500 ᠮᠧᠲᠷ ᠠᠴᠠ ᠦᠨᠳᠤᠷ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ ᠪᠣᠯᠬᠤ ᠦᠭᠡᠢ
ᠨᠡᠶᠢᠲᠡᠯᠡᠭᠰᠡᠨ ᠴᠠᠭ᠄
2022/7/26
        ᠬᠡᠲᠦ ᠥᠨᠳᠥᠷ ᠪᠠᠷᠢᠯᠭ᠎ᠠ  ᠶᠢ ᠳᠡᠯᠡᠬᠡᠶ ᠶᠢᠨ ᠮᠠᠰᠢ  ᠣᠯᠠᠨ  ᠤᠯᠤᠰ ᠤᠨ  ᠬᠢᠨᠢ  ᠬᠠᠯᠠᠭᠤᠨ  ᠢᠶᠠᠷ  ᠴᠤᠤᠳᠠᠮᠨᠠᠵᠤ᠂ ᠴᠢᠨᠠᠭᠰᠢᠯᠠᠪᠠᠯ ᠨᠢᠭᠡ ᠦᠶ᠎ᠡ ᠠᠵᠤ ᠠᠬᠤᠶ ᠶᠢᠨ ᠬᠥᠭᠵᠢᠯᠲᠡ ᠶᠢ ᠦᠨᠡᠯᠡᠬᠦ  ᠴᠢᠬᠤᠯᠠ  ᠪᠡᠯᠭᠡ ᠲᠡᠮᠳᠡᠭ ᠪᠤᠯᠭᠠᠲᠠᠭ  ᠪᠠᠶᠢᠯ᠎ᠠ᠃ ᠭᠡᠪᠡᠴᠦ ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠬᠢᠨ ᠠᠴᠠ 500 ᠮᠧᠲᠷ ᠠᠴᠠ ᠦᠨᠳᠤᠷ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ ᠪᠣᠯᠬᠤ ᠥᠬᠡᠶ ᠭᠡᠵᠡᠢ᠃ ᠡᠨᠡ ᠨᠢ ᠶᠠᠮᠠᠷ ᠰᠢᠯᠲᠠᠭᠠᠨ ᠠᠴᠠ ᠪᠣᠯᠤᠭᠰᠠᠨ ᠪᠤᠢ︖                    ᠥᠨᠳᠥᠷ ᠪᠠᠷᠢᠯᠭ᠎ᠠ ᠨᠢ ᠬᠥᠮᠦᠨ ᠠᠮᠠ ᠶᠢᠨ ᠪᠠᠭᠲᠠᠭᠠᠮᠵᠢ ᠶᠡᠭᠡ ᠪᠠᠶᠢᠳᠠᠭ  ᠪᠣᠯᠪᠠᠴᠤ  ᠴᠠᠬᠢᠯᠭᠠᠨ  ᠱᠠᠲᠤ  ᠬᠡᠷᠡᠭᠯᠡᠵᠦ ᠬᠦᠷᠦᠯᠴᠡᠬᠦ ᠥᠬᠡᠶ ᠨᠢ ᠪᠠᠷᠤᠭ ᠬᠤᠳᠠᠯᠳᠤᠭᠠᠨ ᠤ ᠠᠰᠠᠷ ᠤᠨ ᠨᠡᠶᠢᠲᠡ ᠶᠢᠨ ᠭᠡᠮ ᠪᠣᠯᠵᠣ᠂ ᠡᠩ ᠤᠨ ᠦᠶ᠎ᠡ ᠳᠤ ᠴᠠᠬᠢᠯᠭᠠᠨ ᠱᠠᠲᠤ ᠭᠡᠮᠲᠦᠬᠦ ᠠᠴᠠ ᠬᠠᠮᠤᠭ  ᠠᠴᠠ ᠢᠯᠡᠬᠦᠦ ᠵᠢᠷᠦᠬᠡᠰᠢᠶᠡᠲᠡᠭ᠃ ᠦᠨᠡᠨ ᠳᠡᠭᠡᠨ ᠬᠡᠳᠦ ᠥᠨᠳᠥᠷ ᠪᠠᠷᠢᠯᠭ᠎ᠠ ᠶᠢᠨ  ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠥᠪᠡᠷ ᠤᠨ ᠥᠷᠲᠡᠭ ᠨᠢ ᠬᠥᠮᠦᠨ ᠢ ᠰᠣᠴᠢᠭᠠᠮ᠎ᠠ ᠶᠤᠮ᠂ ᠡᠩ ᠤᠨ ᠪᠠᠷᠢᠯᠭ᠎ᠠ ᠶᠢᠨ ᠬᠡᠳᠦᠨ ᠳᠠᠬᠢᠨ ᠪᠠᠶᠢᠳᠠᠭ᠃ ᠣᠶᠢᠷ᠎ᠠ ᠳᠤ᠂  ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ︽︿  ᠠᠷᠪᠠᠨ ᠳᠥᠷᠪᠡᠳᠦᠭᠡᠷ  ᠲᠠᠪᠤᠨ  ᠵᠢᠯ ﹀ ᠤᠨ  ᠰᠢᠨ᠎ᠡ ᠬᠡᠯᠪᠡᠷᠢ ᠶᠢᠨ ᠬᠤᠲᠠ   ᠪᠠᠯᠭᠠᠰᠤᠵᠢᠯᠲᠠ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠬᠡᠲᠦ ᠥᠨᠳᠥᠷ ᠪᠠᠷᠢᠯᠭ᠎ᠠ  ᠶᠢ  ᠰᠢᠨ᠎ᠡ ᠪᠠᠷ  ᠪᠠᠶᠢᠭᠤᠯᠬᠤ ᠶᠢ  ᠴᠢᠩᠭ᠎ᠠ   ᠬᠢᠵᠠᠭᠠᠷᠯᠠᠵᠤ᠂  500  ᠮᠧᠲᠷ ᠠᠴᠠ ᠦᠨᠳᠤᠷ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ ᠪᠣᠯᠬᠤ ᠥᠬᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ ᠲᠥᠰᠦᠯ ᠳᠤ ᠪᠠᠰᠠ 250 ᠮᠧᠲᠷ ᠠᠴᠠ ᠦᠨᠳᠤᠷ ᠪᠠᠷᠢᠯᠭ᠎ᠠ ᠶᠢ         ᠢᠷᠡᠭᠡᠳᠦᠢ ᠳᠤ᠂ ᠬᠥᠮᠦᠰ ᠤᠨ ᠠᠮᠢᠳᠤᠷᠠᠯ ᠤᠨ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠨᠢ ᠬᠤᠳᠠ ᠵᠢᠴᠢ ᠪᠠᠷᠢᠯᠭ᠎ᠠ ᠶᠢᠨ ᠬᠥᠭᠵᠢᠯᠲᠡ ᠶᠢᠨ ᠲᠡᠷᠢᠭᠦᠨ ᠴᠢᠬᠤᠯᠠ ᠠᠭᠤᠯᠭ᠎ᠠ ᠪᠣᠯᠬᠤ ᠪᠣᠯᠤᠨ᠎ᠠ᠃ ︽ᠥᠨᠳᠥᠷ ᠢ ᠬᠢᠵᠠᠭᠠᠷᠯᠠᠬᠤ ᠵᠠᠷᠯᠢᠭ︾ ᠤᠨ ᠲᠠᠷᠠᠭ᠎ᠠ᠂ ᠬᠤᠳᠠ ᠶᠢᠨ ᠪᠠᠷᠢᠯᠭ᠎ᠠ ᠨᠢ ᠥᠨᠳᠥᠷ ᠢ ᠯᠡ ᠡᠷᠬᠢᠮᠯᠡᠬᠦ ᠪᠢᠰᠢ  ᠪᠤᠯᠵᠤ᠂  ᠬᠤᠳᠠ ᠶᠢᠨ ᠰᠣᠶᠣᠯ ᠤᠨ ᠣᠨᠴᠠᠯᠢᠭ ᠢ ᠢᠯᠡᠷᠡᠭᠦᠯᠦᠭᠰᠡᠨ᠂   ᠢᠷᠡᠭᠡᠳᠦᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠬᠥᠭᠵᠢᠯᠲᠡ ᠶᠢᠨ ᠴᠢᠭᠯᠡᠯ ᠢ ᠬᠥᠭᠡᠭᠡᠴᠡᠯᠳᠦᠭᠰᠡᠨ ᠨᠢᠭᠡ ᠪᠦᠯᠦᠭ ᠨᠡᠷᠡᠳᠦ ᠪᠠᠷᠢᠯᠭ᠎ᠠ ᠴᠣᠯᠭᠤᠷᠠᠨ ᠭᠠᠷᠬᠤ ᠪᠣᠯᠤᠨ᠎ᠠ᠃ 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ