ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠢᠶ᠎ᠠ ᠪᠠᠭᠰᠢ ᠲᠣᠭᠤᠷᠢᠭ ᠤᠨ ᠠᠷᠭ᠎ᠠ ᠬᠡᠮᠵᠢᠶ᠎ᠡ ᠨᠦᠭᠦᠳ ᠢ  ᠬᠡᠪᠯᠡᠨ ᠲᠠᠷᠬᠠᠭᠠᠬᠤ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/7/29
                  ᠤᠷᠳᠤᠰ ᠬᠢᠶ᠎ᠠ  ᠵᠠᠰᠠᠭ  ᠲᠠᠷᠬᠠᠭᠠᠭᠰᠠᠨ 〔20    22〕 59  ᠳ᠋ᠤᠭᠡᠷ ᠲᠣᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠡᠭᠴᠡ  ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ︽ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠢᠶ᠎ᠠ ᠪᠠᠭᠰᠢ ᠲᠣᠭᠤᠷᠢᠭ ᠤᠨ ᠠᠷᠭ᠎ᠠ ᠬᠡᠮᠵᠢᠶ᠎ᠡ ᠨᠦᠭᠦᠳ︾ ᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 11  ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ  ᠠᠴᠠ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                       ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                  2022 ᠣᠨ ᠤ 5 ᠳ᠋ᠤᠭᠠᠷ ᠰᠠᠷ᠎ᠠ ᠶᠢᠨ 31    ᠬᠢᠶ᠎ᠠ ᠪᠠᠭᠰᠢ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ       ᠣᠷᠣᠨ ᠪᠦᠰᠡ ᠶᠢᠨ ᠥᠷᠢᠰᠦᠯᠳᠦᠬᠦ ᠬᠦᠴᠦᠨ ᠲᠠᠢ ᠣᠲᠣ ᠦᠶ᠎ᠡ ᠶᠢᠨ ᠠᠵᠤ ᠦᠢᠯᠡᠰ ᠤᠨ  ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠠᠵᠤ ᠠᠬᠤᠶᠢᠯᠠᠯ  ᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠢᠶ᠎ᠠ ᠪᠠᠭᠰᠢ ᠲᠣᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠣᠰ ᠠᠷᠭ᠎ᠠ ᠬᠡᠮᠵᠢᠶ᠎ᠡ ᠶᠢ ᠣᠨᠴᠠᠭᠠᠶᠢᠯᠠᠨ ᠲᠣᠭᠲᠠᠭᠠᠪᠠ᠃     ᠨᠢᠭᠡᠳᠦᠭᠡᠷ  ᠵᠤᠷᠪᠤᠰ    ᠲᠣᠰ ᠠᠷᠭ᠎ᠠ ᠬᠡᠮᠵᠢᠶ᠎ᠡ  ᠨᠢ ᠬᠢᠶ᠎ᠠ ᠪᠠᠭᠰᠢ ᠲᠣᠭᠤᠷᠢᠭ ᠤᠨ ᠰᠢᠨ᠎ᠡ ᠪᠠᠷ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ︵ᠲᠥᠷᠥᠯ ᠵᠦᠢᠯ︶ ᠵᠢᠴᠢ  ᠲᠤᠭᠤᠷᠢᠭ  ᠤᠨ ᠳᠣᠲᠣᠷᠠᠬᠢ ᠣᠲᠣ ᠶᠢᠨ ᠪᠠᠶᠢᠭ᠎ᠠ ᠳᠠᠬᠢᠨ ᠪᠡᠯᠡ ᠣᠷᠣᠭᠤᠯᠤᠭᠰᠠᠨ ᠠᠵᠤ ᠠᠬᠤᠶᠢᠯᠠᠯ ︵ᠲᠥᠷᠥᠯ ᠵᠦᠢᠯ︶  ᠳᠤ ᠬᠡᠷᠡᠭᠯᠡᠵᠦ ᠪᠤᠯᠤᠨ᠎ᠠ᠂ ᠤᠯᠤᠰ  ᠠᠴᠠ ᠰᠢᠨ᠎ᠡ ᠪᠠᠷ ᠨᠡᠶᠢᠲᠡᠯᠡᠭᠰᠡᠨ ︽ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠢ ᠲᠠᠯ᠎ᠠ ᠶᠢᠨ ᠨᠠᠷᠢᠨ ᠲᠠᠩᠰᠠ︾ ᠳᠤ ᠵᠥᠪᠰᠢᠶᠡᠷᠡᠨ ᠣᠷᠣᠭᠤᠯᠬᠤ ᠶᠢ ᠴᠠᠭᠠᠵᠠᠯᠠᠬᠤ ᠲᠥᠷᠥᠯ ᠤᠨ ᠲᠥᠷᠥᠯ ᠵᠦᠢᠯ᠂ ︽ᠬᠤᠶᠠᠷ ᠥᠨᠳᠥᠷ︾ ᠲᠥᠷᠥᠯ ᠵᠦᠢᠯ᠂ ᠡᠯ᠎ᠡ ᠲᠥᠷᠥᠯ ᠤᠨ ᠡᠳ᠋ ᠤᠨ ᠵᠠᠰᠠᠭ ᠤᠨ ᠴᠢᠨᠠᠷᠲᠠᠢ ᠪᠡᠯᠡ ᠣᠷᠣᠭᠤᠯᠤᠯᠲᠠ᠂ ᠨᠢᠭᠦᠯᠡᠰᠦᠩᠭᠦᠢ  ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠠᠨᠳᠢᠪᠯᠡᠨ ᠬᠦᠷᠭᠡᠬᠦ ᠲᠥᠷᠥᠯ ᠤᠨ ᠲᠥᠷᠥᠯ ᠵᠦᠢᠯ ᠳᠤ ᠬᠡᠷᠡᠭᠯᠡᠬᠦ ᠦᠭᠡᠢ᠃     ᠬᠤᠶᠠᠳᠤᠭᠠᠷ ᠵᠤᠷᠪᠤᠰ   ᠭᠤᠣᠯᠳᠠᠯᠭ᠎ᠠ ᠲᠠᠢ ᠳᠡᠳᠬᠦᠬᠦ ᠠᠵᠤ ᠦᠢᠯᠡᠰ᠃ ᠪᠡᠯᠡ ᠣᠷᠣᠭᠤᠯᠤᠭᠴᠢᠳ ᠳᠣᠣᠷᠠᠬᠢ ᠠᠵᠤ ᠦᠢᠯᠡᠰ ᠲᠤ ᠪᠡᠯᠡ ᠣᠷᠣᠭᠤᠯᠬᠤ ᠶᠢ ᠵᠣᠷᠢᠭᠵᠢᠭᠤᠯᠤᠨ᠎ᠠ ᠄     ︵ᠨᠢᠭᠡ︶ ᠶᠡᠷᠦᠩᠬᠡᠢ ᠬᠡᠯᠲᠡᠰ ᠤᠨ ᠠᠵᠤ ᠠᠬᠤᠢ᠃ᠡᠭᠦᠨ ᠳᠤ ᠠᠵᠤ ᠠᠬᠤᠶᠢᠯᠠᠯ ᠤᠨ ᠶᠡᠷᠦᠩᠬᠡᠢ ᠬᠡᠯᠲᠡᠰ᠂ ᠠᠵᠤ ᠠᠬᠤᠶᠢᠯᠠᠯ ᠤᠨ ᠣᠷᠣᠨ ᠪᠦᠰᠡ ᠶᠢᠨ ᠶᠡᠷᠦᠩᠬᠡᠢ ᠬᠡᠯᠲᠡᠰ᠂ ᠪᠡᠶ᠎ᠡ ᠪᠠᠨ ᠳᠠᠭᠠᠭᠠᠭᠰᠠᠨ ᠬᠠᠤᠯᠢ ᠶᠢᠨ  ᠡᠷᠬᠡᠲᠡᠨ ᠤ ᠬᠢᠷᠢ ᠬᠡᠮ ᠲᠠᠢ ᠰᠤᠳᠤᠯᠤᠨ ᠨᠡᠭᠡᠭᠡᠬᠦ ᠲᠥᠪ᠂ ᠡᠳ᠋ ᠤᠨ ᠶᠠᠪᠤᠳᠠᠯ ᠤᠨ ᠳ᠋ᠦᠩᠨᠡᠨ ᠪᠤᠳᠤᠬᠤ ᠲᠥᠪ᠂ ᠪᠣᠷᠤᠯᠠᠭᠤᠯᠭ᠎ᠠ ᠶᠢᠨ ᠲᠥᠪ ᠵᠡᠷᠭᠡ ᠪᠠᠭᠲᠠᠨ᠎ᠠ᠃    ︵ᠬᠤᠶᠠᠷ︶ ᠮᠥᠩᠭᠦᠨ ᠭᠦᠢᠯᠭᠡᠭᠡᠨ ᠤ ᠦᠢᠯᠡᠴᠢᠯᠡᠭᠡ᠃ᠡᠭᠦᠨ ᠳᠤ ᠪᠠᠩᠬᠢ᠂ ᠳᠠᠭᠠᠳᠬᠠᠯ᠂ ᠲᠡᠮᠳᠡᠭᠲᠦ᠂ ᠢᠲᠡᠭᠡᠮᠵᠢᠲᠦ ᠨᠠᠶᠢᠳᠠᠯᠭ᠎ᠠ᠂ ᠰᠠᠭᠤᠷᠢ ᠮᠥᠩᠭᠦ᠂ ᠡᠳ᠋ ᠬᠥᠷᠥᠩᠭᠡ ᠶᠢᠨ ᠬᠠᠮᠢᠶᠠᠷᠤᠯᠲᠠ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ᠂ ᠥᠮᠴᠢᠯᠡᠬᠦ ᠡᠷᠬᠡ ᠶᠢᠨ ᠠᠷᠠᠯᠵᠢᠶ᠎ᠠ᠂ ᠦᠨᠡᠯᠡᠨ ᠵᠢᠱᠢᠵᠦ  ᠯᠠᠪᠯᠠᠨ ᠠᠰᠠᠭᠤᠬᠤ ᠵᠡᠷᠭᠡ ᠪᠠᠭᠲᠠᠨ᠎ᠠ᠃    ︵ᠭᠤᠷᠪᠠ︶ ᠰᠣᠶᠣᠯ  ᠵᠢᠭᠤᠯᠴᠢᠯᠠᠯ᠃ ᠡᠭᠦᠨ ᠳᠤ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠺᠢᠨᠣ᠋ ᠲᠧᠯᠸᠢᠰ᠂ ᠰᠣᠶᠣᠯ ᠤᠨ ᠪᠦᠲᠦᠭᠡᠯᠴᠢ ᠰᠡᠳᠬᠢᠮᠵᠢ᠂ ᠵᠢᠭᠤᠯᠴᠢᠯᠠᠯ ᠤᠨ ᠵᠠᠮ ᠱᠤᠭᠤᠮ ᠢ  ᠰᠤᠳᠤᠯᠤᠨ ᠨᠡᠭᠡᠭᠡᠬᠦ ᠵᠡᠷᠭᠡ ᠪᠠᠭᠲᠠᠨ᠎ᠠ᠃    ︵ᠳᠥᠷᠪᠡ︶ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ᠃ᠡᠭᠦᠨ ᠳᠤ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠲᠠᠷᠢᠶᠠᠯᠠᠩ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠨᠠᠷᠠᠲᠤ ᠲᠡᠮᠳᠡᠭᠲᠦ ᠢᠳᠡᠭᠡᠨ ᠤᠮᠳᠠᠭᠠᠨ᠂ ᠪᠠᠭᠤᠳᠠᠯ  ᠤᠨ ᠬᠤᠨᠤᠭᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠠᠷᠠᠭᠠᠨ ᠤ ᠭᠦᠢᠯᠭᠡᠭᠡᠨ ᠤ  ᠨᠦᠬᠡᠴᠡᠯᠡᠭᠡ ᠂ ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠬᠤ ᠵᠡᠷᠭᠡ ᠪᠠᠭᠲᠠᠨ᠎ᠠ᠃     ︵ᠲᠠᠪᠤ︶ ᠲᠤᠭᠠᠴᠠᠯᠠᠭᠰᠠᠨ ᠠᠵᠤ ᠠᠬᠤᠢ᠃ ᠡᠭᠦᠨ ᠳᠤ ᠵᠢᠷᠤᠭᠯᠠᠨ  ᠲᠦᠯᠦᠪᠯᠡᠵᠦ ᠰᠤᠳᠤᠯᠤᠨ ᠨᠡᠭᠡᠭᠡᠬᠦ᠂  ᠰᠢᠨᠵᠢᠯᠡᠭᠡ ᠮᠡᠷᠭᠡᠵᠢᠯ ᠤᠨ ᠦᠢᠯᠡᠴᠢᠯᠡᠭᠡ᠂ᠲᠤᠭᠠᠴᠠᠯᠠᠭᠰᠠᠨ ᠦᠢᠯᠡᠴᠢᠯᠡᠭᠡ᠂ ᠰᠦᠯᠵᠢᠶᠡᠨ ᠤ  ᠤᠳᠤᠳ ᠤᠨ ᠠᠵᠤ ᠠᠬᠤᠢ ᠵᠡᠷᠭᠡ ᠪᠠᠭᠲᠠᠨ᠎ᠠ᠃     ︵ᠵᠢᠷᠭᠤᠭ᠎ᠠ︶ ᠰᠤᠷᠭᠠᠨ  ᠬᠦᠮᠦᠵᠢᠯ ᠡᠮᠨᠡᠯᠭᠡ ᠢᠶᠠᠷ ᠰᠤᠪᠢᠯᠠᠬᠤ᠃ ᠳᠡᠭᠡᠳᠦ ᠲᠠᠰ ᠤᠨ ᠣᠯᠠᠨ ᠤᠯᠤᠰ ᠤᠨ ᠰᠤᠷᠭᠠᠭᠤᠯᠢ᠂ ᠠᠵᠢᠯ  ᠮᠡᠷᠭᠡᠵᠢᠯ ᠤᠨ ᠬᠥᠮᠦᠵᠢᠯ᠂  ᠰᠤᠳᠤᠯᠤᠨ ᠰᠤᠷᠬᠤ  ᠲᠥᠷᠥᠯ ᠵᠦᠢᠯ ᠤᠨ ᠨᠡᠭᠡᠭᠡᠨ ᠬᠥᠭᠵᠢᠭᠦᠯᠦᠯᠲᠡ᠂ ᠡᠷᠡᠭᠦᠯ ᠮᠡᠨᠳᠦ ᠪᠡᠶ᠎ᠡ ᠰᠤᠪᠢᠯᠠᠯᠲᠠ᠂ ᠵᠢᠭᠤᠯᠴᠢᠯᠠᠵᠤ ᠰᠠᠭᠤᠬᠤ ᠨᠠᠰᠤᠵᠢᠯ ᠤᠨ ᠠᠰᠠᠷᠠᠮᠵᠢ᠂ ᠡᠷᠡᠭᠦᠯᠵᠢᠯ ᠰᠤᠪᠢᠯᠠᠯᠲᠠ᠂ ᠣᠨᠴᠠᠯᠢᠭᠲᠤ ᠲᠤᠰᠬᠠᠢ ᠡᠮᠨᠡᠯᠭᠡ ᠶᠢᠨ ᠬᠤᠷᠢᠶ᠎ᠠ ᠵᠡᠷᠭᠡ᠃     ︵ᠳᠣᠯᠤᠭ᠎ᠠ︶ ᠴᠢᠳᠠᠪᠤᠷᠢᠲᠠᠨ  ᠢ ᠤᠷᠤᠭᠤᠯᠤᠨ   ᠬᠦᠮᠦᠵᠢᠭᠦᠯᠬᠦ ᠃ᠥᠪᠡᠷᠲᠡᠭᠡᠨ ᠵᠠᠰᠠᠬᠤ ᠣᠷᠣᠨ ᠤ ᠲᠠᠰ  ᠠᠴᠠ ᠳᠡᠭᠡᠭᠰᠢᠬᠢ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠵᠡᠷᠭᠡ ᠶᠢ ᠪᠠᠭᠲᠠᠭᠠᠨ᠎ᠠ      ︵ᠨᠠᠢᠮᠠ︶ ᠪᠣᠬᠢᠷᠳᠤᠯ ᠦᠭᠡᠢ  ᠳᠤᠤᠷ᠎ᠠ ᠨᠡᠭᠦᠷᠡᠰᠦᠲᠥ᠋ᠷᠥᠭᠴᠢ ᠠᠵᠤ ᠦᠢᠯᠡᠰ᠃ᠡᠭᠦᠨ ᠳᠤ  ᠳᠤᠤᠷ᠎ᠠ ᠨᠡᠭᠦᠷᠡᠰᠦᠲᠥ᠋ᠷᠥᠭᠴᠢ ᠡᠨᠧᠷᠭᠢ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ ᠠᠵᠤ ᠦᠢᠯᠡᠰ᠂ ᠣᠷᠴᠢᠨ ᠠᠬᠤᠢ ᠶᠢ ᠬᠠᠮᠠᠭᠠᠯᠠᠬᠤ ᠮᠠᠲ᠋ᠧᠷᠢᠶᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ   ᠲᠠᠬᠢᠯᠲᠠ  ᠮᠠᠲ᠋ᠧᠷᠢᠶᠠᠯ ᠵᠡᠷᠭᠡ ᠪᠠᠭᠲᠠᠨ᠎ᠠ᠃     ︵ᠶᠢᠰᠦ︶ ᠣᠶᠤᠨᠴᠢ ᠠᠵᠤ ᠦᠢᠯᠡᠰ᠃ᠡᠭᠦᠨ ᠳᠤ ᠳᠡᠭᠡᠳᠦ ᠰᠢᠨ᠎ᠡ ᠮᠡᠷᠭᠡᠵᠢᠯ ᠤᠨ ᠲᠣᠨᠣᠭᠯᠠᠯ᠂ ᠰᠢᠨ᠎ᠡ ᠬᠡᠯᠪᠡᠷᠢ ᠶᠢᠨ ᠡᠨᠧᠷᠭᠢ ᠶᠢᠨ ᠲᠣᠨᠣᠭᠯᠠᠯ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠲᠣᠨᠣᠭᠯᠠᠯ᠂ ᠤᠰᠤᠲᠥ᠋ᠷᠥᠭᠴᠢ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ  ᠲᠦᠷᠦᠯ ᠵᠦᠢᠯ ᠵᠡᠷᠭᠡ ᠪᠠᠭᠲᠠᠨ᠎ᠠ᠃      ︵ᠠᠷᠪᠠ︶  ᠬᠦᠳᠡᠭᠡ ᠲᠤᠰᠬᠤᠨ ᠤ ᠠᠵᠤ ᠠᠬᠤᠢ᠃ᠡᠭᠦᠨ ᠳᠤ ᠣᠨᠴᠠᠯᠢᠭᠲᠤ ᠬᠥᠳᠡᠭᠡ ᠲᠣᠰᠬᠤᠨ ᠤ ᠠᠵᠤ ᠦᠢᠯᠡᠰ᠂ ᠴᠡᠴᠡᠷᠯᠢᠭ ᠤᠨ ᠵᠢᠷᠤᠭ ᠲᠥᠯᠥᠪᠯᠡᠭᠡ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠠᠮᠢ ᠠᠬᠤᠢ ᠶᠢᠨ ᠠᠵᠤ ᠦᠢᠯᠡᠰ᠂ ᠴᠡᠴᠡᠭ ᠡᠪᠡᠰᠦᠨ ᠤ ᠦᠢᠯᠡᠳᠪᠦᠷᠢᠯᠡᠯ ᠵᠡᠷᠭᠡ ᠪᠠᠭᠲᠠᠨ᠎ᠠ᠃      ᠭᠤᠷᠪᠠᠳᠤᠭᠠᠷ  ᠵᠤᠷᠪᠤᠰ  ᠠᠵᠤ ᠠᠬᠤᠶᠢᠯᠠᠯ ᠤᠨ ᠡᠷᠦᠬᠡ ᠠᠮᠠ ᠣᠷᠣᠭᠤᠯᠤᠭᠰᠠᠨ ᠱᠠᠩᠨᠠᠯ᠃ ᠬᠢᠶ᠎ᠠ ᠪᠠᠭᠰᠢ ᠲᠣᠭᠤᠷᠢᠭ ᠲᠤ ᠰᠢᠨ᠎ᠡ ᠪᠠᠷ ᠪᠠᠶᠢᠭᠤᠯᠤᠭᠰᠠᠨ ᠪᠤᠶᠤ ᠬᠢᠶ᠎ᠠ ᠪᠠᠭᠰᠢ ᠲᠣᠭᠤᠷᠢᠭ ᠲᠤ ᠰᠢᠨ᠎ᠡ ᠪᠠᠷ ᠨᠡᠭᠦᠵᠦ ᠣᠷᠣᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ᠂ ᠲᠡᠷᠡᠴᠢᠯᠡᠨ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ  ᠵᠤᠭᠤᠰ 1000 ᠲᠦᠮᠡᠨ ᠲᠥᠭᠦᠷᠢᠭ ᠠᠴᠠ ᠳᠡᠭᠡᠭᠰᠢ ︵1000 ᠲᠦᠮᠡᠨ ᠲᠥᠭᠦᠷᠢᠭ ᠪᠠᠭᠲᠠᠨ᠎ᠠ︶᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠤ ᠳᠠᠷᠠᠭᠠᠬᠢ ᠠᠩᠬᠠᠳᠠᠭᠴᠢ ᠪᠦᠷᠢᠨ ᠪᠦᠲᠦᠨ ᠭᠠᠶᠢᠯᠢ  ᠳᠤᠰᠢᠶᠠᠭᠰᠠᠨ ᠣᠨ ᠳᠤ᠂  ᠲᠤᠭᠤᠷᠢᠭ ᠤᠨ ᠲᠣᠰ ᠱᠠᠲᠤᠨ ᠤ ᠬᠤᠪᠢ ᠨᠡᠮᠡᠷᠢ ᠶᠢᠨ ᠬᠤᠪᠢᠳᠠᠨ ᠦᠯᠡᠳᠡᠭᠡᠭᠰᠡᠨ ᠬᠡᠰᠡᠭ ᠨᠢ 300 ᠲᠦᠮᠡᠨ ᠲᠥᠭᠦᠷᠢᠭ᠂ 600 ᠲᠦᠮᠡᠨ ᠲᠥᠭᠦᠷᠢᠭ᠂ 1000 ᠲᠦᠮᠡᠨ ᠲᠥᠭᠦᠷᠢᠭ ᠲᠤ ᠬᠦᠷᠦᠭᠰᠡᠨ ᠪᠠᠶᠢᠪᠠᠯ᠂ ᠲᠣᠰ ᠲᠣᠰ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 400 ᠲᠦᠮᠡᠨ ᠲᠥᠭᠦᠷᠢᠭ ᠤᠨ ᠡᠷᠦᠬᠡ ᠠᠮᠠ  ᠤᠷᠤᠭᠤᠯᠤᠭᠰᠠᠨ ᠱᠠᠩᠨᠠᠯ ᠣᠯᠭᠤᠨ᠎ᠠ᠃3 ᠵᠢᠯ ᠟ ᠤᠨ ᠳᠣᠲᠣᠷ᠎ᠠ ᠱᠠᠩᠨᠠᠬᠤ ᠶᠡᠷᠦᠩᠬᠡᠢ ᠲᠤᠭ᠎ᠠ ᠶᠢᠨ 30%᠂ 30%᠂ 40% ᠪᠠᠷ ᠪᠡᠯᠡᠨ ᠵᠣᠭᠤᠰ ᠣᠯᠭᠤᠨ᠎ᠠ᠃ᠶᠡᠷᠦᠩᠬᠡᠢ ᠬᠡᠯᠲᠡᠰ ᠤᠨ ᠠᠵᠤ ᠠᠬᠤᠶᠢᠯᠠᠯ ᠤᠨ ᠣᠯᠣᠭᠰᠠᠨ ᠱᠠᠩᠨᠠᠯ ᠤᠨ ᠮᠥᠩᠭᠦᠨ ᠤ 30%  ᠶᠢ ᠳᠣᠲᠣᠭᠠᠳᠤ  ᠶᠢᠨ ᠠᠵᠢᠯᠲᠠᠨ  ᠤ ᠬᠤᠪᠢ ᠬᠥᠮᠥᠨ  ᠢ ᠱᠠᠩᠨᠠᠬᠤ ᠳᠤ ᠬᠡᠷᠡᠭᠯᠡᠵᠦ ᠪᠣᠯᠣᠨ᠎ᠠ᠃     ᠳᠡᠯᠡᠬᠡᠢ ᠶᠢᠨ 500 ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ᠳᠤᠮᠳᠠᠳᠤ ᠤᠯᠤᠰ ᠤᠨ ᠦᠶᠯᠡᠳᠬᠦ ᠦᠢᠯᠡᠰ ᠤᠨ 500 ᠬᠦᠴᠦᠷᠬᠡᠭ᠂ ᠳᠤᠮᠳᠠᠳᠤ ᠤᠯᠤᠰ ᠤᠨ ᠦᠢᠯᠡᠴᠢᠯᠡᠭᠡᠨ ᠤ ᠦᠢᠯᠡᠰ ᠤᠨ 500 ᠬᠦᠴᠦᠷᠬᠡᠭ᠂ ᠳᠤᠮᠳᠠᠳᠤ ᠤᠯᠤᠰ ᠤᠨ ᠬᠤᠪᠢ ᠶᠢᠨ ᠠᠵᠤ ᠠᠬᠤᠶᠢᠯᠠᠯ ᠤᠨ 500 ᠬᠦᠴᠦᠷᠬᠡᠭ᠂ ᠲᠥᠪ ᠤᠨ ᠠᠵᠤ ᠠᠬᠤᠶᠢᠯᠠᠯ᠂ ᠡᠵᠡᠩᠨᠡᠯᠲᠡ ᠶᠢᠨ ᠨᠣᠷᠮ᠎ᠠ ᠨᠢ 50 ᠳ᠋ᠦᠩᠰᠢᠭᠤᠷ ᠳ᠋ᠣᠯᠯᠠᠷ ︵ᠲᠦᠷᠦᠭᠦᠸ ᠭᠤᠷᠪᠠᠨ ᠵᠢᠯ ᠤᠨ ᠳᠤᠮᠳᠠᠴᠢ ᠲᠤᠭ᠎ᠠ︶ ᠢ ᠳᠠᠪᠠᠭᠰᠠᠨ ᠤᠯᠤᠰ ᠠᠯᠤᠰᠯᠠᠭᠰᠠᠨ ᠺᠣᠮᠫᠠᠨᠢ᠂ ᠳᠤᠮᠳᠠᠳᠤ ᠤᠯᠤᠰ ᠤᠨ  ᠰᠤᠳᠤᠨ ᠬᠦᠯᠦᠭ ᠠᠵᠤ ᠠᠬᠤᠶᠢᠯᠠᠯ᠂ ᠳᠤᠮᠳᠠᠳᠤ ᠤᠯᠤᠰ ᠤᠨ ᠦᠶᠯᠡᠳᠬᠦ ᠦᠢᠯᠡᠰ ᠤᠨ ᠭᠠᠭᠴᠠ ᠵᠦᠢᠯ ᠤᠨ ᠮᠠᠩᠯᠠᠢ ᠠᠵᠤ ᠠᠬᠤᠶᠢᠯᠠᠯ ᠬᠢᠶ᠎ᠠ ᠪᠠᠭᠰᠢ ᠲᠣᠭᠤᠷᠢᠭ ᠲᠤ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ︽ᠨᠢᠭᠡ ᠬᠡᠷᠡᠭ ᠢ ᠨᠢᠭᠡ ᠵᠥᠪᠯᠡᠬᠦ︾ ᠶᠣᠰᠣᠭᠠᠷ ᠱᠠᠩᠨᠠᠨ᠎ᠠ᠃     ᠳᠥᠷᠪᠡᠳᠦᠭᠡᠷ ᠵᠤᠷᠪᠤᠰ  ᠪᠡᠯᠡ ᠣᠷᠣᠭᠤᠯᠤᠯᠲᠠ ᠶᠢᠨ ᠱᠠᠩᠨᠠᠯ᠃ᠰᠢᠨ᠎ᠡ ᠪᠠᠷ ᠣᠷᠣᠭᠤᠯᠵᠤ ᠠᠪᠴᠢᠷᠠᠭᠰᠠᠨ ᠪᠥᠭᠡᠳ ᠲᠤᠰ ᠠᠷᠭ᠎ᠠ ᠬᠡᠮᠵᠢᠶ᠎ᠡ ᠶᠢᠨ ᠬᠤᠶᠠᠳᠤᠭᠠᠷ  ᠵᠤᠷᠪᠤᠰ ᠤᠨ ᠲᠣᠭᠲᠠᠭᠠᠯ ᠳᠤ ᠨᠡᠶᠢᠴᠡᠭᠰᠡᠨ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠳᠠᠩᠰᠠᠯᠠᠭᠤᠯᠤᠭᠰᠠᠨ ᠡᠳᠦᠷ ᠠᠴᠠ ᠡᠬᠢᠯᠡᠨ 2 ᠵᠢᠯ ᠤᠨ ᠳᠣᠲᠣᠷ᠎ᠠ᠂ ᠦᠢᠯᠡᠳᠪᠦᠷᠢᠯᠡᠯ ᠤᠨ ᠬᠡᠯᠪᠡᠷᠢ ᠶᠢᠨ ᠠᠵᠤ ᠠᠬᠤᠶᠢᠯᠠᠯ ᠤᠨ ᠪᠣᠳᠠᠲᠠᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠭᠠᠵᠠᠷ ᠰᠢᠷᠣᠢ ᠶᠢᠨ ᠫᠠᠶᠢᠰᠠ ᠡᠯᠭᠦᠬᠦ ᠵᠠᠷᠤᠳᠠᠯ ᠪᠠᠭᠲᠠᠬᠤ ᠦᠭᠡᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠤᠨ ᠲᠥᠷᠥᠯ ᠵᠦᠢᠯ ᠢ ᠪᠠᠭᠲᠠᠭᠠᠬᠤ ᠦᠭᠡᠢ᠂ ᠳᠣᠷᠣᠭᠰᠢ ᠠᠳᠠᠯᠢ︶ ᠨᠢ ᠨᠡᠶᠢᠲᠡ 1000 ᠲᠦᠮᠡ ᠠᠴᠠ ᠳᠡᠭᠡᠭᠰᠢ ︵ᠭᠤᠷᠪᠠᠳᠠᠭᠢ  ᠲᠠᠯ᠎ᠠ  ᠶᠢᠨ ᠪᠠᠶᠢᠭᠤᠯᠤᠮᠵᠢ ᠶᠢᠨ ᠭᠠᠷᠭᠠᠭᠰᠠᠨ ᠬᠠᠮᠢᠶ᠎ᠠ ᠪᠦᠬᠦᠢ ᠮᠡᠳᠡᠭᠦᠯᠦᠯᠲᠡ ᠪᠠᠷ ᠪᠠᠷᠢᠮᠵᠢᠶ᠎ᠠ ᠪᠣᠯᠭᠠᠵᠤ᠂ ᠳᠣᠷᠣᠭᠰᠢ ᠠᠳᠠᠯᠢ︶ ᠳᠤ ᠬᠦᠷᠦᠭᠰᠡᠨ ᠵᠢᠴᠢ ᠦᠢᠯᠡᠳᠪᠦᠷᠢᠯᠡᠯ ᠤᠨ ᠪᠤᠰᠤ ᠬᠡᠯᠪᠡᠷᠢ ᠶᠢᠨ ᠠᠵᠤ ᠠᠬᠤᠶᠢᠯᠠᠯ ᠤᠨ ᠶᠡᠷᠦᠩᠬᠡᠢ ᠪᠡᠯᠡ ᠣᠷᠣᠭᠤᠯᠤᠯᠲᠠ ᠨᠢ ᠨᠡᠶᠢᠲᠡ 300 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠲᠡᠭᠦᠨ ᠤ ᠪᠣᠳᠠᠲᠠᠢ ᠪᠡᠯᠡ ᠣᠷᠣᠭᠤᠯᠤᠯᠲᠠ ᠶᠢᠨ ᠲᠤᠭ᠎ᠠ ᠶᠢᠨ 0.5% ᠪᠠᠷ ᠠᠵᠤ ᠠᠬᠤᠶᠢᠯᠠᠯ ᠳᠤ ᠨᠢᠭᠡ  ᠯᠠ ᠤᠳᠠᠭ᠎ᠠ ᠶᠢᠨ ᠴᠢᠨᠠᠷᠲᠠᠢ ᠱᠠᠩᠨᠠᠯ ᠣᠯᠭᠤᠵᠤ᠂ ᠭᠠᠭᠴᠠ ᠡᠷᠦᠬᠡ ᠶᠢᠨ ᠠᠵᠤ ᠠᠬᠤᠶᠢᠯᠠᠯ ᠲᠦᠷᠦᠯ ᠵᠦᠢᠯ ᠤᠨ ᠱᠠᠩᠨᠠᠯ ᠤᠨ ᠵᠣᠭᠤᠰ ᠤᠨ ᠲᠤᠭ᠎ᠠ ᠨᠢ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠃    ᠲᠠᠪᠤᠳᠤᠭᠠᠷ ᠵᠤᠷᠪᠤᠰ  ᠴᠢᠳᠠᠪᠤᠷᠢᠲᠠᠨ ᠵᠢᠴᠢ ᠳᠡᠭᠡᠳᠦ  ᠬᠠᠮᠢᠶᠠᠷᠤᠭᠴᠢ ᠶᠢᠨ ᠬᠦᠬᠢᠭᠦᠯᠦᠯ᠃ᠠᠵᠤ ᠠᠬᠤᠶᠢᠯᠠᠯ ᠤᠨ ᠣᠷᠣᠭᠤᠯᠵᠤ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠬᠤᠲᠠ᠂ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠵᠢᠴᠢ ᠳᠡᠭᠡᠳᠦ  ᠬᠠᠮᠢᠶᠠᠷᠤᠭᠴᠢ ᠶᠢᠨ ᠦᠷ᠎ᠡ ᠬᠡᠦᠬᠡᠳ ᠨᠢ ᠬᠢᠶ᠎ᠠ ᠪᠠᠭᠰᠢ ᠲᠣᠭᠤᠷᠢᠭ ᠲᠤ ᠴᠡᠴᠡᠷᠯᠢᠭ ᠲᠤ ᠣᠷᠣᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠰᠤᠷᠭᠠᠭᠤᠯᠢ ᠳᠤ ᠣᠷᠣᠬᠤ ᠳᠤ ᠬᠢᠶ᠎ᠠ ᠪᠠᠭᠰᠢ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ ᠪᠠᠶᠢᠩᠭᠤ ᠰᠠᠭᠤᠭ᠎ᠠ ᠬᠥᠮᠥᠨ ᠠᠮᠠ ᠶᠢᠨ ᠦᠷ᠎ᠡ ᠬᠡᠦᠬᠡᠳ  ᠲᠠᠢ ᠠᠳᠠᠯᠢ ᠲᠡᠭᠰᠢ ᠰᠤᠷᠭᠠᠭᠤᠯᠢ ᠳᠤ ᠣᠷᠣᠬᠤ  ᠬᠦᠷᠲᠡᠭᠡᠮᠵᠢ ᠲᠠᠢ᠂ ᠣᠶᠢᠷ᠎ᠠ ᠬᠠᠪᠢ ᠳᠤᠨᠢ ᠲᠥᠬᠦᠮ ᠪᠠᠶᠢᠯᠭᠠᠬᠤ ᠵᠠᠷᠴᠢᠮ ᠶᠣᠰᠣᠭᠠᠷ ᠶᠠᠰᠤ ᠴᠢᠨᠠᠷ ᠢᠶᠠᠷ ᠨᠡᠯᠢᠶᠡᠳ ᠰᠠᠶᠢᠨ ᠰᠤᠷᠭᠠᠭᠤᠯᠢ ᠳᠤ ᠲᠣᠬᠢᠷᠠᠭᠤᠯᠤᠨ᠎ᠠ᠃    ᠵᠢᠷᠭᠤᠳᠤᠭᠠᠷ ᠵᠤᠷᠪᠤᠰ  ᠬᠤᠳᠠᠯᠳᠤᠭᠠᠴᠢᠨ ᠤᠷᠢᠬᠤ ᠵᠠᠭᠤᠴᠢ ᠶᠢᠨ ᠱᠠᠩᠨᠠᠯ᠃ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠮᠵᠢ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠨᠡᠷᠡᠳᠦ  ᠵᠦᠪᠯᠡᠯᠭᠡ ᠦᠭᠬᠦ ᠦᠢᠯᠡᠴᠢᠯᠡᠭᠡᠨ ᠤ ᠪᠠᠶᠢᠭᠤᠯᠤᠮᠵᠢ᠂ ᠲᠤᠰᠬᠠᠢ ᠤᠷᠤᠨ ᠲᠤᠭᠤᠷᠢᠭ ᠤᠨ ᠳᠡᠰ ᠠᠴᠠ ᠳᠡᠭᠡᠭᠰᠢᠬᠢ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠨ ᠤ ᠡᠪᠯᠡᠯ ᠵᠡᠷᠭᠡ  ᠭᠤᠷᠪᠠᠳᠤᠭᠠᠷ ᠲᠠᠯ᠎ᠠ ᠶᠢᠨ ᠲᠤᠰᠬᠠᠢ ᠪᠠᠶᠢᠭᠤᠯᠤᠮᠵᠢ ᠶᠢᠨ ᠴᠢᠬᠤᠯᠠ ᠶᠡᠭᠡ ᠲᠦᠷᠦᠯ ᠵᠦᠢᠯ ᠢ ᠣᠷᠣᠭᠤᠯᠤᠨ ᠠᠪᠴᠢᠷᠠᠬᠤ᠂  ᠬᠤᠳᠠᠯᠳᠤᠭᠠᠴᠢᠨ  ᠤᠷᠢᠬᠤ ᠮᠡᠳᠡᠭᠡ ᠬᠦᠷᠭᠡᠬᠦ᠂ ᠲᠣᠮᠣ ᠬᠡᠯᠪᠡᠷᠢ ᠶᠢᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ  ᠬᠠᠪᠰᠤᠷᠤᠨ ᠡᠷᠬᠢᠯᠡᠬᠦ᠂ ᠰᠠᠯᠪᠤᠷᠢ ᠪᠠᠭ᠎ᠠ ᠠᠩᠭᠢ ᠶᠢᠨ  ᠬᠤᠳᠠᠯᠳᠤᠭᠠᠴᠢᠨ  ᠤᠷᠢᠬᠤ ᠠᠵᠢᠯᠯᠠᠭ᠎ᠠ ᠶᠢ ᠬᠠᠪᠰᠤᠷᠤᠨ ᠡᠷᠬᠢᠯᠡᠬᠦ᠂  ᠬᠤᠳᠠᠯᠳᠤᠭᠠᠴᠢᠨ  ᠤᠷᠢᠬᠤ  ᠵᠦᠪᠯᠡᠯᠭᠡ ᠦᠭᠬᠦ ᠦᠢᠯᠡᠴᠢᠯᠡᠭᠡ ᠵᠡᠷᠭᠡ ᠶᠠᠪᠤᠳᠠᠯ ᠤᠨ ᠲᠠᠯ᠎ᠠ ᠪᠠᠷ ᠬᠢᠶ᠎ᠠ ᠪᠠᠭᠰᠢ ᠲᠣᠭᠤᠷᠢᠭ ᠯᠤᠭ᠎ᠠ  ᠬᠤᠳᠠᠯᠳᠤᠭᠠᠴᠢᠨ  ᠤᠷᠢᠵᠤ ᠪᠡᠯᠡ ᠣᠷᠣᠭᠤᠯᠬᠤ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ︵ᠲᠥᠷᠥᠯ ᠵᠦᠢᠯ︶ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠲᠡᠳᠡᠨ ᠤ ᠬᠥᠲᠥᠯᠥᠨ  ᠵᠢᠯᠤᠭᠤᠳᠤᠯᠭ᠎ᠠ ᠪᠠᠷ  ᠭᠠᠵᠠᠷ ᠤᠷᠤᠨ ᠳᠤ ᠰᠠᠭᠤᠷᠢᠰᠢᠭ᠎ᠠ ᠠᠵᠤ ᠠᠬᠤᠶᠢᠯᠠᠯ ︵ᠲᠥᠷᠥᠯ ᠵᠦᠢᠯ︶ ᠤᠨ ᠬᠡᠪ ᠤᠨ ᠡᠵᠡᠩᠨᠡᠯᠲᠡ ᠠᠴᠠ ᠡᠬᠢᠯᠡᠨ ᠨᠢᠭᠡ ᠪᠦᠷᠢᠨ ᠪᠦᠲᠦᠨ ᠭᠠᠶᠢᠯᠢ ᠲᠤᠰᠢᠶᠠᠬᠤ ᠣᠨ ᠤ ᠬᠢᠶ᠎ᠠ ᠪᠠᠭᠰᠢ ᠲᠣᠭᠤᠷᠢᠭ ᠤᠨ ᠲᠣᠰ ᠱᠠᠲᠤᠨ ᠳᠤ ᠦᠵᠡᠭᠦᠯᠦᠭᠰᠡᠨ ᠬᠤᠪᠢ ᠨᠡᠮᠡᠷᠢ ᠶᠢᠨ ᠬᠤᠪᠢᠳᠠᠨ ᠦᠯᠡᠳᠡᠭᠡᠬᠦ ᠬᠡᠰᠡᠭ ᠢᠶᠠᠷ ᠯᠠᠪᠯᠠᠯᠲᠠ ᠶᠢᠨ ᠲᠤᠭ᠎ᠠ ᠪᠣᠯᠭᠠᠵᠤ᠂ ᠨᠢᠭᠡ ᠯᠠ ᠤᠳᠠᠭ᠎ᠠ ᠶᠢᠨ ᠴᠢᠨᠠᠷᠲᠠᠢ ᠪᠠᠷ 2% ᠤᠨ ᠱᠠᠩᠨᠠᠯ ᠣᠯᠭᠤᠵᠤ᠂ ᠭᠠᠭᠴᠠ ᠡᠷᠦᠬᠡ ᠶᠢᠨ ᠠᠵᠤ ᠠᠬᠤᠶᠢᠯᠠᠯ ︵ᠲᠥᠷᠥᠯ ᠵᠦᠢᠯ︶ ᠤᠨ ᠱᠠᠩᠨᠠᠯ ᠤᠨ ᠮᠥᠩᠭᠦ ᠶᠢᠨ ᠲᠤᠭ᠎ᠠ ᠶᠢ ᠬᠠᠮᠤᠭ ᠥᠨᠳᠥᠷ ᠲᠡᠭᠡᠨ 20 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃     ᠳᠣᠯᠣᠳᠤᠭᠠᠷ ᠵᠤᠷᠪᠤᠰ  ᠠᠵᠢᠯᠴᠢᠨ ᠬᠡᠷᠡᠭᠯᠡᠭᠰᠡᠨ ᠱᠠᠩᠨᠠᠯ᠃ ᠰᠢᠨ᠎ᠡ ᠪᠠᠷ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ   ᠠᠵᠢᠯᠴᠢᠨ  ᠯᠤᠭ᠎ᠠ ᠨᠢᠭᠡ ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠮᠥᠷᠲᠡᠭᠡᠨ ᠠᠵᠢᠯᠴᠢᠨ ᠬᠡᠷᠡᠭᠯᠡᠬᠦ ᠠᠵᠤ ᠠᠬᠤᠶᠢᠯᠠᠯ ᠨᠢ ᠬᠢᠶ᠎ᠠ ᠪᠠᠭᠰᠢ ᠲᠣᠭᠤᠷᠢᠭ ᠲᠤ ᠨᠡᠶᠢᠭᠡᠮ ᠤᠨ ᠳᠠᠭᠠᠳᠬᠠᠯ ᠢ ᠭᠦᠢᠴᠡᠳ ᠲᠤᠭ᠎ᠠ ᠪᠠᠷ ᠲᠤᠰᠢᠶᠠᠭᠰᠠᠨ ᠪᠠᠶᠢᠪᠠᠯ᠂ ᠠᠵᠢᠯ ᠣᠯᠭᠤᠭᠰᠠᠨ ᠬᠥᠮᠥᠨ ᠤ ᠲᠤᠭ᠎ᠠ ᠨᠢ 20 ᠬᠥᠮᠥᠨ ᠠᠴᠠ ᠳᠡᠭᠡᠭᠰᠢ  ᠬᠦᠷᠦᠭᠰᠡᠨ ᠪᠠᠶᠢᠪᠠᠯ᠂ ᠴᠢᠳᠠᠪᠤᠷᠢᠲᠠᠨ ᠤ ᠵᠡᠷᠭᠡ ᠳᠡᠰ ᠵᠢᠴᠢ ᠲᠥᠷᠥᠯ ᠢᠯᠭᠠᠯ ᠢ ᠦᠨᠳᠦᠰᠦᠯᠡᠨ᠂ ᠠᠵᠢᠯ ᠲᠥᠷᠥᠯ ᠳᠤ ᠲᠠᠭᠠᠷᠠᠭᠰᠠᠨ  ᠮᠡᠷᠭᠡᠵᠢᠯ ᠤᠨ  ᠦᠨᠳᠦᠷ ᠴᠤᠯᠠ  ︵ᠳᠡᠭᠡᠳᠦ ᠵᠡᠷᠭᠡ ᠶᠢᠨ ᠮᠠᠰᠲ᠋ᠧᠷ︶᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ︵ᠮᠠᠰᠲ᠋ᠧᠷ︶ ᠣᠯᠣᠭᠰᠠᠨ ᠠᠵᠢᠯᠴᠢᠨ ᠬᠡᠷᠡᠭᠯᠡᠬᠦ ᠠᠵᠤ ᠠᠬᠤᠶᠢᠯᠠᠯ ᠳᠤ ᠲᠣᠰ ᠲᠣᠰ 3000 ᠲᠥᠭᠦᠷᠢᠭ/ᠬᠥᠮᠥᠨ/ᠰᠠᠷ᠎ᠠ᠂ 2000 ᠲᠥᠭᠦᠷᠢᠭ/ᠬᠥᠮᠥᠨ/ᠰᠠᠷ᠎ᠠ ᠶᠢᠨ ᠱᠠᠩᠨᠠᠯ ᠣᠯᠭᠤᠨ᠎ᠠ᠃ᠭᠠᠭᠴᠠ ᠡᠷᠦᠬᠡ ᠶᠢᠨ ᠠᠵᠤ ᠠᠬᠤᠶᠢᠯᠠᠯ ᠤᠨ ᠱᠠᠩᠨᠠᠯ ᠢ ᠨᠡᠶᠢᠲᠡ ᠭᠤᠷᠪᠠᠨ ᠵᠢᠯ ᠠᠴᠠ ᠬᠡᠲᠦᠷᠡᠭᠦᠯᠬᠦ ᠦᠭᠡᠢ᠂ ᠵᠢᠯ ᠪᠦᠷᠢ ᠬᠠᠮᠤᠭ ᠠᠷᠪᠢᠨ ᠳᠠᠭᠠᠨ 50 ᠬᠥᠮᠥᠨ ᠢ ᠱᠠᠩᠨᠠᠨ᠎ᠠ᠃     ᠨᠠᠢᠮᠠᠳᠤᠭᠠᠷ  ᠵᠤᠷᠪᠤᠰ  ᠭᠡᠷ ᠪᠠᠶᠢᠰᠢᠩ ᠬᠤᠳᠠᠯᠳᠤᠨ ᠠᠪᠴᠤ ᠭᠡᠷ ᠪᠠᠶᠢᠰᠢᠩ ᠲᠦᠷᠢᠶᠡᠰᠦᠯᠡᠬᠦ ᠱᠠᠩᠨᠠᠯ ᠃ᠲᠣᠰ ᠠᠷᠭ᠎ᠠ ᠬᠡᠮᠵᠢᠶ᠎ᠡ ᠶᠢᠨ ᠬᠤᠶᠠᠳᠤᠭᠠᠷ᠂ ᠭᠤᠷᠪᠠᠳᠤᠭᠠᠷ  ᠵᠤᠷᠪᠤᠰ ᠤᠨ ᠲᠣᠭᠲᠠᠭᠠᠯ ᠳᠤ ᠨᠡᠶᠢᠴᠡᠬᠦ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠵᠢᠴᠢ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ  ᠮᠠᠭᠠᠳᠯᠠᠨ ᠲᠤᠭᠲᠠᠭᠠᠭᠰᠠᠨ ᠭᠤᠣᠯᠳᠠᠯᠭ᠎ᠠ ᠲᠠᠢ ᠳᠠᠪᠠᠭᠤᠯᠢᠭ ᠠᠵᠤ ᠠᠬᠤᠶᠢᠯᠠᠯ ᠨᠢ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ ᠤᠷᠢᠲᠠᠯ ᠳᠣᠣᠷ᠎ᠠ᠂ ᠰᠢᠨ᠎ᠡ ᠪᠠᠷ ᠬᠤᠳᠠᠯᠳᠤᠨ ᠠᠪᠤᠭᠰᠠᠨ ᠠᠯᠪᠠᠨ ᠭᠡᠷ ︵ᠡᠵᠡᠩᠨᠡᠯᠲᠡ ᠳᠤ ᠬᠡᠷᠡᠭᠯᠡᠬᠦ ᠭᠡᠷ ᠪᠠᠭᠲᠠᠬᠤ ᠦᠭᠡᠢ︶ ᠨᠢ ᠨᠢᠭᠡ ᠯᠠ ᠤᠳᠠᠭ᠎ᠠ ᠶᠢᠨ ᠴᠢᠨᠠᠷᠲᠠᠢ ᠪᠠᠷ ᠭᠡᠷ ᠪᠠᠶᠢᠰᠢᠩ ᠬᠤᠳᠠᠯᠳᠤᠨ  ᠠᠪᠬᠤ ᠱᠠᠩᠨᠠᠯ ᠣᠯᠭᠤᠵᠤ᠂ ᠬᠠᠮᠤᠭ ᠥᠨᠳᠥᠷ ᠲᠡᠭᠡᠨ 500 ᠲᠥᠭᠦᠷᠢᠭ/ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠢ᠂  ᠱᠠᠩᠨᠠᠬᠤ ᠲᠠᠯᠠᠪᠠᠶ ᠨᠢ 2000 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠢ︔ᠠᠯᠪᠠᠨ ᠭᠡᠷ ᠲᠦᠷᠢᠶᠡᠰᠦᠯᠡᠬᠦ ᠳᠤ ᠭᠡᠷ ᠪᠠᠶᠢᠰᠢᠩ ᠲᠦᠷᠢᠶᠡᠰᠦᠯᠡᠭᠰᠡᠨ ᠱᠠᠩᠨᠠᠯ ᠣᠯᠭᠤᠵᠤ᠂ ᠬᠠᠮᠤᠭ ᠥᠨᠳᠥᠷ ᠲᠡᠭᠡᠨ 30 ᠲᠥᠭᠦᠷᠢᠭ\ ᠰᠠᠷ᠎ᠠ\ ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠢ᠂ ᠱᠠᠩᠨᠠᠬᠤ ᠲᠠᠯᠠᠪᠠᠶ ᠶᠢ 2000 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠢ᠃ᠭᠡᠷ ᠪᠠᠶᠢᠰᠢᠩ ᠬᠤᠳᠠᠯᠳᠤᠨ ᠠᠪᠬᠤ᠂ ᠭᠡᠷ ᠪᠠᠶᠢᠰᠢᠩ ᠲᠦᠷᠢᠶᠡᠰᠦᠯᠡᠬᠦ ᠶᠢ ᠪᠣᠳᠠᠲᠠᠢ ᠪᠠᠷ ᠱᠠᠩᠨᠠᠨ ᠬᠥᠬᠢᠭᠦᠯᠵᠦ᠂ ᠴᠠᠭ ᠤᠨ ᠬᠢᠵᠠᠭᠠᠷ ᠢ ᠭᠤᠷᠪᠠᠨ ᠵᠢᠯ ᠠᠴᠠ ᠬᠡᠲᠦᠷᠡᠭᠦᠯᠬᠦ ᠦᠭᠡᠢ᠃     ᠶᠢᠰᠦᠳᠦᠭᠡᠷ  ᠵᠤᠷᠪᠤᠰ  ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠠᠴᠠ ᠮᠠᠭᠠᠳᠯᠠᠨ ᠲᠣᠭᠲᠠᠭᠠᠭᠰᠠᠨ ᠪᠤᠰᠤᠳ ᠴᠢᠬᠤᠯᠠ ᠶᠡᠭᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃     ᠠᠷᠪᠠᠳᠤᠭᠠᠷ ᠵᠤᠷᠪᠤᠰ  ᠬᠢᠶ᠎ᠠ ᠪᠠᠭᠰᠢ ᠲᠣᠭᠤᠷᠢᠭ ᠤᠨ ︽ᠣᠷᠳᠣᠰ ᠬᠤᠲᠠ ᠶᠢᠨ ᠠᠵᠤ ᠦᠢᠯᠡᠰ ᠤᠨ  ᠪᠦᠯᠦᠭᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ︾ ᠤᠨ ᠶᠣᠰᠣᠭᠠᠷ ᠣᠯᠣᠭᠰᠠᠨ ᠱᠠᠩᠨᠠᠯ ᠤᠨ ᠨᠥᠬᠦᠪᠦᠷᠢ ᠶᠢᠨ ᠪᠡᠯᠡ ᠮᠥᠩᠭᠦ ᠶᠢ ᠪᠦᠬᠦᠨ ᠢ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠨ᠎ᠡ᠃     ᠠᠷᠪᠠᠨ ᠨᠢᠭᠡᠳᠦᠭᠡᠷ ᠵᠤᠷᠪᠤᠰ  ᠳᠠᠭᠠᠯᠳᠤᠭᠤᠯᠤᠭᠰᠠᠨ ᠳᠦᠷᠢᠮ     ᠲᠣᠰ ᠠᠷᠭ᠎ᠠ ᠬᠡᠮᠵᠢᠶ᠎ᠡ ᠶᠢᠨ ᠡᠯ᠎ᠡ ᠲᠥᠷᠥᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠠᠵᠤ ᠠᠬᠤᠶᠢᠯᠠᠯ ᠨᠢ ᠡᠷᠬᠡᠪᠰᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠶᠢ ᠬᠡᠷᠡᠭᠵᠢᠭᠦᠯᠵᠦ ᠪᠠᠶᠢᠭ᠎ᠠ ᠬᠤᠳᠠᠯᠳᠤᠭᠠᠴᠢᠨ ᠤᠷᠢᠵᠤ ᠪᠡᠯᠡ  ᠤᠷᠤᠭᠤᠯᠤᠭᠰᠠᠨ ᠠᠵᠤ   ᠠᠬᠤᠶᠢᠯᠠᠯ ᠪᠠᠶᠢᠬᠤ ᠬᠡᠷᠡᠭᠲᠡᠢ᠃     ᠡᠭᠦᠨ ᠤ ᠬᠠᠮᠲᠤ ᠲᠣᠰ ᠠᠷᠭ᠎ᠠ ᠬᠡᠮᠵᠢᠶ᠎ᠡ ᠵᠢᠴᠢ ᠤᠯᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ᠂ ᠬᠢᠶ᠎ᠠ ᠪᠠᠭᠰᠢ ᠲᠣᠭᠤᠷᠢᠭ ᠤᠨ ᠪᠤᠰᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠦᠬᠦᠴᠡᠯ ᠢ ᠬᠠᠮᠲᠤ ᠳᠤᠨᠢ ᠬᠠᠩᠭᠠᠪᠠᠯ ᠂ ᠰᠢᠯᠢᠳᠡᠭ ᠢ   ᠰᠤᠩᠭᠤᠵᠤ ᠥᠯᠥ ᠳᠠᠪᠬᠤᠷᠳᠠᠭᠤᠯᠬᠤ ᠵᠠᠷᠴᠢᠮ ᠶᠣᠰᠣᠭᠠᠷ ᠪᠡᠶᠡᠯᠡᠭᠦᠯᠦᠨ᠎ᠡ᠃ᠬᠤᠯᠪᠣᠭᠳᠠᠭᠰᠠᠨ ᠵᠣᠭᠤᠰ ᠤᠨ ᠲᠥᠷᠥᠯ ᠨᠢ ᠴᠥᠮ ᠠᠷᠠᠳ ᠤᠨ ᠵᠣᠭᠤᠰ ᠪᠠᠶᠢᠵᠤ᠂ ᠱᠠᠩᠨᠠᠬᠤ ᠵᠣᠭᠤᠰ ᠤᠨ ᠲᠤᠭ᠎ᠠ ᠨᠢ ᠴᠥᠮ ᠭᠠᠶᠢᠯᠢ ᠲᠤᠰᠢᠶᠠᠬᠤ  ᠠᠴᠠ ᠡᠮᠦᠨᠡᠬᠢ ᠵᠣᠭᠤᠰ ᠤᠨ ᠲᠤᠭ᠎ᠠ ᠪᠣᠯᠣᠨ᠎ᠠ᠃    ᠲᠣᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ᠂ ᠪᠣᠳᠠᠲᠠᠢ ᠬᠡᠷᠡᠭᠵᠢᠭᠦᠯᠬᠦ ᠬᠤᠭᠤᠴᠠᠭ᠎ᠠ ᠶᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠳᠠᠭᠤᠰᠲᠠᠯ᠎ᠠ ᠤᠷᠲᠤᠳᠬᠠᠬᠤ ᠶᠢᠨ ᠬᠠᠮᠲᠤ ᠲᠥᠬᠦᠷᠵᠢᠭᠦᠯᠦᠨ ᠪᠡᠶᠡᠯᠡᠭᠦᠯᠬᠦ ᠨᠠᠷᠢᠨ ᠳᠦᠷᠢᠮ ᠢ ᠠᠰ ᠲᠤᠨᠢ ᠲᠣᠭᠲᠠᠭᠠᠵᠤ᠂ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠴᠠᠭ  ᠲᠠᠭᠠᠨ ᠲᠣᠬᠢᠷᠠᠭᠤᠯᠤᠨ ᠵᠠᠰᠠᠪᠤᠷᠢ ᠣᠷᠣᠭᠤᠯᠤᠨ᠎ᠠ᠃ᠲᠣᠰ ᠠᠷᠭ᠎ᠠ ᠬᠡᠮᠵᠢᠶ᠎ᠡ ᠨᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ ᠪᠠᠶᠢᠷᠢ ᠶᠢᠨ ᠲᠥᠷᠥ ᠶᠢᠨ ᠪᠣᠳᠣᠯᠭ᠎ᠠ ᠯᠤᠭ᠎ᠠ ᠮᠥᠷᠭᠦᠯᠳᠦᠪᠡᠯ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠳᠡᠭᠡᠳᠦ ᠪᠠᠶᠢᠷᠢ ᠶᠢᠨ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃    ᠲᠣᠰ ᠠᠷᠭ᠎ᠠ ᠬᠡᠮᠵᠢᠶ᠎ᠡ ᠶᠢᠨ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠨᠢ ᠬᠢᠶ᠎ᠠ ᠪᠠᠭᠰᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠬᠠᠷᠢᠶᠠᠯᠠᠭᠳᠠᠨ᠎ᠠ᠃ 
ᠢᠷᠡᠯᠲᠡ᠄ ᠲᠤᠰ ᠰᠦᠯᠵᠢᠶ᠎ᠡ