ᠡᠶᠢᠮᠦ 5 ᠵᠦᠢᠯ ᠤᠨ ᠵᠢᠷᠤᠭ ᠰᠡᠭᠦᠳᠡᠷ ᠢ ᠶᠠᠭᠠᠬᠢᠭᠰᠠᠨ ᠴᠦ ᠨᠡᠶᠢᠲᠡᠯᠡᠵᠦ ᠪᠣᠯᠬᠤ ᠦᠭᠡᠢ︕
ᠨᠡᠶᠢᠲᠡᠯᠡᠭᠰᠡᠨ ᠴᠠᠭ᠄
2022/8/2
        ᠨᠠᠶᠢᠵᠠ ᠶᠢᠨ ᠲᠣᠭᠤᠷᠢᠭ ᠲᠤ ᠡᠶᠢᠮᠦᠷᠬᠦ 5 ᠵᠦᠢᠯ ᠤᠨ ᠬᠡᠷᠡᠯ ᠵᠢᠷᠤᠭ ᠢ ᠪᠢᠲᠡᠭᠡᠢ ᠨᠡᠶᠢᠲᠡᠯᠡᠭᠡᠷᠡᠢ  ᠬᠡᠵᠦ  ᠣᠶᠢᠷ᠎ᠠ ᠳ᠋ᠤ᠋‌ᠵᠢᠶᠠᠩᠮᠧᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠯᠪᠠᠨ ᠤ ᠰᠦᠯᠵᠢᠶᠠᠨ ᠳᠡᠭᠡᠨ  ᠮᠡᠳᠡᠭᠳᠡᠯ  ᠨᠡᠶᠢᠲᠡᠯᠡᠵᠦ  ᠣᠯᠠᠨ  ᠳ᠋ᠣ᠋‌‍ᠰᠠᠨᠠᠭᠤᠯᠤᠭᠰᠠᠨ ᠪᠠᠶᠢᠨ᠎ᠠ᠃                ᠡᠨᠡ 5 ᠲᠥᠷᠥᠯ ᠤᠨ ᠬᠡᠷᠡᠯ ᠵᠢᠷᠤᠭ ᠲᠤ᠄                1. ᠭᠠᠯᠲᠤ ᠲᠡᠷᠭᠡᠨ ᠤ ᠪᠢᠯᠧᠲ᠂ ᠨᠢᠰᠬᠡᠯ ᠤᠨ ᠪᠢᠯᠧᠲ᠂ ᠨᠢᠰᠬᠡᠯ ᠳᠤ ᠭᠠᠷᠬᠤ ᠫᠠᠶᠢᠰᠠ᠃ ᠤᠴᠢᠷ ᠨᠢ QR ᠺᠣᠳ᠋‌‍ᠪᠤᠶᠤ ᠵᠢᠷᠤᠭᠠᠰᠤᠨ ᠺᠣᠳ᠋ ᠲᠤ ᠬᠤᠪᠢ ᠬᠥᠮᠥᠨ ᠤ ᠮᠡᠳᠡᠭᠡ ᠵᠠᠩᠭᠢ ᠪᠠᠶᠢᠳᠠᠭ᠃                2. ᠭᠡᠷ ᠤᠨ ᠡᠭᠦᠳᠡᠨ ᠤ ᠲᠦᠯᠬᠢᠭᠦᠷ ᠤᠨ ᠭᠡᠷᠡᠯ ᠵᠢᠷᠤᠭ᠃ ᠪᠦᠲᠦᠴᠡ ᠨᠢ ᠪᠤᠳᠤᠯᠢᠶᠠᠨᠲᠠᠢ ᠪᠢᠰᠢ ᠪᠣᠯ ᠭᠡᠷᠡᠯ ᠵᠢᠷᠤᠭ ᠢ‌ᠦᠨᠳᠦᠰᠦᠯᠡᠨ ᠲᠦᠯᠬᠢᠭᠦᠷ ᠲᠠᠭᠠᠷᠠᠭᠤᠯᠵᠤ ᠴᠢᠳᠠᠳᠠᠭ ᠶᠤᠮ ᠪᠠᠶᠢᠨ᠎ᠠ᠃                3. ᠦᠪᠡᠷ ᠶᠢᠨ ᠪᠠᠶᠢᠭ᠎ᠠ ᠣᠷᠣᠨ ᠪᠠᠶᠢᠷᠢ᠃ ᠬᠤᠪᠢ ᠬᠥᠮᠥᠨ ᠤ ᠣᠷᠣᠨ ᠰᠠᠭᠤᠴᠠ ᠪᠠᠨ ᠠᠮᠠᠷᠬᠠᠨ ᠮᠡᠳᠡᠭᠳᠡᠨ᠎ᠡ᠃                4. ᠪᠡᠶ᠎ᠡ ᠶᠢᠨ ᠦᠨᠡᠮᠯᠡᠯ᠂ ᠫᠠᠰᠫᠣᠷᠲ᠂ ᠵᠢᠯᠣᠭᠤᠴᠢ  ᠶᠢᠨ  ᠦᠨᠡᠮᠯᠡᠯ  ᠪᠤᠶᠤ  ᠲᠡᠷᠭᠡᠨ  ᠨᠤᠮᠧᠷ᠃  ᠦᠭᠡᠢ  ᠪᠤᠯ‌ᠬᠤᠪᠢ ᠶᠢᠨ ᠨᠢᠭᠤᠴᠠ ᠪᠠᠨ ᠠᠯᠳᠠᠬᠤ ᠮᠦᠷᠳᠡᠬᠡᠨ ᠪᠠᠰᠠ ᠬᠠᠭᠤᠷᠮᠠᠭ ᠭᠡᠷᠡᠴᠢ ᠦᠨᠡᠮᠯᠡᠯ ᠬᠢᠳᠡᠭ  ᠡᠳᠡᠬᠡᠳ ᠲᠤ  ᠠᠰᠢᠬᠯᠠᠬᠳᠠᠵᠦ‌ᠮᠡᠳᠡᠨ᠎ᠡ᠃                5. ᠨᠠᠰᠤᠲᠠᠨ ᠪᠣᠯᠣᠨ ᠬᠡᠦᠬᠡᠳ ᠤᠨ ᠵᠢᠷᠤᠭ᠃ ᠬᠠᠤᠯᠢ ᠪᠤᠰᠤ ᠡᠲᠡᠭᠡᠳ ᠲᠤ  ᠳᠠᠨᠢᠬᠳᠠᠬᠤ  ᠠᠴᠠ  ᠪᠤᠯᠭᠤᠮᠵᠢᠯᠠᠬᠤ‌‍ᠬᠡᠷᠡᠭᠳᠡᠢ᠃
ᠢᠷᠡᠯᠲᠡ᠄ ᠠᠷᠠᠳ ᠤᠨ ᠰᠦᠯᠵᠢᠶ᠎ᠡ