ᠤᠶᠢᠷ᠎ᠠ ᠳᠤ ᠬᠢᠶ᠎ᠠ ᠪᠠᠭᠰᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠳᠡᠳ᠋ ᠲᠣᠭᠤᠷᠢᠭ ᠤᠨ ᠳᠠᠷᠤᠭ᠎ᠠ ᠺᠠᠩ ᠫᠢᠩ ᠬᠤᠷᠠᠯ ᠡᠷᠭᠢᠯᠡᠪᠡ᠃ᠲᠣᠭᠤᠷᠢᠭ ᠤᠨ ᠤᠳᠤᠷᠢᠳᠤᠯᠭ᠎ᠠ ᠮᠦᠴᠢᠷ ᠂ ᠸᠠᠩ ᠷᠦᠢ ᠰᠢᠶᠠᠩ᠂ | ᠯᠢ ᠬᠠᠢ ᠮᠢᠨ᠂ ᠾᠧ ᠹᠧᠢ᠂ ᠯᠢᠦ ᠱᠦ ᠴᠢᠤᠸᠠᠨ᠂ ᠵᠢᠢ ᠰᠢᠶᠣᠣ ᠬᠤᠩ ᠬᠤᠷᠠᠯ ᠳᠤ ᠣᠷᠣᠯᠴᠠᠵᠠᠢ᠃ | | | | | | ᠬᠤᠷᠠᠯ ᠠᠴᠠ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠬᠢᠶ᠎ᠠ ᠪᠠᠭᠰᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠱᠠᠲᠤᠨ ᠤ | ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | | | | | | | ᠸᠠᠩ ᠰᠢᠤᠸᠠᠢ ᠹᠧᠩ᠂ ᠠᠶᠤᠯᠭᠦᠢ ᠦᠢᠯᠡᠳᠪᠦᠷᠢᠯᠡᠯ ᠤᠨ ᠠᠵᠢᠯ ᠨᠢ ᠬᠢᠶ᠎ᠠ ᠪᠠᠭᠰᠢ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ | ᠲᠠᠯ᠎ᠠ ᠲᠠᠢ ᠬᠤᠯᠪᠣᠭᠳᠠᠵᠤ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠥᠴᠥᠬᠡᠨ ᠴᠦ ᠠᠯᠠᠩ ᠰᠠᠯᠠᠩ ᠪᠠᠶᠢᠵᠤ ᠪᠣᠯᠬᠤ ᠦᠭᠡᠢ᠂ | ᠰᠤᠯᠠᠷᠠᠭᠤᠯᠵᠤ ᠪᠣᠯᠬᠤ ᠦᠭᠡᠢ᠃ᠪᠠᠶᠢᠳᠠᠯ ᠢ ᠲᠣᠳᠣᠷᠬᠠᠢ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠯᠠᠰᠢᠷᠠᠬᠤ ᠰᠡᠳᠬᠢᠯᠭᠡ | ᠪᠣᠯᠣᠨ ᠮᠢᠨᠴᠦᠭᠦᠷᠡᠬᠦ ᠦᠵᠡᠯ ᠰᠠᠨᠠᠭ᠎ᠠ ᠶᠢ ᠲᠡᠪᠴᠢᠵᠦ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠡᠵᠡᠮᠳᠡᠵᠦ᠂ ᠭᠤᠣᠯ | ᠴᠣᠭᠴᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠡᠷᠲᠡ ᠠᠴᠠ ᠠᠳᠬᠤᠵᠤ᠂ ᠪᠠᠭ᠎ᠠ ᠠᠴᠠ ᠨᠢ ᠠᠳᠬᠤᠵᠤ᠂ ᠭᠡᠮ ᠰᠣᠭᠤᠭ ᠢ ᠢᠯᠡᠷᠡᠭᠦᠯᠵᠦ᠂ ᠴᠠᠭ ᠲᠤᠬᠠᠢ | ᠳᠤᠨᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ᠬᠦᠴᠦᠲᠡᠢ | ᠮᠦᠷᠲᠡᠭᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠪᠦᠬᠦ ᠲᠠᠯ᠎ᠠ ᠪᠠᠷ ᠠᠳᠬᠤᠬᠤ ᠬᠡᠷᠡᠭᠲᠡᠢ ᠮᠥᠷᠲᠡᠭᠡᠨ ᠪᠠᠰᠠ ᠪᠦᠬᠦ ᠲᠤᠭᠤᠷᠢᠭ ᠤᠨ ᠪᠣᠳᠠᠲᠠᠢ ᠲᠠᠢ | ᠤᠶᠠᠯᠳᠤᠭᠤᠯᠤᠨ ᠭᠤᠣᠯᠳᠠᠯᠭ᠎ᠠ ᠲᠠᠢ ᠠᠳᠬᠤᠵᠤ᠂ ᠭᠡᠮ ᠰᠣᠭᠤᠭ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠡᠳᠦᠷ ᠲᠤᠳᠤᠮ ᠤᠨ | ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠬᠠᠷᠢᠶᠠᠲᠤ ᠣᠷᠣᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂︽ᠪᠠᠶᠢᠷᠢᠯᠠᠭᠤᠯᠤᠯᠲᠠ ᠲᠠᠢ᠂ ᠡᠭᠦᠷᠭᠡ ᠲᠠᠢ᠂ ᠪᠠᠶᠢᠴᠠᠭᠠᠯᠲᠠ ᠲᠠᠢ᠂ ᠦᠷ᠎ᠡ ᠪᠦᠲᠦᠮᠵᠢ ᠶᠢ ᠠᠰᠠᠭᠤᠬᠤ︾ᠠᠵᠢᠯ ᠤᠨ | ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠬᠢᠶ᠎ᠠ ᠪᠠᠭᠰᠢ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | |