ᠳ᠋ᠦᠩᠱᠧᠩ ᠲᠣᠭᠤᠷᠢᠭ ᠬᠤᠲᠠ ᠶᠢᠨ ᠣᠨ ᠤ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/8
        7 ᠰᠠᠷ᠎ᠠ ᠶᠢᠨ 4 ᠤ ᠡᠳᠦᠷ᠂ ᠭᠤᠸ ᠢ ᠳ᠋ᠦᠩ ᠱᠦᠵᠢ ᠶᠢᠨ ᠨᠠᠶᠢᠳᠠᠯᠭ᠎ᠠ ᠪᠠᠷ᠂ ᠳ᠋ᠦᠩᠱᠧᠩ ᠲᠣᠭᠤᠷᠢᠭ ᠤᠨ  ᠬᠢᠨ 2021 ᠣᠨ ᠤ ᠬᠤᠲᠠ ᠠᠴᠠ ᠲᠣᠭᠤᠷᠢᠭ ᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠡᠷᠭᠡ ᠲᠣᠭᠤᠷᠢᠭ ᠤᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠥᠩ ᠵᠢᠶᠦ᠋ᠨ ᠹᠧᠩ ᠬᠤᠷᠠᠯ ᠢ ᠡᠷᠭᠢᠯᠡᠪᠡ᠃               ᠬᠤᠷᠠᠯ ᠠᠴᠠ 2021 ᠣᠨ ᠤ ᠳ᠋ᠦᠩᠱᠧᠩ ᠲᠣᠭᠤᠷᠢᠭ ᠤᠨ ᠤᠳᠤᠷᠢᠳᠬᠤ ᠪᠠᠭ ᠤᠨ ᠣᠨ ᠤ ᠬᠢᠨᠠᠨ ᠰᠢᠯᠭᠠᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠭ᠎ᠠ ᠬᠡᠮᠵᠢᠶ᠎ᠡ ᠪᠠᠨ   ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠪᠠᠷᠢᠮᠵᠢᠶ᠎ᠠ ᠳᠤ ᠨᠡᠶᠢᠴᠡᠭᠦᠯᠦᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃              ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠣᠨ ᠤ ᠰᠢᠯᠭᠠᠨ ᠬᠢᠨᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠨᠢᠭᠡᠳᠦᠭᠡᠷ ᠬᠠᠷᠢᠭᠤᠴᠠᠯᠭᠠᠲᠠᠨ︾ ᠨᠢ ᠠᠵᠢᠯ ᠤᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ᠂ ᠰᠢᠮᠳᠠᠭᠤᠯᠤᠨ ᠭᠦᠢᠴᠡᠳᠬᠡᠬᠦ ᠶᠢ ᠴᠢᠩᠭ᠎ᠠ ᠠᠳᠬᠤᠨ ᠰᠠᠶᠢᠲᠤᠷ ᠠᠳᠬᠤᠵᠤ᠂ ᠠᠵᠢᠯ ᠢ ᠠᠳᠬᠤᠬᠤ ᠬᠥᠮᠥᠨ ᠲᠠᠢ᠂ ᠡᠭᠦᠷᠭᠡ ᠶᠢ ᠨᠠᠶᠢᠳᠠᠪᠤᠷᠢᠵᠢᠭᠤᠯᠤᠯ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ ᠬᠡᠷᠡᠭᠲᠡᠢ᠃ ᠬᠤᠲᠠ ᠶᠢᠨ ᠰᠢᠯᠭᠠᠨ ᠬᠢᠨᠠᠵᠤ ᠦᠨᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠳ ᠢ ᠡᠯ᠎ᠡ ᠲᠦᠷᠦᠭᠦᠯᠡᠨ ᠤᠳᠤᠷᠢᠳᠬᠤ ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠪᠠᠨ ᠲᠦᠷᠭᠡᠳᠬᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠡᠷᠡᠰ ᠭᠤᠶᠢᠪᠢᠰᠢ ᠦᠭᠡᠢ ᠰᠠᠶᠢᠲᠤᠷ ᠪᠡᠶᠡᠯᠡᠭᠦᠯᠬᠦ ᠬᠡᠷᠡᠭᠲᠡᠢ᠃ ᠨᠢᠭᠡ ᠠᠴᠠ ᠵᠦᠢᠴᠢᠯᠡᠨ ᠨᠦᠬᠦᠬᠡ ᠶᠢ ᠨᠠᠷᠢᠨ ᠣᠶᠢᠯᠠᠭᠠᠵᠤ᠂ ᠪᠠᠶᠢᠩᠭᠤ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠵᠦᠢᠯ ᠳᠠᠷᠠᠭᠠᠯᠠᠨ ᠡᠮᠬᠢᠯᠡᠨ ᠳᠢᠭᠯᠡᠵᠦ᠂ ᠨᠠᠷᠢᠯᠢᠭᠵᠢᠭᠤᠯᠤᠨ ᠵᠠᠳᠠᠯᠵᠤ᠂ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠲᠣᠬᠢᠷᠠᠭᠤᠯᠤᠨ ᠵᠠᠳᠠᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠮᠠᠲ᠋ᠧᠷᠢᠶᠠᠯ ᠢ ᠰᠢᠯᠵᠢᠭᠦᠯᠦᠨ ᠦᠵᠡᠬᠦ ᠵᠢᠴᠢ ᠦᠢᠯᠡᠴᠢᠯᠡᠭᠡ ᠶᠢ ᠪᠠᠲᠤᠯᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠳᠡᠭᠡᠭᠰᠢ ᠳᠣᠷᠣᠭᠰᠢ ᠨᠡᠪᠲᠡᠷᠡᠭᠰᠡᠨ᠂ ᠵᠡᠭᠦᠨᠰᠢ ᠪᠠᠷᠠᠭᠤᠨᠰᠢ ᠬᠤᠯᠪᠤᠭᠠᠯᠠᠨ ᠬᠥᠳᠡᠯᠦᠯᠴᠡᠭᠰᠡᠨ᠂ ᠬᠦᠴᠦᠲᠡᠢ ᠬᠡᠷᠡᠭᠵᠢᠭᠦᠯᠦᠭᠰᠡᠨ ᠪᠠᠶᠢᠩᠭᠤ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ 2022 ᠣᠨ ᠤ ᠡᠯ᠎ᠡ ᠵᠦᠢᠯ ᠤᠨ ᠰᠢᠯᠭᠠᠨ ᠬᠢᠨᠠᠬᠤ ᠡᠭᠦᠷᠭᠡ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃        ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ