ᠰᠢᠩ ᠵᠧᠩ ᠱᠦᠵᠢ ᠶᠢᠨ ᠬᠡᠷᠡᠭ ᠵᠥᠪᠯᠡᠵᠦ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/22
    7 ᠳ᠋ᠤᠭᠠᠷ ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ ᠱᠦᠵᠢ ᠶᠢᠨ ᠬᠡᠷᠡᠭ ᠵᠥᠪᠯᠡᠵᠦ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠲᠤᠰᠬᠠᠢ ᠰᠡᠳᠦᠪ ᠢᠶᠠᠷ ᠰᠤᠳᠤᠯᠵᠠᠢ᠃
W020220720540193572787.jpg
    ᠰᠢᠩ ᠵᠧᠩ ᠂ ᠣᠷᠣᠨ ᠪᠦᠰᠡ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ  ᠪᠤᠷᠤᠯᠠᠭᠤᠯᠤᠨ  ᠦᠢᠯᠡᠴᠢᠯᠡᠬᠦ ᠲᠥᠪ ᠢ ᠪᠠᠶᠢᠭᠤᠯᠬᠤ ᠬᠠᠷᠠᠯᠲᠠ ᠳᠠᠰᠢ ᠯᠠᠪᠳᠠᠭᠤᠨ ᠢᠶᠠᠷ ᠤᠷᠤᠭᠰᠢᠯᠠᠬᠤ ᠪᠣᠯ ᠬᠢᠶ᠎ᠠ ᠪᠠᠭᠰᠢ ᠲᠣᠭᠤᠷᠢᠭ ᠤᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠦᠭᠰᠡᠨ ᠢᠳᠡᠪᠬᠢᠲᠡᠢ ᠰᠦᠪᠡᠭᠴᠢᠯᠡᠯᠲᠡ ᠮᠥᠨ᠃ᠰᠢᠨᠵᠢᠯᠡᠬᠦ ᠤᠬᠠᠭᠠᠨᠴᠢ᠂   ᠵᠢᠷᠤᠮᠵᠢᠭᠰᠠᠨ᠂ ᠠᠷᠠᠳ ᠲᠤ ᠲᠦᠬᠦᠮ ᠦᠵᠡᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠰᠢᠰᠲ᠋ᠧᠮ ᠢ ᠪᠠᠶᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠵᠦᠢ ᠵᠣᠬᠢᠰᠲᠠᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠤᠯᠠᠨ ᠲᠦᠮᠡᠨ ᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠴᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠠᠮᠤᠷ ᠲᠦᠪᠰᠢᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃
W020220720540193779527.jpg
    ᠲᠣᠭᠤᠷᠢᠭ ᠤᠨ ᠤᠳᠤᠷᠢᠳᠤᠯᠭ᠎ᠠ ᠾᠧᠦ  ᠮᠧᠩ᠂ ᠶᠠᠩ ᠴᠠᠩ ᠴᠢᠩ᠂ ᠸᠠᠩ ᠷᠦᠢ ᠰᠢᠶᠠᠩ ᠬᠤᠷᠠᠯ ᠳᠤ ᠣᠷᠣᠯᠴᠠᠵᠠᠢ᠃
ᠢᠷᠡᠯᠲᠡ᠄ ᠲᠤᠰ ᠰᠦᠯᠵᠢᠶ᠎ᠡ