ᠡᠳᠡᠭᠡᠷ ᠭᠠᠵᠠᠷ ᠲᠤ 37℃ ᠠᠴᠠ ᠳᠡᠭᠡᠭᠰᠢ ᠠᠭᠠᠬᠢᠮ᠎ᠠ ᠬᠠᠯᠠᠭᠤᠨ ᠪᠣᠯᠣᠨ᠎ᠠ
ᠨᠡᠶᠢᠲᠡᠯᠡᠭᠰᠡᠨ ᠴᠠᠭ᠄
2022/7/6
        ᠵᠢᠱᠢᠯᠲᠡ ᠪᠠᠷ᠂ ᠡᠨᠡ ᠬᠤᠶᠠᠷ ᠬᠤᠨᠤᠭ᠂ ᠥᠪᠥᠷ ᠮᠣᠩᠭᠤᠯ ᠤᠨ ᠶᠡᠬᠡᠩᠬᠢ ᠭᠠᠵᠠᠷ ᠲᠤ ᠦᠷᠭᠦᠯᠵᠢᠯᠡᠨ ᠪᠣᠷᠣᠭᠠᠨ ᠣᠷᠣᠨ᠎ᠠ᠃ 6 ᠤ ᠡᠳᠦᠷ ᠤᠨ ᠬᠤᠷ᠎ᠠ ᠲᠤᠨᠤᠳᠠᠰᠤ ᠨᠢ ᠭᠤᠣᠯᠳᠠᠭᠤ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠳᠤ ᠲᠥᠪᠯᠡᠷᠡᠵᠦ᠂ ᠪᠠᠷᠠᠭᠤᠨ ᠪᠡᠶ᠎ᠡ ᠶᠢᠨ ᠪᠠᠷᠠᠭᠤᠨ ᠬᠡᠰᠡᠭ ᠤᠨ ᠭᠠᠵᠠᠷ ᠣᠷᠣᠨ ᠳᠤ 35 ᠭᠷᠡᠳᠦ᠋ᠰ ᠢ ᠳᠠᠪᠠᠭᠰᠠᠨ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠬᠦ ᠪᠤᠯᠤᠨ᠎ᠠ᠃            5 ᠤ ᠡᠳᠦᠷ᠂ ᠠᠯᠠᠱᠠ ᠠᠶᠢᠮᠠᠭ ᠤᠨ ᠵᠡᠭᠦᠨ ᠪᠡᠶ᠎ᠡ᠂ ᠪᠠᠶᠠᠨᠨᠠᠭᠤᠷ ᠬᠤᠲᠠ ᠶᠢᠨ ᠡᠮᠦᠨ᠎ᠡ ᠪᠡᠶ᠎ᠡ᠂ ᠦᠬᠠᠢ ᠬᠤᠲᠠ᠂ ᠣᠷᠳᠣᠰ ᠬᠤᠲᠠ ᠶᠢᠨ ᠬᠤᠶᠢᠲᠤ ᠪᠡᠶ᠎ᠡ ᠂ ᠪᠤᠭᠤᠲᠤ ᠬᠤᠲᠠ ᠶᠢᠨ ᠡᠮᠦᠨ᠎ᠡ ᠪᠡᠶ᠎ᠡ᠂ ᠬᠥᠬᠡᠬᠤᠲᠠ᠂ ᠤᠯᠠᠭᠠᠨᠴᠠᠪ ᠬᠤᠲᠠ ᠶᠢᠨ ᠶᠡᠬᠡᠩᠬᠢ ᠬᠡᠰᠡᠭ᠂ ᠰᠢᠯᠢ ᠶᠢᠨ ᠭᠤᠣᠯ ᠠᠶᠢᠮᠠᠭ ᠤᠨ ᠶᠡᠬᠡᠩᠬᠢ ᠬᠡᠰᠡᠭ᠂ ᠤᠯᠠᠭᠠᠨᠬᠠᠳᠠ ᠬᠤᠲᠠ᠂ ᠲᠦᠩᠯᠢᠶᠣᠣ ᠬᠤᠲᠠ ᠶᠢᠨ ᠬᠤᠶᠢᠲᠤ ᠪᠡᠶ᠎ᠡ ᠪᠠ ᠡᠮᠦᠨ᠎ᠡ ᠪᠡᠶ᠎ᠡ᠂ ᠬᠢᠩᠭᠠᠨ ᠠᠶᠢᠮᠠᠭ ᠤᠨ ᠶᠡᠬᠡᠩᠬᠢ ᠬᠡᠰᠡᠭ᠂ ᠬᠥᠯᠥᠨ ᠪᠤᠶᠢᠷ ᠬᠤᠲᠠ ᠶᠢᠨ ᠡᠯ᠎ᠡ ᠭᠠᠵᠠᠷ ᠣᠷᠣᠨ ᠳᠤ ᠪᠠᠭ᠎ᠠ ᠪᠣᠷᠣᠭᠠᠨ ᠲᠠᠢ᠂ ᠤᠯᠠᠭᠠᠨᠴᠠᠪ ᠬᠤᠲᠠ ᠶᠢᠨ ᠡᠮᠦᠨ᠎ᠡ ᠪᠡᠶ᠎ᠡ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠪᠡᠶ᠎ᠡ ᠪᠠ ᠵᠡᠭᠦᠨ ᠪᠡᠶ᠎ᠡ᠂ ᠤᠯᠠᠭᠠᠨᠬᠠᠳᠠ ᠬᠤᠲᠠ ᠶᠢᠨ ᠪᠠᠷᠠᠭᠤᠨ ᠪᠡᠶ᠎ᠡ ᠪᠠ ᠬᠤᠶᠢᠲᠤ ᠪᠡᠶ᠎ᠡ᠂ ᠲᠦᠩᠯᠢᠶᠣᠣ ᠬᠤᠲᠠ ᠶᠢᠨ ᠬᠤᠶᠢᠲᠤ ᠪᠡᠶ᠎ᠡ᠂ ᠬᠢᠩᠭᠠᠨ ᠠᠶᠢᠮᠠᠭ ᠤᠨ ᠪᠠᠷᠠᠭᠤᠨ ᠡᠮᠦᠨ᠎ᠡ ᠪᠡᠶ᠎ᠡ᠂ ᠬᠥᠯᠥᠨ ᠪᠤᠶᠢᠷ ᠬᠤᠲᠠ ᠶᠢᠨ ᠪᠠᠷᠠᠭᠤᠨ ᠪᠡᠶ᠎ᠡ ᠪᠠ ᠵᠡᠭᠦᠨ ᠡᠮᠦᠨ᠎ᠡ ᠪᠡᠶ᠎ᠡ ᠶᠢᠨ ᠬᠡᠰᠡᠭ ᠭᠠᠵᠠᠷ ᠣᠷᠣᠨ ᠳᠤ ᠳᠤᠮᠳᠠ ᠵᠡᠷᠭᠡ ᠶᠢᠨ ᠪᠣᠷᠣᠭᠠᠨ᠂ ᠤᠯᠠᠭᠠᠨᠬᠠᠳᠠ ᠬᠤᠲᠠ ᠶᠢᠨ ᠪᠠᠷᠠᠭᠤᠨ ᠡᠮᠦᠨ᠎ᠡ ᠪᠡᠶ᠎ᠡ᠂ ᠬᠥᠯᠥᠨ ᠪᠤᠶᠢᠷ ᠬᠤᠲᠠ ᠶᠢᠨ ᠪᠠᠷᠠᠭᠤᠨ ᠪᠡᠶ᠎ᠡ ᠪᠠᠷ ᠶᠡᠭᠡ ᠪᠣᠷᠣᠭᠠᠨ ᠲᠠᠢ᠃            6 ᠤ ᠡᠳᠦᠷ᠂ ᠭᠤᠣᠯᠳᠠᠭᠤ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠳᠤ ᠪᠣᠷᠣᠭᠠᠨ ᠣᠷᠣᠨ᠎ᠠ᠃ ᠰᠢᠯᠢ ᠶᠢᠨ ᠭᠤᠣᠯ ᠠᠶᠢᠮᠠᠭ ᠪᠤᠯᠤᠨ ᠲᠡᠭᠦᠨ ᠠᠴᠠ ᠵᠡᠭᠦᠨᠰᠢᠬᠢ ᠭᠠᠵᠠᠷ ᠣᠷᠣᠨ ᠳᠤ ᠪᠠᠭ᠎ᠠ ᠪᠣᠷᠣᠭᠠᠨ ᠣᠷᠣᠵᠤ᠂ ᠤᠯᠠᠭᠠᠨᠬᠠᠳᠠ ᠬᠤᠲᠠ ᠶᠢᠨ ᠵᠡᠭᠦᠨ ᠪᠡᠶ᠎ᠡ᠂ ᠲᠦᠩᠯᠢᠶᠣᠣ ᠬᠤᠲᠠ ᠶᠢᠨ ᠶᠡᠬᠡᠩᠬᠢ ᠬᠡᠰᠡᠭ ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ ᠭᠠᠵᠠᠷ ᠣᠷᠣᠨ ᠳᠤ ᠳᠤᠮᠳᠠ ᠵᠡᠷᠭᠡ ᠶᠢᠨ ᠪᠣᠷᠣᠭᠠᠨ ᠲᠠᠢ᠂ ᠲᠦᠩᠯᠢᠶᠣᠣ᠂ ᠬᠢᠩᠭᠠᠨ ᠤ ᠵᠡᠭᠦᠨ ᠪᠡᠶ᠎ᠡ᠂ ᠬᠥᠯᠥᠨ ᠪᠤᠶᠢᠷ ᠬᠤᠲᠠ ᠶᠢᠨ ᠳᠤᠮᠳᠠ ᠪᠡᠶ᠎ᠡ ᠶᠢᠨ ᠭᠠᠵᠠᠷ ᠣᠷᠣᠨ ᠳᠤ ᠶᠡᠭᠡ ᠪᠣᠷᠣᠭᠠᠨ ᠲᠠᠢ᠃           ᠠᠭᠠᠷ ᠤᠨ ᠳᠤᠯᠠᠭᠠᠨ ᠤ ᠲᠠᠯ᠎ᠠ ᠪᠠᠷ᠂ 5 ᠤ ᠡᠳᠦᠷ᠂ ᠠᠯᠠᠱᠠ ᠠᠶᠢᠮᠠᠭ ᠤᠨ ᠬᠤᠶᠢᠲᠤ ᠪᠡᠶ᠎ᠡ ᠪᠠ ᠵᠡᠭᠦᠨ ᠡᠮᠦᠨ᠎ᠡ ᠪᠡᠶ᠎ᠡ᠂ ᠪᠠᠶᠠᠨᠨᠠᠭᠤᠷ ᠬᠤᠲᠠ ᠶᠢᠨ ᠪᠠᠷᠠᠭᠤᠨ ᠬᠤᠶᠢᠲᠤ ᠪᠡᠶ᠎ᠡ ᠶᠢᠨ ᠭᠠᠵᠠᠷ ᠣᠷᠣᠨ ᠳᠤ 35 ᠭᠷᠡᠳᠦ᠋ᠰ ᠠᠴᠠ ᠳᠡᠭᠡᠭᠰᠢᠬᠢ ᠥᠨᠳᠥᠷ ᠬᠠᠯᠠᠭᠤᠨ ᠠᠭᠤᠷ ᠠᠮᠢᠰᠬᠤᠯ ᠢᠯᠡᠷᠡᠨ᠎ᠡ᠃ 6 ᠤ ᠡᠳᠦᠷ᠂ ᠪᠠᠷᠠᠭᠤᠨ ᠪᠡᠶ᠎ᠡ ᠶᠢᠨ ᠭᠠᠵᠠᠷ ᠣᠷᠣᠨ ᠳᠤ 35℃ ~ 37℃ ᠤᠨ ᠠᠭᠠᠬᠢᠮ᠎ᠠ ᠬᠠᠯᠠᠭᠤᠨ ᠢᠯᠡᠷᠡᠵᠦ᠂ ᠬᠡᠰᠡᠭ ᠭᠠᠵᠠᠷ ᠣᠷᠣᠨ ᠤ ᠬᠠᠮᠤᠭ ᠥᠨᠳᠥᠷ ᠠᠭᠠᠷ ᠤᠨ ᠳᠤᠯᠠᠭᠠᠨ ᠨᠢ 37℃ ᠠᠴᠠ ᠳᠡᠭᠡᠭᠰᠢ ᠪᠤᠯᠬᠤ ᠶᠤᠮ ᠪᠠᠶᠢᠨ᠎ᠠ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ