ᠰᠢᠩ ᠵᠧᠩ ᠬᠢᠶ᠎ᠠ ᠪᠠᠭᠰᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/5
   微信图片_20220805104244.jpg
    8 ᠳ᠋ᠣᠭᠠᠷ ᠰᠠᠷ᠎ᠠ ᠶᠢᠨ 4 ᠤ ᠡᠳᠦᠷ ᠤᠨ ᠣᠷᠣᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ ᠬᠢᠶ᠎ᠠ ᠪᠠᠭᠰᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠡᠯ᠎ᠡ ᠵᠡᠭᠡᠯᠢ ᠭᠤᠳᠤᠮᠵᠢ ᠪᠣᠯᠣᠨ ᠡᠯ᠎ᠡ ᠬᠤᠯᠪᠣᠭᠳᠠᠯ ᠪᠦᠬᠦᠢ ᠠᠵᠢᠯᠯᠠᠬᠤ ᠳᠤᠭᠤᠶᠢᠯᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠭᠡᠳᠦᠭᠡᠷ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ  ᠪᠠᠶᠢᠴᠠᠭᠠᠯᠲᠠ  ᠶᠢᠨ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠡᠷᠢᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠰᠢᠩ ᠵᠧᠩ᠂ ᠬᠤᠲᠠ ᠶᠢᠨ ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠲᠤᠲᠠᠭᠳᠠᠯ  ᠢ  ᠪᠠᠶᠢᠴᠠᠭᠠᠨ ᠨᠥᠬᠦᠪᠦᠷᠢᠯᠡᠵᠦ᠂ ᠴᠢᠩᠭ᠎ᠠ ᠣᠪᠣᠷ ᠰᠤᠷᠲᠠᠯ᠂   ᠴᠢᠩᠭ᠎ᠠ  ᠰᠠᠬᠢᠯᠭ᠎ᠠ ᠪᠠᠲᠤ ᠪᠠᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ ᠃ ᠭᠤᠣᠯᠳᠠᠯᠭ᠎ᠠ ᠲᠠᠢ ᠬᠥᠮᠥᠰ ᠤᠨ ᠪᠠᠶᠢᠳᠠᠯ ᠢ  ᠮᠦᠷᠳᠡᠨ  ᠵᠢᠭᠰᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠨᠥᠭᠡᠴᠡ ᠶᠢ ᠨᠡᠮᠡᠭᠳᠡᠭᠦᠯᠵᠦ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠬᠢᠬᠦ ᠬᠡᠷᠡᠭᠲᠡᠢ᠃ᠲᠣᠬᠢᠷᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠡᠯ᠎ᠡ ᠠᠵᠢᠯ ᠤᠨ ᠳᠤᠭᠤᠶᠢᠯᠠᠩ ᠤᠨ ᠬᠢᠨ ᠶᠠᠪᠤᠴᠠ ᠶᠢ ᠨᠠᠷᠢᠯᠢᠭᠵᠢᠭᠤᠯᠵᠤ᠂ ᠡᠯ᠎ᠡ ᠵᠡᠭᠡᠯᠢ ᠭᠤᠳᠤᠮᠵᠢ ᠶᠢᠨ ᠬᠢᠨ ᠬᠥᠮᠥᠨ ᠪᠠ ᠡᠳ᠋ ᠪᠣᠳᠠᠰ ᠢ ᠰᠢᠯᠵᠢᠭᠦᠯᠦᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠢᠨ ᠪᠦᠬᠦ ᠠᠵᠢᠯᠲᠠᠨ ᠢᠶᠠᠨ ᠳᠣᠷᠣᠭᠰᠢ ᠪᠠᠭᠤᠯᠭᠠᠵᠤ᠂ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠦᠨᠡᠨᠬᠦ ᠪᠦᠷᠢᠯᠳᠦᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠤᠨ ᠠᠵᠤ ᠠᠬᠤᠶᠢᠯᠠᠯ᠂ ᠤᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠬᠡᠯᠡᠪᠡ᠃    ᠲᠣᠭᠤᠷᠢᠭ ᠤᠨ ᠤᠳᠤᠷᠢᠳᠤᠯᠭ᠎ᠠ ᠾᠧᠦ  ᠮᠧᠩ ᠂ ᠺᠠᠩ ᠫᠢᠩ᠂ ᠸᠠᠩ ᠵᠢᠶᠣᠣ᠂ ᠶᠠᠩ ᠴᠠᠩ ᠴᠢᠩ᠂ ᠶᠠᠩ ᠱᠦ ᠸᠧᠢ᠂ ᠼᠦᠢ ᠬᠤᠤ᠂ ᠮᠥᠴᠢᠷ᠂ ᠯᠢ ᠬᠠᠢ ᠮᠢᠨ᠂ ᠳ᠋ᠦ᠋ ᠵᠢᠶᠠ ᠪᠢᠨ᠂ ᠰᠦᠨ ᠷᠦᠩ᠂ ᠯᠢᠦ ᠱᠦ ᠴᠢᠤᠸᠠᠨ ᠣᠷᠣᠯᠴᠠᠪᠠ᠃
ᠢᠷᠡᠯᠲᠡ᠄ ᠲᠤᠰ ᠰᠦᠯᠵᠢᠶ᠎ᠡ