ᠡᠳᠡᠭᠡᠷ ᠡᠮ ᠤᠨ ᠦᠨ᠎ᠡ ᠶᠢ ᠳᠣᠮᠳᠠᠴᠢ ᠪᠠᠷ 48 % ᠪᠠᠷ ᠪᠠᠭᠤᠷᠠᠭᠤᠯᠪᠠ
ᠨᠡᠶᠢᠲᠡᠯᠡᠭᠰᠡᠨ ᠴᠠᠭ᠄
2022/7/26
        ᠣᠶᠢᠷ᠎ᠠ ᠳᠤ᠂ ᠤᠯᠤᠰ ᠤᠨ ᠲᠣᠯᠣᠳᠣᠭᠠᠷ ᠪᠦᠯᠦᠭ ᠤᠨ ᠲᠦᠪᠯᠡᠷᠡᠬᠦᠯᠦᠨ ᠬᠤᠳᠠᠯᠳᠣᠨ ᠠᠪᠬᠤ ᠡᠮ ᠤᠨ ᠵᠦᠢᠯᠡᠰ ᠤᠨ ᠨᠡᠷᠡᠰ ᠢ ᠨᠡᠶᠢᠲᠡᠯᠡᠪᠠ᠃ ᠲᠣᠰ ᠣᠳᠠᠭᠠᠨ ᠤ ᠲᠦᠪᠯᠡᠷᠡᠬᠦᠯᠦᠨ ᠬᠤᠳᠠᠯᠳᠣᠨ ᠠᠪᠬᠤ ᠡᠮ ᠤᠨ ᠵᠦᠢᠯᠡᠰ ᠲᠤ 60 ᠲᠦᠷᠦᠯ ᠤᠨ ᠡᠮ ᠢ ᠪᠠᠭᠲᠠᠭᠠᠵᠦ᠂ 327 ᠡᠮ ᠤᠨ ᠦᠨ᠎ᠡ ᠶᠢ ᠳᠤᠮᠳᠠᠴᠢ ᠪᠠᠷ 48 % ᠪᠠᠷ  ᠪᠠᠭᠤᠷᠠᠭᠤᠯᠣᠭᠰᠠᠨ ᠪᠤᠯᠬᠤᠷ ᠂ ᠵᠢᠱᠢᠯᠲᠡ ᠪᠠᠷ ᠵᠢᠯ ᠪᠦᠷᠢ 185 ᠳ᠋ᠦᠩᠰᠢᠭᠤᠷ ᠲᠥᠭᠦᠷᠢᠭ ᠤᠨ ᠵᠠᠷᠤᠳᠠᠯ ᠢ ᠠᠷᠪᠢᠯᠠᠬᠤ ᠪᠣᠯᠤᠨ᠎ᠠ᠃                        ᠲᠣᠰ ᠤᠳᠠᠭᠠᠨ ᠤ ᠲᠥᠪᠯᠡᠷᠡᠭᠦᠯᠦᠨ ᠬᠤᠳᠠᠯᠳᠣᠨ ᠠᠪᠬᠤ ᠳᠤ ᠰᠣᠩᠭᠤᠭᠳᠠᠭᠰᠠᠨ ᠡᠮ ᠤᠨ ᠵᠦᠢᠯ ᠳᠤ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠰᠢᠩᠭᠡᠭᠡᠯᠲᠡ ᠶᠢᠨ ᠵᠠᠮ ᠤᠨ ᠡᠪᠡᠳᠴᠢᠨ᠂ ᠬᠠᠯᠳᠠᠪᠤᠷᠢᠯᠠᠯ ᠢ ᠡᠰᠡᠷᠭᠦᠴᠡᠬᠦ ᠡᠮ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ ᠪᠣᠯᠣᠨ ᠤᠳᠠᠭᠠᠨ ᠴᠢᠨᠠᠷᠲᠠᠶ  ᠡᠪᠡᠳᠴᠢᠨ ᠳᠤ ᠬᠡᠷᠡᠭᠯᠡᠬᠦ ᠡᠮ ᠵᠢᠴᠢ ᠠᠭᠤᠰᠬᠢᠨ ᠤ ᠥᠮᠡᠨ᠂ ᠡᠯᠢᠭᠡᠨ ᠤ ᠥᠮᠡᠨ᠂ ᠲᠣᠲᠣᠷ ᠪᠥᠭᠡᠷᠡᠨ ᠤ ᠥᠮᠡᠨ᠂  ᠭᠡᠳᠡᠰᠦᠨ  ᠤ  ᠥᠮᠡᠨ  ᠵᠡᠷᠭᠡ  ᠬᠦᠨᠳᠦ ᠡᠪᠡᠳᠴᠢᠨ ᠳᠤ ᠬᠡᠷᠡᠭᠯᠡᠬᠦ ᠡᠮ ᠢ ᠪᠠᠭᠲᠠᠭᠠᠭᠰᠠᠨ ᠪᠠᠶᠢᠨ᠎ᠠ᠃   
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋