ᠬᠢᠶ᠎ᠠ ᠪᠠᠭᠰᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠬᠢᠶ᠎ᠠ ᠪᠠᠭᠰᠢ ᠳᠤ  ᠪᠦᠬᠦᠨ ᠢ ᠭᠦᠢᠴᠡᠳᠬᠡᠬᠦ︾ ᠠᠵᠢᠯ ᠢ ᠪᠦᠬᠦ ᠳᠠᠯ᠎ᠠ  ᠪᠠᠷ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2022/7/26
        ᠣᠷᠳᠣᠰ ᠬᠢᠶ᠎ᠠ ᠵᠠᠰᠠᠭ ᠠᠯᠪᠠᠨ ᠲᠠᠷᠬᠠᠭᠠᠭᠰᠠᠨ 〔2022〕 25 ᠳ᠋ᠤᠭᠠᠷ ᠲᠣᠭᠠᠲᠤ        ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ  ᠨᠥᠬᠦᠴᠡᠯ ᠢ ᠰᠢᠯᠢᠳᠡᠭᠵᠢᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ   ᠳᠣᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ︽ᠲᠡᠷᠢᠭᠦᠨ ᠤ ᠬᠢ ᠲᠠᠢ ᠬᠠᠷᠢᠴᠠᠭᠤᠯᠵᠤ᠂ ᠬᠥᠭᠡᠭᠡᠵᠦ ᠭᠦᠢᠴᠡᠨ ᠳᠠᠪᠠᠵᠤ ᠭᠠᠷᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠬᠢᠶ᠎ᠠ ᠪᠠᠭᠰᠢ ᠳᠤ ᠪᠦᠬᠦᠨ ᠢ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠤᠲᠠ ᠶᠢᠨ ᠬᠠᠮᠤᠭ ᠤᠨ ᠰᠢᠯᠢᠳᠡᠭ ᠵᠠᠰᠠᠭ ᠤᠨ ᠶᠠᠪᠤᠳᠠᠯ ᠤᠨ ᠣᠷᠴᠢᠨ ᠲᠤᠭᠤᠷᠢᠨ ᠢ ᠪᠥᠳᠦᠭᠡᠨ ᠪᠠᠶᠢᠭᠤᠯᠬᠤ ᠶᠢᠨ ᠲᠥᠯᠦᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠵᠢᠯᠤᠭᠤᠳᠬᠤ ᠰᠠᠨᠠᠯ︾᠂ ᠥᠪᠡᠷᠲᠡᠭᠡᠨ ᠵᠠᠰᠠᠬᠤ ᠣᠷᠣᠨ ᠤ ︽ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠠᠵᠢᠯᠯᠠᠭᠠᠨ ᠤ ᠲᠥᠰᠥᠯ ︵3.0 ᠲᠥᠰᠥᠯ︶︾᠂ ︽2022 ᠣᠨ ᠤ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠭᠤᠣᠯᠳᠠᠯᠭ᠎ᠠ︾ ᠪᠠ ︽ᠣᠷᠳᠣᠰ ᠬᠤᠲᠠ ᠶᠢᠨ ᠲᠡᠷᠢᠭᠦᠨ ᠤ ᠬᠢ ᠲᠠᠢ ᠬᠠᠷᠢᠴᠠᠭᠤᠯᠤᠨ  ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠠᠶᠢᠭᠤᠯᠬᠤ ᠠᠵᠢᠯᠯᠠᠭᠠᠨ ᠤ ᠲᠥᠰᠥᠯ ︵500 ᠵᠤᠷᠪᠤᠰ︶︾ ᠤᠨ ᠪᠣᠳᠠᠲᠠᠢ ᠱᠠᠭᠠᠷᠳᠠᠯᠭ᠎ᠠ ᠶᠢ ᠦᠨᠳᠦᠰᠦᠯᠡᠨ᠂ ᠡᠭᠦᠷᠭᠡ ᠨᠢᠭᠡᠪᠦᠷᠢ ᠶᠢ ᠲᠡᠷᠢᠭᠦᠨ ᠤ ᠬᠢ ᠲᠠᠢ ᠬᠠᠷᠢᠴᠠᠭᠤᠯᠬᠤ᠂ ᠲᠡᠷᠢᠭᠦᠨ ᠳᠡᠰ ᠢ ᠡᠭᠦᠳᠬᠦ ᠪᠠᠷ ᠴᠢᠷᠮᠠᠶᠢᠬᠤ ᠵᠠᠷᠴᠢᠮ ᠶᠣᠰᠣᠭᠠᠷ᠂ ᠬᠢᠶ᠎ᠠ ᠪᠠᠭᠰᠢ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃         ᠨᠢᠭᠡ᠂ ᠭᠤᠣᠯ ᠬᠠᠷᠠᠯᠲᠠ        2022 ᠣᠨ ᠳᠤ ᠬᠢᠶ᠎ᠠ ᠪᠠᠭᠰᠢ ᠲᠣᠭᠤᠷᠢᠭ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠤᠯᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠤᠷᠠᠯ ᠪᠣᠯᠣᠨ ᠪᠦᠬᠦ ᠬᠤᠲᠠ ᠶᠢᠨ ︽ᠲᠡᠷᠢᠭᠦᠨ ᠤ ᠬᠢ ᠲᠠᠢ ᠬᠠᠷᠢᠴᠠᠭᠤᠯᠵᠤ᠂ ᠬᠥᠭᠡᠭᠡᠵᠦ ᠭᠦᠢᠴᠡᠨ ᠳᠠᠪᠠᠵᠤ ᠭᠠᠷᠬᠤ︾ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠦᠬᠦ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠵᠢᠱᠢᠶ᠎ᠡ ᠦᠵᠡᠭᠦᠯᠬᠦ ᠬᠤᠰᠢᠭᠤ ᠲᠣᠭᠤᠷᠢᠭ ᠢ ᠴᠢᠷᠮᠠᠶᠢᠨ ᠡᠭᠦᠳᠬᠦ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠪᠠ ᠣᠯᠠᠨ ᠲᠦᠮᠡᠨ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ ᠲᠦᠳᠡ ᠪᠠᠶᠢᠬᠤ ᠪᠠᠷ ᠤᠳᠤᠷᠢᠳᠤᠮᠵᠢ ᠪᠣᠯᠭᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠪᠠᠷ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠨ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠳᠥᠷᠪᠡ ᠶᠢ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠢ ᠠᠬᠢᠭᠤᠯᠤᠨ᠂ ︽ᠬᠢᠶ᠎ᠠ ᠪᠠᠭᠰᠢ ᠳᠤ ᠪᠦᠬᠦᠨ ᠢ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷ᠎ᠠ ᠳᠡᠮᠳᠡᠭ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠪᠥᠬᠦ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠤᠨ᠎ᠠ᠃        ᠬᠤᠶᠠᠷ᠂ ᠭᠤᠣᠯ ᠡᠭᠦᠷᠭᠡ        ︵ᠨᠢᠭᠡ︶ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠲᠦᠷᠭᠡᠳᠬᠡᠨ ᠠᠬᠢᠭᠤᠯᠵᠤ᠂ ᠬᠢᠶ᠎ᠠ ᠪᠠᠭᠰᠢ ᠳᠤ ᠰᠦᠯᠵᠢᠶᠠᠨ ᠳᠡᠭᠡᠷ᠎ᠡ《ᠠᠮᠡᠷᠬᠠᠨ ᠭᠦᠢᠴᠡᠳᠬᠡᠬᠦ》 ᠶᠢ ᠪᠡᠶᠡᠯᠡᠭᠦᠯᠦᠨ᠎ᠡ᠃        1᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠶᠢ ᠠᠬᠢᠭᠤᠯᠬᠤ᠃ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠪᠦᠬᠦ ᠲᠤᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ  ᠶᠢ ᠨᠠᠶᠢᠷᠠᠭᠤᠯᠤᠨ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠷᠡᠶᠢᠳᠦᠯ ᠪᠠ ᠬᠡᠷᠡᠭ ᠡᠷᠬᠢᠯᠡᠬᠦ ᠵᠦᠭᠯᠡᠭᠦᠷ ᠢ ᠵᠢᠷᠣᠮᠵᠢᠭᠤᠯᠤᠨ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠷᠡᠶᠢᠳᠦᠯ᠂ ᠳ᠋ᠤᠭᠠᠷᠯᠠᠯ᠂ ᠦᠨᠳᠦᠰᠦᠯᠡᠯ᠂ ᠲᠥᠷᠥᠯ ᠬᠡᠯᠪᠡᠷᠢ ᠵᠡᠷᠭᠡ ᠦᠨᠳᠦᠰᠦᠨ ᠡᠯᠧᠮᠧᠨ᠋ᠲ ᠢ ᠭᠤᠷᠪᠠᠨ ᠱᠠᠳᠤ ᠨᠢᠭᠡᠳᠦᠯᠲᠡᠢ ᠪᠣᠯᠭᠠᠵᠤ᠂ ᠬᠡᠷᠡᠭ ᠡᠷᠬᠢᠯᠡᠬᠦ ᠵᠦᠭᠯᠡᠭᠦᠷ ᠲᠠᠬᠢ ᠴᠠᠭ ᠤᠨ ᠬᠢᠵᠠᠭᠠᠷ᠂ ᠴᠠᠭ᠂ ᠭᠠᠵᠠᠷ᠂ ᠵᠠᠭᠤᠴᠢ᠂ ᠭᠤᠶᠤᠴᠢᠯᠠᠬᠤ ᠮᠠᠲ᠋ᠧᠷᠢᠶᠠᠯ᠂ ᠴᠤᠪᠤᠷᠠᠯ᠂ ᠬᠤᠭᠤᠰᠤᠨ ᠬᠦᠰᠦᠨᠦᠭᠲᠦ᠂ ᠥᠯᠢᠭᠡᠷ ᠬᠦᠰᠦᠨᠦᠭᠲᠦ ᠵᠡᠷᠭᠡ ᠡᠯᠧᠮᠧᠨ᠋ᠲ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠶᠢᠨ ᠬᠠᠮᠲᠤ᠂ ᠵᠦᠢᠯᠡᠰ ᠤᠨ ᠨᠠᠷᠢᠨ ᠳᠠᠩᠰᠠ ᠪᠠ ᠬᠡᠷᠡᠭ ᠡᠷᠬᠢᠯᠡᠬᠦ ᠵᠦᠭᠯᠡᠭᠦᠷ  ᠤᠨ ᠬᠥᠳᠡᠯᠦᠩᠭᠦᠢ ᠲᠣᠬᠢᠷᠠᠭᠤᠯᠤᠯᠲᠠ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠰᠦᠯᠵᠢᠶ᠎ᠡ ᠪᠠᠷ ᠪᠠ ᠰᠦᠯᠵᠢᠶᠡᠨ  ᠠᠴᠠ ᠭᠠᠳᠠᠭᠤᠷ ᠢ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃        2᠂ ᠰᠢᠰᠲ᠋ᠧᠮ ᠢᠶᠠᠷ ᠵᠠᠯᠭᠠᠯᠳᠣᠭᠤᠯᠬᠤ ᠪᠠ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ  ᠴᠢᠩᠭᠠᠳᠬᠠᠬᠤ᠃ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠬᠠᠷᠢᠭᠤᠴᠠᠯᠭ᠎ᠠ ᠶᠢᠨ ᠨᠠᠷᠢᠨ ᠳᠠᠩᠰᠠ᠂ ᠬᠠᠮᠲᠤᠪᠠᠷ ᠭᠥᠷᠳᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ᠂ ᠬᠠᠩᠭᠠᠯᠭ᠎ᠠ ᠬᠡᠷᠡᠭᠴᠡᠭᠡ ᠶᠢ ᠵᠠᠯᠭᠠᠯᠳᠣᠭᠤᠯᠬᠤ ᠨᠠᠷᠢᠨ ᠳᠠᠩᠰᠠ ᠶᠢ ᠳᠠᠭᠠᠭᠠᠴᠢᠯᠠᠨ ᠠᠪᠴᠤ ᠨᠠᠶᠢᠷᠠᠭᠤᠯᠤᠨ ᠮᠡᠳᠡᠭᠦᠯᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠳᠠᠩᠰᠠᠯᠠᠵᠤ ᠳᠠᠮᠳᠡᠭᠯᠡᠨ ᠬᠤᠷᠠᠮᠳᠤᠭᠤᠯᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠨᠠᠷᠢᠯᠢᠭ ᠣᠨᠣᠴᠠᠲᠠᠢ ᠪᠠᠷ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠰᠢᠰᠲ᠋ᠧᠮ ᠢᠶᠠᠷ ᠵᠠᠯᠭᠠᠯᠳᠣᠭᠤᠯᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠨᠢ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ᠂ ᠵᠠᠰᠠᠭ ᠤᠨ ᠶᠠᠪᠤᠳᠠᠯ ᠤᠨ ᠡᠭᠦᠯᠡᠨ ᠳᠠᠪᠴᠠᠩ ᠪᠠ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢ ᠬᠠᠮᠲᠤᠪᠠᠷ ᠬᠦᠷᠲᠡᠵᠦ ᠰᠣᠯᠢᠯᠴᠠᠬᠤ ᠲᠠᠪᠴᠠᠩ ᠢᠶᠠᠷ ᠰᠠᠭᠤᠷᠢ ᠪᠤᠯᠭᠠᠨ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠶᠢᠨ ᠳᠤᠭ᠎ᠠ ᠪᠠᠷᠢᠮᠳᠠ ᠶᠢ ᠬᠠᠮᠲᠤᠪᠠᠷ ᠭᠥᠷᠳᠡᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃        3᠂ ᠡᠯᠧᠺᠲᠷᠣᠨ ᠦᠨᠡᠮᠯᠡᠯ ᠢ ᠲᠥᠪᠯᠡᠷᠡᠭᠦᠯᠦᠨ ᠬᠡᠷᠡᠭᠯᠡᠬᠦ ᠶᠢ ᠴᠢᠩᠭᠠᠷᠠᠭᠤᠯᠬᠤ᠃ ᠪᠥᠬᠦ   ᠲᠤᠭᠤᠷᠢᠭ ᠤᠨ ᠡᠯ᠎ᠡ ᠰᠠᠯᠠᠭ᠎ᠠ ᠮᠥᠴᠢᠷ ᠤᠳ ︽ᠨᠡᠶᠢᠯᠡᠬᠦᠯᠬᠦ ᠶᠣᠰᠣᠲᠠᠢ ᠶᠢ ᠨᠢ ᠴᠥᠮ ᠨᠡᠶᠢᠯᠡᠬᠦᠯᠬᠦ︾ ᠵᠠᠷᠴᠢᠮ ᠶᠣᠰᠣᠭᠠᠷ᠂ ᠡᠯ᠎ᠡ ᠲᠥᠷᠥᠯ ᠤᠨ ᠡᠯᠧᠺᠲᠷᠣᠨ ᠦᠨᠡᠮᠯᠡᠯ ᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠡᠯᠧᠺᠲᠷᠣᠨ ᠦᠨᠡᠮᠯᠡᠯ ᠤᠨ ᠬᠠᠮᠢᠶᠠᠷᠤᠯᠲᠠ ᠶᠢᠨ ᠰᠢᠰᠲ᠋ᠧᠮ ᠳᠤ ᠴᠤᠭᠯᠠᠭᠤᠯᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠤᠷᠴᠤ᠂ ᠨᠢᠭᠡᠨᠲᠡ ᠴᠤᠭᠯᠠᠭᠤᠯᠤᠭᠰᠠᠨ ᠡᠯᠧᠺᠲᠷᠣᠨ ᠦᠨᠡᠮᠯᠡᠯ ᠳᠤ ᠴᠠᠭ ᠲᠤᠬᠠᠢ ᠳᠤᠨᠢ ᠭᠠᠷ ᠤᠨ ᠥᠰᠥᠭ ᠵᠢᠷᠤᠵᠤ ᠲᠠᠮᠠᠭ᠎ᠠ ᠳᠠᠷᠤᠨ᠎ᠠ᠃ ᠬᠤᠪᠢ ᠬᠥᠮᠥᠨ ᠤ ᠪᠠᠶᠢᠩᠭᠤ ᠬᠡᠷᠡᠭᠯᠡᠬᠦ ᠦᠨᠡᠮᠯᠡᠯ ᠪᠠ ᠠᠵᠤ ᠠᠬᠤᠶᠢᠯᠠᠯ ᠳᠤ ᠬᠤᠯᠪᠣᠭᠳᠠᠬᠤ ᠦᠨᠡᠮᠯᠡᠯ ᠢ ᠡᠯᠧᠺᠲᠷᠣᠨ ᠢᠶᠠᠷ ᠬᠡᠷᠡᠭᠯᠡᠬᠦ  ᠶᠢ ᠠᠬᠢᠭᠤᠯᠵᠤ᠂ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠰᠢᠰᠲ᠋ᠧᠮ ᠨᠢ ᠪᠥᠬᠦ ᠤᠷᠤᠨ ᠤ ᠨᠢᠭᠡᠳᠦᠯᠲᠡᠢ ᠡᠯᠧᠺᠲᠷᠣᠨ ᠦᠨᠡᠮᠯᠡᠯ ᠤᠨ ᠰᠢᠰᠲ᠋ᠧᠮ ᠵᠢᠴᠢ ︽ᠮᠥᠩᠬᠡ ᠰᠣᠪᠠᠭ︾ ᠤᠨ ᠨᠡᠬᠦᠳᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠡᠯᠧᠺᠲᠷᠣᠨ ᠦᠨᠡᠮᠯᠡᠯ ᠲᠠᠢ ᠵᠠᠯᠭᠠᠯᠳᠣᠭᠤᠯᠵᠣ ᠬᠠᠮᠲᠤᠪᠠᠷ ᠭᠥᠷᠳᠡᠬᠦ ᠦᠢᠯᠡᠴᠢᠯᠡᠭᠡ ᠶᠢ  ᠪᠡᠶᠡᠯᠡᠭᠦᠯᠦᠨ᠂ ᠦᠨᠡᠮᠯᠡᠯ ᠢ ᠬᠢᠨᠠᠨ ᠰᠢᠯᠭᠠᠬᠤ᠂ ᠦᠨᠡᠮᠯᠡᠯ ᠢ ᠢᠯᠡ ᠪᠣᠯᠭᠠᠬᠤ᠂ ᠪᠠᠶᠢᠴᠠᠭᠠᠨ ᠯᠠᠪᠯᠠᠬᠤ᠂ ᠡᠷᠬᠡ ᠣᠯᠭᠤᠬᠤ᠂ ᠳᠠᠭᠠᠯᠳᠤᠭᠤᠯᠤᠯ ᠢ ᠪᠠᠭᠤᠯᠭᠠᠬᠤ ᠵᠡᠷᠭᠡ ᠴᠢᠳᠠᠮᠵᠢ ᠶᠢ ᠪᠡᠶᠡᠯᠡᠭᠦᠯᠵᠦ᠂ ᠬᠡᠷᠡᠭ ᠶᠠᠪᠤᠳᠠᠯ ᠢ ᠭᠦᠢᠴᠡᠳᠬᠡᠬᠦ ᠳᠤ ᠬᠡᠷᠡᠭᠰᠡᠬᠦ ᠮᠡᠳᠡᠭᠡ ᠵᠠᠩᠭᠢ ᠶᠢ ᠥᠯᠥ ᠲᠠᠭᠯᠠᠬᠤ᠂ ᠦᠨᠡᠮᠯᠡᠯ ᠢ ᠥᠯᠥ ᠲᠤᠰᠢᠶᠠᠬᠤ ᠶᠢ ᠠᠬᠢᠭᠤᠯᠤᠨ᠎ᠠ᠃        4᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠦᠷ᠎ᠡ ᠪᠦᠳᠦᠮᠵᠢ ᠶᠢ ᠳᠡᠭᠡᠭᠰᠢᠯᠡᠬᠦᠯᠬᠦ᠃ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠠᠵᠢᠯ ᠶᠠᠪᠤᠳᠠᠯ ᠭᠦᠢᠴᠡᠳᠬᠡᠬᠦ  ᠶᠠᠪᠤᠴᠠ ᠶᠢ ᠴᠣᠮᠬᠠᠳᠬᠠᠬᠤ ᠡᠷᠴᠢᠮ ᠪᠠ ᠴᠤᠪᠤᠷᠠᠯ ᠢ ᠳᠠᠬᠢᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠵᠤ ᠲᠣᠭᠲᠠᠭᠠᠬᠤ᠂ ᠦᠷ᠎ᠡ ᠳ᠋ᠦᠩ ᠢ ᠬᠦᠷᠭᠡᠬᠦ ᠵᠡᠷᠭᠡ ᠪᠥᠬᠦ ᠴᠤᠪᠤᠷᠠᠯ᠂ ᠪᠥᠬᠦ  ᠶᠠᠪᠤᠴᠠ ᠶᠢ ᠰᠦᠯᠵᠢᠶᠡᠨ ᠳᠡᠭᠡᠷ᠎ᠡ ᠦᠢᠯᠡᠴᠢᠯᠡᠬᠦ ᠶᠢ ᠬᠠᠩᠭᠠᠨ᠂ ᠵᠢᠯ ᠤᠨ ᠡᠴᠦᠰ ᠠᠴᠠ ᠡᠮᠦᠨ᠎ᠡ 70%  ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠠᠬᠢᠭᠤᠯᠵᠤ᠂ ᠰᠦᠯᠵᠢᠶᠡᠨ ᠳᠡᠭᠡᠷ᠎ᠡ ᠭᠦᠢᠴᠡᠳᠬᠡᠬᠦ ᠳᠤ ᠲᠣᠬᠢᠷᠠᠬᠤ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠪᠤᠯᠬᠤ ᠪᠠᠶᠢᠭᠰᠠᠨ ᠠᠴᠠ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠳᠠᠰᠢ ᠬᠤᠪᠢᠷᠠᠭᠤᠯᠤᠨ᠎ᠠ᠃        ︵ᠬᠤᠶᠠᠷ︶  ᠠᠯᠠᠭᠠᠨ ᠳᠡᠭᠡᠷ᠎ᠡ ᠬᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠵᠦ᠂ ᠬᠢᠶ᠎ᠠ ᠪᠠᠭᠰᠢ ᠳᠤ ᠠᠯᠠᠭᠠᠨ ᠳᠡᠭᠡᠷ᠎ᠡ 《ᠬᠦᠢᠴᠡᠳᠬᠡᠵᠦ ᠲᠡᠶᠢᠯᠬᠦ 》 ᠶᠢ ᠪᠡᠶᠡᠯᠡᠭᠦᠯᠦᠨ᠎ᠡ᠃        5᠂ ᠤᠬᠠᠭᠤᠯᠤᠨ ᠳᠡᠯᠭᠡᠷᠡᠭᠦᠯᠬᠦ ᠶᠢ ᠢᠳᠡᠪᠬᠢᠲᠡᠢ ᠥᠷᠨᠢᠭᠦᠯᠬᠦ᠃ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠵᠡᠭᠡᠯᠢ ᠭᠤᠳᠤᠮᠵᠢ ᠲᠣᠰ ᠨᠢᠭᠡᠴᠢ ᠶᠢᠨ ᠢᠶᠠᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠠᠴᠢᠶᠠᠯᠠᠪᠤᠷᠢ ᠳᠤ ᠲᠦᠰᠢᠭᠯᠡᠨ᠂ ᠵᠢᠷᠤᠭ ᠪᠢᠴᠢᠭ ᠂  ᠸᠢᠳᠢᠣ᠋᠂ ᠺᠠᠷᠲ᠋ᠣᠨ ᠵᠢᠷᠤᠭ ᠵᠡᠷᠭᠡ ᠣᠯᠠᠨ ᠵᠦᠢᠯ ᠤᠨ ᠬᠡᠯᠪᠡᠷᠢ ᠪᠠᠷ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷ ᠢ ᠬᠠᠷᠢᠯᠴᠠᠨ ᠤᠶᠠᠯᠳᠤᠭᠤᠯᠬᠤ᠂  ᠡᠯ᠎ᠡ ᠵᠦᠢᠯ ᠤᠨ ᠵᠠᠷ ᠮᠡᠳᠡᠭᠡ ᠪᠠᠷ ᠬᠠᠪᠰᠤᠷᠤᠮᠵᠢ ᠪᠣᠯᠭᠠᠬᠤ ᠵᠠᠭᠪᠤᠷ ᠢᠶᠠᠷ ᠳᠠᠮᠵᠢᠭᠤᠯᠤᠨ᠂ ︽ᠮᠥᠩᠬᠡ ᠰᠣᠪᠠᠭ︾ APP ᠶᠢᠨ ᠴᠢᠳᠠᠮᠵᠢ ᠪᠠ ᠬᠡᠷᠡᠭᠯᠡᠬᠦ ᠳᠤ ᠲᠥᠬᠦᠮ ᠴᠢᠨᠠᠷ ᠢ ᠤᠬᠠᠭᠤᠯᠤᠨ ᠳᠡᠯᠭᠡᠷᠡᠭᠦᠯᠵᠦ᠂ ᠰᠢᠨ᠎ᠡ ᠬᠡᠷᠡᠭᠯᠡᠭᠴᠢ ᠶᠢᠨ ᠬᠡᠮᠵᠢᠶ᠎ᠡ ᠶᠢᠨ ᠨᠡᠮᠡᠭᠳᠡᠯ ᠢ ᠳᠠᠶᠢᠴᠢᠯᠠᠨ᠎ᠠ᠃        6᠂ ᠣᠯᠠᠨ ᠨᠡᠶᠢᠲᠡ ᠶᠢᠨ ᠦᠢᠯᠡᠴᠢᠯᠡᠭᠡᠨ ᠤ ᠴᠤᠭᠯᠠᠷᠠᠯ ᠢ ᠠᠬᠢᠭᠤᠯᠬᠤ᠃ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠵᠡᠭᠡᠯᠢ ᠭᠤᠳᠤᠮᠵᠢ ︽ᠵᠠᠯᠭᠠᠨ ᠤᠷᠤᠭᠤᠯᠵᠤ  ᠪᠣᠯᠬᠤ ᠶᠢ ᠵᠠᠪᠠᠯ ᠵᠠᠯᠭᠠᠵᠤ ᠤᠷᠤᠭᠤᠯᠬᠤ᠂ ᠵᠠᠯᠭᠠᠵᠤ ᠤᠷᠤᠭᠤᠯᠬᠤ ᠶᠣᠰᠣᠲᠠᠢ ᠶᠢ ᠨᠢ ᠴᠥᠮ ᠵᠠᠯᠭᠠᠵᠤ ᠤᠷᠤᠭᠤᠯᠬᠤ︾ ᠵᠠᠷᠴᠢᠮ ᠶᠣᠰᠣᠭᠠᠷ ᠂ ᠮᠠᠨ ᠤ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠣᠳᠣᠬᠠᠨ ᠳᠤ ᠵᠠᠯᠭᠠᠨ ᠣᠷᠣᠭᠤᠯᠵᠤ ᠪᠣᠯᠬᠤ ᠣᠨᠴᠠᠯᠢᠭᠲᠤ ᠬᠡᠷᠡᠭᠯᠡᠭᠡ ᠶᠢ ᠪᠦᠬᠦᠨ ᠢ ︽ᠮᠥᠩᠬᠡ ᠰᠣᠪᠠᠭ︾ APP ᠳᠤ ᠵᠠᠯᠭᠠᠨ ᠣᠷᠣᠭᠤᠯᠤᠨ᠎ᠠ᠃ ᠡᠭᠦᠨ ᠤ ᠬᠠᠮᠲᠤ ᠬᠡᠷᠡᠭᠯᠡᠭᠴᠢ ᠶᠢᠨ ᠲᠠᠯ᠎ᠠ ᠠᠴᠠ ᠪᠤᠳᠤᠯᠬᠢᠯᠠᠵᠤ᠂ ᠡᠮᠴᠢᠯᠡᠵᠦ ᠡᠮᠨᠡᠭᠦᠯᠬᠦ᠂ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠂ ᠠᠵᠢᠯ ᠡᠷᠢᠵᠦ ᠠᠵᠢᠯ ᠣᠯᠬᠤ᠂ ᠭᠡᠷ ᠤᠨ ᠶᠠᠪᠤᠳᠠᠯ ᠤᠨ ᠦᠢᠯᠡᠴᠢᠯᠡᠭᠡ᠂ ᠤᠰᠤ ᠴᠠᠬᠢᠯᠭᠠᠨ ᠬᠡᠢ ᠳᠤᠯᠠᠭᠠᠯᠭ᠎ᠠ ᠠᠮᠢᠳᠤᠷᠠᠯ ᠤᠨ ᠰᠦᠢᠳᠬᠡᠯ ᠲᠤᠰᠢᠶᠠᠬᠤ ᠵᠡᠷᠭᠡ ᠠᠵᠤ ᠠᠬᠤᠶᠢᠯᠠᠯ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠣᠨᠴᠠᠯᠢᠭᠲᠤ ᠬᠡᠷᠡᠭᠯᠡᠭᠡ ᠶᠢ ᠲᠠᠰᠤᠷᠠᠯᠲᠠ ᠦᠭᠡᠢ ᠨᠡᠭᠡᠭᠡᠨ ᠬᠥᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠬᠦᠳᠡᠯ ᠬᠤᠯᠪᠣᠭᠠᠨ ᠳᠡᠭᠡᠷ᠎ᠡ ᠭᠦᠢᠴᠡᠳᠬᠡᠵᠦ ᠪᠣᠯᠬᠤ ᠬᠠᠷᠢᠴᠠᠯ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃        7᠂ ︽ᠮᠥᠩᠬᠡ ᠰᠣᠪᠠᠭ︾ APP ᠶᠢᠨ ᠬᠡᠷᠡᠭᠯᠡᠭᠡᠨ ᠤ ᠦᠷ᠎ᠡ ᠪᠦᠲᠦᠮᠵᠢ ᠶᠢ  ᠥᠷᠭᠡᠳᠬᠡᠬᠦ᠃ PC ᠦᠵᠦᠭᠦᠷ ᠬᠢᠭᠡᠳ ᠨᠡᠬᠦᠳᠡᠯ ᠬᠤᠯᠪᠣᠭᠠᠨ ᠤ ᠦᠵᠦᠭᠦᠷ ᠤᠨ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠲᠤᠪᠠᠷ ᠬᠦᠷᠲᠡᠵᠦ ᠰᠣᠯᠢᠯᠴᠠᠬᠤ ᠶᠢ ᠠᠬᠢᠭᠤᠯᠵᠤ᠂ ᠡᠯᠧᠺᠲᠷᠣᠨ ᠦᠨᠡᠮᠯᠡᠯ ᠢ ︽ᠮᠥᠩᠬᠡ ᠰᠤᠪᠠᠭ︾ ᠨᠡᠬᠦᠳᠠᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠬᠡᠷᠡᠭᠯᠡᠬᠦ ᠶᠢ ᠴᠢᠩᠭᠠᠳᠬᠠᠨ᠂ ᠬᠡᠷᠡᠭᠯᠡᠭᠴᠢᠳ ᠦᠨᠡᠮᠯᠡᠯ ᠢᠯᠡᠷᠡᠭᠦᠯᠬᠦ᠂ ᠺᠣᠳ᠋ ᠰᠢᠷᠪᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠲᠥᠬᠦᠮ ᠦᠵᠡᠭᠦᠯᠦᠨ᠎ᠡ᠃ ︽ᠮᠥᠩᠬᠡ ᠰᠤᠪᠠᠭ︾  APP ᠶᠢᠨ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠶᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠵᠠᠯᠭᠠᠭᠠᠳᠠᠰᠤ ᠶᠢᠨ ᠲᠣᠭᠲᠠᠪᠤᠷᠢᠲᠤ ᠴᠢᠨᠠᠷ ᠪᠠ ᠲᠤᠭ᠎ᠠ ᠪᠠᠷᠢᠮᠲᠠ ᠶᠢᠨ ᠠᠶᠤᠯᠬᠦᠢ ᠴᠢᠨᠠᠷ ᠢ ᠪᠠᠲᠤᠯᠠᠨ᠂ ᠣᠨᠴᠠᠯᠢᠭᠲᠤ ᠬᠡᠷᠡᠭᠯᠡᠭᠡᠨ ᠤ ᠥᠨᠳᠥᠷ ᠪᠦᠲᠦᠮᠵᠢᠲᠡᠶ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠣᠯᠠᠨ ᠲᠦᠮᠡᠨ ᠳᠤ ᠨᠡᠭᠦᠳᠡᠯ ᠬᠤᠯᠪᠣᠭᠠᠨ ᠤ ᠦᠵᠦᠭᠦᠷ ᠤᠨ ᠠᠵᠢᠯ ᠶᠠᠪᠤᠳᠠᠯ ᠭᠦᠢᠴᠡᠳᠬᠡᠬᠦ ᠶᠢᠨ ᠲᠥᠬᠦᠮ ᠴᠢᠨᠠᠷ ᠢ ᠦᠨᠡᠨᠬᠦ ᠮᠡᠳᠡᠷᠡᠭᠦᠯᠦᠨ᠎ᠡ᠃        ︵ᠭᠤᠷᠪᠠ︶ ᠬᠤᠷᠠᠮᠠᠯ ᠮᠠᠶ᠋ᠢᠭ ᠤᠨ ᠦᠢᠯᠡᠴᠢᠯᠡᠭᠡ ᠶᠢ ᠲᠦᠷᠭᠡᠳᠬᠡᠨ ᠠᠬᠢᠭᠤᠯᠵᠤ᠂ ᠬᠢᠶ᠎ᠠ ᠪᠠᠭᠰᠢ ᠳᠤ ᠨᠢᠭᠡ ᠣᠳᠠᠭ᠎ᠠ ᠳᠡᠭᠡᠷ᠎ᠡ《 ᠲᠦᠷᠭᠡᠨ ᠬᠦᠢᠴᠡᠳᠬᠡᠬᠦ》 ᠶᠢ ᠪᠡᠶᠡᠯᠡᠭᠦᠯᠦᠨ᠎ᠡ᠃         8᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠵᠢᠭᠦᠯᠬᠦ᠃ ᠣᠯᠠᠨ ᠲᠦᠮᠡᠨ ᠤ ᠠᠮᠢᠳᠤᠷᠠᠯ ᠪᠠ ᠠᠵᠤ ᠠᠬᠤᠶᠢᠯᠠᠯ ᠤᠨ ᠦᠢᠯᠡᠴᠢᠯᠡᠭᠡᠨ ᠤ ᠲᠣᠭᠤᠷᠢᠨ ᠳᠤ᠂ ︽ᠶᠠᠪᠤᠴᠠ ᠶᠢ ᠴᠥᠭᠡᠳᠬᠡᠬᠦ᠂ ᠮᠠᠲ᠋ᠧᠷᠢᠶᠠᠯ ᠢ ᠴᠥᠭᠡᠳᠬᠡᠬᠦ᠂ ᠴᠠᠭ ᠤᠨ ᠬᠢᠵᠠᠭᠠᠷ ᠢ ᠤᠬᠤᠷᠳᠠᠭᠤᠯᠬᠤ᠂ ᠵᠠᠷᠤᠳᠠᠯ ᠢ ᠪᠠᠭᠠᠰᠬᠠᠬᠤ︾ ᠱᠠᠭᠠᠷᠳᠠᠯᠭ᠎ᠠ ᠶᠣᠰᠣᠭᠠᠷ᠂ ︽ᠨᠢᠭᠡ ᠬᠠᠭᠤᠳᠠᠰᠤ ᠬᠦᠰᠦᠨᠦᠭᠲᠦ︾ ᠶᠢᠨ ᠭᠤᠶᠤᠴᠢᠯᠠᠬᠤ᠂ ︽ᠨᠢᠭᠡ ᠢᠵᠢ ᠮᠠᠲ᠋ᠧᠷᠢᠶᠠᠯ︾ ᠢ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ 103 ︽ᠨᠢᠭᠡ ᠶᠠᠪᠤᠳᠠᠯ︾ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠭᠦᠢᠴᠡᠳᠬᠡᠬᠦ ᠬᠡᠪᠴᠢᠶ᠎ᠡ ᠶᠢ ᠥᠷᠭᠡᠳᠬᠡᠵᠦ᠂ ᠮᠠᠨ ᠤ ᠲᠤᠭᠤᠷᠢᠭ ᠲᠠᠢ ᠬᠤᠯᠪᠣᠭᠳᠠᠬᠤ 8 ᠵᠦᠢᠯ ᠤᠨ ᠳᠠᠬᠢᠨ ᠳᠠᠪᠳᠠᠨ ᠠᠷᠪᠢᠨ ᠤᠳᠠᠭ᠎ᠠ ᠬᠦᠢᠴᠡᠳᠬᠡᠬᠦ ︽ᠨᠢᠭᠡ ᠶᠠᠪᠤᠳᠠᠯ︾ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ᠃ ᠡᠭᠦᠨ ᠤ ᠬᠠᠮᠲᠤ ︽ᠠᠵᠤ ᠠᠬᠤᠶᠢᠯᠠᠯ ᠤᠨ ᠳᠠᠩᠰᠠ ᠠᠴᠠ ᠬᠠᠰᠣᠬᠤ ᠨᠢᠭᠡ ᠶᠠᠪᠤᠳᠠᠯ︾ ᠵᠡᠷᠭᠡ ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠳᠠᠬᠢᠨ ᠳᠠᠪᠳᠠᠨ ᠠᠷᠪᠢᠨ ᠤᠳᠠᠭ᠎ᠠ ᠬᠦᠢᠴᠡᠳᠬᠡᠬᠦ ︽ᠨᠢᠭᠡ ᠶᠠᠪᠤᠳᠠᠯ︾ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠵᠢᠯ ᠤᠨ ᠡᠴᠦᠰ ᠠᠴᠠ ᠡᠮᠦᠨ᠎ᠡ ᠪᠠᠭ᠎ᠠ ᠳᠠᠭᠠᠨ 2 ᠵᠦᠢᠯ ᠤᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠳᠠᠬᠢᠨ ᠳᠠᠪᠳᠠᠨ ᠠᠷᠪᠢᠨ ᠤᠳᠠᠭ᠎ᠠ ᠬᠦᠢᠴᠡᠳᠬᠡᠬᠦ ︽ᠨᠢᠭᠡ ᠶᠠᠪᠤᠳᠠᠯ︾ ᠢ ᠰᠢᠨ᠎ᠡ ᠪᠠᠷ ᠨᠡᠮᠡᠭᠳᠡᠭᠦᠯᠦᠨ᠎ᠡ᠃        9᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠪᠥᠬᠦ ᠴᠤᠪᠤᠷᠠᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠰᠥᠪᠡᠭᠴᠢᠯᠡᠬᠦ᠃ ᠪᠦᠬᠦ ᠲᠤᠭᠤᠷᠢᠭ ᠤᠨ ᠬᠡᠪᠴᠢᠶᠡᠨ ᠳᠠᠬᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠢ ︽ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠲᠠᠢ ᠵᠠᠯᠭᠠᠯᠳᠣᠭᠤᠯᠵᠣ᠂ ︽ᠨᠢᠭᠡ ᠶᠠᠪᠤᠳᠠᠯ︾  ᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠴᠢᠷ ᠶᠠᠪᠤᠳᠠᠯ ᠢ ᠭᠦᠢᠴᠡᠳᠬᠡᠬᠦ ᠶᠢ ᠬᠥᠲᠥᠯᠥᠨ ᠵᠢᠯᠤᠭᠤᠳᠬᠤ ᠬᠠᠮᠢᠶᠠᠷᠤᠯᠲᠠ᠂ ᠬᠢᠨᠠᠨ ᠵᠥᠪᠰᠢᠶᠡᠷᠡᠬᠦ ᠴᠤᠪᠤᠷᠠᠯ ᠲᠣᠬᠢᠷᠠᠭᠤᠯᠤᠯᠲᠠ᠂ ᠬᠦᠰᠦᠨᠦᠭᠲᠦ  ᠮᠠᠲ᠋ᠧᠷᠢᠶᠠᠯ ᠢ ᠠᠦ᠋ᠲ᠋ᠣ᠋ ᠬᠤᠪᠢᠶᠠᠨ ᠲᠠᠷᠬᠠᠭᠠᠬᠤ᠂ ᠨᠢᠭᠡᠳᠦᠯᠲᠡᠢ ᠦᠨᠡᠮᠯᠡᠯ ᠣᠯᠭᠤᠬᠤ ᠵᠡᠷᠭᠡ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠦᠨ᠂ ᠡᠯᠧᠺᠲᠷᠣᠨ ᠦᠨᠡᠮᠯᠡᠯ᠂ ᠡᠯᠧᠺᠲᠷᠣᠨ ᠭᠠᠷ ᠤᠨ ᠥᠰᠥᠭ᠂ ᠡᠯᠧᠺᠲᠷᠣᠨ ᠲᠠᠮᠠᠭ᠎ᠠ᠂ ᠡᠯᠧᠺᠲᠷᠣᠨ ᠮᠠᠲ᠋ᠧᠷᠢᠶᠠᠯ᠂ ᠦᠨᠡᠨ ᠨᠡᠷ᠎ᠡ ᠪᠠᠷ ᠢᠶᠠᠨ ᠬᠢᠨᠠᠨ ᠰᠢᠯᠭᠠᠬᠤ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ︽ᠨᠡᠶᠢᠯᠡᠭᠦᠯᠦᠨ ᠬᠤᠯᠪᠣᠬᠤ︾ ᠬᠢᠨᠠᠨ ᠵᠥᠪᠰᠢᠶᠡᠷᠡᠬᠦ ᠶᠢ ᠴᠢᠩᠭᠠᠷᠠᠭᠤᠯᠤᠨ᠂ ᠰᠦᠯᠵᠢᠶᠡᠨ ᠳᠡᠭᠡᠷ᠎ᠡ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠡᠯᠧᠺᠲᠷᠣᠨ ᠡᠷᠭᠢᠯᠳᠦᠭᠦᠯᠬᠦ᠂ ᠨᠡᠶᠢᠯᠡᠭᠦᠯᠦᠨ ᠬᠤᠯᠪᠣᠬᠤ ᠬᠢᠨᠠᠨ ᠵᠥᠪᠰᠢᠶᠡᠷᠡᠬᠦ᠂ ᠨᠢᠭᠡᠳᠦᠯᠲᠡᠢ ᠦᠨᠡᠮᠯᠡᠯ ᠣᠯᠭᠤᠬᠤ︾ ᠬᠤᠷᠠᠮᠠᠯ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠪᠡᠶᠡᠯᠡᠭᠦᠯᠦᠨ᠎ᠡ᠃        10᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠰᠦᠯᠵᠢᠶᠡᠨ ᠠᠴᠠ  ᠭᠠᠳᠠᠭᠤᠷᠬᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠬᠦ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠢᠩᠬᠢᠮ ᠪᠠ ᠵᠡᠭᠡᠯᠢ ᠭᠤᠳᠤᠮᠵᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠬᠦᠯᠵᠦ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠴᠣᠩᠬᠤᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠲᠤᠰᠬᠠᠢ ᠮᠡᠷᠭᠡᠵᠢᠯ ᠤᠨ ᠡᠩᠨᠡᠭᠡ ᠶᠢ ᠪᠦᠷᠢᠨ ᠭᠦᠢᠴᠡᠳ ᠴᠢᠩᠭ᠎ᠠ  ᠳᠣᠬᠢᠷᠠᠭᠤᠯᠤᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠤᠯᠪᠠᠰᠣᠷᠠᠯ ᠢ  ᠴᠢᠩᠭᠠᠳᠬᠠᠨ᠂ ᠠᠵᠤ ᠠᠬᠤᠶᠢᠯᠠᠯ ᠣᠯᠠᠨ ᠲᠦᠮᠡᠨ ᠳᠤ ᠶᠡᠷᠦᠩᠬᠡᠶᠢᠯᠡᠭᠰᠡᠨ ᠮᠠᠲ᠋ᠧᠷᠢᠶᠠᠯ ᠬᠤᠷᠢᠶᠠᠬᠤ᠂ ᠲᠤᠬᠠᠢ ᠶᠢᠨ ᠲᠠᠯᠠᠪᠤᠷ ᠲᠤ ᠬᠥᠲᠥᠯᠥᠨ ᠵᠢᠯᠤᠭᠤᠳᠬᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠵᠤ᠂ ᠮᠡᠳᠡᠭᠳᠡᠬᠦ ᠠᠮᠠᠯᠳᠠᠬᠤ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠶᠢ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠳᠠᠰᠢ ᠥᠷᠭᠡᠳᠭᠡᠨ᠂ ︽ᠡᠮᠦᠨ᠎ᠡ ᠲᠠᠪᠴᠠᠩ  ᠳᠤ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ  ᠳᠤ ᠨᠡᠶᠢᠯᠡᠭᠦᠯᠦᠨ ᠬᠢᠨᠠᠨ ᠵᠥᠪᠰᠢᠶᠡᠷᠡᠬᠦ᠂ ᠳᠣᠲᠣᠭᠠᠳᠤ ᠳᠠᠭᠠᠨ ᠡᠷᠭᠢᠯᠳᠦᠭᠦᠯᠦᠨ ᠣᠷᠣᠯᠠᠨ ᠭᠦᠢᠴᠡᠳᠬᠡᠬᠦ᠂ ᠨᠢᠭᠡᠳᠦᠯᠲᠡᠢ ᠴᠣᠩᠬᠤ ᠪᠠᠷ ᠮᠠᠲ᠋ᠧᠷᠢᠶᠠᠯ ᠭᠠᠷᠭᠠᠬᠤ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠢ ᠳᠤᠲᠠᠭᠤ ᠭᠦᠶᠦᠯᠭᠡᠨ᠎ᠡ᠃        ︵ᠳᠥᠷᠪᠡ︶ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠣᠭᠲᠠᠴᠠ ᠶᠢ ᠲᠦᠷᠭᠡᠪᠴᠢᠯᠡᠨ ᠬᠡᠷᠡᠭᠵᠢᠭᠦᠯᠵᠦ᠂ ᠬᠢᠶ᠎ᠠ ᠪᠠᠭᠰᠢ ᠳᠤ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠠᠵᠢᠯ ᠢ ︽ᠪᠡᠶᠡᠯᠡᠭᠦᠯᠬᠦ ᠳᠤ ᠠᠮᠠᠷᠬᠠᠨ︾ ᠪᠠᠶᠢᠬᠤ ᠶᠢ ᠪᠡᠶᠡᠯᠡᠭᠦᠯᠦᠨ᠎ᠡ᠃        11᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠴᠢᠳᠠᠮᠵᠢ ᠶᠢ ᠳᠡᠭᠦᠯᠳᠡᠷᠵᠢᠭᠦᠯᠬᠦ᠃ ᠰᠠᠯᠠᠭ᠎ᠠ ᠮᠥᠴᠢᠷ ᠤᠨ ᠬᠤᠭᠤᠷᠣᠨᠳᠤ ᠪᠠᠨ ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠳᠡᠭᠦᠯᠳᠡᠷᠵᠢᠭᠦᠯᠦᠨ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠤᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠨᠠᠷᠢᠯᠢᠭᠵᠢᠭᠤᠯᠵᠤ᠂ ᠨᠡᠶᠢᠲᠡᠯᠡᠬᠦ ᠵᠦᠢᠯᠡᠰ ᠤᠨ ᠨᠠᠷᠢᠨ ᠳᠠᠩᠰᠠ ᠪᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠲᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠲᠤᠰᠬᠠᠢ ᠲᠤᠰᠢᠶᠠᠯᠲᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠡᠩᠨᠡᠭᠡ ᠶᠢᠨ ᠬᠦᠴᠦᠨ ᠢ ᠲᠡᠭᠦᠯᠳᠡᠷᠵᠢᠭᠦᠯᠦᠨ᠂ ᠴᠢᠬᠤᠯᠠ ᠶᠡᠭᠡ ᠲᠥᠷᠥᠯ ᠵᠦᠢᠯ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠵᠢᠴᠢ ᠨᠠᠰᠤᠲᠠᠶᠢᠴᠤᠳ᠂ ᠵᠡᠮᠳᠡᠭᠴᠦᠳ ᠵᠡᠷᠭᠡ ᠤᠨᠴᠠᠭᠠᠢ ᠬᠠᠮᠳᠣᠯᠢᠭ ᠲᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃        12᠂ ᠦᠢᠯᠡᠴᠢᠯᠡᠭᠡᠨ ᠤ ᠵᠠᠭᠪᠤᠷ ᠢ ᠰᠢᠨᠡᠴᠢᠯᠡᠬᠦ᠃ ︽ᠴᠣᠩᠬᠤ ᠶᠢ ᠤᠷᠤᠭᠰᠢ ᠰᠢᠯᠵᠢᠭᠦᠯᠬᠦ᠂ ᠭᠤᠷᠪᠠ ᠶᠢ ᠬᠦᠷᠭᠡᠵᠦ ᠨᠢᠭᠡ ᠶᠢ ᠳᠡᠭᠡᠭᠰᠢᠯᠡᠭᠦᠯᠬᠦ︾ ᠠᠵᠢᠯ ᠤᠨ ᠠᠷᠭ᠎ᠠ ᠬᠡᠮᠵᠢᠶ᠎ᠡ ᠠᠪᠴᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠤᠰᠬᠠᠢ ᠠᠩᠭᠢ ᠶᠢ ᠦᠢᠯᠡᠴᠢᠯᠡᠭᠡᠨ ᠤ ᠴᠣᠩᠬᠤ ᠪᠠᠨ ᠠᠵᠤ ᠠᠬᠤᠶᠢᠯᠠᠯ ᠳᠤ ᠰᠢᠯᠵᠢᠭᠦᠯᠵᠦ᠂ ︽ᠲᠤᠬᠠᠢ ᠶᠢᠨ ᠲᠠᠯᠠᠪᠤᠷ ᠲᠤ ᠬᠦᠷᠴᠦ᠂ ᠬᠢᠨᠠᠨ ᠵᠥᠪᠰᠢᠶᠡᠷᠡᠬᠦ ᠪᠠᠷ ᠣᠴᠢᠬᠤ᠂ ᠠᠵᠢᠯ ᠡᠬᠢᠯᠡᠭᠦᠯᠬᠦ ᠶᠢ ᠠᠬᠢᠭᠤᠯᠬᠤ︾ ᠠᠵᠢᠯ ᠢ ᠥᠷᠨᠢᠭᠦᠯᠦᠨ᠂  ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷ ᠢ ᠨᠡᠶᠢᠯᠡᠭᠦᠯᠬᠦ ᠪᠠᠷ ᠳᠠᠮᠵᠢᠭᠤᠯᠤᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠬᠦᠷᠭᠡᠵᠦ᠂ ᠪᠦᠯᠬᠦᠮ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠠᠶ ᠶᠢᠨ ᠬᠤᠷᠠᠯ ᠳᠤ ᠦᠢᠯᠡᠴᠢᠯᠡᠬᠦ᠂ ᠵᠥᠪᠳᠡᠯᠴᠡᠨ ᠬᠠᠮᠲᠤᠷᠠᠨ ᠬᠢᠨᠠᠬᠤ᠂ ᠲᠣᠭᠲᠠᠮᠠᠯ ᠬᠤᠭᠤᠴᠠᠭ᠎ᠠ  ᠲᠠᠢ  ᠪᠠᠷ ᠲᠣᠬᠢᠷᠠᠭᠤᠯᠬᠤ᠂ ︽ᠰᠠᠭᠠᠳ ᠦᠭᠡᠢ ᠨᠡᠪᠲᠡᠷᠡᠬᠦ ᠵᠠᠮ︾ ᠢ ᠬᠢᠨᠠᠨ ᠵᠥᠪᠰᠢᠶᠡᠷᠡᠬᠦ ᠵᠡᠷᠭᠡ ᠦᠢᠯᠡᠴᠢᠯᠡᠭᠡ ᠪᠠᠷ ᠳᠠᠮᠵᠢᠭᠤᠯᠤᠨ ︽ᠨᠢᠭᠡ ᠲᠥᠷᠥᠯ ᠵᠦᠢᠯ᠂ ᠨᠢᠭᠡ ᠪᠠᠭ ᠬᠦᠮᠦᠰ᠂ ᠨᠢᠭᠡ ᠪᠠᠶᠢᠯᠳᠤᠭᠠᠨ ᠤ ᠵᠢᠷᠤᠭ᠂ ᠨᠢᠭᠡ ᠬᠤᠪᠢ ᠬᠠᠷᠢᠭᠤᠴᠠᠯᠭ᠎ᠠ ᠶᠢᠨ ᠬᠠᠭᠤᠳᠠᠰᠤ︾ ᠶᠢᠨ ᠠᠬᠢᠭᠤᠯᠬᠤ ᠲᠣᠭᠲᠠᠴᠠ  ᠶᠢ ᠪᠠᠶᠢᠭᠤᠯᠵᠤ᠂ ᠥᠪᠡᠷᠮᠢᠴᠡ ᠴᠢᠨᠠᠷ ᠲᠠᠢ ᠪᠠᠷ ᠲᠣᠭᠲᠠᠭᠠᠨ ᠦᠶᠯᠡᠳᠬᠦ ᠶᠢ ᠬᠡᠷᠡᠭᠵᠢᠭᠦᠯᠵᠦ᠂ ︽ᠲᠡᠷᠢᠭᠦᠨ ᠤ ᠦᠢᠯᠡᠴᠢᠯᠡᠭᠡᠨ ᠤ ᠲᠤᠰᠬᠠᠢ ᠲᠤᠰᠢᠶᠠᠯᠲᠠᠨ︾ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ︽ᠨᠢᠭᠡ ᠠᠵᠤ ᠠᠬᠤᠶᠢᠯᠠᠯ ᠨᠢᠭᠡ ᠲᠠᠩᠰᠠ ᠡᠪᠬᠡᠮᠡᠯ︾ ᠤᠨ ᠲᠣᠭᠲᠠᠴᠠ ᠶᠢ ᠰᠢᠯᠢᠳᠡᠭᠵᠢᠭᠦᠯᠦᠨ᠂ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠵᠤ ᠂ ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠪᠠᠷ ᠣᠷᠣᠯᠠᠨ ᠭᠦᠢᠴᠡᠳᠬᠡᠬᠦ᠂ ᠬᠠᠯᠠᠭᠤᠨ ᠳᠣᠲᠣᠨᠣ ᠪᠠᠷ ᠬᠠᠪᠰᠤᠷᠤᠨ ᠭᠦᠢᠴᠡᠳᠬᠡᠬᠦ ᠦᠢᠯᠡᠴᠢᠯᠡᠭᠡ  ᠬᠠᠩᠭᠠᠨ᠂ ︽ᠣᠴᠢᠵᠤ ᠦᠢᠯᠡᠴᠢᠯᠡᠬᠦ + ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ︾ ᠪᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠰᠠᠨᠠᠭ᠎ᠠ ᠠᠮᠤᠷ ᠪᠣᠯᠭᠠᠨ᠎ᠠ᠃        13᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠶᠢᠨ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠬᠦ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠮᠡᠳᠡᠭᠡ ᠵᠠᠩᠭᠢ ᠨᠡᠪᠲᠡᠷᠡᠯᠴᠡᠬᠦ ᠲᠣᠭᠲᠠᠴᠠ  ᠶᠢ ᠪᠠᠶᠢᠭᠤᠯᠵᠤ᠂ ᠣᠷᠣᠯᠠᠨ ᠭᠦᠢᠴᠡᠳᠬᠡᠬᠦ ᠪᠠ ᠬᠠᠪᠰᠤᠷᠤᠨ ᠭᠦᠢᠴᠡᠳᠬᠡᠬᠦ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ︽ᠤᠷᠢᠳᠴᠢᠯᠠᠨ ᠣᠷᠤᠯᠴᠠᠬᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠵᠠᠷᠴᠢᠮ ᠶᠣᠰᠣᠭᠠᠷ᠂ ︽ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡᠨ ᠤ ᠠᠮᠠᠯᠠᠯᠲᠠ ᠶᠢᠨ ᠠᠵᠢᠯ ᠤᠨ ᠲᠣᠭᠲᠠᠴᠠ  ᠶᠢ ᠬᠡᠷᠡᠭᠵᠢᠭᠦᠯᠵᠦ᠂ ︽ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠶᠢ ᠲᠥᠷᠥᠯ ᠵᠦᠢᠯ ᠢ ᠬᠢᠶ᠎ᠠ ᠪᠠᠭᠰᠢ ᠲᠣᠭᠤᠷᠢᠭ ᠲᠤ ᠨᠠᠶᠢᠳᠠᠪᠤᠷᠢᠵᠢᠭᠤᠯᠬᠤ  ᠰᠠᠨᠠᠭ᠎ᠠ ᠲᠠᠢ ᠠᠴᠠ ᠡᠬᠢᠯᠡᠨ᠂ ᠠᠵᠤ ᠠᠬᠤᠶᠢᠯᠠᠯ ᠳᠤ ︽ᠵᠥᠭ ᠴᠢᠭᠯᠡᠯ  ᠳᠤ ᠨᠢ ᠵᠤᠬᠢᠴᠠᠭᠤᠯᠬᠤ︾ ︽  ᠨᠢᠭᠡᠳ ᠨᠢᠭᠡ ᠪᠠᠷ ᠳᠠᠭᠠᠭᠠᠨ ᠠᠪᠬᠤ︾ ︽ᠪᠥᠬᠦ ᠶᠠᠪᠤᠴᠠ︾ ︽ᠪᠥᠬᠦ ᠬᠡᠯᠬᠢᠶ᠎ᠡ︾ ᠶᠢᠨ ᠲᠥᠬᠦᠮ ᠪᠣᠯᠭᠠᠬᠤ᠂ ᠥᠪᠡᠷᠮᠢᠴᠡᠵᠢᠭᠦᠯᠬᠦ ᠂ ᠨᠠᠷᠢᠯᠢᠭ ᠣᠨᠣᠴᠠᠲᠠᠢ ᠪᠣᠯᠭᠠᠬᠤ ︽ᠲᠥᠷᠥᠯ ᠵᠦᠢᠯ ᠤᠨ ᠬᠠᠮᠢᠶᠠᠷᠤᠭᠴᠢ︾ ᠮᠠᠶ᠋ᠢᠭ ᠤᠨ ᠣᠷᠣᠯᠠᠨ ᠭᠦᠢᠴᠡᠳᠬᠡᠬᠦ ᠪᠠ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠂ ᠠᠵᠤ ᠠᠬᠤᠶᠢᠯᠠᠯ ᠤᠨ ︽ᠰᠠᠶᠢᠨ ᠦᠢᠯᠡᠴᠢᠯᠡᠭᠴᠢ︾  ᠪᠤᠯᠵᠤ᠂ ᠠᠵᠤ ᠠᠬᠤᠶᠢᠯᠠᠯ ᠤᠨ  ᠵᠠᠰᠠᠭ ᠤᠨ ᠤᠷᠳᠤᠨ ᠳᠤ  ᠬᠦᠶᠦᠬᠦ ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃        ︵ᠲᠠᠪᠤ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠰᠢᠯᠢᠳᠡᠭᠵᠢᠭᠦᠯᠵᠦ᠂ ᠬᠢᠶ᠎ᠠ ᠪᠠᠭᠰᠢ ᠳᠤ ᠰᠦᠯᠵᠢᠶᠠᠨ ᠤ ᠭᠠᠳᠠᠭᠤᠷ《 ᠲᠦᠷᠭᠡᠨ ᠬᠦᠢᠴᠡᠳᠬᠡᠬᠦ 》 ᠶᠢ ᠪᠡᠶᠡᠯᠡᠭᠦᠯᠦᠨ᠎ᠡ᠃         14. ︽ᠣᠶᠢᠷ᠎ᠠ ᠬᠠᠪᠢ ᠪᠠᠷ ᠬᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ᠃ ᠵᠡᠭᠡᠯᠢ ᠭᠤᠳᠤᠮᠵᠢ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠳᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠲᠥᠪ ᠪᠠ ᠥᠷᠲᠡᠭᠡ ᠳᠤ ᠵᠠᠰᠠᠭ ᠤᠨ ᠶᠠᠪᠤᠳᠠᠯ ᠤᠨ ᠳᠣᠲᠣᠭᠠᠳᠤ  ᠰᠦᠯᠵᠢᠶᠠᠨ  ᠤ ᠰᠠᠭᠠᠳ ᠦᠭᠡᠢ ᠨᠡᠪᠲᠡᠷᠡᠬᠦ ᠲᠠᠪᠴᠠᠩ ᠢ ᠪᠠᠶᠢᠭᠤᠯᠵᠤ᠂ ᠨᠠᠩ ᠣᠯᠠᠨ ᠦᠢᠯᠡᠴᠢᠯᠡᠭᠡᠨ ᠤ ᠵᠦᠢᠯᠡᠰ ᠢ ᠡᠯ᠎ᠡ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠣᠶᠢᠷ᠎ᠠ ᠬᠠᠪᠢ  ᠪᠠᠷ ᠭᠦᠢᠴᠡᠳᠬᠡᠬᠦ ᠶᠢ ᠲᠦᠯᠬᠢᠨ ᠠᠬᠢᠭᠤᠯᠤᠨ᠎ᠠ᠃ ᠵᠡᠭᠡᠯᠢ ᠭᠤᠳᠤᠮᠵᠢ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ︽ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠵᠦ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠣᠭᠤᠢ ᠬᠥᠮᠥᠰ ᠲᠤ ︽ᠭᠡᠷ ᠲᠤᠨᠢ ᠬᠦᠷᠴᠦ ᠬᠦᠢᠴᠡᠳᠬᠡᠬᠦ︾ ᠦᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠣᠯᠠᠨ ᠲᠦᠮᠡᠨ ᠤ ᠭᠡᠷ ᠤᠨ ᠡᠭᠦᠳᠡᠨ ᠳᠤ ᠰᠢᠯᠵᠢᠭᠦᠯᠵᠦ᠂ 15 ᠮᠢᠨᠦ᠋ᠲ ᠤᠨ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃        15᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ᠃ ︽ᠭᠤᠷᠪᠠ ᠶᠢ ᠲᠥᠪᠯᠡᠷᠡᠭᠦᠯᠬᠦ ᠂ ᠭᠤᠷᠪᠠ ᠶᠢ ᠪᠣᠳᠠᠲᠠᠶᠢᠵᠢᠭᠤᠯᠬᠤ︾ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠲᠠᠯᠠᠪᠤᠷ ᠭᠠᠵᠠᠷ᠂ ᠨᠢᠭᠤᠴᠠ ᠳᠤ ᠬᠤᠯᠪᠣᠭᠳᠠᠬᠤ ᠰᠢᠯᠲᠠᠭᠠᠨ ᠠᠴᠠ ᠪᠣᠯᠵᠤ ᠣᠷᠣᠵᠤ ᠰᠠᠭᠤᠬᠤ ᠳᠤ ᠲᠣᠬᠢᠷᠠᠬᠤ ᠦᠭᠡᠢ ᠵᠦᠢᠯᠡᠰ ᠢ ᠳᠠᠬᠢᠨ ᠡᠮᠬᠢᠯᠡᠨ ᠳᠢᠭᠯᠡᠵᠦ᠂ ᠳᠠᠬᠢᠨ ᠣᠷᠣᠵᠤ ᠰᠠᠭᠤᠯᠭᠠᠵᠤ᠂ ︽ᠲᠢᠩᠬᠢᠮ ᠠᠴᠠ ᠭᠠᠳᠠᠨ᠎ᠠ ᠬᠢᠨᠠᠨ ᠵᠥᠪᠰᠢᠶᠡᠷᠡᠬᠦ ᠦᠭᠡᠢ︾ ᠶᠢ ᠤᠯᠠᠮ ᠨᠢᠭᠡ ᠠᠯᠬᠤᠮ ᠠᠬᠢᠭᠤᠯᠤᠨ᠎ᠠ᠃ ᠴᠣᠩᠬᠤ ᠶᠢᠨ ᠴᠢᠳᠠᠮᠵᠢ ᠶᠢᠨ ᠲᠣᠬᠢᠷᠠᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ︽ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠶᠡᠷᠦᠩᠬᠡᠶᠢᠯᠡᠭᠰᠡᠨ ᠨᠢᠭᠡ ᠴᠣᠩᠬᠤᠪᠴᠢ 》 ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠵᠤ ᠠᠬᠤᠶᠢᠯᠠᠯ ᠤᠨ ᠦᠢᠯᠡᠴᠢᠯᠡᠭᠡ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠡᠷᠭᠡ ᠲᠤᠰᠬᠠᠢ ᠣᠷᠣᠨ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠠᠷ ᠪᠣᠶ ᠪᠣᠯᠭᠠᠨ᠎ᠠ᠃ ᠲᠢᠩᠬᠢᠮ ᠤᠨ ᠪᠤᠯᠵᠤᠨ ᠳ᠋ᠤᠭᠠᠷ ᠳᠠᠭᠤᠳᠠᠬᠤ᠂ ᠵᠥᠪᠯᠡᠯᠭᠡ ᠥᠭᠴᠦ ᠬᠥᠲᠥᠯᠥᠨ ᠵᠢᠯᠤᠭᠤᠳᠬᠤ᠂  ᠨᠠᠰᠣᠳᠠᠶᠢᠴᠤᠳ ᠲᠤ ᠲᠣᠬᠢᠷᠠᠬᠤ ᠦᠢᠯᠡᠴᠢᠯᠡᠭᠡ᠂ ᠰᠠᠭᠠᠳ ᠦᠭᠡᠢ ᠨᠡᠪᠲᠡᠷᠡᠬᠦ ᠵᠠᠮ ᠵᠡᠷᠭᠡ ᠴᠢᠳᠠᠮᠵᠢ ᠶᠢ ᠲᠡᠭᠦᠯᠳᠡᠷᠵᠢᠭᠦᠯᠵᠦ᠂ ᠠᠵᠢᠯᠲᠠᠨ ᠤ ᠦᠢᠯᠡᠴᠢᠯᠡᠭᠡᠨ ᠤ ᠵᠢᠷᠤᠮᠵᠢᠯ᠂ ᠠᠵᠢᠯ ᠤᠨ ᠪᠠᠷᠢᠮᠵᠢᠶ᠎ᠠ᠂ ᠬᠠᠮᠳᠦ ᠬᠥᠳᠡᠯᠦᠯᠴᠡᠬᠦ ᠬᠢᠨᠠᠨ ᠵᠥᠪᠰᠢᠶᠡᠷᠡᠯ᠂ ᠦᠢᠯᠡᠴᠢᠯᠡᠭᠡᠨ ᠤ ᠦᠨᠡᠯᠡᠯᠲᠡ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠡᠷᠭᠡ ᠲᠠᠯ᠎ᠠ ᠪᠠᠷ ᠪᠠᠷᠢᠮᠵᠢᠶᠠᠵᠢᠭᠤᠯᠤᠭᠰᠠᠨ ᠨᠢᠭᠡᠳᠦᠯᠲᠡᠢ ᠬᠠᠮᠢᠶᠠᠷᠤᠯᠲᠠ ᠶᠢ ᠴᠢᠩᠭᠠᠳᠬᠠᠵᠤ ᠂ ᠠᠵᠤ ᠠᠬᠤᠶᠢᠯᠠᠯ ᠣᠯᠠᠨ ᠲᠦᠮᠡᠨ ᠳᠤ ᠥᠨᠳᠥᠷ ᠪᠦᠲᠦᠮᠵᠢᠲᠡᠶ ᠳᠥᠭᠦᠮ ᠳᠥᠲᠡ᠂ ᠰᠡᠳᠬᠢᠯ ᠠᠮᠤᠷ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ︽ᠰᠠᠶᠢᠨ ᠮᠠᠭᠤ ᠶᠢ ᠦᠨᠡᠯᠡᠬᠦ︾ ᠶᠢ ᠨᠡᠶᠢᠳᠡᠮ ᠬᠡᠷᠡᠭᠵᠢᠭᠦᠯᠬᠦ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ︽ᠦᠨᠡᠯᠡᠬᠦ ᠪᠠᠷ ᠥᠭᠡᠷᠡᠴᠢᠯᠡᠬᠦ ᠶᠢ ᠠᠬᠢᠭᠤᠯᠬᠤ᠂ ᠦᠨᠡᠯᠡᠬᠦ ᠪᠠᠷ ᠰᠢᠯᠢᠳᠡᠭ ᠢ ᠠᠬᠢᠭᠤᠯᠬᠤ︾ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠶᠢᠨ ᠬᠠᠮᠲᠤ᠂ ᠡᠳᠦᠷ ᠪᠦᠷᠢ ᠶᠢᠨ ᠥᠷᠯᠥᠭᠡ ᠶᠢᠨ ᠬᠤᠷᠠᠯ᠂ ᠰᠠᠷ᠎ᠠ ᠪᠦᠷᠢ ᠨᠡᠶᠢᠲᠡᠯᠡᠬᠦ᠂ ᠤᠯᠠᠷᠢᠯ ᠢᠶᠠᠷ ᠰᠢᠯᠭᠠᠷᠠᠭᠤᠯᠬᠤ᠂  ᠵᠢᠯ ᠤᠨ ᠰᠢᠯᠭᠠᠨ ᠬᠢᠨᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠵᠢᠷᠤᠮᠵᠢᠭᠤᠯᠤᠨ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠵᠡᠭᠡᠯᠢ ᠭᠤᠳᠤᠮᠵᠢ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠪᠠ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠭᠠᠵᠠᠷ ᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠰᠦᠯᠵᠢᠶᠡᠨ  ᠤ ᠭᠠᠳᠠᠭᠤᠷᠬᠢ ᠠᠵᠢᠯ ᠶᠠᠪᠤᠳᠠᠯ ᠭᠦᠢᠴᠡᠳᠬᠡᠬᠦ ᠶᠢᠨ ᠳᠥᠭᠦᠮ ᠳᠥᠲᠡ ᠲᠦᠷᠭᠡᠨ ᠪᠠᠶᠢᠬᠤ ᠶᠢ ᠦᠨᠡᠨ ᠬᠦ ᠣᠶᠢᠯᠠᠭᠠᠭᠤᠯᠤᠨ᠎ᠠ᠃        ︵ᠵᠢᠷᠭᠤᠭ᠎ᠠ︶ ︽ᠣᠨᠳᠣᠣ ᠭᠠᠵᠠᠷ ᠲᠤ ᠨᠡᠶᠢᠳᠡᠮ ᠭᠦᠢᠴᠡᠳᠬᠡᠬᠦ︾ ᠦᠢᠯᠡᠴᠢᠯᠡᠭᠡ ᠶᠢ ᠲᠦᠷᠭᠡᠳᠬᠡᠨ ᠬᠡᠷᠡᠭᠯᠡᠵᠦ᠂  ᠬᠢᠶ᠎ᠡ ᠪᠠᠭᠰᠢ ᠳᠤ᠂ ᠣᠨᠳᠣᠣ ᠭᠠᠵᠠᠷ ᠲᠤ ︽  ᠭᠦᠢᠴᠡᠳᠬᠡᠵᠦ ᠳᠡᠶᠢᠯᠬᠦ︾ ᠶᠢ ᠪᠡᠶᠡᠯᠡᠭᠦᠯᠦᠨ᠎ᠡ᠃        16᠂ ︽ᠣᠨᠳᠣᠣ ᠭᠠᠵᠠᠷ ᠲᠤ ᠨᠡᠶᠢᠳᠡᠮ ᠭᠦᠢᠴᠡᠳᠬᠡᠬᠦ︾ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ᠃ ᠣᠨᠳᠣᠣ ᠭᠠᠵᠠᠷ ᠲᠤ ᠠᠵᠢᠯ ᠶᠠᠪᠤᠳᠠᠯ  ᠢ ᠭᠦᠢᠴᠡᠳᠬᠡᠬᠦ ᠳᠤ ︽ᠣᠯᠠᠨ ᠭᠠᠵᠠᠷ ᠢᠶᠠᠷ ᠭᠦᠶᠦᠬᠦ᠂ ᠨᠠᠭᠠᠰᠢ ᠴᠠᠭᠠᠰᠢ ᠭᠦᠶᠦᠬᠦ︾ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠰᠠᠭᠤᠷᠢᠯᠠᠵᠤ᠂ ᠣᠨᠳᠣᠣ ᠭᠠᠵᠠᠷ ᠲᠤ ᠨᠡᠶᠢᠳᠡᠮ ᠭᠦᠢᠴᠡᠳᠬᠡᠬᠦ ᠪᠠᠷᠢᠮᠵᠢᠶ᠎ᠠ ᠶᠢᠨ ᠲᠣᠭᠤᠷᠢᠨ ᠳᠤ᠂ ᠨᠡᠶᠢᠳᠡᠮ ᠭᠦᠢᠴᠡᠳᠬᠡᠬᠦ ᠵᠦᠢᠯᠡᠰ ᠤᠨ ᠬᠡᠪᠴᠢᠶ᠎ᠡ᠂ ᠦᠢᠯᠡᠴᠢᠯᠡᠭᠡᠨ ᠤ ᠵᠢᠷᠤᠮᠵᠢᠯ᠂ ᠦᠢᠯᠡᠴᠢᠯᠡᠭᠡᠨ ᠤ ᠵᠠᠭᠪᠤᠷ ᠢ ᠲᠣᠭᠲᠠᠭᠠᠵᠤ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ ᠦᠵᠡᠭᠦᠯᠬᠦ ᠵᠡᠷᠭᠡ ᠣᠯᠠᠨ ᠬᠦᠷᠢᠶ᠎ᠡ ᠬᠡᠪᠴᠢᠶᠠᠨ ᠳᠤ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾᠂ ︽ᠣᠨᠳᠣᠣ ᠭᠠᠵᠠᠷ ᠲᠤ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ︾ ᠵᠡᠷᠭᠡ     ᠬᠠᠮᠳᠦ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠠᠯᠬᠤᠮ ᠠᠯᠬᠤᠮ ᠢᠶᠠᠷ ᠡᠮᠬᠢ ᠵᠢᠷᠤᠮ ᠲᠠᠢ ᠪᠠᠷ ᠵᠦᠢᠯᠡᠰ ᠢ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠶᠢ ᠠᠬᠢᠭᠤᠯᠵᠤ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷ ᠢ ᠣᠷᠭᠠᠨᠢᠭ ᠢᠶᠠᠷ ᠠᠭᠤᠰᠤᠯᠴᠠᠭᠤᠯᠬᠤ ᠶᠢ ᠭᠦᠨᠵᠡᠭᠡᠶᠢᠷᠡᠭᠦᠯᠦᠨ᠂ ᠨᠡᠶᠢᠳᠡᠮ ᠭᠦᠢᠴᠡᠳᠬᠡᠬᠦ ᠵᠦᠢᠯᠡᠰ ᠢ ︽ᠢᠯᠭᠠᠭ᠎ᠠ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ︾ ᠶᠢ ᠪᠡᠶᠡᠯᠡᠭᠦᠯᠦᠨ᠎ᠡ᠃ 288 ᠵᠦᠢᠯ ᠤᠨ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾᠂ 209 ᠵᠦᠢᠯ ᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾᠂ 110 ᠵᠦᠢᠯ ᠤᠨ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︽ᠬᠠᠷᠢᠯᠴᠠᠨ ᠭᠦᠢᠴᠡᠳᠬᠡᠵᠦ ᠬᠠᠷᠢᠯᠴᠠᠨ ᠮᠡᠳᠡᠷᠡᠬᠦ︾ ᠵᠦᠢᠯᠡᠰ ᠢ ᠡᠮᠬᠢᠯᠡᠨ ᠳᠢᠭᠯᠡᠵᠦ᠂ ᠠᠵᠢᠯ ᠤᠨ ᠴᠤᠪᠤᠷᠠᠯ ᠪᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠠᠵᠢᠯᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠯᠥᠪᠦᠷᠢ ᠦᠭᠡᠢ ᠪᠠᠷ ᠣᠷᠣᠯᠠᠨ ᠭᠦᠢᠴᠡᠳᠬᠡᠬᠦ᠂ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠰᠠᠯᠠᠭ᠎ᠠ ᠮᠥᠴᠢᠷ ᠤᠨ ᠴᠣᠩᠬᠤᠨ ᠳᠤ ᠱᠠᠭᠠᠷᠳᠠᠨ ᠰᠢᠢᠳᠪᠦᠷᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠴᠠᠭ ᠢ ᠶᠡᠭᠡ ᠬᠡᠮᠵᠢᠶ᠎ᠡ ᠪᠠᠷ ᠤᠬᠤᠷᠳᠠᠭᠤᠯᠵᠤ᠂ ︽ᠣᠨᠳᠣᠣ ᠭᠠᠵᠠᠷ ᠲᠤ ᠨᠡᠶᠢᠳᠡᠮ ᠭᠦᠢᠴᠡᠳᠬᠡᠬᠦ︾ ᠡᠯ᠎ᠡ ᠵᠦᠢᠯ ᠤᠨ ᠵᠦᠢᠯᠡᠰ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃        ︵ᠳᠣᠯᠤᠭ᠎ᠠ︶ ᠢᠵᠢ ᠦᠢᠯᠡᠴᠢᠯᠡᠭᠡᠨ ᠤ ᠮᠠᠶ᠋ᠢᠭ ᠤᠨ ᠦᠢᠯᠡᠴᠢᠯᠡᠭᠡ ᠶᠢ ᠲᠦᠷᠭᠡᠳᠬᠡᠨ ᠰᠦᠪᠡᠭᠴᠢᠯᠡᠵᠦ᠂  ᠬᠢᠶ᠎ᠠ ᠪᠠᠭᠰᠢ ᠳᠤ᠂ ᠳᠠᠬᠢᠨ ᠳᠠᠪᠳᠠᠨ ᠠᠷᠪᠢᠨ ᠤᠳᠠᠭ᠎ᠠ ᠬᠦᠢᠴᠡᠳᠬᠡᠬᠦ ᠵᠦᠢᠯᠡᠰ ᠢ ︽ᠳᠠᠷᠤᠢ ᠳᠤᠨᠢ ᠭᠦᠢᠴᠡᠳᠬᠡᠬᠦ ︾ ᠶᠢ ᠪᠡᠶᠡᠯᠡᠭᠦᠯᠦᠨ᠎ᠡ᠃        17᠂ ︽ᠳᠠᠷᠤᠢ ᠳᠤᠨᠢ ᠭᠦᠢᠴᠡᠳᠬᠡᠬᠦ ᠪᠠᠷ ᠠᠮᠠᠯᠠᠬᠤ︾ ᠦᠢᠯᠡᠴᠢᠯᠡᠭᠡ  ᠬᠠᠩᠭᠠᠬᠤ᠃ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ︽ᠲᠠ ᠠᠮᠠᠯᠳᠠᠪᠠᠯ ᠪᠢ ᠵᠥᠪᠰᠢᠶᠡᠷᠡᠨ᠎ᠡ︾ ᠭᠡᠬᠦ ᠮᠠᠶ᠋ᠢᠭ ᠤᠨ ᠠᠮᠠᠯᠠᠬᠤ ᠳᠦᠷᠢᠮ ᠤᠨ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠵᠢᠭᠦᠯᠦᠨ᠎ᠡ᠃ ︽ᠵᠥᠪᠰᠢᠶᠡᠷᠡᠯ ᠤᠨ ᠦᠨᠡᠮᠯᠡᠯ ᠪᠠ ᠡᠵᠡᠩᠨᠡᠯᠳᠡ ᠶᠢᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠳᠤ ᠬᠢᠨᠠᠨ ᠵᠥᠪᠰᠢᠶᠡᠷᠡᠯ ᠢ ᠰᠢᠭᠤᠳ ᠬᠦᠴᠦᠨ ᠦᠭᠡᠢ ᠪᠤᠯᠭᠠᠭᠰᠠᠨ ᠵᠦᠢᠯᠡᠰ ᠲᠤ᠂ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠡᠵᠡᠩᠨᠡᠯᠲᠡ ᠶᠢᠨ ᠦᠨᠡᠮᠯᠡᠯ ᠠᠪᠤᠭᠰᠠᠨ ᠤ ᠳᠠᠷᠠᠭ᠎ᠠ ᠳᠠᠷᠤᠢ ᠬᠠᠮᠢᠶ᠎ᠠ ᠪᠦᠬᠦᠢ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ ᠪᠣᠯᠣᠨ᠎ᠠ︔  ︽ᠵᠥᠪᠰᠢᠶᠡᠷᠡᠯ ᠤᠨ ᠦᠨᠡᠮᠯᠡᠯ ᠪᠠ ᠡᠵᠡᠩᠨᠡᠯᠳᠡ ᠶᠢᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠳᠤ ᠬᠢᠨᠠᠨ ᠵᠥᠪᠰᠢᠶᠡᠷᠡᠬᠦ ᠶᠢ ᠳᠠᠩᠰᠠᠯᠠᠬᠤ ᠪᠣᠯᠭᠠᠨ ᠥᠭᠡᠷᠡᠴᠢᠯᠡᠭᠰᠡᠨ ᠵᠦᠢᠯᠡᠰ ᠲᠤ᠂ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠡᠵᠡᠩᠨᠡᠯᠲᠡ ᠶᠢᠨ ᠦᠨᠡᠮᠯᠡᠯ ᠭᠦᠢᠴᠡᠳᠬᠡᠵᠦ᠂ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠭᠰᠡᠨ ᠤ ᠳᠠᠷᠠᠭ᠎ᠠ ᠬᠠᠮᠢᠶ᠎ᠠ ᠪᠦᠬᠦᠢ ᠡᠵᠡᠩᠨᠡᠯᠲᠡ ᠶᠢᠨ ᠠᠵᠢᠯᠯᠠᠭ᠎ᠠ ᠶᠢ ᠥᠷᠨᠢᠭᠦᠯᠵᠦ ᠪᠣᠯᠣᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠳᠠᠭᠢᠵᠤ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠶᠠᠪᠤᠭᠳᠠᠭᠤᠯᠬᠤ ᠦᠭᠡᠢ︔  ︽ᠵᠥᠪᠰᠢᠶᠡᠷᠡᠯ ᠤᠨ ᠦᠨᠡᠮᠯᠡᠯ ᠪᠠ ᠡᠵᠡᠩᠨᠡᠯᠳᠡ ᠶᠢᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠳᠤ ᠮᠡᠳᠡᠭᠳᠡᠵᠦ ᠠᠮᠠᠯᠠᠭᠤᠯᠬᠤ ᠵᠦᠢᠯᠡᠰ ᠲᠤ᠂ ᠭᠤᠶᠤᠴᠢᠯᠠᠭᠴᠢ ᠶᠢᠨ ᠬᠢᠨᠠᠨ ᠵᠥᠪᠰᠢᠶᠡᠷᠡᠬᠦ ᠨᠥᠬᠦᠴᠡᠯ ᠪᠠ ᠬᠡᠷᠡᠭᠰᠡᠬᠦ ᠮᠠᠲ᠋ᠧᠷᠢᠶᠠᠯ ᠢ ᠨᠢᠭᠡ ᠤᠳᠠᠭ᠎ᠠ  ᠳᠡᠭᠡᠷ᠎ᠡ ᠮᠡᠳᠡᠭᠳᠡᠵᠦ᠂ ᠭᠤᠶᠤᠴᠢᠯᠠᠭᠴᠢ ᠶᠢᠨ ᠠᠮᠠᠯᠠᠯᠲᠠ ᠨᠢ ᠬᠢᠨᠠᠨ ᠵᠥᠪᠰᠢᠶᠡᠷᠡᠬᠦ ᠨᠥᠬᠦᠴᠡᠯ ᠳᠤ ᠨᠡᠶᠢᠴᠡᠬᠦ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠭᠰᠠᠨ ᠪᠠᠶᠢᠪᠠᠯ᠂ ᠲᠤᠬᠠᠢ ᠶᠢᠨ ᠲᠠᠯᠠᠪᠤᠷ ᠲᠤᠨᠢ ᠬᠢᠨᠠᠨ ᠵᠦᠪᠰᠢᠶᠡᠷᠡᠬᠦ ᠭᠠᠷ ᠬᠦᠢᠴᠡᠳᠬᠡᠯ ᠢ ᠬᠦᠢᠴᠡᠳᠬᠡᠨ᠎ᠡ︔ ︽ᠵᠥᠪᠰᠢᠶᠡᠷᠡᠯ ᠤᠨ ᠦᠨᠡᠮᠯᠡᠯ ᠪᠠ ᠡᠵᠡᠩᠨᠡᠯᠳᠡ ᠶᠢᠨ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠪᠠᠷ ᠵᠥᠪᠰᠢᠶᠡᠷᠡᠨ ᠣᠷᠣᠭᠤᠯᠬᠤ ᠦᠢᠯᠡᠴᠢᠯᠡᠭᠡᠨ ᠢ ᠰᠢᠯᠢᠳᠡᠭᠵᠢᠭᠦᠯᠬᠦ ᠵᠦᠢᠯᠡᠰ ᠲᠤ᠂ ᠰᠦᠯᠵᠢᠶᠡᠨ ᠳᠡᠭᠡᠷ᠎ᠡ ᠭᠦᠢᠴᠡᠳᠬᠡᠬᠦ ᠶᠢ ᠤᠷᠢᠳᠠᠪᠠᠷ ᠳᠡᠯᠭᠡᠷᠡᠭᠦᠯᠵᠦ᠂ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ 100% ᠪᠠᠷ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃        18᠂ ︽ᠦᠨᠡᠮᠯᠡᠯ ᠠᠪᠬᠤ ᠦᠭᠡᠢ ᠪᠠᠷ ᠳᠠᠷᠤᠢ ᠭᠦᠢᠴᠡᠳᠬᠡᠬᠦ︾ ᠦᠢᠯᠡᠴᠢᠯᠡᠭᠡ ᠬᠠᠩᠭᠠᠬᠤ᠃ ︽ᠦᠨᠡᠮᠯᠡᠯ ᠠᠪᠬᠤ ᠦᠭᠡᠢ ᠪᠠᠷ ᠳᠠᠷᠤᠢ ᠭᠦᠢᠴᠡᠳᠬᠡᠬᠦ︾  ᠵᠦᠢᠯᠡᠰ ᠢ ᠡᠮᠬᠢᠯᠡᠨ ᠳᠢᠭᠯᠡᠬᠦ ᠶᠢᠨ ᠬᠠᠮᠲᠤ ᠡᠯᠧᠺᠲᠷᠣᠨ ᠦᠨᠡᠮᠯᠡᠯ ᠲᠠᠢ ᠬᠤᠯᠪᠣᠭ᠎ᠠ ᠠᠪᠴᠤ᠂ ᠵᠦᠢᠯᠡᠰ ᠢ ᠵᠥᠪᠰᠢᠶᠡᠷᠡᠯ ᠤᠨ ᠦᠨᠡᠮᠯᠡᠯ ᠪᠠ ᠡᠵᠡᠩᠨᠡᠯᠳᠡ ᠶᠢᠨ ᠦᠨᠡᠮᠯᠡᠯ ᠯᠦᠭᠡ ᠵᠤᠬᠢᠴᠠᠯᠳᠣᠬᠤ ᠶᠢ ᠪᠡᠶᠡᠯᠡᠭᠦᠯᠦᠨ᠂ ᠪᠡᠶ᠎ᠡ ᠶᠢᠨ ᠦᠨᠡᠮᠯᠡᠯ᠂ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ᠂ ᠵᠢᠯᠣᠭᠤᠴᠢ ᠶᠢᠨ ᠦᠨᠡᠮᠯᠡᠯ᠂ ᠣᠷᠤᠭ ᠤᠨ ᠦᠨᠡᠮᠯᠡᠯ᠂ ᠣᠷᠤᠭ ᠰᠠᠯᠤᠭᠰᠠᠨ ᠦᠨᠡᠮᠯᠡᠯ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠵᠡᠷᠭᠡ ᠶᠢ ᠪᠠᠭᠲᠠᠭᠠᠭᠰᠠᠨ 120 ᠲᠥᠷᠥᠯ ᠤᠨ ᠬᠤᠪᠢ ᠬᠥᠮᠥᠨ ᠪᠠ ᠪᠠᠶᠢᠭᠤᠯᠤᠮᠵᠢ ᠶᠢᠨ ᠦᠨᠡᠮᠯᠡᠯ ᠨᠢ ᠴᠠᠭᠠᠰᠤᠨ ᠬᠡᠪᠯᠡᠭᠳᠡᠬᠦᠨ ᠮᠠᠲ᠋ᠧᠷᠢᠶᠠᠯ ᠲᠤᠰᠢᠶᠠᠬᠤ ᠴᠢᠬᠤᠯᠠ ᠦᠭᠡᠢ᠂ ᠠᠵᠤ ᠠᠬᠤᠶᠢᠯᠠᠯ ᠣᠯᠠᠨ ᠲᠦᠮᠡᠨ ︽ᠮᠥᠩᠬᠡ ᠰᠣᠪᠠᠭ ︾ ᠤᠨ ᠺᠣᠳ᠋ ᠢᠯᠡᠴᠢᠯᠡᠬᠦ᠂ ᠴᠣᠩᠬᠤ ᠪᠠᠷ ᠺᠣᠳ᠋ ᠰᠢᠷᠪᠢᠬᠦ᠂ ᠨᠢᠭᠤᠷ ᠴᠢᠷᠠᠢ ᠶᠢᠨ ᠭᠡᠷᠡᠴᠢᠯᠡᠯ ᠵᠡᠷᠭᠡ ᠭᠤᠷᠪᠠᠨ ᠵᠦᠢᠯ ᠤᠨ ᠠᠷᠭ᠎ᠠ ᠮᠠᠶ᠋ᠢᠭ ᠢᠶᠠᠷ ᠡᠷᠬᠡ ᠣᠯᠭᠤᠵᠤ᠂ ᠰᠢᠰᠲ᠋ᠧᠮ ᠨᠢ ᠡᠯᠧᠺᠲᠷᠣᠨ ᠦᠨᠡᠮᠯᠡᠯ ᠢ ᠠᠦ᠋ᠲ᠋ᠣ᠋ ᠰᠢᠯᠵᠢᠭᠦᠯᠦᠨ ᠬᠡᠷᠡᠭᠯᠡᠵᠦ᠂ ᠦᠨᠡᠮᠯᠡᠯ ᠠᠪᠬᠤ ᠦᠭᠡᠢ ᠪᠠᠷ ᠳᠠᠷᠤᠢ ᠭᠦᠢᠴᠡᠳᠬᠡᠬᠦ ᠶᠢ ᠪᠡᠶᠡᠯᠡᠭᠦᠯᠦᠨ᠎ᠡ᠃        19᠂ ︽ᠭᠡᠷᠡᠴᠢ ᠬᠡᠷᠡᠭᠯᠡᠬᠦ ᠦᠭᠡᠢ︾ ᠦᠢᠯᠡᠴᠢᠯᠡᠭᠡ ᠬᠠᠩᠭᠠᠬᠤ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠬᠥᠭᠵᠢᠭᠡᠵᠦ᠂ ᠠᠷᠠᠳ ᠣᠯᠠᠨ ᠪᠣᠯᠣᠨ ᠠᠵᠤ ᠠᠬᠤᠶᠢᠯᠠᠯ ᠤᠨ ᠠᠰᠢᠭ ᠭᠥᠷᠳᠡᠭᠰᠡᠨ ᠲᠥᠷᠥᠭᠳᠡᠯ  ᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠥᠯᠥᠭᠡ ᠶᠤᠮ᠃ ᠭᠡᠷᠡᠴᠢ ᠶᠢ ᠴᠥᠭᠡᠳᠬᠡᠨ ᠠᠷᠠᠳ ᠲᠤ ᠲᠥᠬᠦᠮ ᠦᠵᠡᠭᠦᠯᠬᠦ ᠪᠠᠷ ᠵᠠᠷᠴᠢᠮ ᠪᠣᠯᠭᠠᠵᠤ᠂ ᠬᠠᠤᠯᠢ ᠲᠣᠭᠲᠠᠭᠠᠯ ᠳᠤ ᠲᠣᠭᠲᠠᠭᠠᠭᠰᠠᠨ ᠦᠭᠡᠢ ᠭᠡᠷᠡᠴᠢᠯᠡᠬᠦ ᠵᠦᠢᠯᠡᠰ ᠢ ᠪᠦᠬᠦᠨ ᠢ ᠬᠦᠴᠦᠨ ᠦᠭᠡᠢ ᠪᠣᠯᠭᠠᠬᠤ ᠶᠢ ᠪᠠᠷᠢᠮᠲᠠᠯᠠᠨ᠂ ᠡᠯ᠎ᠡ ᠵᠦᠢᠯ ᠤᠨ ᠭᠡᠷᠡᠴᠢᠯᠡᠬᠦ ᠮᠠᠲ᠋ᠧᠷᠢᠶᠠᠯ ᠢ ᠬᠠᠮᠤᠭ ᠤᠨ ᠶᠡᠭᠡ ᠬᠡᠮᠵᠢᠶ᠎ᠡ ᠪᠠᠷ ᠴᠣᠮᠬᠠᠳᠬᠠᠵᠤ᠂ ᠲᠦᠷ ᠴᠠᠭ ᠦᠯᠡᠳᠡᠭᠡᠬᠦ ᠪᠠ ᠬᠦᠴᠦᠨ ᠦᠭᠡᠢ ᠪᠣᠯᠭᠠᠬᠤ ᠭᠡᠷᠡᠴᠢᠯᠡᠬᠦ ᠵᠦᠢᠯᠡᠰ ᠤᠨ ᠨᠠᠷᠢᠨ ᠲᠠᠩᠰᠠ ᠶᠢ ᠪᠣᠶ ᠪᠣᠯᠭᠠᠵᠤ᠂ ᠨᠠᠷᠢᠨ ᠲᠠᠩᠰᠠ ᠠᠴᠠ ᠭᠠᠳᠠᠨ᠎ᠠ ᠥᠭᠡᠷ᠎ᠡ ᠭᠡᠷᠡᠴᠢ ᠶᠢ ᠬᠡᠷᠡᠭᠯᠡᠬᠦ ᠦᠭᠡᠢ ᠪᠠᠶᠢᠬᠤ ᠶᠢ ᠪᠡᠶᠡᠯᠡᠭᠦᠯᠦᠨ᠎ᠡ︔ ᠲᠦᠷ ᠴᠠᠭ ᠦᠯᠡᠳᠡᠭᠡᠬᠦ ᠴᠢᠬᠤᠯᠠᠲᠠᠢ ᠭᠡᠷᠡᠴᠢᠯᠡᠬᠦ ᠵᠦᠢᠯᠡᠰ ᠲᠤ᠂ ᠣᠯᠠᠨ ᠲᠦᠮᠡᠨ ᠪᠠ ᠠᠵᠤ ᠠᠬᠤᠶᠢᠯᠠᠯ ᠭᠡᠷᠡᠴᠢᠯᠡᠬᠦ ᠮᠠᠲ᠋ᠧᠷᠢᠶᠠᠯ ᠲᠤᠰᠢᠶᠠᠬᠤ ᠦᠭᠡᠢ ᠪᠠᠶᠢᠬᠤ ᠪᠠᠷ ᠤᠳᠤᠷᠢᠳᠤᠮᠵᠢ ᠪᠣᠯᠭᠠᠵᠤ᠂ ᠲᠦᠭᠰᠢᠭᠦᠷᠢ  ᠶᠢᠨ ᠵᠢᠱᠢᠯᠳᠡ ᠶᠢᠨ ᠰᠠᠭᠤᠷᠢᠨ ᠳᠡᠭᠡᠷ᠎ᠡ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ᠂ ᠰᠠᠯᠠᠭ᠎ᠠ ᠮᠥᠴᠢᠷ ᠬᠠᠮᠵᠢᠯᠴᠠᠬᠤ᠂ ᠲᠤᠬᠠᠢ ᠶᠢᠨ ᠬᠥᠮᠥᠨ ᠠᠮᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ ᠭᠡᠷᠡᠴᠢᠯᠡᠬᠦ ᠮᠠᠲ᠋ᠧᠷᠢᠶᠠᠯ ᠲᠤᠰᠢᠶᠠᠬᠤ ᠴᠢᠬᠤᠯᠠ ᠦᠭᠡᠢ ᠪᠠᠶᠢᠬᠤ ᠶᠢ ᠪᠡᠶᠡᠯᠡᠭᠦᠯᠦᠨ᠎ᠡ᠃        20᠂ ︽ᠢᠷᠡᠭᠰᠡᠨ ᠳᠠᠷᠤᠢ ᠳᠤᠨᠢ ᠭᠦᠢᠴᠡᠳᠬᠡᠬᠦ︾ ᠦᠢᠯᠡᠴᠢᠯᠡᠭᠡ ᠬᠠᠩᠭᠠᠬᠤ᠃ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠢᠨᠠᠨ ᠵᠥᠪᠰᠢᠶᠡᠷᠡᠬᠦ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠵᠦᠢᠯᠡᠰ ᠢ ᠰᠢᠨᠵᠢᠯᠡᠬᠦ ᠤᠬᠠᠭᠠᠨᠴᠢ ᠪᠠᠷ ᠰᠠᠯᠭᠠᠵᠤ᠂ ᠬᠢᠨᠠᠨ ᠵᠥᠪᠰᠢᠶᠡᠷᠡᠬᠦ ᠲᠠᠰ ᠳᠠᠪᠬᠤᠷᠭ᠎ᠠ ᠶᠢ ᠰᠢᠯᠢᠳᠡᠭᠵᠢᠭᠦᠯᠦᠨ᠂ ᠬᠢᠨᠠᠨ ᠬᠠᠷᠭᠤᠭᠤᠯᠬᠤ ᠮᠠᠲ᠋ᠧᠷᠢᠶᠠᠯ ᠢ ᠴᠣᠮᠬᠠᠳᠬᠠᠵᠤ᠂ ᠳᠠᠷᠣᠢ ᠳᠤᠨᠢ ᠭᠦᠢᠴᠡᠳᠬᠡᠬᠦ ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠵᠦ᠂ ︽ᠰᠦᠯᠵᠢᠶᠡᠨ ᠳᠡᠭᠡᠷ᠎ᠡ ᠳᠠᠮᠵᠢᠭᠤᠯᠤᠭᠰᠠᠨ ᠳᠠᠷᠤᠢ ᠳᠤᠨᠢ ᠭᠦᠢᠴᠡᠳᠬᠡᠬᠦ︾ ᠪᠠ ︽ᠰᠦᠯᠵᠢᠶᠡᠨ ᠭᠠᠳᠠᠨ᠎ᠠ ᠢᠷᠡᠭᠰᠡᠨ ᠳᠠᠷᠤᠢ  ᠳᠤᠨᠢ ᠭᠦᠢᠴᠡᠳᠬᠡᠬᠦ︾ ᠬᠤᠣᠰ ᠵᠠᠮ ᠢᠶᠠᠷ ᠭᠦᠢᠴᠡᠳᠬᠡᠬᠦ ᠵᠠᠭᠪᠤᠷ ᠢ ᠬᠦᠴᠦᠯᠡᠨ ᠬᠡᠷᠡᠭᠵᠢᠭᠦᠯᠦᠨ᠎ᠡ᠃ ᠭᠦᠢᠴᠡᠳᠬᠡᠬᠦ ᠴᠠᠭ ᠤᠨ ᠬᠢᠵᠠᠭᠠᠷ ᠢ 3 ᠠᠵᠢᠯᠯᠠᠬᠤ ᠡᠳᠦᠷ ᠪᠠᠶᠢᠭᠰᠠᠨ ᠠᠴᠠ ᠳᠠᠷᠤᠢ ᠳᠤᠨᠢ ᠭᠦᠢᠴᠡᠳᠬᠡᠵᠦ ᠳᠠᠭᠤᠰᠬᠠᠬᠤ ᠪᠣᠯᠭᠠᠨ ᠴᠠᠭ ᠤᠨ ᠬᠢᠵᠠᠭᠠᠷ ᠢ ᠤᠬᠤᠷᠳᠠᠭᠤᠯᠵᠤ᠂ ᠭᠤᠶᠤᠴᠢᠯᠠᠭᠰᠠᠨ ᠠᠵᠤ ᠠᠬᠤᠶᠢᠯᠠᠯ ᠳᠤ ᠳᠠᠷᠤᠢ  ᠳᠤᠨᠢ ᠭᠦᠢᠴᠡᠳᠬᠡᠵᠦ᠂ ᠳᠠᠷᠤᠢ ᠳᠤᠨᠢ ᠦᠨᠡᠮᠯᠡᠯ ᠢᠶᠠᠨ ᠠᠪᠴᠤ᠂ ᠡᠭᠦᠨ ᠤ ᠤᠯᠠᠮ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠠᠭ ᠲᠤᠬᠠᠢ  ᠳᠤᠨᠢ ᠭᠦᠢᠴᠡᠳᠬᠡᠬᠦ ᠶᠢ ᠪᠡᠶᠡᠯᠡᠭᠦᠯᠦᠨ᠎ᠡ᠃ ︽ᠳᠥᠷᠪᠡᠨ ᠵᠦᠢᠯ  ᠤᠨ  ᠲᠠᠷᠣᠢ  ᠳᠤᠨᠢ ᠬᠦᠢᠴᠡᠳᠬᠡᠬᠦ ᠦᠢᠯᠡᠴᠢᠯᠡᠭᠡᠨ ᠤ ᠢᠵᠢ ᠦᠢᠯᠡᠴᠢᠯᠡᠭᠡ︾ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠶᠠᠪᠤᠴᠠ ᠶᠢ ᠳᠠᠬᠢᠨ ᠴᠣᠮᠬᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠠᠬᠢᠨ ᠲᠦᠷᠭᠡᠳᠬᠡᠵᠦ᠂ ᠬᠢᠶ᠎ᠠ ᠪᠠᠭᠰᠢ ᠳᠤ ︽ᠳᠠᠬᠢᠨ ᠳᠠᠪᠳᠠᠨ ᠠᠷᠪᠢᠨ ᠤᠳᠠᠭ᠎ᠠ ᠬᠦᠢᠴᠡᠳᠬᠡᠬᠦ  ᠵᠦᠢᠯᠡᠰ ᠢ  ᠳᠠᠷᠣᠢ ᠳᠤᠨᠢ ᠬᠦᠢᠴᠡᠳᠬᠡᠬᠦ︾  ᠶᠢ ᠪᠡᠶᠡᠯᠡᠭᠦᠯᠦᠨ᠎ᠡ᠃        ᠭᠤᠷᠪᠠ᠂ ᠠᠵᠢᠯ ᠤᠨ ᠱᠠᠭᠠᠷᠳᠠᠯᠭ᠎ᠠ        ︵ᠨᠢᠭᠡ︶ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠬᠤ᠃ ᠡᠯ᠎ᠡ  ᠨᠢᠭᠡᠴᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ︽ᠬᠢᠶ᠎ᠠ ᠪᠠᠭᠰᠢ ᠳᠤ ᠪᠦᠬᠦᠨ ᠢ ᠭᠦᠢᠴᠡᠳᠬᠡᠬᠦ︾ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠠᠮᠢᠶ᠎ᠠ ᠪᠦᠬᠦᠢ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠲᠥᠰᠥᠯ ᠢ ᠪᠡᠶ᠎ᠡ ᠪᠠᠷ ᠢᠶᠠᠨ  ᠠᠳᠬᠤᠨ᠂ ᠵᠠᠩᠭᠢᠯᠠᠭ᠎ᠠ ᠶᠢᠨ ᠶᠠᠪᠤᠴᠠᠨ ᠶᠢ ᠪᠡᠶ᠎ᠡ ᠪᠠᠷ ᠢᠶᠠᠨ ᠵᠣᠬᠢᠴᠠᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ ᠰᠢᠪᠠᠳᠠᠨ ᠪᠠᠶᠢᠴᠠᠭᠠᠬᠤ ᠬᠡᠷᠡᠭᠲᠡᠢ᠃  ᠲᠤᠭᠤᠷᠢᠭ ᠤᠨ ᠵᠠᠰᠠᠭ ᠤᠨ ᠣᠷᠳᠣᠨ ᠤ ᠡᠷᠬᠡ ᠳᠣᠰᠢᠶᠠᠯ ᠢ ᠬᠤᠪᠢᠷᠠᠭᠤᠯᠬᠤ ᠶᠢ ᠠᠬᠢᠭᠤᠯᠬᠤ ᠪᠠ ︽  ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠨᠢ ᠲᠤᠰᠬᠠᠢ ᠠᠵᠢᠯ ᠤᠨ ᠡᠬᠡ ᠲᠠᠩᠰᠠ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠠᠬᠢᠴᠠ ᠶᠢᠨ ᠪᠠᠶᠢᠳᠠᠯ ᠢᠶᠠᠨ ᠮᠡᠳᠡᠭᠦᠯᠵᠦ᠂ ᠡᠯ᠎ᠡ ᠵᠦᠢᠯ ᠤᠨ ᠠᠵᠢᠯ ᠢ ᠴᠠᠭ ᠤᠨ ᠬᠢᠵᠠᠭᠠᠷ᠂ ᠬᠠᠷᠠᠯᠲᠠ ᠶᠢᠨ ᠱᠠᠭᠠᠷᠳᠠᠯᠭ᠎ᠠ ᠶᠣᠰᠣᠭᠠᠷ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃        ︵ᠬᠤᠶᠠᠷ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ᠃  ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ  ᠨᠢ ︽ᠬᠢᠶ᠎ᠠ ᠪᠠᠭᠰᠢ ᠳᠤ ᠪᠦᠬᠦᠨ ᠢ ᠭᠦᠢᠴᠡᠳᠬᠡᠬᠦ︾ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠬᠠᠷᠢᠭᠤᠴᠠᠯᠭᠠᠲᠤ ᠨᠢᠭᠡᠴᠡ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ  ᠨᠢᠭᠡᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠣᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠭᠤᠣᠯᠴᠢᠯᠠᠨ ᠬᠠᠮᠢᠶᠠᠷᠬᠤ ᠪᠦᠬᠦᠢ ᠠᠵᠢᠯ ᠲᠥᠷᠥᠯ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠤᠬᠠᠶᠢᠯᠠᠭᠰᠠᠨ ᠠᠵᠢᠯ᠂ ᠰᠢᠰᠲ᠋ᠧᠮ᠂ ᠲᠤᠭ᠎ᠠ ᠪᠠᠷᠢᠮᠲᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠠᠷᠢᠯᠴᠠᠬᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠤ ᠪᠠᠨ  ᠬᠠᠮᠵᠢᠯᠴᠠᠬᠤ ᠪᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠪᠦᠬᠦᠯᠢ ᠴᠣᠭᠴᠠ ᠪᠠᠷ ᠨᠢ ᠠᠬᠢᠭᠤᠯᠬᠤ ᠬᠡᠷᠡᠭᠲᠡᠢ᠃        ︵ᠭᠤᠷᠪᠠ︶  ᠰᠢᠪᠠᠳᠠᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ᠃ ᠬᠢᠨᠠᠨ ᠬᠠᠮᠢᠶᠠᠷᠴᠤ ᠲᠣᠬᠢᠷᠠᠭᠤᠯᠬᠤ ᠶᠢ ᠴᠢᠩᠭᠠᠷᠠᠭᠤᠯᠤᠨ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠳᠠᠯᠠᠵᠤ᠂ ︽ᠳᠥᠷᠪᠡ ᠶᠢ ᠭᠦᠢᠴᠡᠳᠬᠡᠬᠦ︾ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠭᠤᠣᠯᠳᠠᠯᠭ᠎ᠠ ᠲᠠᠢ ᠰᠢᠪᠠᠳᠠᠨ ᠪᠠᠶᠢᠴᠠᠭᠠᠬᠤ ᠵᠦᠢᠯᠡᠰ ᠲᠤ ᠵᠢᠭᠰᠠᠭᠠᠨ ᠣᠷᠣᠭᠤᠯᠵᠤ᠂ ︽ᠬᠢᠶ᠎ᠠ ᠪᠠᠭᠰᠢ ᠳᠤ ᠪᠦᠬᠦᠨ ᠢ ᠭᠦᠢᠴᠡᠳᠬᠡᠬᠦ︾ ᠠᠵᠢᠯ ᠢ ᠵᠢᠯ ᠤᠨ ︽ᠲᠠᠪᠤ ᠶᠢ ᠨᠢᠭᠡ ᠴᠣᠭᠴᠠᠵᠢᠭᠤᠯᠬᠤ︾ ᠰᠢᠯᠭᠠᠨ ᠬᠢᠨᠠᠬᠤ ᠠᠵᠢᠯ ᠤᠨ ᠠᠭᠤᠯᠭ᠎ᠠ ᠳᠤ ᠣᠷᠣᠭᠤᠯᠤᠨ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠵᠠᠯᠬᠠᠭᠠᠨ ᠴᠡᠭᠡᠷᠯᠡᠭᠦᠯᠬᠦ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠠᠵᠢᠯ ᠢᠶᠠᠨ ᠠᠬᠢᠭᠤᠯᠤᠭᠰᠠᠨ ᠦᠭᠡᠢ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠵᠠᠷᠯᠠᠨ ᠮᠡᠳᠡᠭᠳᠡᠵᠦ ᠬᠠᠷᠢᠭᠤᠴᠠᠯᠭ᠎ᠠ ᠨᠡᠬᠡᠮᠵᠢᠯᠡᠨ᠎ᠡ᠃        ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ᠃ ︽ᠬᠤᠶᠠᠷ ᠪᠢᠴᠢᠯ ᠪᠦᠷᠭᠡ ᠨᠢᠭᠡ ᠬᠡᠷᠡᠭᠯᠡᠭᠰᠡᠳ ᠤᠨ ᠦᠵᠦᠭᠦᠷ︾᠂ ᠢᠨᠲ᠋ᠧᠷ ᠰᠦᠯᠵᠢᠶ᠎ᠡ ᠪᠠ ᠰᠢᠨ᠎ᠡ ᠵᠠᠭᠤᠴᠢᠯᠠᠭᠤᠷ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ ᠤᠬᠠᠭᠤᠯᠤᠨ ᠳᠡᠯᠭᠡᠷᠡᠭᠦᠯᠵᠦ᠂ ᠮᠡᠳᠡᠭᠡ ᠵᠠᠩᠭᠢ ᠶᠢ ᠴᠠᠭ ᠲᠤᠬᠠᠢ  ᠳᠤᠨᠢ ᠣᠨᠣᠪᠴᠢᠲᠠᠶ ᠨᠡᠶᠢᠲᠡᠯᠡᠨ᠎ᠡ︔ ︽ᠰᠠᠶᠢᠨ ᠮᠠᠭᠤ ᠶᠢ ᠦᠨᠡᠯᠡᠬᠦ︾᠂ ︽ᠤᠯᠠᠨ ᠦᠨᠡᠯᠡᠬᠦ︾ ᠵᠡᠷᠭᠡ ᠦᠨᠡᠯᠡᠬᠦ ᠠᠵᠢᠯ ᠤᠨ ᠲᠣᠭᠲᠠᠴᠠ ᠶᠢ ᠭᠦᠢᠴᠡᠳ ᠬᠡᠷᠡᠭᠯᠡᠨ᠂ ᠠᠵᠤ ᠠᠬᠤᠶᠢᠯᠠᠯ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠬᠤ ᠶᠢᠨ ᠬᠠᠮᠲᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠵᠢᠱᠢᠯᠲᠡ ᠶᠢ ᠵᠥᠪ ᠢᠶᠠᠷ ᠬᠥᠲᠥᠯᠥᠨ ᠵᠢᠯᠤᠭᠤᠳᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠎ᠠ᠃ 
ᠢᠷᠡᠯᠲᠡ᠄ ᠳᠣᠰ ᠰᠦᠯᠵᠢᠶ᠎ᠡ