HPV ᠸᠠᠺᠼᠢᠨ ᠢ ᠦᠨ᠎ᠡ ᠲᠦᠯᠦᠪᠦᠷᠢ ᠦᠬᠡᠢ ᠲᠠᠷᠢᠬᠤ ᠪᠠᠷ ᠪᠣᠢ
ᠨᠡᠶᠢᠲᠡᠯᠡᠭᠰᠡᠨ ᠴᠠᠭ᠄
2022/7/26
        ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠶᠢᠷ᠎ᠠ ᠳᠤ ᠢᠯᠡᠷᠬᠡᠶᠢᠯᠡᠬᠦ ᠳᠡᠭᠡᠨ᠂  ᠨᠥᠬᠦᠴᠡᠯ  ᠲᠠᠢ ᠭᠠᠵᠠᠷ ᠣᠷᠣᠨ ᠳᠤ HPV ᠸᠠᠺᠼᠢᠨ ᠤ ᠲᠠᠷᠢᠯᠭ᠎ᠠ ᠶᠢ ᠦᠨ᠎ᠡ ᠲᠦᠯᠦᠪᠦᠷᠢ ᠦᠬᠡᠢ ᠪᠠᠷ ᠲᠠᠷᠢᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠬᠡᠷᠡᠭᠵᠢᠬᠦᠯᠵᠦ᠂ ᠵᠣᠬᠢᠬᠤ ᠨᠠᠰᠣᠨ ᠤ ᠡᠮᠡᠭᠲᠡᠶᠢᠴᠦᠳ ᠤᠨ HPV ᠸᠠᠺᠼᠢᠨ ᠲᠠᠷᠢᠬᠤ ᠨᠣᠷᠮ᠎ᠠ ᠶᠢ  ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠪᠡ᠃                  ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠤᠯᠤᠰ ᠲᠤ ᠨᠢᠭᠡᠨᠲᠡ 5 ᠵᠦᠢᠯ  ᠤᠨ  HPV  ᠸᠠᠺᠼᠢᠨ  ᠤ ᠦᠢᠯᠡᠳᠬᠦᠨ ᠢ ᠵᠥᠪᠰᠢᠶᠡᠷᠡᠨ ᠳᠠᠩᠰᠠᠯᠠᠭᠤᠯᠵᠠᠶ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ 3 ᠵᠦᠢᠯ ᠤᠨ HPV ᠸᠠᠺᠼᠢᠨ ᠪᠠ ᠤᠯᠤᠰ ᠤᠨ ᠲᠣᠲᠣᠭᠠᠲᠦ ᠳᠤ ᠪᠠᠨ ᠦᠢᠯᠡᠳᠪᠦᠷᠢᠯᠡᠭᠰᠡᠨ 2 ᠵᠦᠢᠯ ᠤᠨ HPV  ᠸᠠᠺᠼᠢᠨ ᠢ  ᠪᠠᠭᠲᠠᠭᠠᠵᠦ ᠪᠣᠢ᠃                 
ᠢᠷᠡᠯᠲᠡ᠄ ᠥᠪᠥᠷ ᠮᠣᠩᠭᠤᠯ ᠤᠨ ᠮᠣᠩᠭᠤᠯ ᠷᠠᠳᠢᠤ᠋