ᠲᠤᠭᠤᠷᠢᠭ ᠤᠨ ᠨᠠᠮ ᠤᠨ ᠬᠤᠷᠢᠶᠠᠨ ᠤ ᠬᠤᠶᠠᠳᠤᠭᠠᠷ ᠬᠤᠭᠤᠴᠠᠭᠠᠨ ᠤ 43 ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/29
        7 ᠰᠠᠷ᠎ᠠ ᠶᠢᠨ 28 ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠬᠤᠶᠠᠳᠤᠭᠠᠷ ᠬᠤᠭᠤᠴᠠᠭᠠᠨ ᠤ 43 ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
1.jpg
        ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠰᠢᠨᠵᠢᠶᠠᠩ ᠳᠤ ᠰᠢᠨᠵᠢᠯᠡᠨ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠤᠯᠤᠰ ᠤᠨ ᠮᠦᠽᠧᠢ ᠶᠢᠨ ᠠᠬᠠᠮᠠᠳ ᠲᠤᠰᠬᠠᠢ ᠮᠡᠷᠭᠡᠵᠢᠯᠲᠡᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠠᠭᠤᠰᠤᠯᠴᠠᠭᠤᠯᠤᠨ ᠨᠡᠪᠲᠡᠷᠡᠲᠡᠯ᠎ᠡ ᠰᠤᠷᠤᠯᠴᠠᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠤᠯᠭᠠᠨ᠂ ᠦᠨᠳᠦᠰᠦᠲᠡᠨ ᠤ ᠪᠦᠯᠬᠦᠮᠳᠡᠯ ᠵᠡᠷᠭᠡ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠨᠠᠷᠢᠯᠢᠭ ᠪᠣᠳᠠᠲᠠᠢ ᠬᠢᠬᠦ ᠬᠡᠷᠡᠭᠲᠡᠢ᠃ ᠮᠦᠽᠧᠢ ᠶᠢᠨ ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ ᠵᠠᠯᠠᠭᠤᠴᠤᠳ ᠪᠠᠭᠠᠴᠤᠳ ᠤᠨ ᠰᠣᠶᠣᠯ ᠤᠨ ᠢᠲᠡᠭᠡᠯ ᠢ ᠬᠥᠮᠥᠵᠢᠭᠦᠯᠬᠦ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠰᠠᠭᠤᠭᠠᠯᠢ ᠠᠷᠠᠳ ᠤᠨ ᠤᠶᠤᠨ ᠤ ᠰᠣᠶᠣᠯ ᠤᠨ ᠬᠡᠷᠡᠭᠴᠡᠭᠡ ᠶᠢ ᠳᠠᠰᠤᠷᠠᠯᠳᠠ ᠦᠭᠡᠢ ᠬᠠᠩᠭᠠᠬᠤ ᠬᠡᠷᠡᠭᠲᠡᠢ᠃ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠪᠠ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠵᠤ᠂ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠨ ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠲᠤ ᠠᠷᠪᠢᠯᠠᠨ ᠭᠠᠮᠨᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠢᠶ᠎ᠠ ᠪᠠᠭᠰᠢ ᠠᠴᠠ ᠭᠠᠷᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠵᠡᠬᠦ︾ ᠶᠢ ᠴᠢᠬᠤᠯᠠᠴᠢᠯᠠᠵᠤ᠂ ᠪᠦᠬᠦ ᠬᠤᠳᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠠᠴᠢᠶᠠᠯᠠᠭᠰᠠᠨ ᠭᠤᠣᠯ ᠬᠤᠷᠳᠤᠴᠠ  ᠶᠢᠨ ᠬᠤᠪᠢᠷᠠᠯᠳᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠣᠷᠣᠨ ᠪᠠᠶᠢᠷᠢ ᠪᠣᠯᠣᠨ ᠲᠣᠭᠠᠴᠢᠯᠠᠭᠰᠠᠨ ᠲᠠᠪᠴᠠᠩ ᠤᠨ ᠪᠠᠶᠢᠭᠤᠯᠤᠯᠲᠠ ᠶᠢᠨ ᠲᠤᠷᠰᠢᠯᠭ᠎ᠠ ᠶᠢᠨ ᠳᠠᠪᠠᠭᠤᠯᠢᠭ ᠢᠶᠠᠨ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠬᠦᠴᠦᠲᠡᠢ ᠠᠬᠢᠭᠤᠯᠬᠤ ᠬᠡᠷᠡᠭᠲᠡᠢ᠃ ︽ᠬᠠᠳᠠᠭ ᠤᠨ ᠳᠣᠬᠤᠢ︾ ᠣᠷᠣᠨ ᠪᠦᠰᠡ ᠶᠢᠨ ᠨᠠᠷᠠᠲᠤ ᠲᠡᠮᠳᠡᠭᠲᠦ ᠶᠢ ᠰᠠᠶᠢᠲᠤᠷ ᠬᠡᠷᠡᠭᠯᠡᠵᠦ᠂ ︽ᠣᠯᠠᠨ ᠵᠦᠢᠯ ᠤᠨ ᠪᠦᠲᠦᠭᠡᠭᠳᠡᠬᠦᠨ︾ ᠠᠷᠠᠳ ᠲᠤ ᠠᠰᠢᠭ ᠬᠦᠷᠲᠡᠭᠡᠵᠦ ᠲᠠᠷᠢᠶᠠᠯᠠᠩ ᠢ ᠲᠤᠰᠠᠯᠠᠬᠤ ᠲᠠᠪᠴᠠᠩ ᠢᠶᠠᠷ ᠠᠴᠢᠶᠠᠯᠠᠪᠤᠷᠢ ᠪᠣᠯᠭᠠᠵᠤ᠂ ᠣᠷᠣᠨ ᠪᠦᠰᠡ ᠶᠢᠨ ᠭᠠᠳᠠᠨᠠᠬᠢ ᠤᠷᠤᠰᠬᠠᠯ ᠢ ᠣᠯᠬᠤ ᠪᠠᠷ ᠢᠳᠡᠪᠬᠢᠲᠡᠢ ᠴᠢᠷᠮᠠᠶᠢᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠦᠨ᠎ᠡ ᠬᠠᠩᠰᠢ ᠪᠠ ᠪᠣᠷᠤᠯᠠᠭᠤᠯᠭ᠎ᠠ ᠶᠢᠨ ᠬᠡᠮᠵᠢᠶ᠎ᠡ ᠶᠢᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠵᠠᠰᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ︽ᠤᠯᠠᠨ ᠦᠨᠡᠯᠡᠬᠦ︾ ᠪᠠᠷ ᠳᠠᠮᠵᠢᠭᠤᠯᠵᠤ᠂ ᠴᠢᠭᠯᠡᠭᠦᠯᠬᠦ ᠴᠢᠨᠠᠷᠲᠠᠢ ᠪᠠ ᠪᠣᠳᠠᠲᠤ ᠠᠵᠢᠯᠯᠠᠭ᠎ᠠ ᠶᠢᠨ ᠴᠢᠨᠠᠷᠲᠠᠢ ᠬᠡᠷᠡᠭᠯᠡᠭᠡᠨ ᠤ ᠵᠠᠭᠪᠤᠷ ᠢ ᠨᠡᠭᠡᠭᠡᠨ ᠬᠥᠭᠵᠢᠭᠦᠯᠵᠦ᠂ ᠪᠦᠬᠦ ᠬᠤᠳᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠦᠬᠦ ᠤᠯᠤᠰ ᠤᠨ ᠪᠣᠯᠪᠠᠰᠤᠨ ᠤ ᠦᠯᠢᠭᠡᠷ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠦᠬᠦ ᠤᠯᠤᠰ ᠤᠨ ᠪᠣᠯᠪᠠᠰᠤᠨ ᠤ ᠦᠯᠢᠭᠡᠷ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠨᠢ ᠥᠩᠭᠡᠷᠡᠭᠰᠡᠨ ᠤ ᠬᠢ ᠠᠴᠠ ᠠᠪᠴᠤ ᠬᠡᠯᠡᠪᠡᠯ᠂ ᠪᠠᠷᠢᠮᠵᠢᠶ᠎ᠠ ᠨᠢ ᠨᠡᠩ ᠥᠨᠳᠥᠷ᠂ ᠱᠠᠭᠠᠷᠳᠠᠯᠭ᠎ᠠ ᠨᠢ ᠨᠡᠩ ᠴᠢᠩᠭ᠎ᠠ ᠪᠣᠯᠬᠤᠷ᠂ ᠡᠷᠬᠡᠪᠰᠢ ᠥᠩᠭᠡᠷᠡᠭᠰᠡᠨ ᠵᠢᠯ ᠤᠳ ᠠᠴᠠ ᠬᠡᠳᠦᠨ ᠲᠠᠬᠢᠨ ᠢᠯᠡᠭᠦᠦ ᠡᠷᠡᠰ ᠵᠣᠷᠢᠭ ᠪᠠ ᠤᠶᠤᠨ ᠴᠢᠳᠠᠯ ᠢᠶᠠᠨ ᠭᠠᠷᠭᠠᠮᠠᠨᠵᠢᠨ ᠰᠠᠶ᠋ᠢ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠬᠦ ᠶᠢ ᠪᠠᠲᠤᠯᠠᠵᠤ ᠴᠢᠳᠠᠨ᠎ᠠ᠃ ︽ᠭᠤᠣᠯ ᠳᠠᠶᠢᠨ ᠤ ᠲᠠᠯᠠᠪᠤᠷ︾  ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠪᠦᠬᠦ ᠤᠯᠤᠰ ᠤᠨ ᠪᠣᠯᠪᠠᠰᠤᠨ ᠤ ᠦᠯᠢᠭᠡᠷ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠡᠭᠦᠷᠭᠡ ᠪᠣᠯᠣᠨ ᠪᠠᠷᠢᠮᠵᠢᠶ᠎ᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠬᠠᠷᠭᠤᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ  ᠠᠳᠬᠤᠨ᠂ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠮᠡᠳᠡᠭᠳᠡᠵᠦ᠂ ︽ᠬᠢᠶ᠎ᠠ ᠪᠠᠭᠰᠢ ᠲᠣᠭᠤᠷᠢᠭ ᠤᠨ ᠤᠯᠤᠰ ᠤᠨ   ᠥᠮᠴᠢᠯᠡᠯᠳᠦ ᠠᠵᠤ ᠠᠬᠤᠶᠢᠯᠠᠯ ᠢ ᠨᠢᠭᠡᠳᠦᠬᠦᠯᠵᠦ ᠲᠠᠬᠢᠨ ᠪᠠᠶᠢᠭᠤᠯᠬᠤ ᠲᠥᠰᠥᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃
ᠢᠷᠡᠯᠲᠡ᠄ ᠳᠣᠰ ᠰᠦᠯᠵᠢᠶ᠎ᠡ