ᠦᠪᠦᠷ ᠮᠤᠩᠭᠤᠯ ᠤᠨ ᠭᠠᠩ ᠤᠨ ᠪᠠᠶᠢᠳᠡᠯ ᠨᠡᠯᠢᠶᠡᠳ ᠨᠠᠮᠳᠠᠯ᠎ᠠ
ᠨᠡᠶᠢᠲᠡᠯᠡᠭᠰᠡᠨ ᠴᠠᠭ᠄
2022/7/6
        ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠠᠭ ᠠᠭᠤᠷ ᠤᠨ ᠰᠢᠨᠵᠢᠯᠡᠭᠡᠨ ᠤ ᠲᠤᠪᠴᠢᠶᠠᠨ ᠠᠴᠠ ᠰᠤᠷᠪᠤᠯᠵᠢᠯᠠᠭᠴᠢ ᠶᠢᠨ ᠤᠶᠢᠯᠠᠭᠠᠭᠰᠠᠨ  ᠢᠶᠠᠷ᠂ 6 ᠳ᠋ᠤᠭᠠᠷ ᠰᠠᠷ᠎ᠠ ᠶᠢᠨ 20 ᠠᠴᠠ ᠨᠠᠭᠠᠰᠢ ᠦᠪᠦᠷ ᠮᠤᠩᠭᠤᠯ ᠳᠤ ᠦᠷᠭᠡᠨ ᠬᠡᠪᠴᠢᠶ᠎ᠠ ᠲᠠᠢ ᠬᠤᠶᠠᠷ ᠤᠳᠠᠭᠠᠨ ᠤ ᠶᠡᠭᠡ ᠪᠤᠷᠤᠭᠠᠨ ᠤᠷᠤᠭᠰᠠᠨ ᠪᠠᠶᠢᠨ᠎ᠠ᠃ 6 ᠳ᠋ᠤᠭᠠᠷ ᠰᠠᠷ᠎ᠠ ᠶᠢᠨ 24 ᠤ ᠡᠳᠤᠷ ᠲᠠᠢ ᠬᠠᠷᠢᠴᠠᠭᠤᠯᠪᠡᠯ ᠪᠦᠬᠦ ᠤᠷᠤᠨ ᠤ ᠭᠠᠩᠳᠠᠭᠰᠠᠨ ᠲᠠᠯᠠᠪᠠᠢ 5.66 ᠲᠦᠮᠡᠨ ᠲᠡᠭᠰᠢ ᠲᠦᠷᠪᠡᠯᠵᠢᠨ ᠺᠢᠯᠤᠮᠧᠲᠷ ᠪᠠᠭᠠᠰᠴᠠᠢ ᠃ 12 ᠠᠶᠢᠮᠠᠭ ᠬᠤᠲᠠ ᠶᠢᠨ ᠭᠡᠰᠡᠭ ᠨᠤᠳᠤᠭ ᠪᠤᠶᠤ ᠶᠡᠬᠡᠩᠬᠢ ᠭᠠᠵᠠᠷ ᠤᠨ ᠬᠤᠷ᠎ᠠ ᠲᠤᠨᠳᠠᠰᠤᠨ ᠤ ᠬᠡᠮᠵᠢᠶ᠎ᠠ 25 ᠮᠢᠯᠢᠮᠧᠲᠷ ᠢ ᠳᠠᠪᠠᠭᠰᠠᠨ ᠪᠠᠶᠢᠨ᠎ᠠ᠃ 6 ᠳ᠋ᠤᠭᠠᠷ ᠰᠠᠷ᠎ᠠ ᠶᠢᠨ 29 ᠤ ᠡᠳᠤᠷ ᠪᠤᠯᠳᠠᠯ᠎ᠠ᠂ ᠪᠦᠬᠦ ᠤᠷᠤᠨ ᠤ ᠭᠠᠩᠳᠠᠭᠰᠠᠨ ᠲᠠᠯᠠᠪᠠᠢ 35.29 ᠲᠦᠮᠡᠨ ᠲᠡᠭᠰᠢ ᠲᠦᠷᠪᠡᠯᠵᠢᠨ ᠺᠢᠯᠤᠮᠧᠲᠷ ᠲᠤ ᠬᠦᠷᠴᠦ᠂ ᠪᠦᠬᠦ ᠤᠷᠤᠨ ᠤ ᠬᠦᠳᠡᠭᠡ ᠠᠵᠤ ᠠᠬᠤᠢ ᠤᠢ ᠰᠢᠭᠤᠢ ᠮᠠᠯᠵᠢᠬᠤ ᠤᠷᠤᠨ ᠤ ᠶᠡᠷᠦᠩᠬᠡᠢ ᠲᠠᠯᠠᠪᠠᠢ ᠶᠢᠨ ᠵᠠᠭᠤᠨ ᠤ 35.5 ᠶᠢ ᠡᠵᠡᠯᠡᠵᠦ᠂ ᠭᠠᠩ ᠤᠨ ᠪᠠᠶᠢᠳᠡᠯ ᠨᠡᠯᠢᠶᠡᠳ ᠨᠠᠮᠳᠠᠭᠰᠠᠨ ᠪᠠᠶᠢᠨ᠎ᠠ᠃            ᠵᠢᠱᠢᠵᠤ ᠪᠠᠶᠢᠬᠤ ᠪᠠᠷ᠂ 7 ᠳ᠋ᠤᠭᠠᠷ ᠰᠠᠷ᠎ᠠ ᠳᠤ ᠪᠦᠬᠦ ᠤᠷᠤᠨ ᠤ ᠡᠮᠦᠨ᠎ᠡ ᠪᠡᠶ᠎ᠡ ᠪᠠᠷ ᠬᠤᠷ᠎ᠠ ᠲᠤᠨᠤᠳᠡᠰᠤ ᠡᠯᠪᠡᠭ᠂ ᠬᠤᠶᠢᠳᠤ ᠪᠡᠶ᠎ᠡ ᠪᠠᠷ ᠴᠦᠬᠡᠨ ᠰᠢᠭ᠂ ᠶᠡᠬᠡᠩᠬᠢ ᠨᠤᠳᠤᠭ ᠤᠨ ᠳᠤᠯᠠᠭᠠᠨ ᠤ ᠬᠡᠮᠵᠢᠶ᠎ᠠ ᠨᠡᠯᠢᠶᠡᠳ ᠦᠨᠳᠦᠷ᠂ ᠤᠨᠴᠠᠭᠠᠶᠢᠯᠡᠨ ᠪᠠᠷᠠᠭᠤᠨ ᠪᠡᠶ᠎ᠡ ᠶᠢᠨ ᠤᠷᠤᠨ ᠢᠶᠠᠷ ᠱᠠᠳᠤ ᠦᠶ᠎ᠡ ᠶᠢᠨ ᠴᠢᠨᠡᠷᠳᠡᠢ ᠦᠨᠳᠦᠷ ᠬᠠᠯᠠᠭᠤᠨ ᠠᠭᠤᠷ ᠠᠮᠢᠰᠬᠤᠯ ᠦᠷᠭᠦᠯᠵᠢᠯᠡᠬᠦ ᠪᠤᠯᠬᠤᠷ ᠦᠢᠯᠡᠳᠪᠤᠷᠢᠯᠡᠯ ᠠᠮᠢᠳᠤᠷᠠᠯ ᠳᠤ ᠮᠠᠭᠤ ᠨᠥᠯᠥᠭᠡ ᠪᠣᠯᠬᠤ ᠠᠴᠠ ᠢᠯᠡᠬᠦᠬᠡᠨ ᠠᠩᠬᠠᠷᠬᠤ ᠴᠢᠬᠤᠯᠡᠳᠡᠢ᠃ 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ