ᠬᠢᠶ᠎ᠠ ᠪᠠᠭᠰᠢ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠡᠮᠴᠢᠯᠡᠭᠡᠨ ᠤ ᠪᠠᠶᠢᠭᠤᠯᠤᠮᠵᠢ ᠶᠢ ᠱᠠᠯᠠᠪᠳᠠᠭᠤᠯᠤᠨ ᠰᠦᠯᠵᠢᠶᠡᠨ ᠳᠠᠬᠢ ᠬᠢᠨᠠᠨ ᠡᠵᠡᠮᠰᠢᠬᠦ ᠲᠥᠬᠦᠭᠡᠷᠦᠮᠵᠢ ᠶᠢ ᠰᠢᠯᠭᠠᠨ ᠠᠪᠬᠤ ᠠᠵᠢᠯ  ᠦᠷᠨᠢᠭᠦᠯᠪᠡ
ᠨᠡᠶᠢᠲᠡᠯᠡᠭᠰᠡᠨ ᠴᠠᠭ᠄
2022/7/29
     ᠣᠶᠢᠷ᠎ᠠ ᠳᠤ  ᠬᠢᠶ᠎ᠠ ᠪᠠᠭᠰᠢ ᠲᠣᠭᠤᠷᠢᠭ ᠤᠨ ᠠᠮᠢ ᠠᠬᠤᠢ ᠣᠷᠴᠢᠨ  ᠲᠤᠭᠤᠷᠢᠨ ᠤ ᠬᠤᠪᠢᠶᠠᠷᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂   ᠳᠤᠪᠴᠢᠶᠠᠨ ᠳᠠᠷᠤᠭ᠎ᠠ ᠴᠧᠩ ᠵᠢᠶᠧ ᠲᠣᠪᠴᠢᠶ᠎ᠠ ᠶᠢᠨ ᠤᠳᠤᠷᠢᠳᠬᠤ ᠪᠠᠭ ᠵᠢᠴᠢ ᠬᠤᠯᠪᠣᠭᠳᠠᠯ ᠪᠦᠬᠦᠢ  ᠲᠠᠰᠤᠭ ᠤᠨ ᠬᠠᠷᠢᠭᠤᠴᠠᠯᠭᠠᠲᠠᠨ ᠢ ᠳᠠᠭᠠᠭᠤᠯᠤᠨ ᠬᠠᠷᠢᠶᠠᠲᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠵᠡᠷᠭᠡ ᠳᠥᠷᠪᠡᠨ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠡᠮᠴᠢᠯᠡᠭᠡᠨ ᠤ ᠬᠠᠶᠠᠭᠳᠠᠮᠠᠯ ᠤᠰᠤ ᠪᠣᠬᠢᠷᠳᠤᠯ ᠪᠣᠳᠠᠰ ᠢ ᠰᠦᠯᠵᠢᠶᠡᠨ ᠳᠡᠭᠡᠷ᠎ᠡ ᠬᠢᠨᠠᠨ   ᠡᠵᠡᠮᠰᠢᠬᠦ  ᠲᠥᠬᠦᠭᠡᠷᠦᠮᠵᠢ ᠶᠢ ᠰᠢᠯᠭᠠᠨ ᠠᠪᠬᠤ ᠠᠵᠢᠯ ᠢ ᠰᠢᠪᠠᠳᠠᠨ ᠥᠷᠨᠢᠭᠦᠯᠵᠦ᠂ 2022 ᠣᠨ ᠤ ᠪᠣᠬᠢᠷᠳᠤᠯ ᠢ ᠰᠡᠷᠭᠡᠶᠢᠯᠡᠨ ᠵᠠᠰᠠᠬᠤ  ᠭᠤᠤᠯᠴᠢᠯᠠᠨ ᠰᠢᠢᠳᠪᠦᠷᠢᠯᠡᠬᠦ ᠪᠡᠷᠬᠡ ᠰᠡᠳᠦᠪ ᠤᠨ ᠡᠭᠦᠷᠭᠡ ᠶᠢ ᠪᠥᠬᠦ  ᠬᠦᠴᠦ ᠢᠶᠠᠷ ᠲᠦᠯᠬᠢᠨ ᠠᠬᠢᠭᠤᠯᠪᠠ᠃
W020220729367424794742.png
W020220729367425067547.png
        ᠲᠤᠬᠠᠢ ᠶᠢᠨ ᠲᠠᠯᠠᠪᠤᠷ ᠲᠤ ᠡᠮᠴᠢᠯᠡᠭᠡᠨ ᠤ ᠬᠠᠶᠠᠭᠳᠠᠮᠠᠯ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠵᠢᠴᠢ ᠦᠯᠡᠳᠡᠭᠳᠡᠯ ᠾᠯᠣᠷ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶᠡᠨ ᠤ ᠪᠣᠬᠢᠷᠳᠤᠯ ᠪᠣᠳᠠᠰ ᠵᠡᠷᠭᠡ ᠶᠢ ᠰᠦᠯᠵᠢᠶᠡᠨ ᠳᠡᠭᠡᠷ᠎ᠡ ᠬᠢᠨᠠᠨ  ᠡᠵᠡᠮᠰᠢᠬᠦ  ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃ᠡᠮᠨᠡᠯᠭᠡ ᠶᠢᠨ ᠬᠤᠷᠢᠶ᠎ᠠ ᠶᠢ ᠡᠮᠴᠢᠯᠡᠭᠡᠨ ᠤ ᠬᠠᠶᠠᠭᠳᠠᠮᠠᠯ ᠤᠰᠤᠨ ᠤ ᠣᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠨᠢᠭᠡᠨᠲᠡ ᠰᠦᠯᠵᠢᠶᠡᠨ ᠳᠡᠭᠡᠷ᠎ᠡ ᠬᠢᠨᠠᠨ  ᠡᠵᠡᠮᠰᠢᠬᠦ  ᠲᠥᠬᠦᠭᠡᠷᠦᠮᠵᠢ ᠤᠭᠰᠠᠷᠠᠭᠰᠠᠨ ᠳᠥᠷᠪᠡᠨ ᠡᠮᠨᠡᠯᠭᠡ ᠶᠢᠨ ᠬᠤᠷᠢᠶ᠎ᠠ ᠲᠥᠬᠦᠭᠡᠷᠦᠮᠵᠢ ᠶᠢ ᠰᠢᠯᠭᠠᠨ ᠠᠪᠬᠤ ᠠᠵᠢᠯ ᠢ ᠳᠠᠷᠤᠢ ᠲᠦᠷᠭᠡᠨ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠬᠢᠨᠠᠨ ᠡᠵᠡᠮᠰᠢᠬᠦ ᠲᠥᠬᠦᠭᠡᠷᠦᠮᠵᠢ ᠶᠢᠨ ᠡᠮᠴᠢᠯᠡᠭᠡᠨ ᠤ ᠬᠠᠶᠠᠭᠳᠠᠮᠠᠯ ᠤᠰᠤᠨ ᠤ ᠴᠢᠨᠠᠷ ᠤᠨ ᠪᠠᠶᠢᠳᠠᠯ ᠢ ᠣᠨᠣᠪᠴᠢᠲᠠᠶ ᠪᠥᠭᠡᠳ ᠪᠦᠲᠦᠮᠵᠢᠲᠡᠶ ᠲᠤᠰᠬᠠᠬᠤ ᠶᠢ ᠦᠨᠡᠨ ᠬᠦ ᠪᠠᠲᠤᠯᠠᠵᠤ᠂ ᠣᠷᠴᠢᠨ ᠠᠬᠤᠢ ᠶᠢᠨ ᠳᠠᠯᠳᠠ ᠬᠡᠮ ᠤᠨ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠠᠮᠢ ᠠᠬᠤᠢ ᠣᠷᠴᠢᠨ  ᠲᠤᠭᠤᠷᠢᠨ ᠤ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠱᠤᠭᠤᠮ︾ ᠢ ᠪᠠᠲᠤ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠲᠤᠰ ᠰᠦᠯᠵᠢᠶ᠎ᠡ