ᠤᠷᠳᠤᠰ ᠬᠢᠶ᠎ᠠ ᠵᠠᠰᠠᠭ ᠲᠠᠷᠬᠠᠭᠠᠭᠰᠠᠨ 〔2022〕 59 ᠳ᠋ᠤᠭᠡᠷ ᠲᠣᠭᠠᠲᠤ | | | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠡᠭᠴᠡ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠢᠶ᠎ᠠ ᠪᠠᠭᠰᠢ ᠲᠣᠭᠤᠷᠢᠭ ᠤᠨ ᠠᠷᠭ᠎ᠠ ᠬᠡᠮᠵᠢᠶ᠎ᠡ ᠨᠦᠭᠦᠳ︾ ᠢ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠤ 2022 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠪᠠ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | | | ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2022 ᠣᠨ ᠤ 5 ᠳ᠋ᠤᠭᠠᠷ ᠰᠠᠷ᠎ᠠ ᠶᠢᠨ 31 | | | ᠬᠢᠶ᠎ᠠ ᠪᠠᠭᠰᠢ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ | | | ᠣᠷᠣᠨ ᠪᠦᠰᠡ ᠶᠢᠨ ᠥᠷᠢᠰᠦᠯᠳᠦᠬᠦ ᠬᠦᠴᠦᠨ ᠲᠠᠢ ᠣᠲᠣ ᠦᠶ᠎ᠡ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠠᠵᠤ ᠠᠬᠤᠶᠢᠯᠠᠯ ᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ | ᠨᠡᠮᠡᠷᠢᠯᠡᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠢᠶ᠎ᠠ ᠪᠠᠭᠰᠢ ᠲᠣᠭᠤᠷᠢᠭ ᠤᠨ ᠪᠣᠳᠠᠲᠤ | ᠪᠠᠶᠢᠳᠠᠯ ᠢ ᠦᠨᠳᠦᠰᠦᠯᠡᠨ᠂ ᠲᠣᠰ ᠠᠷᠭ᠎ᠠ ᠬᠡᠮᠵᠢᠶ᠎ᠡ ᠶᠢ ᠣᠨᠴᠠᠭᠠᠶᠢᠯᠠᠨ ᠲᠣᠭᠲᠠᠭᠠᠪᠠ᠃ | ᠨᠢᠭᠡᠳᠦᠭᠡᠷ ᠵᠤᠷᠪᠤᠰ ᠲᠣᠰ ᠠᠷᠭ᠎ᠠ ᠬᠡᠮᠵᠢᠶ᠎ᠡ ᠨᠢ ᠬᠢᠶ᠎ᠠ ᠪᠠᠭᠰᠢ ᠲᠣᠭᠤᠷᠢᠭ ᠤᠨ ᠰᠢᠨ᠎ᠡ ᠪᠠᠷ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ︵ᠲᠥᠷᠥᠯ | ᠵᠦᠢᠯ︶ ᠵᠢᠴᠢ ᠲᠤᠭᠤᠷᠢᠭ ᠤᠨ ᠳᠣᠲᠣᠷᠠᠬᠢ ᠣᠲᠣ ᠶᠢᠨ ᠪᠠᠶᠢᠭ᠎ᠠ ᠳᠠᠬᠢᠨ ᠪᠡᠯᠡ ᠣᠷᠣᠭᠤᠯᠤᠭᠰᠠᠨ ᠠᠵᠤ ᠠᠬᠤᠶᠢᠯᠠᠯ ︵ᠲᠥᠷᠥᠯ ᠵᠦᠢᠯ︶ ᠳᠤ ᠬᠡᠷᠡᠭᠯᠡᠵᠦ | ᠪᠤᠯᠤᠨ᠎ᠠ᠂ ᠤᠯᠤᠰ ᠠᠴᠠ ᠰᠢᠨ᠎ᠡ ᠪᠠᠷ ᠨᠡᠶᠢᠲᠡᠯᠡᠭᠰᠡᠨ ︽ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠢ ᠲᠠᠯ᠎ᠠ ᠶᠢᠨ ᠨᠠᠷᠢᠨ ᠲᠠᠩᠰᠠ︾ ᠳᠤ | ᠵᠥᠪᠰᠢᠶᠡᠷᠡᠨ ᠣᠷᠣᠭᠤᠯᠬᠤ ᠶᠢ ᠴᠠᠭᠠᠵᠠᠯᠠᠬᠤ ᠲᠥᠷᠥᠯ ᠤᠨ ᠲᠥᠷᠥᠯ ᠵᠦᠢᠯ᠂ ︽ᠬᠤᠶᠠᠷ ᠥᠨᠳᠥᠷ︾ ᠲᠥᠷᠥᠯ ᠵᠦᠢᠯ᠂ ᠡᠯ᠎ᠡ ᠲᠥᠷᠥᠯ ᠤᠨ ᠡᠳ᠋ ᠤᠨ ᠵᠠᠰᠠᠭ ᠤᠨ | ᠴᠢᠨᠠᠷᠲᠠᠢ ᠪᠡᠯᠡ ᠣᠷᠣᠭᠤᠯᠤᠯᠲᠠ᠂ ᠨᠢᠭᠦᠯᠡᠰᠦᠩᠭᠦᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠠᠨᠳᠢᠪᠯᠡᠨ ᠬᠦᠷᠭᠡᠬᠦ ᠲᠥᠷᠥᠯ ᠤᠨ ᠲᠥᠷᠥᠯ ᠵᠦᠢᠯ ᠳᠤ | ᠬᠡᠷᠡᠭᠯᠡᠬᠦ ᠦᠭᠡᠢ᠃ | ᠬᠤᠶᠠᠳᠤᠭᠠᠷ ᠵᠤᠷᠪᠤᠰ ᠭᠤᠣᠯᠳᠠᠯᠭ᠎ᠠ ᠲᠠᠢ ᠳᠡᠳᠬᠦᠬᠦ ᠠᠵᠤ ᠦᠢᠯᠡᠰ᠃ ᠪᠡᠯᠡ ᠣᠷᠣᠭᠤᠯᠤᠭᠴᠢᠳ ᠳᠣᠣᠷᠠᠬᠢ ᠠᠵᠤ ᠦᠢᠯᠡᠰ ᠲᠤ ᠪᠡᠯᠡ ᠣᠷᠣᠭᠤᠯᠬᠤ ᠶᠢ | ᠵᠣᠷᠢᠭᠵᠢᠭᠤᠯᠤᠨ᠎ᠠ ᠄ | ︵ᠨᠢᠭᠡ︶ ᠶᠡᠷᠦᠩᠬᠡᠢ ᠬᠡᠯᠲᠡᠰ ᠤᠨ ᠠᠵᠤ ᠠᠬᠤᠢ᠃ᠡᠭᠦᠨ ᠳᠤ ᠠᠵᠤ ᠠᠬᠤᠶᠢᠯᠠᠯ ᠤᠨ ᠶᠡᠷᠦᠩᠬᠡᠢ ᠬᠡᠯᠲᠡᠰ᠂ ᠠᠵᠤ ᠠᠬᠤᠶᠢᠯᠠᠯ ᠤᠨ ᠣᠷᠣᠨ ᠪᠦᠰᠡ ᠶᠢᠨ | ᠶᠡᠷᠦᠩᠬᠡᠢ ᠬᠡᠯᠲᠡᠰ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠰᠤᠳᠤᠯᠤᠨ ᠨᠡᠭᠡᠭᠡᠬᠦ ᠲᠥᠪ᠂ ᠡᠳ᠋ ᠤᠨ ᠶᠠᠪᠤᠳᠠᠯ ᠤᠨ ᠳ᠋ᠦᠩᠨᠡᠨ ᠪᠤᠳᠤᠬᠤ | ᠲᠥᠪ᠂ ᠪᠣᠷᠤᠯᠠᠭᠤᠯᠭ᠎ᠠ ᠶᠢᠨ ᠲᠥᠪ ᠵᠡᠷᠭᠡ ᠪᠠᠭᠲᠠᠨ᠎ᠠ᠃ | ︵ᠬᠤᠶᠠᠷ︶ ᠮᠥᠩᠭᠦᠨ ᠭᠦᠢᠯᠭᠡᠭᠡᠨ ᠤ ᠦᠢᠯᠡᠴᠢᠯᠡᠭᠡ᠃ᠡᠭᠦᠨ ᠳᠤ ᠪᠠᠩᠬᠢ᠂ ᠳᠠᠭᠠᠳᠬᠠᠯ᠂ ᠲᠡᠮᠳᠡᠭᠲᠦ᠂ ᠢᠲᠡᠭᠡᠮᠵᠢᠲᠦ ᠨᠠᠶᠢᠳᠠᠯᠭ᠎ᠠ᠂ ᠰᠠᠭᠤᠷᠢ ᠮᠥᠩᠭᠦ᠂ ᠡᠳ᠋ | ᠬᠥᠷᠥᠩᠭᠡ ᠶᠢᠨ ᠬᠠᠮᠢᠶᠠᠷᠤᠯᠲᠠ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ᠂ ᠥᠮᠴᠢᠯᠡᠬᠦ ᠡᠷᠬᠡ ᠶᠢᠨ ᠠᠷᠠᠯᠵᠢᠶ᠎ᠠ᠂ ᠦᠨᠡᠯᠡᠨ ᠵᠢᠱᠢᠵᠦ ᠯᠠᠪᠯᠠᠨ ᠠᠰᠠᠭᠤᠬᠤ ᠵᠡᠷᠭᠡ | ᠪᠠᠭᠲᠠᠨ᠎ᠠ᠃ | ︵ᠭᠤᠷᠪᠠ︶ ᠰᠣᠶᠣᠯ ᠵᠢᠭᠤᠯᠴᠢᠯᠠᠯ᠃ ᠡᠭᠦᠨ ᠳᠤ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ᠂ ᠰᠣᠶᠣᠯ ᠵᠢᠭᠤᠯᠴᠢᠯᠠᠯ ᠤᠨ | ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠺᠢᠨᠣ᠋ ᠲᠧᠯᠸᠢᠰ᠂ ᠰᠣᠶᠣᠯ ᠤᠨ ᠪᠦᠲᠦᠭᠡᠯᠴᠢ ᠰᠡᠳᠬᠢᠮᠵᠢ᠂ ᠵᠢᠭᠤᠯᠴᠢᠯᠠᠯ ᠤᠨ ᠵᠠᠮ ᠱᠤᠭᠤᠮ ᠢ ᠰᠤᠳᠤᠯᠤᠨ ᠨᠡᠭᠡᠭᠡᠬᠦ | ᠵᠡᠷᠭᠡ ᠪᠠᠭᠲᠠᠨ᠎ᠠ᠃ | ︵ᠳᠥᠷᠪᠡ︶ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ᠃ᠡᠭᠦᠨ ᠳᠤ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ | ᠲᠠᠷᠢᠶᠠᠯᠠᠩ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠨᠠᠷᠠᠲᠤ ᠲᠡᠮᠳᠡᠭᠲᠦ ᠢᠳᠡᠭᠡᠨ ᠤᠮᠳᠠᠭᠠᠨ᠂ ᠪᠠᠭᠤᠳᠠᠯ ᠤᠨ ᠬᠤᠨᠤᠭᠯᠠᠯ᠂ ᠡᠯᠧᠺᠲᠷᠣᠨ | ᠬᠤᠳᠠᠯᠳᠤᠭᠠᠨ ᠤ ᠶᠠᠪᠤᠳᠠᠯ᠂ ᠪᠠᠷᠠᠭᠠᠨ ᠤ ᠭᠦᠢᠯᠭᠡᠭᠡᠨ ᠤ ᠨᠦᠬᠡᠴᠡᠯᠡᠭᠡ ᠂ ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠬᠤ ᠵᠡᠷᠭᠡ ᠪᠠᠭᠲᠠᠨ᠎ᠠ᠃ | ︵ᠲᠠᠪᠤ ︶ ᠲᠤᠭᠠᠴᠠᠯᠠᠭᠰᠠᠨ ᠠᠵᠤ ᠠᠬᠤᠢ᠃ ᠡᠭᠦᠨ ᠳᠤ ᠵᠢᠷᠤᠭᠯᠠᠨ ᠲᠦᠯᠦᠪᠯᠡᠵᠦ ᠰᠤᠳᠤᠯᠤᠨ ᠨᠡᠭᠡᠭᠡᠬᠦ᠂ ᠰᠢᠨᠵᠢᠯᠡᠭᠡ ᠮᠡᠷᠭᠡᠵᠢᠯ ᠤᠨ ᠦᠢᠯᠡᠴᠢᠯᠡᠭᠡ᠂ | ᠲᠤᠭᠠᠴᠠᠯᠠᠭᠰᠠᠨ ᠦᠢᠯᠡᠴᠢᠯᠡᠭᠡ᠂ ᠰᠦᠯᠵᠢᠶᠡᠨ ᠤ ᠤᠳᠤᠳ ᠤᠨ ᠠᠵᠤ ᠠᠬᠤᠢ ᠵᠡᠷᠭᠡ ᠪᠠᠭᠲᠠᠨ᠎ᠠ᠃ | ︵ᠵᠢᠷᠭᠤᠭ᠎ᠠ︶ ᠰᠤᠷᠭᠠᠨ ᠬᠦᠮᠦᠵᠢᠯ ᠡᠮᠨᠡᠯᠭᠡ ᠢᠶᠠᠷ ᠰᠤᠪᠢᠯᠠᠬᠤ᠃ ᠳᠡᠭᠡᠳᠦ ᠲᠠᠰ ᠤᠨ ᠣᠯᠠᠨ ᠤᠯᠤᠰ ᠤᠨ ᠰᠤᠷᠭᠠᠭᠤᠯᠢ᠂ ᠠᠵᠢᠯ ᠮᠡᠷᠭᠡᠵᠢᠯ ᠤᠨ | ᠬᠥᠮᠦᠵᠢᠯ᠂ ᠰᠤᠳᠤᠯᠤᠨ ᠰᠤᠷᠬᠤ ᠲᠥᠷᠥᠯ ᠵᠦᠢᠯ ᠤᠨ ᠨᠡᠭᠡᠭᠡᠨ ᠬᠥᠭᠵᠢᠭᠦᠯᠦᠯᠲᠡ᠂ ᠡᠷᠡᠭᠦᠯ ᠮᠡᠨᠳᠦ ᠪᠡᠶ᠎ᠡ ᠰᠤᠪᠢᠯᠠᠯᠲᠠ᠂ ᠵᠢᠭᠤᠯᠴᠢᠯᠠᠵᠤ ᠰᠠᠭᠤᠬᠤ | ᠨᠠᠰᠤᠵᠢᠯ ᠤᠨ ᠠᠰᠠᠷᠠᠮᠵᠢ᠂ ᠡᠷᠡᠭᠦᠯᠵᠢᠯ ᠰᠤᠪᠢᠯᠠᠯᠲᠠ᠂ ᠣᠨᠴᠠᠯᠢᠭᠲᠤ ᠲᠤᠰᠬᠠᠢ ᠡᠮᠨᠡᠯᠭᠡ ᠶᠢᠨ ᠬᠤᠷᠢᠶ᠎ᠠ ᠵᠡᠷᠭᠡ᠃ | ︵ᠳᠣᠯᠤᠭ᠎ᠠ︶ ᠴᠢᠳᠠᠪᠤᠷᠢᠲᠠᠨ ᠢ ᠤᠷᠤᠭᠤᠯᠤᠨ ᠬᠦᠮᠦᠵᠢᠭᠦᠯᠬᠦ ᠃ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠠᠺᠠᠳᠧᠮᠢᠴᠢ ᠲᠤᠰᠬᠠᠢ | ᠮᠡᠷᠭᠡᠵᠢᠯᠲᠡᠨ ᠤ ᠠᠵᠢᠯ ᠤᠨ ᠥᠷᠲᠡᠭᠡ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠵᠡᠷᠭᠡ ᠶᠢ ᠪᠠᠭᠲᠠᠭᠠᠨ᠎ᠠ | ᠃ | ︵ᠨᠠᠢᠮᠠ︶ ᠪᠣᠬᠢᠷᠳᠤᠯ ᠦᠭᠡᠢ ᠳᠤᠤᠷ᠎ᠠ ᠨᠡᠭᠦᠷᠡᠰᠦᠲᠥ᠋ᠷᠥᠭᠴᠢ ᠠᠵᠤ ᠦᠢᠯᠡᠰ᠃ᠡᠭᠦᠨ ᠳᠤ ᠳᠤᠤᠷ᠎ᠠ ᠨᠡᠭᠦᠷᠡᠰᠦᠲᠥ᠋ᠷᠥᠭᠴᠢ ᠡᠨᠧᠷᠭᠢ ᠠᠷᠪᠢᠯᠠᠬᠤ᠂ ᠣᠷᠴᠢᠨ | ᠠᠬᠤᠢ ᠶᠢ ᠬᠠᠮᠠᠭᠠᠯᠠᠬᠤ ᠠᠵᠤ ᠦᠢᠯᠡᠰ᠂ ᠣᠷᠴᠢᠨ ᠠᠬᠤᠢ ᠶᠢ ᠬᠠᠮᠠᠭᠠᠯᠠᠬᠤ ᠮᠠᠲ᠋ᠧᠷᠢᠶᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠬᠢᠯᠲᠠ ᠮᠠᠲ᠋ᠧᠷᠢᠶᠠᠯ | ᠵᠡᠷᠭᠡ ᠪᠠᠭᠲᠠᠨ᠎ᠠ᠃ | ︵ᠶᠢᠰᠦ︶ ᠣᠶᠤᠨᠴᠢ ᠠᠵᠤ ᠦᠢᠯᠡᠰ᠃ᠡᠭᠦᠨ ᠳᠤ ᠳᠡᠭᠡᠳᠦ ᠰᠢᠨ᠎ᠡ ᠮᠡᠷᠭᠡᠵᠢᠯ ᠤᠨ ᠲᠣᠨᠣᠭᠯᠠᠯ᠂ ᠰᠢᠨ᠎ᠡ ᠬᠡᠯᠪᠡᠷᠢ ᠶᠢᠨ ᠡᠨᠧᠷᠭᠢ ᠶᠢᠨ ᠲᠣᠨᠣᠭᠯᠠᠯ᠂ ᠡᠨᠧᠷᠭᠢ | ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠲᠣᠨᠣᠭᠯᠠᠯ᠂ ᠤᠰᠤᠲᠥ᠋ᠷᠥᠭᠴᠢ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠲᠦᠷᠦᠯ ᠵᠦᠢᠯ ᠵᠡᠷᠭᠡ ᠪᠠᠭᠲᠠᠨ᠎ᠠ᠃ | ︵ᠠᠷᠪᠠ︶ ᠬᠦᠳᠡᠭᠡ ᠲᠤᠰᠬᠤᠨ ᠤ ᠠᠵᠤ ᠠᠬᠤᠢ᠃ᠡᠭᠦᠨ ᠳᠤ ᠣᠨᠴᠠᠯᠢᠭᠲᠤ ᠬᠥᠳᠡᠭᠡ ᠲᠣᠰᠬᠤᠨ ᠤ ᠠᠵᠤ ᠦᠢᠯᠡᠰ᠂ ᠴᠡᠴᠡᠷᠯᠢᠭ ᠤᠨ ᠵᠢᠷᠤᠭ ᠲᠥᠯᠥᠪᠯᠡᠭᠡ᠂ | ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠠᠮᠢ ᠠᠬᠤᠢ ᠶᠢᠨ ᠠᠵᠤ ᠦᠢᠯᠡᠰ᠂ ᠴᠡᠴᠡᠭ ᠡᠪᠡᠰᠦᠨ ᠤ ᠦᠢᠯᠡᠳᠪᠦᠷᠢᠯᠡᠯ ᠵᠡᠷᠭᠡ ᠪᠠᠭᠲᠠᠨ᠎ᠠ᠃ | ᠭᠤᠷᠪᠠᠳᠤᠭᠠᠷ ᠵᠤᠷᠪᠤᠰ ᠠᠵᠤ ᠠᠬᠤᠶᠢᠯᠠᠯ ᠤᠨ ᠡᠷᠦᠬᠡ ᠠᠮᠠ ᠣᠷᠣᠭᠤᠯᠤᠭᠰᠠᠨ ᠱᠠᠩᠨᠠᠯ᠃ ᠬᠢᠶ᠎ᠠ ᠪᠠᠭᠰᠢ ᠲᠣᠭᠤᠷᠢᠭ ᠲᠤ ᠰᠢᠨ᠎ᠡ ᠪᠠᠷ ᠪᠠᠶᠢᠭᠤᠯᠤᠭᠰᠠᠨ | ᠪᠤᠶᠤ ᠬᠢᠶ᠎ᠠ ᠪᠠᠭᠰᠢ ᠲᠣᠭᠤᠷᠢᠭ ᠲᠤ ᠰᠢᠨ᠎ᠡ ᠪᠠᠷ ᠨᠡᠭᠦᠵᠦ ᠣᠷᠣᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ᠂ ᠲᠡᠷᠡᠴᠢᠯᠡᠨ ᠠᠩᠬ᠎ᠠ ᠤᠳᠠᠭ᠎ᠠ ᠪᠣᠳᠠᠲᠠᠢ | ᠲᠤᠰᠢᠶᠠᠭᠰᠠᠨ ᠵᠤᠭᠤᠰ 1000 ᠲᠦᠮᠡᠨ ᠲᠥᠭᠦᠷᠢᠭ ᠠᠴᠠ ᠳᠡᠭᠡᠭᠰᠢ ︵1000 ᠲᠦᠮᠡᠨ ᠲᠥᠭᠦᠷᠢᠭ ᠪᠠᠭᠲᠠᠨ᠎ᠠ︶᠂ ᠠᠵᠤ ᠠᠬᠤᠶᠢᠯᠠᠯ ᠤᠨ | ᠳᠠᠩᠰᠠᠯᠠᠭᠤᠯᠤᠭᠰᠠᠨ ᠤ ᠳᠠᠷᠠᠭᠠᠬᠢ ᠠᠩᠬᠠᠳᠠᠭᠴᠢ ᠪᠦᠷᠢᠨ ᠪᠦᠲᠦᠨ ᠭᠠᠶᠢᠯᠢ ᠳᠤᠰᠢᠶᠠᠭᠰᠠᠨ ᠣᠨ ᠳᠤ᠂ ᠲᠤᠭᠤᠷᠢᠭ ᠤᠨ ᠲᠣᠰ ᠱᠠᠲᠤᠨ ᠤ ᠬᠤᠪᠢ ᠨᠡᠮᠡᠷᠢ ᠶᠢᠨ | ᠬᠤᠪᠢᠳᠠᠨ ᠦᠯᠡᠳᠡᠭᠡᠭᠰᠡᠨ ᠬᠡᠰᠡᠭ ᠨᠢ 300 ᠲᠦᠮᠡᠨ ᠲᠥᠭᠦᠷᠢᠭ᠂ 600 ᠲᠦᠮᠡᠨ ᠲᠥᠭᠦᠷᠢᠭ᠂ 1000 ᠲᠦᠮᠡᠨ ᠲᠥᠭᠦᠷᠢᠭ ᠲᠤ ᠬᠦᠷᠦᠭᠰᠡᠨ ᠪᠠᠶᠢᠪᠠᠯ᠂ | ᠲᠣᠰ ᠲᠣᠰ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 400 ᠲᠦᠮᠡᠨ ᠲᠥᠭᠦᠷᠢᠭ ᠤᠨ ᠡᠷᠦᠬᠡ ᠠᠮᠠ ᠤᠷᠤᠭᠤᠯᠤᠭᠰᠠᠨ ᠱᠠᠩᠨᠠᠯ ᠣᠯᠭᠤᠨ᠎ᠠ᠃ | 3 ᠵᠢᠯ ᠤᠨ ᠳᠣᠲᠣᠷ᠎ᠠ ᠱᠠᠩᠨᠠᠬᠤ ᠶᠡᠷᠦᠩᠬᠡᠢ ᠲᠤᠭ᠎ᠠ ᠶᠢᠨ 30%᠂ 30%᠂ 40% ᠪᠠᠷ ᠪᠡᠯᠡᠨ ᠵᠣᠭᠤᠰ ᠣᠯᠭᠤᠨ᠎ᠠ᠃ᠶᠡᠷᠦᠩᠬᠡᠢ ᠬᠡᠯᠲᠡᠰ ᠤᠨ ᠠᠵᠤ | ᠠᠬᠤᠶᠢᠯᠠᠯ ᠤᠨ ᠣᠯᠣᠭᠰᠠᠨ ᠱᠠᠩᠨᠠᠯ ᠤᠨ ᠮᠥᠩᠭᠦᠨ ᠤ 30% ᠶᠢ ᠳᠣᠲᠣᠭᠠᠳᠤ ᠶᠢᠨ ᠠᠵᠢᠯᠲᠠᠨ ᠤ ᠬᠤᠪᠢ ᠬᠥᠮᠥᠨ ᠢ ᠱᠠᠩᠨᠠᠬᠤ ᠳᠤ ᠬᠡᠷᠡᠭᠯᠡᠵᠦ ᠪᠣᠯᠣᠨ᠎ᠠ᠃ | ᠳᠡᠯᠡᠬᠡᠢ ᠶᠢᠨ 500 ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ᠳᠤᠮᠳᠠᠳᠤ ᠤᠯᠤᠰ ᠤᠨ ᠦᠶᠯᠡᠳᠬᠦ ᠦᠢᠯᠡᠰ ᠤᠨ 500 ᠬᠦᠴᠦᠷᠬᠡᠭ᠂ | ᠳᠤᠮᠳᠠᠳᠤ ᠤᠯᠤᠰ ᠤᠨ ᠦᠢᠯᠡᠴᠢᠯᠡᠭᠡᠨ ᠤ ᠦᠢᠯᠡᠰ ᠤᠨ 500 ᠬᠦᠴᠦᠷᠬᠡᠭ᠂ ᠳᠤᠮᠳᠠᠳᠤ ᠤᠯᠤᠰ ᠤᠨ ᠬᠤᠪᠢ ᠶᠢᠨ ᠠᠵᠤ ᠠᠬᠤᠶᠢᠯᠠᠯ ᠤᠨ 500 ᠬᠦᠴᠦᠷᠬᠡᠭ᠂ | ᠲᠥᠪ ᠤᠨ ᠠᠵᠤ ᠠᠬᠤᠶᠢᠯᠠᠯ᠂ ᠡᠵᠡᠩᠨᠡᠯᠲᠡ ᠶᠢᠨ ᠨᠣᠷᠮ᠎ᠠ ᠨᠢ 50 ᠳ᠋ᠦᠩᠰᠢᠭᠤᠷ ᠳ᠋ᠣᠯᠯᠠᠷ ︵ᠲᠦᠷᠦᠭᠦᠸ ᠭᠤᠷᠪᠠᠨ ᠵᠢᠯ ᠤᠨ ᠳᠤᠮᠳᠠᠴᠢ ᠲᠤᠭ᠎ᠠ︶ ᠢ ᠳᠠᠪᠠᠭᠰᠠᠨ | ᠤᠯᠤᠰ ᠠᠯᠤᠰᠯᠠᠭᠰᠠᠨ ᠺᠣᠮᠫᠠᠨᠢ᠂ ᠳᠤᠮᠳᠠᠳᠤ ᠤᠯᠤᠰ ᠤᠨ ᠰᠤᠳᠤᠨ ᠬᠦᠯᠦᠭ ᠠᠵᠤ ᠠᠬᠤᠶᠢᠯᠠᠯ᠂ ᠳᠤᠮᠳᠠᠳᠤ ᠤᠯᠤᠰ ᠤᠨ ᠦᠶᠯᠡᠳᠬᠦ ᠦᠢᠯᠡᠰ ᠤᠨ ᠭᠠᠭᠴᠠ | ᠵᠦᠢᠯ ᠤᠨ ᠮᠠᠩᠯᠠᠢ ᠠᠵᠤ ᠠᠬᠤᠶᠢᠯᠠᠯ ᠬᠢᠶ᠎ᠠ ᠪᠠᠭᠰᠢ ᠲᠣᠭᠤᠷᠢᠭ ᠲᠤ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢ ᠰᠢᠨ᠎ᠡ ᠪᠠᠷ | ᠪᠠᠶᠢᠭᠤᠯᠤᠭᠰᠠᠨ ᠪᠠᠶᠢᠪᠠᠯ᠂ ︽ᠨᠢᠭᠡ ᠬᠡᠷᠡᠭ ᠢ ᠨᠢᠭᠡ ᠵᠥᠪᠯᠡᠬᠦ︾ ᠶᠣᠰᠣᠭᠠᠷ ᠱᠠᠩᠨᠠᠨ᠎ᠠ᠃ | ᠳᠥᠷᠪᠡᠳᠦᠭᠡᠷ ᠵᠤᠷᠪᠤᠰ ᠪᠡᠯᠡ ᠣᠷᠣᠭᠤᠯᠤᠯᠲᠠ ᠶᠢᠨ ᠱᠠᠩᠨᠠᠯ᠃ᠰᠢᠨ᠎ᠡ ᠪᠠᠷ ᠣᠷᠣᠭᠤᠯᠵᠤ ᠠᠪᠴᠢᠷᠠᠭᠰᠠᠨ ᠪᠥᠭᠡᠳ ᠲᠤᠰ ᠠᠷᠭ᠎ᠠ ᠬᠡᠮᠵᠢᠶ᠎ᠡ ᠶᠢᠨ ᠬᠤᠶᠠᠳᠤᠭᠠᠷ | ᠵᠤᠷᠪᠤᠰ ᠤᠨ ᠲᠣᠭᠲᠠᠭᠠᠯ ᠳᠤ ᠨᠡᠶᠢᠴᠡᠭᠰᠡᠨ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠳᠠᠩᠰᠠᠯᠠᠭᠤᠯᠤᠭᠰᠠᠨ ᠡᠳᠦᠷ ᠠᠴᠠ ᠡᠬᠢᠯᠡᠨ 2 ᠵᠢᠯ ᠤᠨ ᠳᠣᠲᠣᠷ᠎ᠠ᠂ | ᠦᠢᠯᠡᠳᠪᠦᠷᠢᠯᠡᠯ ᠤᠨ ᠬᠡᠯᠪᠡᠷᠢ ᠶᠢᠨ ᠠᠵᠤ ᠠᠬᠤᠶᠢᠯᠠᠯ ᠤᠨ ᠪᠣᠳᠠᠲᠠᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠭᠠᠵᠠᠷ ᠰᠢᠷᠣᠢ ᠶᠢᠨ ᠫᠠᠶᠢᠰᠠ ᠡᠯᠭᠦᠬᠦ | ᠵᠠᠷᠤᠳᠠᠯ ᠪᠠᠭᠲᠠᠬᠤ ᠦᠭᠡᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠤᠨ ᠲᠥᠷᠥᠯ ᠵᠦᠢᠯ ᠢ ᠪᠠᠭᠲᠠᠭᠠᠬᠤ ᠦᠭᠡᠢ᠂ ᠳᠣᠷᠣᠭᠰᠢ ᠠᠳᠠᠯᠢ︶ ᠨᠢ ᠨᠡᠶᠢᠲᠡ | 1000 ᠲᠦᠮᠡ ᠠᠴᠠ ᠳᠡᠭᠡᠭᠰᠢ ︵ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠶᠢᠨ ᠭᠠᠷᠭᠠᠭᠰᠠᠨ ᠬᠠᠮᠢᠶ᠎ᠠ ᠪᠦᠬᠦᠢ ᠮᠡᠳᠡᠭᠦᠯᠦᠯᠲᠡ ᠪᠠᠷ ᠪᠠᠷᠢᠮᠵᠢᠶ᠎ᠠ ᠪᠣᠯᠭᠠᠵᠤ᠂ | ᠳᠣᠷᠣᠭᠰᠢ ᠠᠳᠠᠯᠢ︶ ᠳᠤ ᠬᠦᠷᠦᠭᠰᠡᠨ ᠵᠢᠴᠢ ᠦᠢᠯᠡᠳᠪᠦᠷᠢᠯᠡᠯ ᠤᠨ ᠪᠤᠰᠤ ᠬᠡᠯᠪᠡᠷᠢ ᠶᠢᠨ ᠠᠵᠤ ᠠᠬᠤᠶᠢᠯᠠᠯ ᠤᠨ ᠶᠡᠷᠦᠩᠬᠡᠢ ᠪᠡᠯᠡ ᠣᠷᠣᠭᠤᠯᠤᠯᠲᠠ ᠨᠢ ᠨᠡᠶᠢᠲᠡ | 300 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠲᠡᠭᠦᠨ ᠤ ᠪᠣᠳᠠᠲᠠᠢ ᠪᠡᠯᠡ ᠣᠷᠣᠭᠤᠯᠤᠯᠲᠠ ᠶᠢᠨ ᠲᠤᠭ᠎ᠠ ᠶᠢᠨ 0.5% ᠪᠠᠷ ᠠᠵᠤ ᠠᠬᠤᠶᠢᠯᠠᠯ ᠳᠤ ᠨᠢᠭᠡ | ᠯᠠ ᠤᠳᠠᠭ᠎ᠠ ᠶᠢᠨ ᠴᠢᠨᠠᠷᠲᠠᠢ ᠱᠠᠩᠨᠠᠯ ᠣᠯᠭᠤᠵᠤ᠂ ᠭᠠᠭᠴᠠ ᠡᠷᠦᠬᠡ ᠶᠢᠨ ᠠᠵᠤ ᠠᠬᠤᠶᠢᠯᠠᠯ ᠲᠦᠷᠦᠯ ᠵᠦᠢᠯ ᠤᠨ ᠱᠠᠩᠨᠠᠯ ᠤᠨ ᠵᠣᠭᠤᠰ ᠤᠨ ᠲᠤᠭ᠎ᠠ ᠨᠢ ᠬᠠᠮᠤᠭ | ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠃ | ᠲᠠᠪᠤᠳᠤᠭᠠᠷ ᠵᠤᠷᠪᠤᠰ ᠴᠢᠳᠠᠪᠤᠷᠢᠲᠠᠨ ᠵᠢᠴᠢ ᠳᠡᠭᠡᠳᠦ ᠬᠠᠮᠢᠶᠠᠷᠤᠭᠴᠢ ᠶᠢᠨ ᠬᠦᠬᠢᠭᠦᠯᠦᠯ᠃ᠠᠵᠤ ᠠᠬᠤᠶᠢᠯᠠᠯ ᠤᠨ ᠣᠷᠣᠭᠤᠯᠵᠤ ᠠᠪᠴᠢᠷᠠᠭᠰᠠᠨ ᠳᠡᠭᠡᠳᠦ | ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠬᠤᠲᠠ᠂ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠵᠢᠴᠢ ᠳᠡᠭᠡᠳᠦ ᠬᠠᠮᠢᠶᠠᠷᠤᠭᠴᠢ ᠶᠢᠨ ᠦᠷ᠎ᠡ ᠬᠡᠦᠬᠡᠳ ᠨᠢ ᠬᠢᠶ᠎ᠠ ᠪᠠᠭᠰᠢ ᠲᠣᠭᠤᠷᠢᠭ ᠲᠤ ᠴᠡᠴᠡᠷᠯᠢᠭ ᠲᠤ ᠣᠷᠣᠬᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠰᠤᠷᠭᠠᠭᠤᠯᠢ ᠳᠤ ᠣᠷᠣᠬᠤ ᠳᠤ ᠬᠢᠶ᠎ᠠ ᠪᠠᠭᠰᠢ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ | ᠪᠠᠶᠢᠩᠭᠤ ᠰᠠᠭᠤᠭ᠎ᠠ ᠬᠥᠮᠥᠨ ᠠᠮᠠ ᠶᠢᠨ ᠦᠷ᠎ᠡ ᠬᠡᠦᠬᠡᠳ ᠲᠠᠢ ᠠᠳᠠᠯᠢ ᠲᠡᠭᠰᠢ ᠰᠤᠷᠭᠠᠭᠤᠯᠢ ᠳᠤ ᠣᠷᠣᠬᠤ ᠬᠦᠷᠲᠡᠭᠡᠮᠵᠢ ᠲᠠᠢ᠂ ᠣᠶᠢᠷ᠎ᠠ ᠬᠠᠪᠢ ᠳᠤᠨᠢ ᠲᠥᠬᠦᠮ | ᠪᠠᠶᠢᠯᠭᠠᠬᠤ ᠵᠠᠷᠴᠢᠮ ᠶᠣᠰᠣᠭᠠᠷ ᠶᠠᠰᠤ ᠴᠢᠨᠠᠷ ᠢᠶᠠᠷ ᠨᠡᠯᠢᠶᠡᠳ ᠰᠠᠶᠢᠨ ᠰᠤᠷᠭᠠᠭᠤᠯᠢ ᠳᠤ ᠲᠣᠬᠢᠷᠠᠭᠤᠯᠤᠨ᠎ᠠ᠃ | ᠵᠢᠷᠭᠤᠳᠤᠭᠠᠷ ᠵᠤᠷᠪᠤᠰ ᠬᠤᠳᠠᠯᠳᠤᠭᠠᠴᠢᠨ ᠤᠷᠢᠬᠤ ᠵᠠᠭᠤᠴᠢ ᠶᠢᠨ ᠱᠠᠩᠨᠠᠯ᠃ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠮᠵᠢ᠂ ᠳᠡᠯᠡᠬᠡᠢ ᠶᠢᠨ ᠪᠠ | ᠤᠯᠤᠰ ᠤᠨ ᠳᠣᠲᠣᠭᠠᠳᠤ ᠶᠢᠨ ᠨᠡᠷᠡᠳᠦ ᠵᠦᠪᠯᠡᠯᠭᠡ ᠦᠭᠬᠦ ᠦᠢᠯᠡᠴᠢᠯᠡᠭᠡᠨ ᠤ ᠪᠠᠶᠢᠭᠤᠯᠤᠮᠵᠢ᠂ ᠲᠤᠰᠬᠠᠢ ᠤᠷᠤᠨ ᠲᠤᠭᠤᠷᠢᠭ ᠤᠨ ᠳᠡᠰ ᠠᠴᠠ ᠳᠡᠭᠡᠭᠰᠢᠬᠢ ᠠᠵᠢᠯ | ᠲᠦᠷᠦᠯ ᠤᠨ ᠨᠡᠶᠢᠭᠡᠮᠯᠢᠭ᠂ ᠬᠤᠳᠠᠯᠳᠤᠭᠠᠨ ᠤ ᠡᠪᠯᠡᠯ ᠵᠡᠷᠭᠡ ᠭᠤᠷᠪᠠᠳᠤᠭᠠᠷ ᠲᠠᠯ᠎ᠠ ᠶᠢᠨ ᠲᠤᠰᠬᠠᠢ ᠪᠠᠶᠢᠭᠤᠯᠤᠮᠵᠢ ᠶᠢᠨ ᠴᠢᠬᠤᠯᠠ ᠶᠡᠭᠡ ᠲᠦᠷᠦᠯ ᠵᠦᠢᠯ ᠢ | ᠣᠷᠣᠭᠤᠯᠤᠨ ᠠᠪᠴᠢᠷᠠᠬᠤ᠂ ᠬᠤᠳᠠᠯᠳᠤᠭᠠᠴᠢᠨ ᠤᠷᠢᠬᠤ ᠮᠡᠳᠡᠭᠡ ᠬᠦᠷᠭᠡᠬᠦ᠂ ᠲᠣᠮᠣ ᠬᠡᠯᠪᠡᠷᠢ ᠶᠢᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠬᠠᠪᠰᠤᠷᠤᠨ | ᠡᠷᠬᠢᠯᠡᠬᠦ᠂ ᠰᠠᠯᠪᠤᠷᠢ ᠪᠠᠭ᠎ᠠ ᠠᠩᠭᠢ ᠶᠢᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠬᠠᠪᠰᠤᠷᠤᠨ ᠡᠷᠬᠢᠯᠡᠬᠦ᠂ ᠬᠤᠳᠠᠯᠳᠤᠭᠠᠴᠢᠨ ᠤᠷᠢᠬᠤ ᠵᠦᠪᠯᠡᠯᠭᠡ ᠦᠭᠬᠦ | ᠦᠢᠯᠡᠴᠢᠯᠡᠭᠡ ᠵᠡᠷᠭᠡ ᠶᠠᠪᠤᠳᠠᠯ ᠤᠨ ᠲᠠᠯ᠎ᠠ ᠪᠠᠷ ᠬᠢᠶ᠎ᠠ ᠪᠠᠭᠰᠢ ᠲᠣᠭᠤᠷᠢᠭ ᠯᠤᠭ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠮᠲᠤᠷᠠᠯᠴᠠᠭ᠎ᠠ ᠥᠷᠨᠢᠭᠦᠯᠬᠦ ᠶᠢ | ᠵᠣᠷᠢᠭᠵᠢᠭᠤᠯᠤᠨ᠎ᠠ᠃ ᠠᠵᠤ ᠠᠬᠤᠶᠢᠯᠠᠯ ︵ᠲᠥᠷᠥᠯ ᠵᠦᠢᠯ︶ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠲᠡᠳᠡᠨ ᠤ ᠬᠥᠲᠥᠯᠥᠨ ᠵᠢᠯᠤᠭᠤᠳᠤᠯᠭ᠎ᠠ ᠪᠠᠷ ᠭᠠᠵᠠᠷ | ᠤᠷᠤᠨ ᠳᠤ ᠰᠠᠭᠤᠷᠢᠰᠢᠭ᠎ᠠ ᠠᠵᠤ ᠠᠬᠤᠶᠢᠯᠠᠯ ︵ᠲᠥᠷᠥᠯ ᠵᠦᠢᠯ︶ ᠤᠨ ᠬᠡᠪ ᠤᠨ ᠡᠵᠡᠩᠨᠡᠯᠲᠡ ᠠᠴᠠ ᠡᠬᠢᠯᠡᠨ ᠨᠢᠭᠡ ᠪᠦᠷᠢᠨ ᠪᠦᠲᠦᠨ ᠭᠠᠶᠢᠯᠢ ᠲᠤᠰᠢᠶᠠᠬᠤ ᠣᠨ ᠤ | ᠬᠢᠶ᠎ᠠ ᠪᠠᠭᠰᠢ ᠲᠣᠭᠤᠷᠢᠭ ᠤᠨ ᠲᠣᠰ ᠱᠠᠲᠤᠨ ᠳᠤ ᠦᠵᠡᠭᠦᠯᠦᠭᠰᠡᠨ ᠬᠤᠪᠢ ᠨᠡᠮᠡᠷᠢ ᠶᠢᠨ ᠬᠤᠪᠢᠳᠠᠨ ᠦᠯᠡᠳᠡᠭᠡᠬᠦ ᠬᠡᠰᠡᠭ ᠢᠶᠠᠷ ᠯᠠᠪᠯᠠᠯᠲᠠ ᠶᠢᠨ ᠲᠤᠭ᠎ᠠ ᠪᠣᠯᠭᠠᠵᠤ᠂ | ᠨᠢᠭᠡ ᠯᠠ ᠤᠳᠠᠭ᠎ᠠ ᠶᠢᠨ ᠴᠢᠨᠠᠷᠲᠠᠢ ᠪᠠᠷ 2% ᠤᠨ ᠱᠠᠩᠨᠠᠯ ᠣᠯᠭᠤᠵᠤ᠂ ᠭᠠᠭᠴᠠ ᠡᠷᠦᠬᠡ ᠶᠢᠨ ᠠᠵᠤ ᠠᠬᠤᠶᠢᠯᠠᠯ ︵ᠲᠥᠷᠥᠯ ᠵᠦᠢᠯ︶ ᠤᠨ ᠱᠠᠩᠨᠠᠯ ᠤᠨ | ᠮᠥᠩᠭᠦ ᠶᠢᠨ ᠲᠤᠭ᠎ᠠ ᠶᠢ ᠬᠠᠮᠤᠭ ᠥᠨᠳᠥᠷ ᠲᠡᠭᠡᠨ 20 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | ᠳᠣᠯᠣᠳᠤᠭᠠᠷ ᠵᠤᠷᠪᠤᠰ ᠠᠵᠢᠯᠴᠢᠨ ᠬᠡᠷᠡᠭᠯᠡᠭᠰᠡᠨ ᠱᠠᠩᠨᠠᠯ᠃ ᠰᠢᠨ᠎ᠡ ᠪᠠᠷ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠠᠵᠢᠯᠴᠢᠨ ᠯᠤᠭ᠎ᠠ ᠨᠢᠭᠡ | ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠮᠥᠷᠲᠡᠭᠡᠨ ᠠᠵᠢᠯᠴᠢᠨ ᠬᠡᠷᠡᠭᠯᠡᠬᠦ ᠠᠵᠤ ᠠᠬᠤᠶᠢᠯᠠᠯ ᠨᠢ ᠬᠢᠶ᠎ᠠ ᠪᠠᠭᠰᠢ ᠲᠣᠭᠤᠷᠢᠭ ᠲᠤ ᠨᠡᠶᠢᠭᠡᠮ ᠤᠨ | ᠳᠠᠭᠠᠳᠬᠠᠯ ᠢ ᠭᠦᠢᠴᠡᠳ ᠲᠤᠭ᠎ᠠ ᠪᠠᠷ ᠲᠤᠰᠢᠶᠠᠭᠰᠠᠨ ᠪᠠᠶᠢᠪᠠᠯ᠂ ᠠᠵᠢᠯ ᠣᠯᠭᠤᠭᠰᠠᠨ ᠬᠥᠮᠥᠨ ᠤ ᠲᠤᠭ᠎ᠠ ᠨᠢ 20 ᠬᠥᠮᠥᠨ ᠠᠴᠠ ᠳᠡᠭᠡᠭᠰᠢ ᠬᠦᠷᠦᠭᠰᠡᠨ ᠪᠠᠶᠢᠪᠠᠯ᠂ | ᠴᠢᠳᠠᠪᠤᠷᠢᠲᠠᠨ ᠤ ᠵᠡᠷᠭᠡ ᠳᠡᠰ ᠵᠢᠴᠢ ᠲᠥᠷᠥᠯ ᠢᠯᠭᠠᠯ ᠢ ᠦᠨᠳᠦᠰᠦᠯᠡᠨ᠂ ᠠᠵᠢᠯ ᠲᠥᠷᠥᠯ ᠳᠤ ᠲᠠᠭᠠᠷᠠᠭᠰᠠᠨ ᠮᠡᠷᠭᠡᠵᠢᠯ ᠤᠨ ᠦᠨᠳᠦᠷ ᠴᠤᠯᠠ ︵ᠳᠡᠭᠡᠳᠦ | ᠵᠡᠷᠭᠡ ᠶᠢᠨ ᠮᠠᠰᠲ᠋ᠧᠷ︶᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ︵ᠮᠠᠰᠲ᠋ᠧᠷ︶ ᠣᠯᠣᠭᠰᠠᠨ ᠠᠵᠢᠯᠴᠢᠨ ᠬᠡᠷᠡᠭᠯᠡᠬᠦ ᠠᠵᠤ ᠠᠬᠤᠶᠢᠯᠠᠯ ᠳᠤ ᠲᠣᠰ ᠲᠣᠰ 3000 | ᠲᠥᠭᠦᠷᠢᠭ/ᠬᠥᠮᠥᠨ/ᠰᠠᠷ᠎ᠠ᠂ 2000 ᠲᠥᠭᠦᠷᠢᠭ/ᠬᠥᠮᠥᠨ/ᠰᠠᠷ᠎ᠠ ᠶᠢᠨ ᠱᠠᠩᠨᠠᠯ ᠣᠯᠭᠤᠨ᠎ᠠ᠃ᠭᠠᠭᠴᠠ ᠡᠷᠦᠬᠡ ᠶᠢᠨ ᠠᠵᠤ ᠠᠬᠤᠶᠢᠯᠠᠯ ᠤᠨ ᠱᠠᠩᠨᠠᠯ ᠢ ᠨᠡᠶᠢᠲᠡ | ᠭᠤᠷᠪᠠᠨ ᠵᠢᠯ ᠠᠴᠠ ᠬᠡᠲᠦᠷᠡᠭᠦᠯᠬᠦ ᠦᠭᠡᠢ᠂ ᠵᠢᠯ ᠪᠦᠷᠢ ᠬᠠᠮᠤᠭ ᠠᠷᠪᠢᠨ ᠳᠠᠭᠠᠨ 50 ᠬᠥᠮᠥᠨ ᠢ ᠱᠠᠩᠨᠠᠨ᠎ᠠ᠃ | ᠨᠠᠢᠮᠠᠳᠤᠭᠠᠷ ᠵᠤᠷᠪᠤᠰ ᠭᠡᠷ ᠪᠠᠶᠢᠰᠢᠩ ᠬᠤᠳᠠᠯᠳᠤᠨ ᠠᠪᠴᠤ ᠭᠡᠷ ᠪᠠᠶᠢᠰᠢᠩ ᠲᠦᠷᠢᠶᠡᠰᠦᠯᠡᠬᠦ ᠱᠠᠩᠨᠠᠯ ᠃ᠲᠣᠰ ᠠᠷᠭ᠎ᠠ ᠬᠡᠮᠵᠢᠶ᠎ᠡ ᠶᠢᠨ ᠬᠤᠶᠠᠳᠤᠭᠠᠷ᠂ | ᠭᠤᠷᠪᠠᠳᠤᠭᠠᠷ ᠵᠤᠷᠪᠤᠰ ᠤᠨ ᠲᠣᠭᠲᠠᠭᠠᠯ ᠳᠤ ᠨᠡᠶᠢᠴᠡᠬᠦ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠵᠢᠴᠢ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠢᠶᠠᠷ ᠮᠠᠭᠠᠳᠯᠠᠨ ᠲᠤᠭᠲᠠᠭᠠᠭᠰᠠᠨ ᠭᠤᠣᠯᠳᠠᠯᠭ᠎ᠠ ᠲᠠᠢ ᠳᠠᠪᠠᠭᠤᠯᠢᠭ ᠠᠵᠤ ᠠᠬᠤᠶᠢᠯᠠᠯ ᠨᠢ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ ᠤᠷᠢᠲᠠᠯ ᠳᠣᠣᠷ᠎ᠠ᠂ ᠰᠢᠨ᠎ᠡ ᠪᠠᠷ ᠬᠤᠳᠠᠯᠳᠤᠨ ᠠᠪᠤᠭᠰᠠᠨ ᠠᠯᠪᠠᠨ ᠭᠡᠷ ︵ᠡᠵᠡᠩᠨᠡᠯᠲᠡ ᠳᠤ ᠬᠡᠷᠡᠭᠯᠡᠬᠦ ᠭᠡᠷ | ᠪᠠᠭᠲᠠᠬᠤ ᠦᠭᠡᠢ︶ ᠨᠢ ᠨᠢᠭᠡ ᠯᠠ ᠤᠳᠠᠭ᠎ᠠ ᠶᠢᠨ ᠴᠢᠨᠠᠷᠲᠠᠢ ᠪᠠᠷ ᠭᠡᠷ ᠪᠠᠶᠢᠰᠢᠩ ᠬᠤᠳᠠᠯᠳᠤᠨ ᠠᠪᠬᠤ ᠱᠠᠩᠨᠠᠯ ᠣᠯᠭᠤᠵᠤ᠂ ᠬᠠᠮᠤᠭ ᠥᠨᠳᠥᠷ ᠲᠡᠭᠡᠨ 500 | ᠲᠥᠭᠦᠷᠢᠭ/ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠢ᠂ ᠱᠠᠩᠨᠠᠬᠤ ᠲᠠᠯᠠᠪᠠᠶ ᠨᠢ 2000 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ | ᠪᠣᠯᠬᠤ ᠦᠭᠡᠢ︔ᠠᠯᠪᠠᠨ ᠭᠡᠷ ᠲᠦᠷᠢᠶᠡᠰᠦᠯᠡᠬᠦ ᠳᠤ ᠭᠡᠷ ᠪᠠᠶᠢᠰᠢᠩ ᠲᠦᠷᠢᠶᠡᠰᠦᠯᠡᠭᠰᠡᠨ ᠱᠠᠩᠨᠠᠯ ᠣᠯᠭᠤᠵᠤ᠂ ᠬᠠᠮᠤᠭ ᠥᠨᠳᠥᠷ ᠲᠡᠭᠡᠨ 30 ᠲᠥᠭᠦᠷᠢᠭ\ ᠰᠠᠷ᠎ᠠ\ | ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠢ᠂ ᠱᠠᠩᠨᠠᠬᠤ ᠲᠠᠯᠠᠪᠠᠶ ᠶᠢ 2000 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ | ᠦᠭᠡᠢ᠃ᠭᠡᠷ ᠪᠠᠶᠢᠰᠢᠩ ᠬᠤᠳᠠᠯᠳᠤᠨ ᠠᠪᠬᠤ᠂ ᠭᠡᠷ ᠪᠠᠶᠢᠰᠢᠩ ᠲᠦᠷᠢᠶᠡᠰᠦᠯᠡᠬᠦ ᠶᠢ ᠪᠣᠳᠠᠲᠠᠢ ᠪᠠᠷ ᠱᠠᠩᠨᠠᠨ ᠬᠥᠬᠢᠭᠦᠯᠵᠦ᠂ ᠴᠠᠭ ᠤᠨ ᠬᠢᠵᠠᠭᠠᠷ ᠢ ᠭᠤᠷᠪᠠᠨ | ᠵᠢᠯ ᠠᠴᠠ ᠬᠡᠲᠦᠷᠡᠭᠦᠯᠬᠦ ᠦᠭᠡᠢ᠃ | ᠶᠢᠰᠦᠳᠦᠭᠡᠷ ᠵᠤᠷᠪᠤᠰ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠮᠠᠭᠠᠳᠯᠠᠨ ᠲᠣᠭᠲᠠᠭᠠᠭᠰᠠᠨ ᠪᠤᠰᠤᠳ ᠴᠢᠬᠤᠯᠠ ᠶᠡᠭᠡ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ | ᠠᠷᠪᠠᠳᠤᠭᠠᠷ ᠵᠤᠷᠪᠤᠰ ᠬᠢᠶ᠎ᠠ ᠪᠠᠭᠰᠢ ᠲᠣᠭᠤᠷᠢᠭ ᠤᠨ ︽ᠣᠷᠳᠣᠰ ᠬᠤᠲᠠ ᠶᠢᠨ ᠠᠵᠤ ᠦᠢᠯᠡᠰ ᠤᠨ ᠪᠦᠯᠦᠭᠯᠠᠯ ᠤᠨ ᠬᠥᠭᠵᠢᠯᠲᠡ ᠶᠢ ᠳᠡᠮᠵᠢᠬᠦ | ᠲᠥᠷᠥ ᠶᠢᠨ ᠪᠣᠳᠣᠯᠭ᠎ᠠ ᠨᠤᠭᠤᠳ︾ ᠤᠨ ᠶᠣᠰᠣᠭᠠᠷ ᠣᠯᠣᠭᠰᠠᠨ ᠱᠠᠩᠨᠠᠯ ᠤᠨ ᠨᠥᠬᠦᠪᠦᠷᠢ ᠶᠢᠨ ᠪᠡᠯᠡ ᠮᠥᠩᠭᠦ ᠶᠢ ᠪᠦᠬᠦᠨ ᠢ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠬᠦ ᠳᠤ ᠬᠡᠷᠡᠭᠯᠡᠨ᠎ᠡ᠃ | ᠠᠷᠪᠠᠨ ᠨᠢᠭᠡᠳᠦᠭᠡᠷ ᠵᠤᠷᠪᠤᠰ ᠳᠠᠭᠠᠯᠳᠤᠭᠤᠯᠤᠭᠰᠠᠨ ᠳᠦᠷᠢᠮ | ᠲᠣᠰ ᠠᠷᠭ᠎ᠠ ᠬᠡᠮᠵᠢᠶ᠎ᠡ ᠶᠢᠨ ᠡᠯ᠎ᠡ ᠲᠥᠷᠥᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠠᠵᠤ ᠠᠬᠤᠶᠢᠯᠠᠯ ᠨᠢ ᠡᠷᠬᠡᠪᠰᠢ ᠪᠡᠶ᠎ᠡ ᠪᠠᠨ | ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠶᠢ ᠬᠡᠷᠡᠭᠵᠢᠭᠦᠯᠵᠦ ᠪᠠᠶᠢᠭ᠎ᠠ ᠬᠤᠳᠠᠯᠳᠤᠭᠠᠴᠢᠨ ᠤᠷᠢᠵᠤ ᠪᠡᠯᠡ | ᠤᠷᠤᠭᠤᠯᠤᠭᠰᠠᠨ ᠠᠵᠤ ᠠᠬᠤᠶᠢᠯᠠᠯ ᠪᠠᠶᠢᠬᠤ ᠬᠡᠷᠡᠭᠲᠡᠢ᠃ | ᠡᠭᠦᠨ ᠤ ᠬᠠᠮᠲᠤ ᠲᠣᠰ ᠠᠷᠭ᠎ᠠ ᠬᠡᠮᠵᠢᠶ᠎ᠡ ᠵᠢᠴᠢ ᠤᠯᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ᠂ ᠬᠢᠶ᠎ᠠ ᠪᠠᠭᠰᠢ | ᠲᠣᠭᠤᠷᠢᠭ ᠤᠨ ᠪᠤᠰᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠦᠬᠦᠴᠡᠯ ᠢ ᠬᠠᠮᠲᠤ ᠳᠤᠨᠢ ᠬᠠᠩᠭᠠᠪᠠᠯ ᠂ ᠰᠢᠯᠢᠳᠡᠭ ᠢ ᠰᠤᠩᠭᠤᠵᠤ ᠥᠯᠥ | ᠳᠠᠪᠬᠤᠷᠳᠠᠭᠤᠯᠬᠤ ᠵᠠᠷᠴᠢᠮ ᠶᠣᠰᠣᠭᠠᠷ ᠪᠡᠶᠡᠯᠡᠭᠦᠯᠦᠨ᠎ᠡ᠃ᠬᠤᠯᠪᠣᠭᠳᠠᠭᠰᠠᠨ ᠵᠣᠭᠤᠰ ᠤᠨ ᠲᠥᠷᠥᠯ ᠨᠢ ᠴᠥᠮ ᠠᠷᠠᠳ ᠤᠨ ᠵᠣᠭᠤᠰ ᠪᠠᠶᠢᠵᠤ᠂ ᠱᠠᠩᠨᠠᠬᠤ | ᠵᠣᠭᠤᠰ ᠤᠨ ᠲᠤᠭ᠎ᠠ ᠨᠢ ᠴᠥᠮ ᠭᠠᠶᠢᠯᠢ ᠲᠤᠰᠢᠶᠠᠬᠤ ᠠᠴᠠ ᠡᠮᠦᠨᠡᠬᠢ ᠵᠣᠭᠤᠰ ᠤᠨ ᠲᠤᠭ᠎ᠠ ᠪᠣᠯᠣᠨ᠎ᠠ᠃ | ᠲᠣᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ᠂ | ᠪᠣᠳᠠᠲᠠᠢ ᠬᠡᠷᠡᠭᠵᠢᠭᠦᠯᠬᠦ ᠬᠤᠭᠤᠴᠠᠭ᠎ᠠ ᠶᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠳᠠᠭᠤᠰᠲᠠᠯ᠎ᠠ ᠤᠷᠲᠤᠳᠬᠠᠬᠤ ᠶᠢᠨ ᠬᠠᠮᠲᠤ ᠲᠥᠬᠦᠷᠵᠢᠭᠦᠯᠦᠨ ᠪᠡᠶᠡᠯᠡᠭᠦᠯᠬᠦ | ᠨᠠᠷᠢᠨ ᠳᠦᠷᠢᠮ ᠢ ᠠᠰ ᠲᠤᠨᠢ ᠲᠣᠭᠲᠠᠭᠠᠵᠤ᠂ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠴᠠᠭ ᠲᠠᠭᠠᠨ ᠲᠣᠬᠢᠷᠠᠭᠤᠯᠤᠨ ᠵᠠᠰᠠᠪᠤᠷᠢ ᠣᠷᠣᠭᠤᠯᠤᠨ᠎ᠠ᠃ᠲᠣᠰ | ᠠᠷᠭ᠎ᠠ ᠬᠡᠮᠵᠢᠶ᠎ᠡ ᠨᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ ᠪᠠᠶᠢᠷᠢ ᠶᠢᠨ ᠲᠥᠷᠥ ᠶᠢᠨ ᠪᠣᠳᠣᠯᠭ᠎ᠠ ᠯᠤᠭ᠎ᠠ ᠮᠥᠷᠭᠦᠯᠳᠦᠪᠡᠯ᠂ ᠬᠠᠤᠯᠢ ᠴᠠᠭᠠᠵᠠ ᠬᠠᠤᠯᠢ | ᠲᠣᠭᠲᠠᠭᠠᠯ ᠪᠠ ᠳᠡᠭᠡᠳᠦ ᠪᠠᠶᠢᠷᠢ ᠶᠢᠨ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃ | ᠲᠣᠰ ᠠᠷᠭ᠎ᠠ ᠬᠡᠮᠵᠢᠶ᠎ᠡ ᠶᠢᠨ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠨᠢ ᠬᠢᠶ᠎ᠠ ᠪᠠᠭᠰᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ | ᠬᠠᠷᠢᠶᠠᠯᠠᠭᠳᠠᠨ᠎ᠠ᠃ | |