ᠬᠡᠷᠡᠭᠴᠡᠭᠡ ᠶᠢ ᠴᠢᠨᠠᠭᠰᠢᠳᠠ ᠥᠷᠭᠡᠳᠬᠡᠬᠦ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠨᠡᠮᠡᠭᠳᠡᠯ ᠢ | ᠠᠬᠢᠭᠤᠯᠪᠠ | ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠪᠦᠬᠦ ᠵᠢᠯ ᠤᠨ ᠠᠮᠤ ᠪᠤᠳᠠᠭᠠᠨ ᠤ | ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠲᠤᠬᠠᠢ ᠪᠠᠶᠢᠷᠢᠯᠠᠭᠤᠯᠪᠠ | ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ ᠪᠠ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠲᠤᠬᠠᠢ ᠪᠠᠶᠢᠷᠢᠯᠠᠭᠤᠯᠪᠠ | | | | ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 29 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠺᠧ ᠴᠢᠶᠠᠩ 7 ᠳ᠋ᠤᠭᠠᠷ ᠰᠠᠷ᠎ᠠ ᠶᠢᠨ 29 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠬᠡᠷᠡᠭᠴᠡᠭᠡ ᠶᠢ ᠴᠢᠨᠠᠭᠰᠢᠳᠠ ᠥᠷᠭᠡᠳᠬᠡᠬᠦ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠨᠡᠮᠡᠭᠳᠡᠯ ᠢ ᠠᠬᠢᠭᠤᠯᠪᠠ︔ | ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ | ᠬᠤᠷᠢᠶᠠᠯᠲᠠ ᠶᠢ ᠦᠨᠡᠨ ᠬᠦ ᠪᠠᠲᠤᠯᠠᠬᠤ ᠲᠤᠬᠠᠢ ᠪᠠᠶᠢᠷᠢᠯᠠᠭᠤᠯᠪᠠ︔ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ ᠪᠠ ᠪᠠᠶᠢᠭᠠᠯᠢ ᠶᠢᠨ ᠭᠠᠮᠰᠢᠭ ᠢ ᠠᠷᠭᠠᠴᠠᠭᠠᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠲᠤᠬᠠᠢ ᠪᠠᠶᠢᠷᠢᠯᠠᠭᠤᠯᠪᠠ᠃ | | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠣᠰᠣᠭᠠᠷ᠂ | ᠣᠳᠣᠬᠠᠨ ᠤ ᠴᠢᠬᠤᠯᠠ ᠵᠠᠩᠭᠢᠯᠠᠭ᠎ᠠ ᠶᠢᠨ ᠴᠡᠭ ᠢ ᠠᠳᠬᠤᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠵᠦ᠂ ᠡᠨᠡ ᠵᠢᠯ ᠤᠨ ᠠᠵᠤ ᠠᠬᠤᠢ ᠶᠢᠨ | ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠪᠣᠯ ᠠᠵᠤ ᠠᠬᠤᠢ ᠶᠢ ᠲᠣᠭᠲᠠᠪᠤᠷᠢᠵᠢᠭᠤᠯᠬᠤ ᠶᠢᠨ ᠴᠢᠬᠤᠯᠠ ᠶᠠᠪᠤᠳᠠᠯ ᠪᠣᠯᠣᠨ᠎ᠠ᠃ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ | ᠪᠦᠲᠦᠮᠵᠢᠲᠡᠢ ᠬᠡᠷᠡᠭᠴᠡᠭᠡ ᠶᠢ ᠥᠷᠭᠡᠳᠬᠡᠬᠦ ᠬᠡᠷᠡᠭᠲᠡᠢ᠃ ᠨᠢᠭᠡ ᠳᠤ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠳᠤ ᠦᠵᠡᠭᠦᠯᠬᠦ ᠪᠦᠲᠦᠮᠵᠢᠲᠡᠶ ᠪᠡᠯᠡ | ᠣᠷᠣᠭᠤᠯᠤᠯᠲᠠ ᠶᠢᠨ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢ ᠪᠠᠳᠠᠷᠠᠭᠤᠯᠤᠨ᠎ᠠ᠃ ᠪᠡᠯᠡ ᠣᠷᠣᠭᠤᠯᠬᠤ ᠳᠤ ᠪᠠᠨ ᠪᠦᠲᠦᠮᠵᠢᠲᠦ ᠴᠢᠨᠠᠷ ᠢ ᠴᠢᠬᠤᠯᠠᠴᠢᠯᠠᠵᠤ᠂ ᠴᠠᠭ | ᠲᠤᠬᠠᠢ ᠳᠤ ᠨᠢ ᠡᠷᠡᠰ ᠰᠢᠭᠤᠷᠬᠠᠢ ᠪᠠᠷ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠵᠦ᠂ ᠴᠠᠭ ᠲᠣᠬᠢᠶᠠᠯ ᠢ ᠰᠠᠭᠠᠲᠠᠭᠠᠬᠤ ᠦᠭᠡᠢ ᠮᠥᠷᠲᠡᠭᠡᠨ ᠪᠠᠰᠠ ᠬᠡᠲᠦᠷᠡᠭᠦᠯᠬᠦ | ᠦᠭᠡᠢ ᠪᠠᠶᠢᠬᠤ ᠬᠡᠷᠡᠭᠲᠡᠢ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠵᠦ᠂ ᠣᠷᠣᠨ | ᠨᠤᠲᠤᠭ ᠢ ᠰᠢᠮᠳᠠᠭᠤᠯᠵᠤ ᠪᠠᠶᠢᠭᠠᠳ ᠲᠤᠰᠬᠠᠢ ᠵᠦᠢᠯ ᠤᠨ ᠵᠢᠭᠡᠯᠡᠯᠭᠡ ᠶᠢᠨ ᠬᠡᠷᠡᠭᠯᠡᠭᠡ ᠶᠢ ᠲᠦᠷᠭᠡᠳᠬᠡᠨ᠎ᠡ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠲᠦᠷᠦ ᠶᠢᠨ | ᠪᠣᠳᠣᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠰᠠᠶᠢᠲᠤᠷ ᠬᠡᠷᠡᠭᠯᠡᠵᠦ᠂ ᠳᠡᠮᠵᠢᠯᠭᠡ ᠶᠢᠨ ᠲᠥᠷᠥᠯ ᠵᠦᠢᠯ ᠢ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ ᠨᠡᠶᠢᠴᠡᠭᠦᠯᠵᠦ᠂ ᠣᠳᠣᠬᠠᠨ ᠳᠤ ᠠᠰᠢᠭᠲᠠᠢ ᠮᠥᠷᠲᠡᠭᠡᠨ ᠠᠯᠤᠰ ᠢᠷᠡᠭᠡᠳᠦᠢ ᠳᠤ ᠴᠦ ᠠᠰᠢᠭᠲᠠᠢ | ᠪᠠᠶᠢᠯᠭᠠᠵᠤ᠂ ᠭᠤᠣᠯᠳᠠᠭᠤ ᠵᠠᠮ ᠬᠠᠷᠢᠯᠴᠠᠭ᠎ᠠ᠂ ᠡᠨᠧᠷᠭᠢ ᠶᠢᠨ ᠰᠤᠷᠪᠤᠯᠵᠢ᠂ ᠡᠳ᠋ ᠪᠠᠷᠠᠭᠠᠨ ᠤ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ ᠵᠡᠷᠭᠡ ᠰᠠᠭᠤᠷᠢ | ᠪᠡᠯᠡᠳᠬᠡᠮᠵᠢ ᠪᠠ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠳᠤ ᠣᠷᠣᠭᠤᠯᠬᠤ ᠬᠡᠷᠡᠭᠲᠡᠢ᠃ ᠭᠠᠵᠠᠷ ᠰᠢᠷᠣᠢ ᠶᠢ ᠨᠥᠭᠡᠴᠡᠯᠡᠬᠦ ᠪᠠ ᠣᠷᠣᠨ ᠨᠤᠲᠤᠭ ᠤᠨ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠢ ᠨᠥᠬᠦᠪᠦᠷᠢᠯᠡᠬᠦ ᠵᠡᠷᠭᠡ ᠳᠤ ᠬᠡᠷᠡᠭᠯᠡᠵᠦ ᠪᠣᠯᠬᠤ ᠦᠭᠡᠢ᠃ ᠲᠦᠷᠦᠯ ᠵᠦᠢᠯ ᠳᠤ ᠨᠥᠬᠦᠴᠡᠯ ᠪᠦᠷᠢᠳᠦᠭᠦᠯᠵᠦ᠂ | ᠦᠷ᠎ᠡ ᠠᠰᠢᠭ ᠲᠠᠢ ᠪᠠᠶᠢᠯᠭᠠᠵᠤ᠂ ᠠᠯᠢ ᠲᠦᠷᠭᠡᠨ ᠢᠶᠠᠷ ᠦᠢᠯᠡᠳᠦᠯ ᠢ ᠨᠢ ᠪᠠᠳᠠᠷᠠᠭᠤᠯᠵᠤ᠂ ᠥᠷᠢᠰᠦᠯᠳᠦᠭᠡᠨ ᠤ ᠴᠢᠨᠠᠷᠲᠠᠢ ᠠᠵᠤ ᠦᠢᠯᠡᠰ ᠢ ᠪᠦᠷᠢᠮᠦᠰᠦᠨ ᠵᠠᠬ᠎ᠠ | ᠳᠡᠯᠭᠡᠭᠦᠷᠴᠢᠯᠡᠨ ᠬᠥᠭᠵᠢᠭᠦᠯᠬᠦ ᠳᠤ ᠲᠦᠰᠢᠭᠯᠡᠬᠦ ᠬᠡᠷᠡᠭᠲᠡᠢ᠃ ᠪᠦᠲᠦᠮᠵᠢᠲᠡᠶ ᠪᠡᠯᠡ ᠣᠷᠣᠭᠤᠯᠤᠯᠲᠠ ᠶᠢᠨ ᠴᠢᠬᠤᠯᠠ ᠲᠥᠷᠥᠯ ᠵᠦᠢᠯ ᠤᠨ ᠵᠣᠬᠢᠴᠠᠭᠤᠯᠬᠤ | ᠲᠣᠭᠲᠠᠴᠠ ᠶᠢ ᠦᠷᠭᠦᠯᠵᠢᠯᠡᠨ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠨ᠂ ᠨᠡᠶᠢᠯᠡᠭᠦᠯᠦᠨ ᠬᠤᠯᠪᠣᠯᠳᠤᠭᠤᠯᠵᠤ ᠬᠢᠨᠠᠨ | ᠵᠥᠪᠰᠢᠶᠡᠷᠡᠬᠦ ᠶᠢ ᠬᠡᠷᠡᠭᠵᠢᠭᠦᠯᠦᠨ᠂ ᠭᠠᠵᠠᠷ ᠬᠡᠷᠡᠭᠯᠡᠬᠦ ᠡᠨᠧᠷᠭᠢ ᠬᠡᠷᠡᠭᠯᠡᠬᠦ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠡᠷᠭᠡ ᠭᠠᠷᠳᠠᠮ ᠢ ᠬᠠᠤᠯᠢ ᠲᠣᠭᠲᠠᠭᠠᠯ | ᠶᠣᠰᠣᠭᠠᠷ ᠲᠦᠷᠭᠡᠳᠬᠡᠨ ᠭᠦᠢᠴᠡᠳᠬᠡᠵᠦ᠂ ᠢᠨᠵᠧᠨᠧᠷᠢᠩ ᠤᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠭᠤᠷᠪᠠᠳᠤᠭᠠᠷ ᠤᠯᠠᠷᠢᠯ ᠳᠤ ᠨᠠᠩ ᠣᠯᠠᠨ | ᠪᠣᠳᠠᠲᠤ ᠠᠵᠢᠯ ᠤᠨ ᠠᠷᠭ᠎ᠠ ᠬᠡᠮᠵᠢᠶ᠎ᠡ ᠶᠢ ᠲᠦᠷᠭᠡᠬᠡᠨ ᠪᠣᠶ ᠪᠣᠯᠭᠠᠬᠤ ᠬᠡᠷᠡᠭᠲᠡᠢ᠃ ᠬᠤᠶᠠᠷ ᠲᠤ᠂ ᠬᠡᠷᠡᠭᠯᠡᠭᠡ ᠶᠢ ᠦᠷᠭᠦᠯᠵᠢᠯᠡᠨ ᠠᠵᠤ ᠠᠬᠤᠢ ᠶᠢᠨ ᠭᠤᠣᠯ | ᠬᠥᠳᠡᠯᠭᠡᠭᠴᠢ ᠬᠦᠴᠦᠨ ᠪᠣᠯᠭᠠᠬᠤ ᠶᠢ ᠠᠬᠢᠭᠤᠯᠤᠨ᠎ᠠ᠃ ᠣᠨᠴᠠ ᠵᠠᠷᠢᠮ ᠭᠠᠵᠠᠷ ᠣᠷᠣᠨ ᠢ ᠭᠠᠷᠭᠠᠪᠠᠯ᠂ ᠬᠤᠳᠠᠯᠳᠤᠨ ᠠᠪᠬᠤ ᠶᠢ ᠬᠢᠵᠠᠭᠠᠷᠯᠠᠭᠰᠠᠨ ᠭᠠᠵᠠᠷ | ᠣᠷᠣᠨ ᠨᠤᠭᠤᠳ ᠮᠠᠰᠢᠨ ᠲᠡᠷᠭᠡ ᠶᠢ ᠨᠡᠮᠡᠭᠳᠡᠭᠦᠯᠬᠦ ᠭᠦᠢᠴᠡᠳᠬᠡᠯ ᠲᠤᠭ᠎ᠠ ᠶᠢᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠮᠠᠰᠢᠨ ᠲᠡᠷᠭᠡ | ᠬᠤᠳᠠᠯᠳᠤᠨ ᠠᠪᠬᠤ ᠬᠥᠮᠥᠰ ᠤᠨ ᠬᠢᠷᠢ ᠬᠡᠮ ᠤᠨ ᠬᠢᠵᠠᠭᠠᠷᠯᠠᠯ ᠢ ᠠᠭᠤᠵᠢᠭᠤ ᠲᠠᠯᠪᠢᠬᠤ ᠬᠡᠷᠡᠭᠲᠡᠢ᠃ ᠭᠠᠷ ᠳᠠᠮᠵᠢᠭᠰᠠᠨ ᠮᠠᠰᠢᠨ ᠲᠡᠷᠭᠡᠨ ᠤ ᠭᠦᠢᠯᠭᠡᠭᠡᠨ ᠤ | ᠲᠦᠭᠵᠢᠷᠡᠯ ᠢ ᠨᠡᠪᠲᠡᠷᠡᠭᠦᠯᠦᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠴᠢᠩᠭ᠎ᠠ ᠡᠵᠡᠮᠳᠡᠯ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠲᠡᠮᠵᠢᠨ᠎ᠠ᠃ ᠣᠷᠣᠨ ᠨᠤᠲᠤᠭ ᠢ ᠵᠣᠷᠢᠭᠵᠢᠭᠤᠯᠵᠤ | ᠪᠠᠶᠢᠭᠠᠳ ᠪᠣᠬᠢᠷᠳᠤᠯ ᠦᠭᠡᠢ ᠭᠡᠷ ᠤᠨ ᠴᠠᠬᠢᠯᠭᠠᠨ ᠬᠡᠷᠡᠭᠰᠡᠯ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠳᠤ ᠵᠣᠬᠢᠬᠤ ᠬᠡᠮᠵᠢᠶᠡᠨ ᠤ ᠨᠥᠬᠦᠪᠦᠷᠢ ᠥᠭᠬᠦ | ᠪᠤᠶᠤ ᠵᠢᠭᠡᠯᠡᠯᠭᠡ ᠶᠢᠨ ᠳᠠᠮ ᠬᠦᠦ ᠥᠭᠭᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠲᠦᠷᠭᠡᠳᠬᠡᠵᠦ᠂ | ᠲᠣᠭᠠᠴᠢᠯᠠᠭᠰᠠᠨ ᠬᠡᠷᠡᠭᠯᠡᠭᠡ ᠶᠢ ᠢᠳᠡᠪᠬᠢᠲᠡᠢ ᠬᠥᠭᠵᠢᠭᠦᠯᠦᠨ᠎ᠡ᠃ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠠᠶᠠᠯᠠᠯ ᠵᠢᠭᠤᠯᠴᠢᠯᠠᠯ᠂ ᠵᠠᠮ ᠬᠠᠷᠢᠯᠴᠠᠭ᠎ᠠ | ᠲᠡᠭᠡᠭᠡᠪᠦᠷᠢ ᠵᠡᠷᠭᠡ ᠬᠦᠴᠢᠷᠳᠡᠯ ᠲᠠᠢ ᠠᠵᠢᠯ ᠲᠦᠷᠦᠯ ᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ | ᠦᠢᠯᠡᠰ ᠤᠨ ᠦᠷᠳᠡᠭ ᠨᠡᠮᠡᠭᠳᠡᠯ ᠤᠨ ᠭᠠᠶᠢᠯᠢ ᠶᠢ ᠨᠡᠮᠡᠨ ᠪᠤᠳᠤᠵᠤ ᠰᠠᠭᠤᠳᠬᠠᠨ ᠬᠠᠰᠤᠬᠤ ᠶᠢ ᠪᠦᠬᠦ ᠲᠠᠯ᠎ᠠ ᠪᠠᠷ ᠦᠷᠭᠦᠯᠵᠢᠯᠡᠭᠦᠯᠵᠦ᠂ ᠬᠦᠷᠲᠡᠭᠡᠬᠦ ᠶᠣᠰᠣᠲᠠᠢ ᠶᠢ ᠨᠢ | ᠪᠦᠬᠦᠨ ᠢ ᠬᠦᠷᠲᠡᠭᠡᠬᠦ ᠶᠢ ᠦᠨᠡᠨ ᠬᠦ ᠪᠠᠲᠤᠯᠠᠵᠤ᠂ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠲᠡᠳᠬᠦᠵᠦ ᠪᠠᠶᠢᠭᠠᠳ | ᠪᠡᠷᠬᠡ ᠪᠣᠭᠤᠮᠲᠠ ᠶᠢ ᠲᠤᠭᠤᠯᠵᠤ᠂ ᠬᠡᠷᠡᠭᠯᠡᠭᠡ ᠶᠢ ᠲᠤᠯᠭᠠᠭᠤᠷᠢᠯᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠮᠠᠨ ᠤ ᠤᠯᠤᠰ ᠤᠨ ᠪᠠᠷᠠᠭᠠᠨ ᠤ ᠦᠨ᠎ᠡ ᠶᠡᠷᠦᠩᠬᠡᠢ ᠳᠤ ᠪᠠᠨ ᠲᠣᠭᠲᠠᠭᠤᠨ ᠪᠤᠢ᠃ ᠡᠨᠡ ᠨᠢ ᠪᠦᠬᠦ | ᠪᠥᠮᠪᠥᠷᠴᠡᠭ ᠤᠨ ᠨᠡᠶᠢᠳᠡᠮ ᠤᠨ ᠵᠣᠭᠤᠰ ᠮᠠᠭᠤᠳᠠᠬᠤ ᠪᠠᠶᠢᠳᠠᠯ ᠳᠣᠣᠷ᠎ᠠ ᠦᠨᠡᠬᠡᠷ ᠬᠢᠯᠪᠠᠷ ᠪᠤᠰᠤ ᠶᠤᠮ᠃ ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ | ᠪᠣᠯᠭᠠᠮᠤᠢ᠂ ᠠᠮᠤ ᠪᠤᠳᠠᠭᠠᠨ ᠤ ᠦᠨ᠎ᠡ ᠬᠠᠩᠰᠢ ᠪᠣᠯ ᠪᠦᠭᠦᠳᠡ ᠦᠨ᠎ᠡ ᠬᠠᠩᠰᠢ ᠶᠢᠨ ᠰᠠᠭᠤᠷᠢ ᠮᠥᠨ᠃ ᠡᠨᠡ ᠵᠢᠯ ᠤᠨ ᠵᠣᠨ ᠤ ᠠᠮᠤ ᠪᠤᠳᠠᠭᠠᠨ ᠤ ᠤᠨᠠᠯᠲᠠ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠪᠠᠰᠠ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠮᠣ ᠶᠠᠪᠤᠳᠠᠯ ᠢ ᠥᠴᠥᠬᠡᠨ ᠴᠦ ᠰᠤᠯᠠᠷᠠᠭᠤᠯᠤᠯ | ᠦᠭᠡᠢ ᠪᠠᠷ ᠰᠠᠶᠢᠲᠤᠷ ᠠᠳᠬᠤᠵᠤ᠂ ᠪᠥᠬᠦ ᠵᠢᠯ ᠤᠨ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠢ ᠶᠢᠨ ᠲᠤᠲᠤᠷᠭ᠎ᠠ ᠪᠣᠯᠣᠨ ᠨᠠᠮᠤᠷ ᠤᠨ ᠰᠡᠭᠦᠯᠴᠢ ᠶᠢᠨ ᠠᠮᠤ ᠪᠤᠳᠠᠭ᠎ᠠ ᠲᠠᠷᠢᠬᠤ ᠲᠠᠯᠠᠪᠠᠢ ᠶᠢ | ᠰᠠᠭᠠᠲᠠᠭᠠᠬᠤ ᠦᠭᠡᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠪᠠ | ᠲᠠᠷᠢᠶᠠᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠭᠠᠩ ᠤᠰᠤᠲᠤᠯ᠂ ᠡᠪᠡᠳᠴᠢᠨ ᠬᠤᠷᠣᠬᠠᠢ ᠶᠢᠨ ᠭᠠᠮᠰᠢᠭ ᠵᠡᠷᠭᠡ ᠭᠠᠢ ᠭᠠᠮᠰᠢᠭ ᠢ ᠪᠦᠲᠦᠮᠵᠢᠲᠡᠶ | ᠰᠡᠷᠭᠡᠶᠢᠯᠡᠬᠦ ᠬᠡᠷᠡᠭᠲᠡᠢ᠃ ᠡᠷᠲᠡ ᠶᠢᠨ ᠲᠤᠲᠤᠷᠭ᠎ᠠ ᠪᠠ ᠨᠠᠮᠤᠷ ᠤᠨ ᠠᠮᠤ ᠪᠤᠳᠠᠭ᠎ᠠ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠬᠥᠮᠥᠷᠭᠡ ᠳᠤ ᠣᠷᠣᠭᠤᠯᠵᠤ᠂ | ᠤᠯᠠᠨ ᠡᠰᠢᠲᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠬ᠎ᠠ ᠳᠡᠯᠭᠡᠭᠦᠷ ᠲᠤ ᠣᠷᠣᠵᠤ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ᠲᠤᠲᠤᠷᠭ᠎ᠠ ᠬᠤᠳᠠᠯᠳᠤᠨ | ᠠᠪᠬᠤ ᠨᠠᠭᠠᠲᠤ ᠵᠠᠬ᠎ᠠ ᠶᠢᠨ ᠪᠠᠲᠤᠯᠠᠭᠠᠲᠤ ᠦᠨ᠎ᠡ ᠶᠢ ᠴᠠᠭ ᠲᠤᠬᠠᠢ ᠳᠤ ᠨᠢ ᠡᠬᠢᠯᠡᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ | ᠪᠠᠲᠤᠯᠠᠬᠤ ᠬᠡᠷᠡᠭᠲᠡᠢ᠃ ᠡᠨᠡ ᠵᠤᠨ ᠲᠥᠪ ᠤᠨ ᠡᠳ᠋ ᠤᠨ ᠵᠠᠰᠠᠭ ᠠᠴᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠶᠢ ᠪᠠᠰᠠ ᠨᠢᠭᠡ ᠤᠳᠠᠭ᠎ᠠ | ᠲᠠᠷᠬᠠᠭᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠢᠵᠢ ᠪᠦᠷᠢᠳᠦᠭᠦᠯᠦᠨ᠎ᠡ᠃ ᠲᠤᠲᠤᠷᠭ᠎ᠠ ᠶᠢᠨ ᠴᠢᠬᠢ ᠲᠥᠪᠯᠡᠷᠡᠭᠦᠯᠦᠨ ᠪᠣᠶᠢᠵᠢᠭᠤᠯᠬᠤ ᠲᠥᠪ ᠤᠨ | ᠪᠦᠲᠦᠭᠡᠨ ᠪᠠᠶᠢᠭᠤᠯᠤᠯᠲᠠ ᠳᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠵᠦ᠂ ᠬᠤᠶᠠᠷ ᠤᠯᠠᠷᠢᠯ ᠤᠨ ᠲᠤᠲᠤᠷᠭ᠎ᠠ ᠶᠢ ᠳᠡᠯᠭᠡᠷᠡᠭᠦᠯᠬᠦ ᠳᠤ | ᠠᠰᠢᠭᠲᠠᠢ ᠪᠣᠯᠭᠠᠨ᠎ᠠ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠶᠠᠭ ︽ᠳᠣᠯᠣᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠤᠢ᠂ ᠬᠡᠰᠡᠭ ᠭᠠᠵᠠᠷ ᠲᠤ ᠥᠨᠳᠥᠷ ᠳᠤᠯᠠᠭᠠᠨ ᠦᠷᠭᠦᠯᠵᠢᠯᠡᠵᠦ ᠪᠠᠶᠢᠨ᠎ᠠ᠃ ᠡᠶᠢᠮᠦ ᠠᠴᠠ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠠᠵᠢᠯ ᠢ ᠦᠷᠭᠦᠯᠵᠢᠯᠡᠨ ᠪᠣᠳᠠᠲᠠᠢ ᠪᠠᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ | ᠬᠡᠷᠡᠭᠲᠡᠢ᠃ ᠣᠷᠣᠨ ᠨᠤᠲᠤᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠢᠨᠠᠨ ᠰᠢᠨᠵᠢᠯᠡᠵᠦ ᠤᠷᠢᠳᠴᠢᠯᠠᠨ | ᠰᠡᠷᠡᠮᠵᠢᠯᠡᠭᠦᠯᠬᠦ ᠪᠠ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠴᠠᠭ ᠲᠤᠬᠠᠢ ᠳᠤ ᠨᠢ ᠡᠬᠢᠯᠡᠭᠦᠯᠬᠦ | ᠬᠡᠷᠡᠭᠲᠡᠢ᠃ ᠶᠡᠭᠡ ᠭᠤᠣᠯ ᠮᠥᠷᠡᠨ᠂ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠤᠨ ᠤᠰᠤ ᠶᠢ ᠰᠡᠷᠭᠡᠶᠢᠯᠡᠨ ᠬᠤᠷᠢᠭᠯᠠᠬᠤ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠ ᠵᠢᠵᠢᠭ | ᠭᠤᠣᠯ ᠮᠥᠷᠡᠨ ᠪᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠤᠨ ᠤᠰᠤ᠂ ᠬᠤᠳᠠ ᠶᠢᠨ ᠤᠰᠤᠲᠤᠯ᠂ ᠠᠭᠤᠯᠠᠨ ᠦᠶᠡᠷ ᠭᠧᠣᠯᠣᠭᠢ ᠶᠢᠨ ᠭᠠᠮᠰᠢᠭ | ᠵᠡᠷᠭᠡ ᠶᠢᠨ ᠰᠡᠷᠭᠡᠶᠢᠯᠡᠯᠲᠡ ᠶᠢ ᠴᠢᠩᠭᠠᠳᠬᠠᠵᠤ᠂ ᠬᠥᠮᠥᠰ ᠢ ᠰᠢᠯᠵᠢᠭᠦᠯᠬᠦ ᠶᠣᠰᠣᠲᠠᠢ ᠶᠢ ᠨᠢ ᠰᠢᠯᠵᠢᠭᠦᠯᠬᠦ ᠬᠡᠷᠡᠭᠲᠡᠢ᠃ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ | ᠰᠠᠶᠢᠲᠤᠷ ᠬᠢᠬᠦ ᠬᠡᠷᠡᠭᠲᠡᠢ᠃ ᠪᠡᠯᠡ ᠮᠥᠩᠭᠦ ᠶᠢ ᠴᠠᠭ ᠲᠤᠬᠠᠢ ᠳᠤ ᠨᠢ ᠳᠣᠷᠣᠭᠰᠢ ᠪᠠᠭᠤᠯᠭᠠᠵᠤ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠬᠦ | ᠬᠡᠷᠡᠭᠲᠡᠢ ᠭᠡᠵᠡᠢ᠃ | | |