9 ᠳ᠋ᠣᠭᠡᠷ ᠰᠠᠷ᠎ᠠ ᠶᠢᠨ 2 ᠤᠨ ᠡᠳᠦᠷ ᠠᠴᠠ ᠡᠨᠡ ᠰᠢᠯᠭᠠᠯᠲᠠ ᠳᠤ ᠨᠡᠷ᠎ᠠ ᠮᠡᠳᠡᠬᠦᠯᠵᠤ ᠪᠤᠯᠤᠨ᠎ᠠ
ᠨᠡᠶᠢᠲᠡᠯᠡᠭᠰᠡᠨ ᠴᠠᠭ᠄
2022/8/30
        2022 ᠣᠨ ᠤ ᠳᠣᠤᠷ᠎ᠠ ᠬᠠᠭᠠᠰ ᠵᠢᠯ ᠤᠨ ᠪᠥᠬᠦ ᠤᠯᠤᠰ ᠤᠨ ᠳᠤᠮᠳᠠᠳᠤ  ᠪᠠᠭ᠎ᠠ  ᠰᠤᠷᠭᠠᠭᠤᠯᠢ ᠶᠢᠨ  ᠪᠠᠭᠰᠢ ᠵᠢᠨ‌‍ᠬᠢᠷᠢ ᠬᠡᠮ ᠤᠨ ᠰᠢᠯᠭᠠᠯᠳᠠ ᠶᠢᠨ ᠪᠢᠷ ᠤᠨ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ 9 ᠳ᠋ᠣᠭᠡᠷ ᠰᠠᠷ᠎ᠠ ᠶᠢᠨ 2 ᠤᠨ ᠡᠳᠦᠷ ᠡᠴᠠ‌ᠡᠬᠢᠯᠡᠨ᠎ᠡ᠃ ᠮᠠᠨ ᠤ ᠣᠷᠣᠨ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠡᠷᠬᠡᠪᠰᠢ ︽ᠥᠪᠥᠷ  ᠮᠣᠩᠭᠤᠯ ᠤᠨ  ᠥᠪᠡᠷᠲᠡᠭᠡᠨ‌ᠵᠠᠰᠠᠬᠤ ᠣᠷᠣᠨ ᠤ 2022 ᠣᠨ ᠤ ᠳᠣᠤᠷ᠎ᠠ ᠬᠠᠭᠠᠰ ᠵᠢᠯ ᠤᠨ  ᠪᠥᠬᠦ  ᠤᠯᠤᠰ ᠤᠨ  ᠳᠤᠮᠳᠠᠳᠤ  ᠪᠠᠭ᠎ᠠ  ᠰᠤᠷᠭᠠᠭᠤᠯᠢ ᠵᠢᠨ‌‍ᠪᠠᠭᠰᠢ ᠶᠢᠨ ᠬᠢᠷᠢ ᠬᠡᠮ ᠤᠨ ᠰᠢᠯᠭᠠᠯᠲᠠ ︵ᠪᠢᠷ ᠤᠨ ᠰᠢᠯᠭᠠᠯᠲᠠ︶ ᠶᠢᠨ ᠨᠡᠷ᠎ᠡ  ᠮᠡᠳᠡᠭᠦᠯᠬᠦ  ᠠᠯᠪᠠᠨ  ᠵᠠᠷᠯᠠᠯ︾ ᠢ  ᠤᠷᠢᠳᠴᠢᠯᠠᠨ‌ᠨᠠᠷᠢᠨ ᠤᠩᠰᠢᠬᠤ ᠶᠢᠨ ᠬᠠᠮᠲᠤ ᠠᠯᠪᠠᠨ ᠵᠠᠷᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠡᠷ᠎ᠡ ᠮᠡᠳᠡᠭᠦᠯᠬᠦ ᠬᠡᠷᠡᠭᠲᠡᠶ᠃                ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠄  2022  ᠣᠨ ᠤ  9  ᠳ᠋ᠣᠭᠡᠷ  ᠰᠠᠷ᠎ᠠ ᠶᠢᠨ2 ᠤᠨ ᠡᠳᠦᠷ ᠠᠴᠠ 5 ᠤ ᠡᠳᠦᠷ ᠤᠨ 17᠄ 00᠃                 ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠴᠠᠭ᠄ 2022 ᠣᠨ ᠤ 9 ᠳ᠋ᠣᠭᠡᠷ ᠰᠠᠷ᠎ᠠ ᠶᠢᠨ 2 ᠤᠨ ᠡᠳᠦᠷ ᠠᠴᠠ8 ᠤ ᠡᠳᠦᠷ ᠤᠨ 24᠄ 00᠃                ᠪᠢᠷ ᠤᠨ ᠰᠢᠯᠭᠠᠯᠳᠠ ᠶᠢᠨ ᠴᠠᠭ᠄ 2022 ᠣᠨ ᠤ 10 ᠳ᠋ᠣᠭᠠᠷ ᠰᠠᠷ᠎ᠠ ᠶᠢᠨ 29 ᠤ ᠡᠳᠦᠷ᠃                       ★ ᠨᠠᠷᠢᠨ ᠪᠠᠶᠢᠳᠠᠯ ᠢ ︽ᠦᠪᠦᠷ ᠮᠣᠩᠭᠤᠯ  ᠤᠨ  ᠰᠣᠷᠣᠭᠴᠢ  ᠡᠯᠰᠡᠬᠦ  ᠰᠢᠯᠭᠠᠯᠳᠠ  ᠶᠢᠨ  ᠰᠦᠯᠵᠢᠶ᠎ᠡ︾  ᠡᠴᠠ‌ᠣᠶᠢᠯᠠᠭᠠᠭᠠᠷᠠᠢ︕                
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋