ᠦᠢᠷ᠎ᠡ ᠶᠢᠨ ᠡᠳᠤᠷ᠂ ᠬᠤᠳᠠ ᠶᠢᠨ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ 2022 ᠤᠨ ᠤ 7 ᠳ᠋ᠤᠭᠠᠷ ᠤᠳᠠᠭ᠎ᠠ ᠶᠢᠨ ᠬᠤᠷᠠᠯ | ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ᠂ ᠬᠤᠳᠠ ᠶᠢᠨ ᠵᠠᠰᠠᠭ ᠤᠨ ᠣᠷᠳᠤᠨ ᠤ ᠨᠠᠮ ᠤᠨ ᠲᠤᠭᠤᠶᠢᠯᠠᠩ | ᠤᠨ ᠱᠦᠵᠢ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠤ ᠬᠠᠮᠳᠤ ᠶᠡᠷᠢᠶ᠎ᠡ ᠲᠠᠯᠪᠢᠵᠠᠢ᠃ | ᠬᠤᠷᠠᠯ ᠠᠴᠠ ᠶᠡᠷᠤᠩᠬᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠲᠦᠴᠢᠳᠤᠬᠡᠷ ᠣᠳᠠᠭ᠎ᠠ ᠶᠢᠨ | ᠬᠠᠮᠳᠤ ᠶᠢᠨ ᠰᠤᠷᠤᠯᠴᠠᠯᠭ᠎ᠠ ᠲᠠᠬᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠤᠯᠤᠰ ᠲᠦᠷᠤ ᠶᠢᠨ ᠵᠤᠭᠰᠤᠴᠠ ᠪᠠᠨ | ᠪᠠᠳᠤᠳᠬᠠᠨ᠂ ᠰᠢᠨ᠎ᠡ ᠴᠠᠭ ᠦᠶ᠎ᠡ ᠶᠢᠨ ᠢᠯᠵᠠᠷᠠᠯ ᠢ ᠡᠰᠡᠷᠬᠦᠴᠡᠬᠦ ᠲᠠᠮᠠᠴᠠᠯ ᠤᠨ ᠵᠢᠷᠭᠤᠭᠠᠨ ᠵᠤᠷᠪᠤᠰ ᠴᠢᠬᠤᠯᠠ ᠲᠤᠷᠰᠢᠯᠭ᠎ᠠ ᠶᠢ ᠬᠦᠨᠵᠡᠬᠡᠢ ᠡᠵᠡᠮᠳᠡᠵᠤ᠂ ᠲᠤᠰ | ᠲᠤᠰ ᠤᠨ ᠬᠠᠷᠢᠭᠤᠴᠠᠯᠭ᠎ᠠ ᠪᠠᠨ ᠬᠦᠢᠴᠡᠳᠬᠡᠬᠦ᠂ ᠨᠢᠬᠡᠳᠤᠯᠳᠠᠢ ᠵᠤᠬᠢᠴᠠᠭᠤᠯᠬᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠪᠠᠶᠢᠷᠢᠰᠢᠯ ᠢ | ᠪᠦᠷᠢᠨᠰᠢᠬᠦᠯᠵᠤ᠂ ᠨᠠᠮ ᠤᠨ ᠲᠠᠷᠢᠬᠦᠨ ᠤ ᠴᠢᠨᠠᠷ ᠢ ᠰᠤᠯᠠᠷᠠᠭᠤᠯᠤᠭᠰᠡᠨ᠂ ᠨᠠᠮ ᠤᠨ ᠴᠡᠪᠡᠷᠴᠢ ᠴᠢᠨᠠᠷ ᠢ ᠬᠤᠬᠢᠷᠠᠭᠤᠯᠤᠭᠰᠡᠨ ᠡᠯ᠎ᠡ ᠵᠦᠢᠯ ᠤᠨ ᠡᠪᠡᠳᠴᠢᠨ | ᠡᠬᠦᠰᠬᠡᠭᠴᠢ ᠲᠠᠢ ᠡᠷᠡᠰ ᠲᠠᠮᠠᠴᠡᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠲᠤᠰ ᠪᠠᠶ᠎ᠡ ᠶᠢᠨ ᠪᠠᠶᠢᠭᠤᠯᠤᠯᠳᠠ ᠪᠤᠯᠤᠨ ᠵᠠᠰᠠᠭ ᠤᠨ ᠤᠷᠳᠤᠨ | ᠤ ᠠᠵᠢᠯ ᠤᠨ ᠡᠯ᠎ᠡ ᠲᠠᠯ᠎ᠡ ᠳᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃ | ᠬᠤᠷᠠᠯ ᠠᠴᠠ ᠶᠡᠷᠤᠩᠬᠡᠢ ᠱᠦᠵᠢ ᠰᠢ ᠶᠢᠨ ᠫᠢᠩ ᠤᠨ ᠪᠦᠬᠦ ᠠᠷᠠᠳ ᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠤᠵᠢᠯ ᠢ ᠴᠢᠩᠭᠠᠳᠬᠠᠬᠤ ᠲᠤᠬᠠᠢ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠬᠤ᠂ ᠰᠢᠨ᠎ᠡ ᠴᠠᠭ ᠦᠶ᠎ᠡ ᠶᠢᠨ ᠪᠦᠬᠦ ᠠᠷᠠᠳ ᠤᠨ ᠤᠯᠤᠰ ᠤᠨ ᠪᠠᠳᠤᠯᠡᠨ ᠬᠠᠮᠠᠭᠠᠯᠠᠯᠳᠠ ᠶᠢᠨ | ᠬᠦᠮᠤᠵᠢᠯ ᠤᠨ ᠠᠵᠢᠯ ᠢ ᠰᠠᠶᠢᠳᠤᠷ ᠬᠢᠬᠦ ᠲᠤᠭᠤᠷᠢᠨ ᠳᠤ ᠰᠤᠳᠤᠯᠤᠨ ᠶᠠᠷᠢᠯᠴᠠᠪᠠ᠃ | ᠰᠢᠨ᠎ᠡ ᠴᠠᠭ ᠦᠶ᠎ᠡ ᠶᠢᠨ ᠪᠦᠬᠦ ᠠᠷᠠᠳ ᠤᠨ ᠤᠯᠤᠰ ᠤ ᠪᠠᠳᠤᠯᠠᠨ ᠬᠠᠮᠠᠭᠠᠯᠠᠯᠳᠠ ᠶᠢᠨ ᠬᠦᠮᠤᠵᠢᠯ ᠤᠨ ᠠᠵᠢᠯ ᠢ ᠰᠠᠶᠢᠳᠤᠷ ᠬᠢᠬᠦ ᠴᠢᠬᠤᠯᠠ ᠠᠴᠢ | ᠬᠤᠯᠪᠤᠭᠳᠠᠯ ᠢ ᠬᠦᠨᠵᠡᠬᠡᠢ ᠦᠢᠯᠠᠭᠠᠵᠤ᠂ ᠭᠤᠤᠯᠳᠠᠯᠭ᠎ᠠ ᠶᠢ ᠲᠤᠪᠤᠶᠢᠯᠭᠠᠨ᠂ ᠵᠠᠩᠬᠢᠯᠭ᠎ᠠ ᠶᠢ ᠡᠵᠡᠮᠳᠡᠵᠤ᠂ ᠬᠦᠮᠤᠵᠢᠯ ᠬᠦᠷᠳᠡᠬᠡᠬᠦ ᠡᠳᠡᠬᠡᠳ ᠤᠨ ᠲᠠᠯ᠎ᠠ ᠪᠠᠷ ᠪᠦᠬᠦ | ᠠᠷᠠᠳ ᠢ ᠬᠠᠮᠤᠷᠬᠤ ᠶᠢ ᠪᠠᠷᠢᠮᠳᠠᠯᠠᠵᠤ᠂ ᠬᠦᠮᠤᠵᠢᠯ ᠤᠨ ᠠᠭᠤᠯᠭ᠎ᠠ ᠶᠢᠨ ᠲᠠᠯ᠎ᠠ ᠪᠠᠷ ᠤᠨᠴᠠᠯᠢᠭ ᠢᠶᠠᠨ ᠢᠯᠡᠷᠡᠬᠦᠯᠤᠨ᠂ ᠬᠦᠮᠤᠵᠢᠯ ᠤᠨ ᠬᠡᠯᠪᠡᠷᠢ ᠶᠢᠨ ᠲᠠᠯ᠎ᠠ ᠪᠠᠷ | ᠰᠢᠨ᠎ᠡ ᠰᠤᠷᠭᠤᠭ ᠤᠯᠡᠨ ᠶᠠᠩᠵᠤ ᠶᠢᠨ ᠪᠠᠶᠢᠵᠤ᠂ ᠪᠦᠬᠦ ᠠᠷᠠᠳ ᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠤᠵᠢᠯ ᠢ ᠰᠠᠶᠢᠳᠤᠷ ᠠᠳᠬᠤᠬᠤ ᠶᠢᠨ | ᠬᠠᠮᠳᠤᠯᠭᠠᠳᠤ ᠴᠢᠨᠠᠷ ᠪᠤᠳᠠᠳᠤ ᠦᠷ᠎ᠡ ᠪᠦᠳᠤᠮᠵᠢᠳᠤ ᠴᠢᠨᠠᠷ ᠢ ᠦᠨᠡᠨ ᠬᠦ ᠴᠢᠩᠭᠠᠳᠬᠠᠬᠤ ᠬᠡᠷᠡᠭᠳᠡᠢ᠃ ᠤᠳᠤᠷᠢᠳᠬᠤ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠳᠠ | ᠶᠢ ᠬᠦᠴᠤᠳᠠᠢ ᠠᠳᠬᠤᠵᠤ᠂ ᠪᠦᠬᠦ ᠠᠷᠠᠳ ᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠤᠵᠢᠯ ᠢ ᠰᠠᠶᠢᠳᠤᠷ ᠠᠳᠬᠤᠬᠤ ᠶᠢᠨ ᠠᠬᠢᠭᠤᠯᠬᠤ ᠬᠦᠴᠤᠨ ᠪᠠ | ᠬᠦᠢᠴᠡᠳᠬᠡᠬᠦ ᠬᠦᠴᠤᠨ ᠢ ᠦᠨᠡᠨ ᠬᠦ ᠨᠡᠮᠡᠭᠳᠡᠬᠦᠯᠬᠦ ᠬᠡᠷᠡᠭᠳᠡᠢ ᠬᠡᠵᠤ ᠴᠢᠬᠤᠯᠠᠴᠢᠯᠠᠪᠠ᠃ | ᠬᠤᠷᠠᠯ ᠠᠴᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ《 ᠺᠡᠳ᠋ᠷᠴᠤᠳ ᠤᠨ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠬᠤ | ᠶᠢ ᠵᠤᠷᠢᠭᠵᠢᠭᠤᠯᠬᠤ ᠠᠷᠪᠠᠨ ᠬᠤᠶᠠᠷ ᠵᠤᠶᠢᠯ ᠤᠨ ᠠᠷᠭ᠎ᠠ ᠬᠡᠮᠵᠢᠶ᠎ᠡ》 ᠶᠢ ᠤᠯᠠᠮᠵᠢᠯᠠᠨ ᠰᠤᠷᠤᠯᠴᠠᠪᠠ᠃ ᠱᠠᠩᠨᠠᠵᠤ ᠲᠤᠷᠭᠠᠬᠤ ᠶᠢ ᠲᠤᠳᠤᠷᠬᠠᠢ ᠪᠠᠶᠢᠯᠭᠠᠨ᠂ | ᠱᠠᠩᠨᠠᠵᠤ ᠲᠤᠷᠭᠠᠬᠤ ᠲᠤᠭᠳᠠᠴᠠ ᠶᠢ ᠪᠠᠶᠢᠭᠤᠯᠤᠨ ᠲᠠᠬᠦᠯᠳᠡᠷᠵᠢᠬᠦᠯᠵᠤ᠂ ᠦᠷ᠎ᠡ ᠳ᠋ᠦᠩ ᠤᠨ ᠬᠡᠷᠡᠭᠯᠡᠯᠳᠠ ᠶᠢ ᠴᠢᠩᠭᠠᠳᠬᠠᠨ᠂ ᠬᠦᠮᠤᠨ ᠢ ᠰᠤᠩᠭᠤᠵᠤ ᠬᠡᠷᠡᠭᠯᠡᠬᠦ | ᠵᠦᠪ ᠤᠨᠤᠪᠴᠢᠳᠠᠢ ᠤᠳᠤᠷᠢᠳᠤᠮᠵᠢ ᠶᠢ ᠪᠤᠢ ᠪᠤᠯᠭᠠᠬᠤ ᠬᠡᠷᠡᠭᠳᠡᠢ᠃ ᠦᠨᠡᠨ ᠰᠡᠳᠬᠢᠯ ᠠᠴᠠ ᠪᠠᠨ ᠬᠠᠶᠢᠷᠠᠯᠠᠨ ᠬᠠᠯᠠᠮᠵᠢᠯᠠᠵᠤ᠂ ᠺᠠᠳ᠋ᠷᠴᠤᠳ ᠤᠨ ᠲᠦᠯᠤᠬᠡ | ᠪᠤᠳᠤᠯᠬᠢᠯᠠᠵᠤ᠂ ᠤᠯᠭᠤᠪᠠᠰᠤ ᠵᠤᠬᠢᠬᠤ ᠬᠠᠷᠠᠭᠠᠯᠵᠠᠯ ᠢ ᠰᠠᠶᠢᠳᠤᠷ ᠪᠠᠳᠤᠯᠠᠬᠤ ᠬᠡᠷᠡᠭᠳᠡᠢ᠃ ᠲᠠᠷᠤᠭᠠᠰᠤ ᠶᠢ ᠬᠦᠩᠬᠡᠷᠡᠬᠦᠯᠤᠨ ᠬᠦᠯᠢᠶᠡᠰᠤ ᠶᠢ ᠰᠤᠯᠠᠷᠠᠭᠤᠯᠵᠤ᠂ | ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠲᠠᠪᠴᠢᠵᠤ᠂ ᠺᠡᠳ᠋ᠷᠴᠤᠳ ᠲᠤ ᠪᠤᠳᠠᠳᠠᠢ ᠠᠵᠢᠯ ᠬᠢᠬᠦ᠂ ᠨᠠᠶᠢᠳᠠᠪᠤᠷᠢᠵᠢᠭᠤᠯᠤᠯᠳᠠ ᠶᠢ ᠠᠳᠬᠤᠬᠤ ᠨᠠᠩ ᠤᠯᠡᠨ | ᠴᠠᠭ ᠪᠠ ᠤᠶᠤᠨ ᠴᠢᠳᠠᠯ ᠤᠯᠭᠤᠬᠤ ᠬᠡᠷᠡᠭᠳᠡᠢ ᠬᠡᠵᠤ ᠴᠢᠬᠤᠯᠠᠴᠢᠯᠡᠪᠡ᠃ | | |