨ ᠤ ᠴᠡᠴᠡᠭᠡᠰ ᠢ ᠬᠠᠮᠳᠤ ᠪᠠᠷ ᠪᠤᠶᠢᠵᠢᠭᠤᠯᠤᠶ᠎ᠠ﹀ ᠵᠡᠷᠭᠡ ᠡᠭᠦᠳᠤᠨ ᠪᠠᠶᠢᠭᠤᠯᠬᠤ ᠨᠡᠶᠢᠳᠡᠯᠢᠭ ᠵᠢᠱᠢᠶ᠎ᠡ ᠨᠢ ᠲᠤᠰ ᠤᠳᠠᠭᠠᠨ ᠤ ᠰᠢᠯᠭᠠᠷᠠᠭᠤᠯᠤᠯᠳᠡ ᠳᠤ ︿ᠠᠷᠪᠡᠨ ᠰᠤᠳᠤᠨ ᠪᠤᠯᠪᠠᠰᠤᠨ ᠰᠤᠷᠭᠠᠭᠤᠯᠢ ﹀  ᠪᠠᠷ ᠲᠤᠬᠳᠠᠭᠠᠬᠳᠠᠪᠠ᠃              ᠨᠡᠶᠢᠳᠡᠯᠢᠭ ᠵᠢᠱᠢᠶ᠎ᠡ ᠶᠢᠨ ᠰᠢᠯᠭᠠᠷᠠᠭᠤᠯᠤᠯᠳᠡ ᠨᠢ ᠪᠦᠬᠦ ᠤᠷᠤᠨ ᠤ ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠤᠨ ᠪᠠᠶᠢᠭᠤᠯᠬᠤ ᠮᠡᠳᠡᠴᠨ ᠶᠢᠨ ᠬᠡᠮᠵᠢᠶ᠎ᠡ᠂  ᠤᠷᠤᠯᠴᠠᠬᠤ ᠨᠤᠷᠮ᠎ᠡ ᠶᠢ ᠪᠦᠳᠦᠮᠵᠢᠳᠠᠢ ᠲᠡᠭᠡᠭᠰᠢᠯᠡᠭᠦᠯᠤᠨ᠂  ᠪᠤᠯᠪᠠᠰᠤᠨ ᠰᠤᠷᠭᠠᠭᠤᠯᠢ ᠶᠢᠨ ᠨᠦᠯᠦᠭᠡᠯᠡᠬᠦ ᠬᠦᠴᠦᠨ ᠢ ᠦᠷᠭᠡᠳᠭᠡᠵᠤ᠂  ᠪᠤᠯᠪᠠᠰᠤᠨ ᠰᠤᠷᠭᠠᠭᠤᠯᠢ ᠶᠢ ᠡᠭᠦᠳᠤᠨ ᠪᠠᠶᠢᠭᠤᠯᠬᠤ ᠰᠠᠭᠤᠷᠢ ᠶᠢ ᠪᠠᠬᠢᠵᠢᠭᠦᠯᠤᠨ᠂  ᠡᠯ᠎ᠡ ᠭᠠᠵᠠᠷ ᠤᠨ ᠡᠭᠦᠳᠤᠨ ᠪᠠᠶᠢᠭᠤᠯᠬᠤ ᠠᠵᠢᠯ ᠢ ᠦᠷᠭᠦᠯᠵᠢᠯᠡᠨ ᠬᠦᠨᠵᠡᠭᠡᠶᠢᠷᠡᠭᠦᠯᠵᠤ᠂  ᠨᠠᠰᠤᠨ ᠳᠤ ᠦᠯᠤ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠤᠬᠢ ᠰᠠᠶᠢᠨ ᠬᠦᠮᠤᠨ ᠢ ᠬᠦᠮᠤᠵᠢᠭᠦᠯᠬᠦ ᠤᠷᠴᠢᠨ ᠠᠬᠤᠢ ᠶᠢ ᠪᠤᠢ ᠪᠤᠯᠭᠠᠵᠠᠢ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ