ᠦᠣᠰᠢᠨ ᠬᠤᠰᠢᠭᠤ ᠦᠢᠯᠡᠴᠢᠯᠡᠭᠡᠨ ᠤ ᠳᠦᠷᠦᠯ ᠵᠦᠢᠯ ᠢ ᠱᠠᠯᠠᠪᠳᠠᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/7/19
      ᠡᠨᠡ ᠵᠢᠯ᠂ ᠥᠪᠥᠷ ᠮᠣᠩᠭᠤᠯ ᠤᠨ ᠣᠷᠳᠣᠰ ᠬᠤᠲᠠ ᠶᠢᠨ ᠦᠣᠰᠢᠨ ᠬᠤᠰᠢᠭᠤ 24 ᠳ᠋ᠦᠩᠰᠢᠭᠤᠷ 2 ᠮᠢᠩᠭᠠᠨ ᠲᠦᠮᠡᠨ ᠲᠥᠭᠦᠷᠢᠭ ᠤᠨ ᠪᠠᠯᠠ ᠣᠷᠣᠭᠤᠯᠵᠤ᠂ 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠤᠭᠤᠯᠤᠯᠲᠠ ᠲᠠᠢ ᠥᠢᠯᠡᠴᠢᠯᠡᠭᠡᠨ ᠤ ᠭᠤᠤᠯᠳᠠᠯᠭ᠎ᠠ ᠲᠠᠢ 20 ᠲᠥᠷᠥᠯ ᠵᠥᠢᠯ ᠢ ᠪᠠᠶᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ ᠠᠵᠤ ᠠᠬᠤᠢ ᠪᠠᠨ ᠬᠥᠭᠵᠢᠭᠦᠯᠬᠦ ᠪᠠᠷ ᠲᠥᠯᠥᠪᠯᠡᠵᠦ ᠪᠠᠶᠢᠨ᠎ᠠ᠃         ᠡᠭᠦᠨ ᠳᠤ ᠮᠦᠽᠧᠶ᠂ ᠸᠠᠨ ᠪᠥᠸᠧ ᠰᠣᠶᠣᠯ ᠵᠢᠭᠤᠯᠴᠢᠯᠠᠯ ᠤᠨ ᠭᠤᠤᠯ ᠰᠡᠳᠦᠪᠲᠦ ᠪᠠᠭᠤᠳᠠᠯ᠂ ᠪᠥᠸᠧ ᠳ᠋ᠡ ᠱᠢ ᠳ᠋ᠢ ᠲᠡᠮᠦᠷ ᠵᠠᠮ ᠤᠨ ᠲᠤᠰᠬᠠᠶ ᠱᠤᠭᠤᠮ᠂ ᠴᠠᠩ ᠢ ᠣᠲᠣ ᠦᠶ᠎ᠡ ᠶᠢᠨ ᠪᠠᠷᠠᠭᠠᠨ ᠤ ᠭᠥᠢᠯᠭᠡᠭᠡᠨ ᠤ ᠬᠦᠷᠢᠶᠡᠯᠡᠩ ᠤᠨ ᠲᠥᠷᠥᠯ ᠵᠥᠢᠯ᠂ ᠦᠦᠰᠢᠨ ᠬᠤᠰᠢᠭᠤᠨ ᠤ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠦᠢᠯᠡᠴᠢᠯᠡᠭᠡᠨ ᠤ ᠲᠥᠷᠥᠯ ᠵᠥᠢᠯ ᠤᠳ ᠪᠠᠭᠲᠠᠵᠤ ᠪᠠᠶᠢᠬᠤ ᠪᠥᠭᠡᠳ ᠥᠨᠥ ᠵᠢᠯ ᠤᠨ ᠪᠦᠲᠦᠭᠡᠨ ᠪᠠᠶᠢᠭᠤᠯᠤᠯᠲᠠ ᠳᠤ 9 ᠳ᠋ᠦᠩᠰᠢᠭᠤᠷ 6 ᠮᠢᠩᠭᠠᠨ ᠲᠦᠮᠡᠨ ᠲᠥᠭᠦᠷᠢᠭ ᠪᠠᠯᠠ ᠣᠷᠣᠭᠤᠯᠬᠤ ᠪᠠᠷ ᠪᠠᠶᠢᠨ᠎ᠠ᠃         ᠥᠪᠥᠷ ᠮᠣᠩᠭᠤᠯ ᠤᠨ ᠣᠷᠳᠣᠰ ᠬᠤᠲᠠ ᠶᠢᠨ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ ᠵᠡᠷᠭᠡ 5 ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠳᠠᠯᠠᠪᠠᠢ ᠳᠤ᠂ ᠮᠠᠰᠢᠨ ᠲᠡᠷᠭᠡ ᠰᠥᠯᠵᠢᠯᠳᠤᠨ ᠂ ᠠᠵᠢᠯᠴᠢᠳ ᠶᠠᠭᠠᠷᠠᠯᠲᠠᠶ ᠠᠵᠢᠯᠯᠠᠵᠤ᠂ ᠪᠣᠯᠣᠳ ᠭᠠᠩᠨᠠᠨ ᠵᠠᠯᠭᠠᠬᠤ᠂ ᠬᠠᠪᠲᠠᠰᠤ ᠴᠢᠳᠬᠤᠨ ᠲᠠᠯᠪᠢᠬᠤ ᠵᠡᠷᠭᠡ ᠠᠵᠢᠯ ᠡᠮᠬᠢ ᠴᠡᠭᠴᠡ ᠲᠠᠢ ᠶᠠᠪᠤᠭᠳᠠᠵᠤ ᠪᠠᠶᠢᠯ᠎ᠠ᠃     7 ᠲᠦᠮᠡ ᠭᠠᠷᠤᠶ ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠪᠦᠲᠦᠭᠡᠨ ᠪᠠᠶᠢᠭᠤᠯᠤᠯᠲᠠ ᠶᠢᠨ 5 ᠲᠥᠷᠥᠯ ᠵᠥᠢᠯ ᠪᠣᠯ ᠲᠠᠷᠤᠢ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠤᠷᠠᠬᠢ ᠥᠷᠥᠭᠡ᠂ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ᠂ ᠤᠯᠠᠭᠠᠨᠮᠥ᠋ᠴᠢᠷ ᠤᠨ ᠲᠣᠭᠯᠠᠯᠲᠠ ᠶᠢᠨ ᠲᠢᠩᠬᠢᠮ᠂ ᠲᠠᠩᠰᠠ ᠡᠪᠬᠡᠮᠡᠯ ᠤᠨ ᠣᠷᠳᠣᠨ ᠪᠠ ᠨᠣᠮ ᠤᠨ ᠰᠠᠩ ᠪᠣᠯᠣᠨ᠎ᠠ᠂ ᠂ ᠡᠨᠡ 5 ᠲᠥᠷᠥᠯ ᠵᠥᠢᠯ ᠳᠤ ᠨᠡᠶᠢᠲᠡ 2 ᠳ᠋ᠦᠩᠰᠢᠭᠤᠷ 2 ᠮᠢᠩᠭ᠎ᠠ 5 ᠵᠠᠭᠤᠨ ᠲᠦᠮᠡᠨ ᠲᠥᠭᠦᠷᠢᠭ ᠤᠨ ᠪᠠᠯᠠ ᠤᠷᠤᠭᠤᠯᠤᠨ ᠵᠡᠷᠭᠡᠪᠡᠷ ᠪᠥᠳᠥᠭᠡᠨ ᠪᠠᠶᠢᠭᠤᠯᠵᠤ᠂ ᠲᠠᠷᠠᠭ᠎ᠠ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠪᠤᠯᠳᠠᠯ᠎ᠠ ᠪᠦᠬᠦᠨ ᠢ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃  
 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ